ᠯᠠᠩ ᠸᠠᠨ ᠰᠢ᠄ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠰᠠᠬᠢᠨ ᠬᠠᠮᠠᠭᠠᠯᠠᠭᠴᠢ
ᠨᠡᠶᠢᠲᠡᠯᠡᠭᠰᠡᠨ ᠴᠠᠭ᠄
2024/10/16

1.png

     ︽ᠬᠠᠯᠠᠭᠤᠨ ᠬᠠᠶᠢᠷ᠎ᠠ ᠪᠠᠷ ᠢᠶᠠᠨ ᠰᠤᠷᠭᠠᠨ ᠬᠥᠮᠥᠵᠢᠭᠦᠯᠵᠦ᠂ ᠰᠤᠷᠤᠭᠴᠢᠳ ᠤᠨ ᠰᠠᠬᠢᠭᠴᠢ ᠬᠠᠮᠠᠭᠠᠯᠠᠭᠴᠢ

ᠪᠣᠯᠤᠨᠠᠮ︕︾ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠱᠠ ᠡᠯ ᠶᠢᠩ ᠭᠤᠣᠯ ᠰᠤᠷᠭᠠᠭᠤᠯᠢ ᠶᠢᠨ

ᠬᠥᠳᠡᠭᠡ ᠲᠣᠰᠬᠤᠨ ᠤ ᠪᠠᠭᠰᠢ ᠯᠠᠩ ᠸᠠᠨ ᠰᠢ ᠡᠨᠡ ᠦᠭᠡ ᠪᠠᠷ ᠥᠪᠡᠷ ᠢ ᠪᠠᠨ ᠵᠣᠷᠢᠭᠵᠢᠭᠤᠯᠵᠤ᠂ ᠵᠠᠯᠠᠭᠤ ᠨᠠᠰᠤ

ᠪᠠ ᠬᠠᠶᠢᠷ᠎ᠠ ᠰᠡᠳᠬᠢᠯᠭᠡ ᠪᠠᠷ ᠬᠥᠳᠡᠭᠡ ᠲᠣᠰᠬᠤᠨ ᠤ ᠬᠡᠦᠬᠡᠳ ᠢ ᠤᠮᠳᠠᠯᠠᠨ᠂ ᠢᠷᠡᠭᠡᠳᠦᠢ ᠵᠦᠭ ᠲᠡᠮᠡᠦᠯᠬᠦ ᠬᠦᠰᠡᠯ

ᠬᠥᠪᠴᠢᠯᠡᠭᠰᠡᠭᠡᠷ ᠢᠷᠡᠵᠡᠢ᠃

   

2.png

      ᠰᠠᠶ᠋ᠢᠬᠠᠨ ᠥᠩᠭᠡᠷᠡᠭᠰᠡᠨ 8 ᠰᠠᠷ᠎ᠠ ᠳᠤ᠂ ᠯᠠᠩ ᠸᠠᠨ ᠰᠢ ︽ᠪᠦᠬᠦ ᠤᠯᠤᠰ ᠤᠨ ᠵᠢᠱᠢᠶᠡᠴᠢ ᠪᠠᠭᠰᠢ︾

 ᠪᠠᠷ ᠦᠨᠡᠯᠡᠭᠳᠡᠵᠦ᠂ ᠡᠨᠡ ᠬᠦ ᠦᠨ᠎ᠡ ᠪᠡᠨ᠎ᠡ ᠲᠠᠢ ᠢᠷᠠᠭᠤ ᠠᠯᠳᠠᠷ ᠪᠣᠯ ᠲᠡᠭᠦᠨ ᠤ ᠣᠯᠠᠨ ᠵᠢᠯ ᠤᠨ ᠲᠤᠷᠰᠢ

ᠬᠥᠳᠡᠭᠡ ᠲᠣᠰᠬᠤᠨ ᠤ ᠰᠤᠷᠭᠠᠨ ᠬᠥᠮᠦᠵᠢᠯ ᠳᠤ ᠦᠨᠳᠦᠰᠦᠯᠡᠨ᠂ ᠦᠭᠡ ᠳᠠᠭᠤᠨ ᠦᠭᠡᠢ ᠪᠠᠷ ᠬᠤᠪᠢ ᠨᠡᠮᠡᠷᠢ

ᠦᠵᠡᠭᠦᠯᠦᠭᠰᠡᠨ ᠤ ᠬᠠᠮᠤᠭ ᠤᠨ ᠰᠠᠶᠢᠨ ᠭᠡᠷᠡᠴᠢᠯᠡᠯ ᠪᠣᠯᠤᠨ᠎ᠠ᠃

   

3.png

      2013 ᠣᠨ ᠳᠤ ᠯᠠᠩ ᠸᠠᠨ ᠰᠢ ᠪᠠᠭᠰᠢ ᠪᠣᠯᠬᠤ ᠬᠦᠰᠡᠯ ᠡᠪᠦᠷᠯᠡᠨ᠂ ᠱᠠ ᠡᠯ ᠶᠢᠩ ᠭᠤᠣᠯ ᠰᠤᠷᠭᠠᠭᠤᠯᠢ

ᠪᠠᠶᠢᠭ᠎ᠠ ᠡᠨᠡ ᠬᠦ ᠬᠥᠳᠡᠭᠡ ᠳᠣᠰᠬᠤᠨ ᠳᠤ  ᠢᠷᠡᠵᠦ᠂ ᠨᠢᠭᠡ ᠮᠡᠳᠡᠬᠦ ᠳᠤ 11 ᠵᠢᠯ ᠠᠵᠢᠯᠯᠠᠭᠰᠠᠨ ᠪᠠᠶᠢᠯ᠎ᠠ᠃

ᠲᠡᠷᠡ ᠪᠠᠷ ᠰᠤᠷᠭᠠᠭᠤᠯᠢ ᠶᠢ ᠭᠡᠷ ᠢᠶᠠᠨ ᠰᠢᠭ ᠪᠣᠳᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠢᠭᠡᠳᠦᠭᠡᠷ

ᠹᠷᠣᠨᠲ ᠢ ᠪᠠᠲᠤ ᠰᠠᠬᠢᠨ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠪᠠᠭᠰᠢ᠂ ᠠᠩᠭᠢ ᠶᠢᠨ ᠡᠷᠬᠢᠯᠡᠭᠴᠢ᠂

ᠳᠤᠮᠳᠠ ᠠᠩᠭᠢ ᠶᠢᠨ ᠬᠠᠪᠰᠤᠷᠤᠨ ᠵᠢᠯᠣᠭᠤᠳᠣᠭᠴᠢ ᠪᠣᠯᠵᠣ᠂ ᠲᠣᠭᠠᠨ ᠤ ᠤᠬᠠᠭᠠᠨ ᠤ ᠵᠢᠭᠠᠬᠤ ᠶᠢ ᠰᠤᠳᠤᠯᠬᠤ

ᠳᠤᠭᠤᠶᠢᠯᠠᠩ ᠤᠨ ᠳᠠᠷᠤᠭ᠎ᠠ ᠶᠢ ᠬᠠᠪᠰᠤᠷᠭᠠᠨ ᠬᠠᠷᠢᠭᠤᠴᠠᠪᠠ᠃

   

4.png

5.png

 

6.png

   

      ᠯᠠᠩ ᠸᠠᠨ ᠰᠢ ᠬᠠᠯᠠᠭᠤᠨ ᠬᠠᠶᠢᠷ᠎ᠠ ᠪᠠᠨ ᠪᠥᠬᠦᠨ ᠢ ᠰᠤᠷᠤᠭᠴᠢ ᠳᠤ ᠪᠠᠨ ᠵᠣᠷᠢᠭᠤᠯᠤᠭᠰᠠᠨ ᠶᠤᠮ᠃ ᠴᠧᠨ

ᠭᠤᠸᠠᠨ ᠢᠦᠢ ᠳᠠᠰᠬᠠᠯ ᠢᠶᠠᠨ ᠦᠷᠭᠦᠯᠵᠢ ᠳᠠᠭᠤᠰᠬᠠᠳᠠᠭ ᠦᠭᠡᠢ᠂ ᠰᠤᠷᠤᠯᠭ᠎ᠠ ᠳᠤ ᠪᠠᠨ ᠢᠲᠡᠭᠡᠯ ᠠᠯᠳᠠᠭᠰᠠᠨ

ᠪᠠᠶᠢᠯ᠎ᠠ᠃ ᠯᠠᠩ ᠸᠠᠨ ᠰᠢ ᠣᠯᠠᠨ ᠤᠳᠠᠭ᠎ᠠ ᠭᠡᠷ ᠲᠤ ᠨᠢ ᠬᠦᠷᠴᠦ ᠰᠣᠷᠪᠤᠯᠵᠢᠯᠠᠨ᠂ ᠲᠡᠭᠦᠨ ᠲᠠᠢ ᠨᠠᠶᠢᠵᠠ

ᠪᠣᠯᠤᠯᠴᠠᠵᠤ᠂ ᠲᠡᠭᠦᠨ ᠤ ᠠᠮᠢᠳᠤᠷᠠᠯ ᠢ ᠨᠢ ᠬᠠᠯᠠᠮᠵᠢᠯᠠᠨ᠂ ᠲᠡᠭᠦᠨ ᠢ ᠬᠠᠪᠰᠤᠷᠤᠨ ᠬᠢᠴᠢᠶᠡᠯ ᠢ ᠨᠢ ᠨᠥᠬᠦᠵᠦ

ᠥᠭᠳᠡᠭ᠃ ᠡᠴᠦᠰ ᠲᠤ᠂ ᠴᠧᠨ ᠭᠤᠸᠠᠨ ᠢᠦᠢ ᠶᠢᠨ ᠰᠤᠷᠤᠯᠭ᠎ᠠ ᠶᠢᠨ ᠬᠢᠷᠢ ᠪᠦᠲᠦᠮᠵᠢ ᠨᠢᠭᠡ ᠯᠡ ᠳᠡᠭᠡᠷ᠎ᠡ

ᠳᠡᠭᠡᠭᠰᠢᠯᠡᠵᠦ᠂ ᠭᠤᠷᠪᠠᠨ ᠰᠠᠶᠢᠨᠲᠠᠢ ᠰᠤᠷᠤᠭᠴᠢ ᠪᠣᠯᠤᠨ᠂ ᠨᠡᠯᠢᠶᠡᠳ ᠰᠠᠶᠢᠨ ᠳᠤᠮᠳᠠᠳᠤ ᠰᠤᠷᠭᠠᠭᠤᠯᠢ ᠳᠤ ᠰᠢᠯᠭᠠᠨ

ᠤᠷᠤᠭᠰᠠᠨ ᠪᠠᠶᠢᠨ᠎ᠠ᠃

   

7.png

8.png

      ᠯᠠᠩ ᠸᠠᠨ ᠰᠢ ᠬᠠᠮᠲᠤ ᠶᠢᠨ ᠵᠢᠭᠠᠨ ᠰᠤᠷᠭᠠᠯᠲᠠ ᠪᠣᠯᠤᠨ ᠥᠪᠡᠷᠮᠢᠴᠡ ᠵᠢᠭᠠᠨ ᠰᠤᠷᠭᠠᠯᠲᠠ ᠶᠢ

ᠤᠶᠠᠯᠳᠤᠭᠤᠯᠬᠤ ᠶᠢ ᠴᠢᠬᠤᠯᠠᠴᠢᠯᠠᠳᠠᠭ᠂ ᠸᠠᠩ ᠷᠥᠸᠧ ᠴᠢ᠂ ᠭᠦᠸᠧ ᠸᠧᠨ ᠯᠢᠩ ᠵᠡᠷᠭᠡ ᠰᠤᠷᠤᠭᠴᠢ ᠰᠤᠷᠤᠯᠴᠠᠬᠤ

ᠳᠤᠷ᠎ᠠ ᠪᠠᠬ᠎ᠠ ᠦᠭᠡᠢ᠂ ᠥᠪᠡᠷ ᠢ ᠪᠠᠨ ᠡᠵᠡᠮᠳᠡᠬᠦ ᠴᠢᠳᠠᠪᠤᠷᠢ ᠳᠤᠲᠠᠮᠠᠭ ᠪᠠᠶᠢᠳᠠᠯ ᠳᠤ ᠬᠠᠨᠳᠤᠭᠤᠯᠤᠨ᠂ ᠲᠡᠳᠡᠨ ᠢ

ᠵᠣᠷᠢᠭᠵᠢᠭᠤᠯᠵᠤ᠂ ᠲᠡᠳᠡᠨ ᠲᠠᠢ ᠶᠠᠷᠢᠯᠴᠠᠨ᠂ ᠲᠡᠳᠡᠨ ᠢ ᠬᠠᠪᠰᠣᠷᠤᠨ ᠵᠥᠷᠢᠶ᠎ᠡ ᠶᠢ ᠡᠷᠢᠵᠦ ᠲᠠᠨᠢᠭᠤᠯᠪᠠ᠃ ᠬᠤᠸᠠᠩ

ᠪᠦᠸᠧ ᠶᠠᠩ᠂ ᠶᠠᠩ ᠯᠢ ᠪᠦᠸᠧ ᠵᠡᠷᠭᠡ  ᠰᠤᠷᠤᠭᠴᠢ ᠰᠡᠴᠡᠨ ᠰᠡᠷᠭᠦᠯᠡᠩ ᠰᠤᠷᠤᠯᠭ᠎ᠠ ᠰᠠᠶᠢᠲᠠᠢ᠂ ᠲᠥᠬᠦᠭᠡᠷᠬᠦ

ᠴᠢᠳᠠᠪᠤᠷᠢ ᠪᠠ ᠴᠡᠭᠡᠵᠢᠯᠡᠬᠦ ᠴᠢᠳᠠᠪᠤᠷᠢ ᠰᠠᠶᠢᠨ ᠪᠠᠶᠢᠳᠠᠯ ᠳᠤ ᠴᠢᠭᠯᠡᠭᠦᠯᠦᠨ᠂ ᠲᠡᠳᠡᠨ ᠢ ᠢᠯᠡᠭᠦᠦ ᠦᠵᠡᠵᠦ ᠢᠯᠡᠭᠦᠦ

ᠣᠩᠰᠢᠵᠤ᠂ ᠬᠢᠴᠢᠶᠡᠯ ᠠᠴᠠ ᠭᠠᠳᠠᠨᠠᠬᠢ ᠰᠡᠳᠦᠪ ᠢ ᠢᠯᠡᠭᠦᠦ ᠬᠢ ᠭᠡᠵᠦ ᠱᠠᠭᠠᠷᠳᠠᠨ᠂ ᠡᠨᠡ ᠬᠦ ᠠᠷᠭ᠎ᠠ ᠨᠢ

ᠰᠤᠷᠤᠭᠴᠢᠳ ᠤᠨ ᠵᠥᠷᠢᠶ᠎ᠡ ᠶᠢ ᠪᠠᠭᠠᠰᠬᠠᠵᠤ᠂ ᠬᠠᠮᠲᠤ ᠳᠤ ᠪᠠᠨ ᠳᠠᠪᠰᠢᠬᠤ ᠶᠢ ᠠᠬᠢᠭᠤᠯᠪᠠ᠃   

9.png

    

       ᠯᠠᠩ ᠸᠠᠨ ᠰᠢ ᠪᠣᠯ ᠬᠤᠷᠴᠠ ᠰᠡᠷᠭᠦᠯᠡᠩ ᠮᠥᠷᠲᠡᠭᠡᠨ ᠨᠠᠷᠢᠨ ᠬᠢᠨᠠᠮᠠᠭᠠᠢ ᠬᠥᠮᠦᠨ ᠶᠤᠮ᠂ ᠰᠤᠷᠤᠭᠴᠢᠳ ᠤᠨ

ᠠᠰᠠᠭᠤᠳᠠᠯ ᠢ ᠳᠣᠣᠷ᠎ᠠ ᠨᠢ ᠰᠡᠷᠡᠵᠦ ᠮᠡᠳᠡᠳᠡᠭ᠃ ᠰᠤᠷᠤᠭᠴᠢ ᠯᠢᠦ ᠵᠢᠶᠣᠤ ᠰᠠᠶᠢᠨ ᠰᠤᠷᠳᠠᠭ ᠪᠣᠯᠪᠠᠴᠤ ᠬᠥᠮᠦᠨ ᠤ

ᠡᠮᠦᠨ᠎ᠡ ᠦᠭᠡ ᠶᠠᠷᠢᠵᠤ ᠴᠢᠳᠠᠬᠤ ᠦᠭᠡᠢ᠂ ᠲᠡᠭᠦᠨ ᠢ ᠬᠤᠪᠢᠷᠠᠭᠤᠯᠬᠤ ᠶᠢᠨ ᠲᠥᠯᠥᠭᠡ ᠯᠠᠩ ᠸᠠᠨ ᠰᠢ ᠬᠢᠴᠢᠶᠡᠯ

ᠳᠡᠭᠡᠷ᠎ᠡ ᠦᠷᠭᠦᠯᠵᠢ ᠲᠡᠭᠦᠨ ᠠᠴᠠ ᠠᠰᠠᠭᠤᠵᠤ᠂ ᠬᠢᠴᠢᠶᠡᠯ ᠤᠨ ᠳᠠᠷᠠᠭ᠎ᠠ ᠲᠡᠭᠦᠨ ᠲᠠᠢ ᠪᠣᠳᠣᠯ ᠰᠠᠨᠠᠯ ᠶᠠᠷᠢᠯᠴᠠᠨ᠂

ᠲᠡᠭᠦᠨ ᠢ ᠦᠷᠭᠦᠯᠵᠢ  ᠵᠣᠷᠢᠭᠵᠢᠭᠤᠯᠤᠭᠰᠠᠨ ᠠᠴᠠ ᠠᠭᠠᠵᠢᠮ ᠢᠶᠠᠷ ᠪᠡᠶ᠎ᠡ ᠳᠤ ᠪᠠᠨ ᠢᠲᠡᠭᠡᠯ ᠲᠠᠢ ᠪᠣᠯᠵᠠᠢ᠃

   

10.png

11.png

12.png

      ᠠᠵᠢᠯᠯᠠᠵᠤ ᠰᠤᠳᠤᠯᠤᠨ ᠰᠤᠷᠤᠯᠴᠠᠬᠤ ᠶᠠᠪᠤᠴᠠ ᠳᠤ ᠯᠠᠩ ᠸᠠᠨ ᠰᠢ ᠮᠠᠰᠢ ᠠᠷᠪᠢᠨ ᠳᠤᠷᠰᠢᠯᠭ᠎ᠠ

ᠬᠤᠷᠠᠮᠳᠤᠭᠤᠯᠪᠠ᠃ ᠲᠡᠷᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ᠂ ᠬᠤᠰᠢᠭᠤᠨ ᠤ ᠳᠡᠰ ᠤᠨ

ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠪᠠᠭᠰᠢ᠂ ᠰᠢᠯᠢᠳᠡᠭ ᠳᠤᠮᠳᠠ ᠠᠩᠭᠢ ᠶᠢᠨ ᠬᠠᠪᠰᠤᠷᠤᠨ

ᠵᠢᠯᠣᠭᠤᠳᠤᠭᠴᠢ ᠪᠠᠷ ᠣᠯᠠᠨ ᠤᠳᠠᠭ᠎ᠠ ᠦᠨᠡᠯᠡᠭᠳᠡᠵᠦ᠂ ᠲᠡᠭᠦᠨ ᠤ ᠳᠠᠭᠠᠭᠤᠯᠤᠭᠰᠠᠨ ᠠᠩᠭᠢ ᠨᠢ ᠤᠳᠠᠭ᠎ᠠ ᠪᠦᠷᠢ ᠶᠢᠨ

ᠶᠡᠷᠦᠩᠬᠡᠶᠢᠯᠡᠭᠰᠡᠨ ᠦᠨᠡᠯᠡᠯᠲᠡ ᠳᠤ ᠲᠡᠷᠢᠭᠦᠯᠡᠵᠦ᠂ ᠣᠯᠠᠨ ᠤᠳᠠᠭ᠎ᠠ ᠲᠡᠷᠢᠭᠦᠨ ᠤ ᠠᠩᠭᠢ ᠬᠠᠮᠲᠤ ᠨᠡᠶᠢᠲᠡ ᠪᠠᠷ

ᠦᠨᠡᠯᠡᠭᠳᠡᠪᠡ᠃

   

13.png

14.png

      ᠯᠠᠩ ᠸᠠᠨ ᠰᠢ ᠪᠣᠯ ᠥᠪᠥᠷ ᠮᠣᠩᠭᠤᠯ ᠤᠨ ᠬᠥᠳᠡᠭᠡ ᠲᠣᠰᠬᠤᠨ ᠤ ᠮᠠᠰᠢ ᠣᠯᠠᠨ ᠰᠢᠯᠢᠳᠡᠭ ᠪᠠᠭᠰᠢ ᠶᠢᠨ

ᠨᠢᠭᠡ ᠪᠢᠯᠡ᠃ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠲᠡᠭᠦᠨ ᠰᠢᠭ ᠮᠠᠰᠢ ᠣᠯᠠᠨ ᠪᠠᠭᠰᠢ

ᠬᠥᠳᠡᠭᠡ ᠲᠣᠰᠬᠤᠨ ᠳᠤ ᠦᠨᠳᠦᠰᠦᠯᠡᠵᠦ᠂ ᠦᠭᠡ ᠳᠠᠭᠤᠨ ᠦᠭᠡᠢ ᠪᠠᠷ ᠬᠤᠪᠢ ᠨᠡᠮᠡᠷᠢ  ᠦᠵᠡᠭᠦᠯᠦᠨ᠂ ᠬᠠᠶᠢᠷ᠎ᠠ

ᠪᠠ ᠬᠠᠷᠢᠭᠤᠴᠠᠯᠭ᠎ᠠ ᠪᠠᠷ ᠬᠡᠦᠬᠡᠳ ᠤᠨ ᠢᠷᠡᠭᠡᠳᠦᠢ ᠶᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ

ᠰᠤᠷᠭᠠᠨ ᠬᠥᠮᠥᠵᠢᠭᠦᠯᠬᠦ ᠶᠣᠰᠣ ᠵᠦᠢ ᠶᠢ ᠲᠠᠶᠢᠯᠪᠤᠷᠢᠯᠠᠵᠤ᠂ ᠬᠥᠳᠡᠭᠡ ᠲᠣᠰᠬᠤᠨ ᠤ ᠬᠡᠦᠬᠡᠳ ᠲᠤ ᠬᠦᠰᠡᠯ ᠢᠶᠠᠨ

ᠲᠡᠷᠭᠡᠯᠰᠢᠭᠦᠯᠬᠦ ᠵᠠᠮ ᠢ ᠳᠡᠪᠢᠰᠴᠦ ᠥᠭᠭᠦᠭᠰᠡᠨ ᠪᠠᠶᠢᠨ᠎ᠠ᠃

   

15.png

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号