ᠬᠤᠸᠠᠷ | | | | ᠭᠡᠷ ᠤᠨ ᠠᠬᠠᠮᠠᠳ ᠪᠣᠯ ᠦᠷ᠎ᠡ ᠬᠡᠤᠬᠡᠳ ᠤᠨ ᠢᠶᠠᠨ ᠬᠠᠮᠤᠭ ᠤᠨ ᠠᠩᠬᠠᠨ ᠤ ᠪᠠᠭᠰᠢ ᠪᠤᠯᠬᠤᠷ ᠭᠡᠷ | ᠤᠨ ᠠᠬᠠᠮᠠᠳ ᠤᠨ ᠬᠡᠪ ᠪᠤᠯᠪᠠᠰᠤᠷᠠᠯ ᠨᠢ ᠭᠡᠷ ᠪᠦᠯᠢ ᠶᠢᠨ ᠰᠤᠷᠭᠠᠨ ᠬᠦᠮᠤᠵᠢᠯ ᠤᠨ ᠶᠠᠰᠤ ᠴᠢᠨᠠᠷ ᠢ | ᠨᠦᠯᠦᠭᠡᠯᠠᠳᠡᠭ᠃ ᠲᠠᠶᠢᠮᠦ ᠪᠤᠯᠬᠤᠷ ᠭᠡᠷ ᠤᠨ ᠠᠬᠠᠮᠠᠳᠴᠤᠳ ᠦᠷ᠎ᠡ ᠬᠤᠶᠢᠴᠢᠰ ᠤᠨ ᠢᠶᠠᠨ ᠰᠡᠶᠢᠨ ᠰᠡᠶᠢᠬᠠᠨ ᠤ | ᠲᠦᠯᠤᠭᠡ ᠬᠦᠳᠡᠯᠤᠩᠬᠦᠢ ᠪᠠᠷ ᠦᠪᠡᠷᠰᠠᠳ ᠤᠨ ᠬᠡᠪ ᠪᠤᠯᠪᠠᠰᠤᠷᠠᠯ ᠪᠠ ᠰᠤᠷᠭᠠᠨ ᠬᠦᠮᠤᠵᠢᠬᠦᠯᠬᠦ ᠴᠢᠳᠠᠪᠤᠷᠢ ᠪᠠᠨ | ᠳᠡᠭᠡᠭᠰᠢᠯᠡᠬᠦᠯᠬᠦ ᠠᠷᠭ᠎ᠠ ᠵᠠᠮ ᠢ ᠰᠦᠪᠡᠭᠴᠢᠯᠡᠪᠡᠯ ᠵᠤᠬᠢᠨ᠎ᠠ᠃ | ᠨᠢᠭᠡ᠂ ᠭᠡᠷ ᠤᠨ ᠠᠬᠠᠮᠠᠳ ᠤᠨ ᠪᠤᠯᠪᠠᠰᠤᠷᠠᠯ ᠤᠨ ᠵᠠᠷᠴᠢᠮ | 1. ᠭᠡᠷ ᠪᠦᠯᠢ ᠶᠢᠨ ᠰᠤᠷᠭᠠᠨ ᠬᠦᠮᠤᠵᠢᠯ ᠤᠨ ᠳᠠᠪᠠᠭᠤᠯᠢᠭ ᠢ ᠪᠠᠳᠠᠷᠠᠭᠤᠯᠬᠤ | ᠭᠡᠷ ᠤᠨ ᠠᠬᠠᠮᠠᠳᠴᠤᠳ ᠪᠣᠯ ᠬᠡᠤᠬᠡᠳ ᠤᠨ ᠠᠮᠢᠳᠤᠷᠠᠯ ᠪᠤᠶᠤ ᠠᠮᠢ ᠨᠠᠰᠤᠨ ᠤ ᠪᠠᠳᠤᠯᠠᠭ᠎ᠠ | ᠪᠤᠯᠣᠨᠡ᠃ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠤ ᠰᠤᠷᠭᠠᠭᠤᠯᠢ᠂ ᠳᠡᠭᠡᠳᠤ | ᠰᠤᠷᠭᠠᠭᠤᠯᠢ ᠶᠢᠨ ᠠᠯᠢ ᠨᠢᠭᠡ ᠱᠠᠳᠤᠨ ᠳᠤ ᠴᠦ ᠭᠡᠰᠡᠨ ᠬᠡᠤᠬᠡᠳ ᠶᠡᠷᠤ ᠨᠢ ᠡᠴᠢᠭᠡ ᠡᠬᠡ ᠶᠢᠨ ᠠᠰᠠᠷᠠᠯ ᠬᠠᠮᠠᠭᠠᠯᠠᠯ᠂ | ᠬᠠᠶᠢᠷ᠎ᠠ ᠬᠠᠯᠠᠮᠵᠢᠯᠠᠯ᠂ ᠬᠠᠪᠰᠤᠷᠤᠯᠭ᠎ᠠ ᠲᠡᠮᠵᠢᠯᠭᠡ ᠠᠴᠠ ᠰᠠᠯᠵᠤ ᠴᠢᠳᠠᠳᠠᠭ ᠦᠭᠡᠢ ᠶᠤᠮ᠃ ᠥᠭᠡᠷ᠎ᠡ ᠪᠠᠷ ᠬᠡᠯᠡᠪᠡᠯ | ᠭᠡᠷ ᠤᠨ ᠠᠬᠠᠮᠠᠳ ᠬᠢᠭᠡᠳ ᠦᠷ᠎ᠡ ᠬᠡᠤᠬᠡᠳ ᠤᠨ ᠠᠰᠢᠭ ᠲᠤᠰᠠ ᠨᠢᠭᠡᠳᠡᠢ᠂ ᠬᠤᠪᠢ ᠵᠠᠶᠠᠭ᠎ᠠ ᠨᠢᠭᠡᠲᠡᠢ᠂ ᠬᠠᠶᠢᠷ᠎ᠠ | ᠰᠡᠳᠬᠢᠯ ᠨᠢᠭᠡᠲᠡᠢ ᠪᠤᠯᠬᠤᠷ ᠦᠷ᠎ᠡ ᠬᠡᠤᠬᠡᠳ ᠪᠤᠯᠤᠬᠰᠠᠳ ᠡᠩ ᠤᠨ ᠪᠠᠶᠢᠳᠠᠯ ᠳᠤᠤᠷ᠎ᠠ ᠡᠴᠢᠭᠡ ᠡᠬᠡ ᠶᠢᠨ ᠢᠶᠠᠨ | ᠦᠭᠡ ᠶᠢ ᠬᠦᠰᠡᠷᠳᠡᠭᠦᠯᠳᠡᠭ ᠦᠭᠡᠢ ᠶᠤᠮ᠃ ᠡᠶᠢᠮᠦ ᠠᠴᠠ ᠭᠡᠷ ᠤᠨ ᠠᠬᠠᠮᠠᠳᠴᠤᠳ ᠡᠷᠭᠡᠪᠰᠢ ᠤᠷᠢᠳ ᠢᠶᠠᠷ | ᠦᠪᠡᠷᠰᠠᠳ ᠤᠨ ᠭᠡᠪ ᠪᠤᠯᠪᠠᠰᠤᠷᠠᠯ ᠢᠶᠠᠨ ᠴᠢᠩᠭᠠᠳᠬᠠᠨ ᠬᠡᠪ ᠴᠢᠨᠠᠷ ᠢᠶᠠᠨ ᠳᠡᠭᠡᠭᠰᠢᠯᠡᠭᠦᠯᠪᠡᠯ ᠰᠡᠶ᠋ᠢ ᠭᠡᠷ ᠪᠦᠯᠢ ᠶᠢᠨ | ᠰᠤᠷᠭᠠᠨ ᠬᠦᠮᠤᠵᠢᠯ ᠤᠨ ᠡ᠊ᠨᠡ ᠭᠦ ᠳᠠᠪᠠᠭᠤᠯᠢᠭ ᠲᠠᠯ᠎ᠠ ᠶᠢ ᠤᠯᠠᠮ ᠰᠡᠶᠢᠨ ᠪᠠᠳᠠᠷᠠᠭᠤᠯᠤᠨ ᠦᠷ᠎ᠡ ᠬᠡᠤᠬᠡᠳ ᠤᠨ ᠢᠶᠠᠨ | ᠡᠳᠤᠷ ᠠᠴᠠ ᠡᠳᠤᠷ ᠢᠳᠠᠷᠡᠭᠦᠨ ᠢᠶᠠᠷ ᠦᠰᠦᠨ ᠪᠤᠶᠢᠵᠢᠬᠤ ᠳᠤ ᠲᠤᠰᠠᠯᠠᠳᠠᠬ᠃ | 2. ᠭᠡᠷ ᠪᠦᠯᠢ ᠶᠢᠨ ᠰᠤᠷᠭᠠᠨ ᠬᠦᠮᠤᠵᠢᠯ ᠲᠠᠬᠢ ᠦᠯᠢᠭᠡᠷ ᠳᠠᠭᠤᠷᠢᠶᠠᠯ ᠤᠨ ᠦᠢᠯᠠᠳᠤᠯ ᠢ ᠪᠠᠷᠢᠮᠳᠠᠯᠠᠬᠤ | ᠭᠡᠷ ᠤᠨ ᠠᠬᠠᠮᠠᠳ ᠤᠨ ᠭᠡᠷ ᠪᠦᠯᠢ ᠳᠠᠬᠢ ᠳᠠᠭᠤᠷᠢᠶᠠᠯ ᠤᠨ ᠦᠢᠯᠠᠳᠤᠯ ᠢ ᠡᠷᠲᠡ ᠡᠳᠤᠭᠡ᠂ ᠳᠤᠳᠤᠭᠠᠳᠤ | ᠭᠠᠳᠠᠭᠠᠳᠤ ᠶᠢᠨ ᠰᠤᠷᠭᠠᠨ ᠬᠦᠮᠤᠵᠢᠯ ᠤᠨ ᠵᠢᠳᠬᠦᠯᠲᠡᠳ ᠲᠤᠩ ᠬᠦᠨᠳᠤᠳᠭᠡᠨ ᠦᠵᠡᠭᠰᠡᠭᠡᠷ ᠢᠷᠡᠵᠡᠢ᠃ ᠮᠤᠩᠭᠤᠯ | ᠠᠷᠠᠳ ᠤᠨ ᠵᠦᠢᠷ ᠰᠠᠴᠠᠨ ᠦᠭᠡᠨ ᠳᠤ ᠬᠢ ︽ᠬᠡᠭᠡᠷ᠎ᠡ ᠠᠯᠠᠭ ᠠᠴᠠ ᠰᠢᠬᠢᠷ᠎ᠠ ᠠᠯᠠᠭ᠂ ᠭᠡᠯᠳᠡᠭ ᠭᠡᠭᠦᠤ ᠠᠴᠠ | ᠱᠤᠪᠳᠤᠩ ᠤᠨᠠᠭ᠎ᠠ︾᠂ ︽ᠠᠯᠠᠭᠠᠴᠢ ᠶᠢᠨ ᠬᠦᠦ ᠪᠤᠯᠠᠭᠠᠴᠢ︾ ᠭᠡᠳᠡᠭ ᠨᠢ ᠡᠴᠢᠭᠡ ᠡᠬᠡ ᠪᠤᠯᠤᠬᠰᠠᠳ ᠦᠷ᠎ᠡ | ᠬᠡᠤᠬᠡᠳ ᠤᠨ ᠢᠶᠠᠨ ᠦᠰᠤᠨ ᠪᠤᠶᠢᠵᠢᠬᠤ ᠳᠤ ᠦᠯᠢᠭᠡᠷ ᠳᠠᠭᠤᠷᠢᠶᠠᠯ ᠪᠣᠯᠳᠠᠭ ᠤᠴᠢᠷ ᠶᠤᠰᠤ ᠶᠢ ᠳᠤᠳᠤᠷᠠᠭᠤᠯᠤᠬᠰᠠᠨ | ᠶᠤᠮ᠃ ᠦᠯᠢᠭᠡᠷ ᠳᠠᠭᠤᠷᠢᠶᠠᠯ ᠤᠨ ᠬᠦᠴᠤᠨ ᠴᠢᠳᠠᠯ ᠬᠢᠵᠠᠭᠠᠷ ᠦᠭᠡᠢ ᠶᠡᠭᠡ ᠪᠠᠶᠢᠳᠠᠭ᠃ ᠭᠠᠭᠴᠠ ᠬᠦ ᠭᠡᠷ ᠤᠨ | ᠠᠬᠠᠮᠠᠳᠴᠤᠳ ᠦᠪᠡᠷᠰᠠᠳ ᠤᠨ ᠭᠡᠪ ᠪᠤᠯᠪᠠᠰᠤᠷᠠᠯ ᠢᠶᠠᠨ ᠴᠢᠩᠭᠠᠳᠬᠠᠳᠠᠭ ᠯᠡ ᠶᠤᠮ ᠪᠣᠯ ᠬᠡᠤᠬᠡᠳ ᠤᠨ ᠪᠦᠭᠦ | ᠲᠠᠯ᠎ᠠ ᠪᠠᠷ ᠬᠦᠭᠵᠢᠬᠦ ᠪᠠ ᠡᠳᠤᠷ ᠳᠤᠳᠤᠮ ᠤᠨ ᠠᠮᠢᠳᠤᠷᠠᠯ ᠤᠨ ᠰᠡᠶᠢᠨ ᠰᠡᠶᠢᠠᠭᠨ ᠵᠡᠩ ᠲᠠᠳᠬᠠᠯ ᠢ | ᠬᠦᠮᠤᠵᠢᠬᠦᠯᠬᠦ ᠳᠤ ᠴᠦᠮ ᠵᠦᠪ ᠲᠠᠯ᠎ᠠ ᠶᠢᠨ ᠦᠯᠢᠭᠡᠷ ᠳᠠᠭᠤᠷᠢᠶᠠᠯ ᠪᠤᠯᠵᠤ ᠴᠢᠳᠠᠨ᠎ᠠ᠃ | 3. ᠭᠡᠷ ᠪᠦᠯᠢ ᠶᠢᠨ ᠰᠤᠷᠭᠠᠨ ᠭᠦᠮᠦᠵᠢᠯ ᠳᠤ ᠡᠷᠬᠡ ᠲᠡᠭᠰᠢ ᠵᠠᠷᠴᠢᠮ ᠢ ᠪᠠᠷᠢᠮᠳᠠᠯᠠᠬᠤ | ᠰᠢᠨ᠎ᠡ ᠴᠠᠭ ᠥᠶ᠎ᠡ ᠶᠢᠨ ᠭᠡᠷ ᠪᠦᠯᠢ ᠶᠢᠨ ᠬᠠᠷᠢᠴᠠᠭ᠎ᠠ ᠪᠣᠯ ᠭᠡᠷ ᠪᠦᠯᠢ ᠶᠢᠨ ᠬᠦᠮᠤᠰ ᠬᠠᠷᠢᠯᠴᠠᠨ | ᠬᠦᠨᠳᠤᠳᠭᠡᠵᠤ ᠬᠠᠷᠢᠯᠴᠠᠨ ᠡᠷᠬᠡ ᠲᠡᠭᠰᠢ ᠪᠠᠶᠢᠬᠤ ᠳᠤ ᠪᠠᠨ ᠲᠠᠭᠠᠷᠠᠨ᠎ᠡ᠃ ᠡᠴᠢᠭᠡ ᠡᠬᠡ ᠪᠤᠯᠤᠭᠰᠠᠳ ᠨᠢ ᠦᠪᠠᠷ ᠤᠨ | ᠡᠵᠢ ᠠᠪᠤ᠂ ᠦᠷ᠎ᠠ ᠭᠡᠤᠭᠡᠳ ᠢᠶᠠᠨ ᠭᠦᠨᠳᠤᠳᠭᠡᠵᠦ᠂ ᠲᠠᠳᠠᠨ ᠤ ᠠᠳᠠᠯᠢ ᠪᠤᠰᠤ ᠦᠵᠠᠯᠳᠠ᠂ ᠬᠦᠮᠣᠨ ᠤ ᠡᠷᠬᠡ | ᠵᠡᠷᠭᠡ ᠶᠢ ᠬᠦᠨᠳᠤᠳᠭᠡᠬᠦ ᠶᠤᠰᠤᠲᠡᠢ᠃ ᠢᠩᠬᠢᠮᠡᠨᠵᠢᠨ ᠰᠡᠶ᠋ᠢ ᠭᠡᠳᠤᠨ ᠥᠶ᠎ᠡ ᠶᠢᠨ ᠬᠦᠮᠣᠰ ᠡᠷᠬᠡ ᠲᠡᠭᠰᠢ᠂ ᠡᠶ᠎ᠡ | ᠨᠡᠶᠢᠷᠲᠡᠢ᠂ ᠦᠨᠡᠨᠴᠢ ᠲᠤᠲᠤᠨᠤᠰᠤᠭ ᠢᠶᠠᠷ ᠬᠠᠮᠳᠤ ᠠᠮᠢᠳᠤᠷᠠᠵᠤ ᠪᠠᠶᠢᠬᠤ ᠳᠤ ᠲᠤᠭᠠᠴᠠᠭᠳᠠᠨᠡ᠃ ᠡᠨᠡ ᠲᠠᠯ᠎ᠠ ᠪᠠᠷ | ᠵᠠᠷᠢᠮ ᠭᠡᠷ ᠤᠨ ᠠᠬᠠᠮᠠᠳ ᠤᠨ ᠤᠬᠠᠮᠰᠠᠷ ᠦᠨᠳᠤᠷ ᠪᠤᠰᠤ ᠬᠢᠳᠡᠯ ᠪᠡᠷᠢᠳᠠᠬ ᠨᠢ ᠲᠤᠲᠠᠭᠳᠠᠯ ᠲᠠᠢ ᠪᠠᠶᠢᠳᠠᠭ᠃ ᠡ᠊ᠨᠳᠠ | ᠨᠢᠭᠡ ᠵᠢᠱᠢᠶ᠎ᠡ ᠳᠠᠲᠠᠵᠤ ᠶᠠᠷᠢᠪᠠᠯ᠂ ᠨᠢᠭᠡ ᠭᠡᠷ ᠤᠨ ᠠᠬᠠᠮᠠᠳ ᠡᠳᠤᠷ ᠪᠦᠷᠢ ᠬᠡᠤᠬᠡᠳ ᠢᠶᠠᠨ ᠡᠳᠤᠷ ᠤᠨ ᠲᠡᠮᠳᠡᠭᠯᠡᠯ | ᠪᠢᠴᠢᠬᠦ ᠶᠢ ᠱᠠᠭᠠᠷᠳᠠᠳᠠᠭ ᠪᠠᠶᠢᠵᠡᠢ᠃ ᠨᠢᠭᠡ ᠤᠷᠤᠢ ᠬᠡᠤᠬᠡᠳ ᠨᠢ ᠡᠳᠤᠷ ᠤᠨ ᠲᠡᠮᠳᠡᠭᠯᠡᠯ ᠢᠶᠠᠨ ᠪᠢᠴᠢᠭᠰᠡᠨ | ᠦᠭᠡᠢ ᠪᠠᠷ ᠤᠨᠲᠠᠴᠢᠬᠠᠪᠠ᠃ ᠰᠦᠨᠢ ᠶᠢᠨ ᠠᠷᠪᠠᠨ ᠬᠤᠶᠠᠷ ᠴᠠᠭ ᠦᠩᠭᠡᠷᠡᠭᠰᠡᠨ ᠤ ᠲᠠᠷᠠᠭ᠎ᠠ ᠲᠡᠷᠡ ᠬᠦ ᠭᠡᠷ ᠤᠨ | ᠠᠬᠠᠮᠠᠳ ᠬᠡᠤᠬᠡᠳ ᠢᠶᠠᠨ ᠲᠠᠭᠤᠳᠠᠨ ᠰᠡᠷᠢᠭᠡᠵᠤ᠂ ᠪᠤᠷᠤᠭᠤᠰᠢᠶᠡᠨ ᠵᠢᠮᠡᠯᠡᠬᠦ ᠶᠢᠨ ᠳᠠᠭᠠᠤ ᠡᠳᠤᠷ ᠤᠨ ᠲᠡᠮᠳᠡᠭᠯᠡᠯ ᠢᠶᠠᠨ | ᠨᠦᠬᠦᠨ ᠪᠢᠴᠢᠬᠦ ᠶᠢ ᠱᠠᠭᠠᠷᠳᠠᠭᠰᠨᠨ ᠪᠠᠶᠢᠨ᠎ᠡ᠃ ᠡᠳᠤᠷ ᠤᠨ ᠲᠡᠮᠳᠡᠭᠯᠡᠯ ᠢᠶᠠᠨ ᠪᠢᠴᠢᠵᠦ ᠲᠠᠭᠤᠰᠬᠠᠭᠰᠠᠨ ᠤ ᠳᠠᠷᠠᠭ᠎ᠠ | ᠭᠡᠷ ᠤᠨ ᠠᠬᠠᠮᠠᠳ ᠨᠢ ᠠᠪᠤᠭᠠᠳ ᠦᠵᠡᠭᠰᠡᠨ ᠴᠢᠨᠢ᠄ ︽ᠪᠢ ᠪᠠᠰᠠ ᠨᠢᠭᠡ ᠬᠦᠮᠤᠨ ᠰᠢᠤ︕︾ ᠭᠡᠵᠦ ᠪᠢᠴᠢᠭᠰᠡᠨ | ᠪᠠᠶᠢᠯ᠎ᠠ᠃ ᠡᠨᠡ ᠨᠢ ᠭᠡᠤᠭᠡᠳ ᠤᠳ ᠲᠤ ︽ᠭᠡᠷ ᠤᠨ ᠠᠬᠠᠮᠠᠳ ᠨᠢ ᠲᠠᠳᠠᠨ ᠢ ᠬᠦᠮᠤᠨ ᠢᠶᠠᠷ ᠦᠵᠡᠬᠦ ᠦᠭᠡᠢ | ᠪᠠᠶᠢᠨ᠎ᠡ︾ ᠭᠡᠰᠡᠨ ᠪᠤᠳᠤᠯ ᠢ ᠲᠦᠷᠤᠬᠦᠯᠤᠭ᠍ᠰᠡᠨ ᠭᠡᠳᠡᠭ ᠢ ᠭᠡᠷᠡᠴᠢᠯᠡᠨ᠎ᠡ᠃ ᠪᠠᠰᠠ ᠨᠢᠭᠡ ᠵᠢᠱᠢᠶ᠎ᠡ ᠲᠠᠳᠠᠪᠠᠯ᠂ ᠨᠢᠭᠡ | ᠡᠮᠡᠭᠲᠡᠢ ᠰᠤᠷᠤᠭᠴᠢ ᠲᠤᠮᠳᠠᠳᠤ ᠰᠤᠷᠭᠠᠭᠤᠯᠢ ᠳᠤ ᠤᠷᠤᠬᠰᠠᠨ ᠤ ᠳᠠᠷᠠᠭ᠎ᠠ ᠭᠤᠶᠤᠯᠠᠬᠤ ᠶᠢ ᠮᠡᠳᠡᠴᠢᠭᠡᠵᠡᠢ᠃ ᠨᠢᠭᠡ | ᠤᠳᠠᠭ᠎ᠠ ᠲᠡᠷᠡ ᠭᠡᠵᠢᠭᠡ ᠪᠠᠨ ᠰᠢᠨ᠎ᠡ ᠮᠠᠶ᠋ᠢᠭ ᠢᠶᠠᠷ ᠭᠦᠷᠤᠭ᠍ᠰᠡᠨ ᠢ ᠡᠵᠢ ᠨᠢ ᠦᠵᠡᠮᠡᠭᠴᠡ ᠬᠠᠶᠢᠴᠢ ᠠᠪᠴᠢᠷᠡᠨ | ᠠᠯᠪᠠ ᠪᠠᠷ ᠬᠡᠵᠢᠭᠡ ᠶᠢ ᠨᠢ ᠬᠠᠶᠢᠴᠢᠯᠠᠭᠰᠠᠨ ᠪᠠᠶᠢᠨ᠎ᠡ᠃ ᠡᠳᠡᠭᠡᠷ ᠪᠣᠯ ᠴᠦᠮ ᠡᠴᠢᠭᠡ ᠡᠭᠡᠴᠤᠤᠯ ᠳᠤ ᠡᠷᠬᠡ | ᠲᠡᠭᠰᠢ ᠶᠢᠨ ᠤᠬᠠᠮᠰᠠᠷ ᠳᠤᠲᠠᠭᠤᠳᠠᠵᠤ᠂ ᠡᠴᠢᠭᠡ ᠡᠬᠡ ᠶᠢᠨ ᠡᠷᠬᠡ ᠰᠦᠷ ᠢᠶᠠᠨ ᠪᠤᠷᠤᠭᠤ ᠪᠠᠷ ᠬᠡᠷᠡᠭᠯᠡᠵᠦ ᠪᠠᠶᠢᠬᠤ ᠶᠢᠨ | ᠢᠯᠡᠷᠡᠯ ᠪᠤᠯᠣᠨᠡ᠃ | ᠠᠯᠳᠠᠭ᠎ᠠ ᠭᠠᠷᠭᠠᠬᠤ ᠦᠭᠡᠢ ᠬᠦᠮᠤᠨ ᠭᠡᠵᠤ ᠪᠠᠶᠢᠳᠠᠭ ᠦᠭᠡᠢ᠂ ᠬᠡᠷᠪᠡ ᠬᠡᠤᠬᠡᠳ ᠢᠶᠠᠨ ᠪᠤᠷᠤᠭᠤ ᠤᠶᠢᠯᠠᠭᠠᠵᠤ᠂ | ᠪᠤᠷᠤᠭᠤ ᠪᠣᠳᠤᠵᠤ᠂ ᠪᠤᠷᠤᠭᠤ ᠰᠢᠬᠦᠮᠵᠢᠯᠡᠭᠰᠡᠨ ᠪᠠᠶᠢᠪᠡᠯ ᠬᠡᠤᠬᠡᠳ ᠲᠤ ᠪᠠᠨ ᠪᠤᠷᠤᠭᠤ ᠮᠡᠳᠡᠷᠡᠵᠤ ᠤᠰᠣᠯ | ᠬᠦᠯᠢᠶᠡᠬᠦ ᠨᠢ ᠮᠠᠭᠤᠬᠠᠢ ᠬᠡᠷᠡᠭ ᠪᠢᠰᠢ ᠶᠤᠮ᠃ ᠬᠡᠤᠬᠡᠳ ᠭᠡᠷ ᠤᠨ ᠠᠬᠠᠮᠠᠳ ᠤᠨ ᠢᠶᠠᠨ ᠠᠯᠳᠠᠭ᠎ᠠ ᠳᠤᠲᠠᠭᠳᠠᠯ ᠢ | ᠶᠠᠷᠢᠬᠤ ᠥᠶ᠎ᠡ ᠳᠤ ᠭᠡᠷ ᠤᠨ ᠠᠬᠠᠮᠠᠳ ᠬᠦᠯᠢᠴᠡᠩᠬᠦᠢ ᠪᠠᠷ ᠰᠤᠨᠣᠰᠤᠨ ᠬᠢᠴᠢᠶᠡᠩᠭᠦᠢ ᠪᠠᠷ ᠬᠦᠯᠢᠶᠡᠨ ᠠᠪᠴᠥ᠂ | ᠠᠯᠳᠠᠭ᠎ᠠ ᠲᠤᠳᠠᠭᠳᠠᠯ ᠢᠶᠠᠨ ᠮᠡᠳᠡᠷᠡᠬᠦ ᠬᠡᠷᠡᠭᠲᠡᠢ᠃ ᠭᠠᠭᠴᠠ ᠬᠦ ᠡᠷᠬᠡ ᠲᠡᠭᠰᠢ ᠪᠠᠶᠢᠬᠤ ᠤᠬᠠᠮᠰᠠᠷ ᠢᠶᠠᠨ | ᠳᠡᠭᠡᠭᠰᠢᠯᠡᠭᠦᠯᠪᠡᠯ ᠰᠡᠶ᠋ᠢ ᠬᠡᠤᠬᠡᠳ ᠨᠢ ᠡᠴᠢᠭᠡ ᠡᠬᠡ ᠪᠠᠨ ᠰᠡᠳᠬᠢᠯ ᠤᠨ ᠬᠠᠨᠢ ᠪᠠᠨ ᠪᠤᠯᠭᠠᠵᠤ᠂ ᠡᠴᠢᠭᠡ ᠡᠬᠡ ᠶᠢᠨ | ᠰᠤᠷᠭᠠᠯ ᠢ ᠰᠤᠨᠤᠰᠬᠤ ᠪᠤᠯᠣᠨᠡ᠃ | 4. ᠭᠡᠷ ᠪᠦᠯᠢ ᠶᠢᠨ ᠰᠤᠷᠭᠠᠨ ᠭᠦᠮᠦᠵᠢᠯ ᠳᠤ ᠠᠭᠤᠴᠢᠯᠠᠬᠤ ᠵᠠᠷᠴᠢᠮ ᠢ ᠪᠠᠷᠢᠮᠳᠠᠯᠠᠬᠤ | ᠠᠭᠤᠴᠢᠯᠠᠨ᠎ᠠ ᠭᠡᠳᠡᠭ ᠪᠣᠯ ᠴᠢᠩᠭ᠎ᠠ ᠱᠠᠭᠠᠷᠳᠠᠯᠭ᠎ᠠ ᠲᠠᠯᠪᠢᠬᠤ ᠦᠭᠡᠢ ᠪᠤᠶᠤ ᠵᠠᠷᠴᠢᠮ ᠦᠭᠡᠢ ᠪᠠᠷ ᠨᠡᠶᠢᠷ | ᠲᠠᠯᠪᠢᠬᠤ ᠶᠢ ᠵᠢᠭᠠᠵᠤ ᠪᠠᠶᠢᠬᠤ ᠪᠢᠰᠢ᠂ ᠬᠠᠷᠢᠨ ᠦᠷ᠎ᠡ ᠬᠡᠤᠬᠡᠳ ᠤᠨ ᠢᠶᠠᠨ ᠲᠦᠪᠡᠭᠰᠢᠶᠡᠵᠦ ᠪᠠᠶᠢᠭ᠎ᠠ ᠲᠠᠯ᠎ᠠ᠂ | ᠲᠠᠲᠠᠭᠠᠯᠵᠠᠵᠤ ᠪᠠᠶᠢᠭ᠎ᠠ ᠵᠦᠢᠯᠡᠰ ᠤᠨ ᠤᠭ ᠰᠢᠯᠲᠠᠭᠠᠨ ᠢ ᠤᠶᠢᠯᠠᠭᠠᠵᠤ᠂ ᠦᠷ᠎ᠡ ᠬᠡᠤᠬᠡᠳ ᠤᠨ ᠢᠶᠠᠨ ᠲᠤᠳᠤᠭᠠᠳᠤ | ᠰᠡᠳᠬᠢᠯ ᠤᠨ ᠳᠦᠯᠬᠢᠴᠡ ᠬᠦᠴᠤᠨ ᠪᠠ ᠦᠪᠡᠷ ᠤᠨ ᠬᠢᠨᠢ ᠤᠬᠠᠮᠰᠠᠷ ᠲᠤ ᠲᠦᠰᠢᠭᠯᠡᠨ ᠠᠯᠳᠠᠭ᠎ᠠ ᠳᠤᠲᠠᠭᠳᠠᠯ ᠢ ᠨᠢ | ᠵᠠᠯᠠᠷᠠᠭᠤᠯᠬᠤ ᠶᠢᠨ ᠲᠦᠯᠤᠭᠡ ᠦᠭᠡᠷ᠎ᠠ ᠨᠢᠭᠡ ᠬᠡᠯᠪᠡᠷᠢ ᠪᠠᠷ ᠦᠷ᠎ᠡ ᠬᠡᠤᠬᠡᠳ ᠢᠶᠠᠨ ᠬᠦᠳᠤᠯᠤᠨ ᠵᠢᠯᠤᠭᠤᠳᠴᠤ᠂ | ᠬᠦᠮᠤᠵᠢᠭᠦᠯᠤᠨ ᠰᠤᠷᠭᠠᠬᠤ ᠶᠢ ᠵᠢᠭᠠᠵᠤ ᠪᠠᠶᠢᠭ᠎ᠠ ᠶᠤᠮ᠃ | ᠵᠠᠷᠢᠮ ᠥᠶ᠎ᠡ ᠵᠠᠷᠢᠮ ᠬᠡᠷᠡᠭ ᠤᠴᠢᠷ ᠲᠤ ᠠᠭᠤᠴᠢᠯᠠᠬᠤ ᠤᠪᠣᠷ ᠠᠪᠬᠤ ᠨᠢ ᠠᠭᠤᠷᠯᠠᠵᠤ ᠤᠴᠠᠭᠠᠷᠯᠠᠨ᠂ | ᠠᠶᠤᠯᠭᠠᠨ ᠰᠦᠷᠳᠡᠭᠦᠯᠬᠦ ᠪᠤᠶᠤ ᠪᠤᠷᠤᠭᠤᠰᠢᠶᠡᠨ ᠵᠢᠮᠡᠯᠡᠵᠤ᠂ ᠬᠠᠷᠢᠶᠠᠵᠤ ᠵᠦᠭᠡᠭᠡᠬᠦ᠂ ᠶᠠᠷᠢᠭᠠᠳ ᠪᠠᠷᠠᠬᠤ ᠦᠭᠡᠢ | ᠬᠡᠯᠡᠭᠡᠳ ᠳᠠᠭᠤᠰᠬᠤ ᠦᠭᠡᠢ ᠪᠠᠶᠢᠬᠤ ᠠᠴᠠ ᠬᠤᠯᠠ ᠢᠯᠡᠭᠦᠦ ᠰᠤᠷᠭᠠᠨ ᠬᠦᠮᠤᠵᠢᠬᠦᠯᠬᠦ ᠤᠶᠢᠯᠡᠳᠤᠯ ᠲᠠᠢ | ᠪᠠᠶᠢᠳᠠᠭ᠃ ᠶᠡᠷᠦ ᠨᠢ ᠬᠡᠤᠬᠡᠳ ᠲᠤ ᠠᠯᠳᠠᠭ᠎ᠠ ᠳᠤᠲᠠᠭᠳᠠᠯ ᠤᠨ ᠳᠠᠩᠰᠠ ᠲᠡᠮᠳᠡᠭᠯᠡᠵᠦ᠂ ᠪᠠᠶᠢᠨ ᠲᠠᠬᠢᠨ ᠬᠤᠣᠷ | ᠰᠢᠷ᠎ᠠ ᠶᠢ ᠨᠢ ᠮᠠᠯᠲᠠᠨ᠂ ᠦᠷᠬᠦᠯᠵᠢ ᠦᠰᠢᠯᠳᠤᠬᠦ ᠨᠢ ᠰᠤᠷᠭᠠᠨ ᠬᠦᠮᠤᠵᠢᠬᠦᠯᠬᠦ ᠰᠡᠶᠢᠨ ᠠᠷᠭ᠎ᠠ ᠪᠢᠰᠢ | ᠶᠤᠮ᠃ ᠡᠶᠢᠮᠦ ᠠᠴᠠ ᠡᠴᠢᠭᠡ ᠡᠬᠡ ᠪᠤᠯᠤᠬᠰᠠᠳ ᠦᠪᠡᠷ ᠤᠨ ᠪᠤᠯᠪᠠᠰᠤᠷᠠᠯ ᠢᠶᠠᠨ ᠴᠢᠩᠭᠠᠳᠬᠠᠬᠤ ᠳᠤ ᠪᠠᠨ | ᠠᠭᠤᠴᠢᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠠᠴᠠ ᠭᠠᠷᠳᠠᠵᠤ᠂ ᠬᠡᠤᠬᠡᠳ ᠤᠨ ᠢᠶᠠᠨ ᠠᠯᠳᠠᠭ᠎ᠠ ᠪᠤᠷᠤᠭᠤ | ᠭᠠᠷᠭᠠᠬᠤ ᠶᠢ ᠤᠬᠠᠮᠰᠠᠷ ᠠᠴᠠ ᠪᠠᠨ ᠠᠭᠤᠴᠢᠯᠠᠪᠠᠯ ᠵᠤᠬᠢᠨ᠎ᠡ᠃ ᠬᠡᠤᠬᠡᠳ ᠠᠯᠳᠠᠭ᠎ᠠ ᠳᠤᠲᠠᠭᠳᠠᠯ ᠭᠠᠷᠭᠠᠬᠤ ᠨᠢ | ᠠᠶᠠᠨᠳᠠᠭᠠᠨ ᠤ ᠵᠠᠶᠢᠯᠠᠰᠢ ᠦᠭᠡᠢ ᠴᠢᠨᠠᠷᠲᠡᠢ ᠪᠤᠯᠬᠤᠷ ᠭᠠᠶᠢᠬᠠᠵᠤ ᠰᠤᠴᠢᠬᠰᠠᠨ ᠤ ᠬᠡᠷᠡᠭ ᠦᠭᠡᠢ᠂ ᠬᠠᠷᠢᠨ | ᠯᠠᠪᠳᠠᠭᠤᠨ ᠲᠤᠬᠲᠠᠭᠤᠨ ᠢᠶᠠᠷ ᠪᠤᠳᠠᠳᠤ ᠠᠰᠠᠭᠤᠳᠠᠯ ᠳᠤ ᠬᠠᠨᠳᠤᠵᠤ᠂ ᠵᠦᠷᠢᠴᠡᠯ ᠢ ᠵᠦᠪ ᠰᠢᠢᠳᠪᠦᠷᠢᠯᠡᠬᠦ ᠬᠡᠷᠡᠭᠲᠡᠢ | ᠪᠦᠭᠡᠳ ᠬᠡᠤᠬᠡᠳ ᠤᠨ ᠠᠯᠳᠠᠭ᠎ᠠ ᠭᠠᠷᠭᠠᠬᠤ ᠶᠢ ᠵᠦᠪᠰᠢᠶᠡᠷᠡᠬᠦ᠂ ᠠᠯᠳᠠᠭ᠎ᠠ ᠪᠠᠨ ᠵᠠᠯᠠᠷᠠᠭᠤᠯᠵᠤ᠂ ᠠᠯᠳᠠᠭ᠎ᠠ ᠪᠠᠨ | ᠲᠠᠨᠢᠬᠤ ᠶᠠᠪᠤᠴᠠ ᠶᠢ ᠴᠤ ᠬᠦᠯᠢᠴᠡᠩᠬᠦᠢ ᠪᠠᠷ ᠬᠦᠯᠢᠶᠡᠬᠦ ᠬᠡᠷᠡᠭᠲᠡᠢ᠂ ᠡᠨᠡ ᠪᠣᠯ ᠠᠭᠤᠴᠢᠯᠠᠯ ᠮᠦᠨ᠃ | ᠠᠭᠤᠴᠢᠯᠠᠯ ᠪᠣᠯ ᠨᠢᠭᠡ ᠵᠦᠢᠯ ᠤᠨ ᠡᠷᠬᠢᠮ ᠰᠡᠶᠢᠠᠭᠨ ᠶᠤᠰᠤ ᠰᠤᠷᠲᠠᠬᠤᠨ ᠪᠣᠯᠣᠨ᠎ᠡ᠃ ᠡᠬᠦᠨ ᠢ | ᠦᠷᠭᠦᠯᠵᠢᠳᠡ ᠶᠢᠨ ᠪᠤᠯᠪᠠᠰᠤᠷᠠᠯ ᠢᠶᠠᠷ ᠰᠡᠶ᠋ᠢ ᠪᠤᠢ ᠪᠤᠯᠭᠠᠵᠤ ᠴᠢᠳᠠᠨ᠎ᠡ᠃ ᠬᠡᠤᠬᠡᠳ ᠤᠨ ᠭᠡᠨᠡᠳᠲᠡ ᠪᠠᠷ | ᠤᠶᠢᠯᠡᠳᠤᠭ᠍ᠰᠡᠨ ᠪᠠᠯᠠᠢ ᠠᠵᠢᠯᠯᠠᠭ᠎ᠠ ᠶᠢ ᠠᠭᠤᠴᠢᠯᠠᠬᠤ ᠮᠦᠷᠲᠡᠭᠡᠨ ᠡᠩ ᠤᠨ ᠥᠶ᠎ᠡ ᠶᠢᠨ ᠱᠠᠭᠠᠷᠳᠠᠯᠭ᠎ᠠ ᠶᠢ | ᠴᠢᠩᠭᠠᠳᠬᠠᠬᠤ᠂ ᠠᠭᠤᠴᠢᠯᠠᠬᠤ ᠪᠠ ᠴᠢᠩᠭᠠᠳᠬᠠᠬᠤ ᠶᠢ ᠤᠶᠠᠯᠳᠤᠭᠤᠯᠬᠤ ᠭᠡᠷ ᠪᠦᠯᠢ ᠶᠢᠨ ᠰᠤᠷᠭᠠᠨ ᠬᠦᠮᠣᠵᠢᠯ ᠤᠨ | ᠠᠷᠭ᠎ᠠ ᠵᠠᠷᠴᠢᠮ ᠢ ᠰᠡᠶᠢᠳᠤᠷ ᠭᠡᠷᠡᠭᠵᠢᠬᠦᠯᠬᠦ ᠳᠤ ᠭᠡᠷ ᠤᠨ ᠠᠬᠠᠮᠠᠳ ᠤᠨ ᠲᠡᠪᠴᠢᠶᠡᠷᠢᠲᠡᠢ ᠪᠤᠯᠪᠠᠰᠤᠷᠠᠯ ᠲᠤᠩ | ᠴᠢᠬᠤᠯᠠ ᠶᠤᠮ᠃ ᠵᠠᠷᠢᠮ ᠪᠤᠯᠪᠠᠰᠤᠷᠠᠯ ᠳᠤᠲᠠᠮᠠᠭ ᠭᠡᠷ ᠤᠨ ᠠᠬᠠᠮᠠᠳ ᠦᠷ᠎ᠡ ᠬᠡᠤᠬᠡᠳ ᠤᠨ ᠢᠶᠠᠨ ᠭᠠᠷᠭᠠᠬᠰᠠᠨ | ᠠᠯᠳᠠᠭ᠎ᠠ ᠳᠤ ᠪᠠᠴᠢᠮᠳᠠᠨ ᠰᠠᠨᠳᠤᠷᠴᠤ᠂ ᠪᠠᠯᠢᠲᠠᠨ ᠰᠠᠮᠠᠭᠠᠷᠳᠠᠵᠥ᠂ ᠠᠶᠤᠨ ᠡᠮᠢᠶᠡᠬᠦ ᠪᠤᠶᠤ ᠴᠢᠨᠠᠭᠰᠢᠯᠠᠪᠠᠯ | ᠬᠡᠤᠬᠡᠳ ᠢᠶᠠᠨ ᠠᠪᠤᠷᠠᠰᠢ ᠦᠭᠡᠢ ᠬᠡᠮᠵᠢᠶᠡᠨ ᠳᠤ ᠬᠦᠷᠤᠭ᠍ᠰᠡᠨ ᠢᠶᠠᠷ ᠪᠤᠳᠤᠵᠤ᠂ ᠠᠭᠤᠴᠢᠯᠠᠬᠤ ᠪᠤᠳᠤᠯ ᠤᠷᠤᠬᠤ | ᠦᠭᠡᠢ ᠪᠠᠶᠢᠳᠠᠭ᠃ ᠢᠩᠬᠢᠭᠦ ᠨᠢ ᠬᠡᠤᠬᠡᠳ ᠢ ᠠᠯᠪᠠ ᠪᠠᠷ ᠪᠤᠷᠤᠭᠤ ᠵᠠᠮ ᠳᠤ ᠲᠦᠯᠬᠢᠨ ᠤᠷᠤᠭᠤᠯᠵᠣ᠂ ᠠᠮᠢ | ᠨᠠᠰᠤᠨ ᠳᠤ ᠨᠢ ᠴᠤ ᠠᠶᠤᠯ ᠤᠴᠠᠷᠠᠭᠤᠯᠳᠠᠭ ᠶᠤᠮ᠃ | ᠬᠤᠶᠠᠷ᠂ ᠭᠡᠷ ᠪᠦᠯᠢ ᠶᠢᠨ ᠰᠤᠷᠭᠠᠨ ᠭᠦᠮᠦᠵᠢᠯ ᠤᠨ ᠠᠴᠢ ᠬᠤᠯᠪᠣᠭᠳᠠᠯ | ᠭᠡᠷ ᠤᠨ ᠠᠬᠠᠮᠠᠳ ᠤᠨ ᠭᠡᠤᠭᠡᠳ ᠲᠤ ᠦᠵᠡᠭᠦᠯᠭᠦ ᠨᠦᠯᠦᠭᠡ ᠦᠢᠯᠠᠳᠤᠯ ᠲᠤᠩ ᠶᠡᠭᠡ | ᠪᠠᠶᠢᠳᠠᠬ᠃ ᠡᠶᠢᠮᠦ ᠠᠴᠠ ᠡᠴᠢᠭᠡ ᠡᠬᠡ ᠪᠤᠯᠤᠬᠰᠠᠳ ᠡᠷᠬᠡᠪᠰᠢ ᠬᠡᠤᠬᠡᠳ ᠲᠤ ᠪᠠᠨ ᠬᠠᠷᠢᠭᠤᠴᠠᠬᠤ᠂ ᠭᠡᠷ | ᠪᠦᠯᠢ ᠳᠤ ᠪᠠᠨ ᠬᠠᠷᠢᠭᠤᠴᠠᠬᠤ᠂ ᠨᠡᠶᠢᠬᠡᠮ ᠳᠤ ᠬᠠᠷᠢᠭᠤᠴᠠᠬᠤ᠂ ᠤᠯᠤᠰ ᠦᠨᠳᠤᠰᠤᠲᠠᠨ ᠳᠤ ᠪᠠᠨ ᠬᠠᠷᠢᠭᠤᠴᠠᠬᠤ | ᠳᠡᠭᠡᠳᠤ ᠬᠡᠮᠵᠢᠶᠡᠨ ᠤ ᠬᠠᠷᠢᠭᠤᠴᠠᠯᠭᠠᠳᠤ ᠰᠡᠳᠬᠢᠯᠭᠡ ᠶᠢ ᠡᠪᠦᠷᠯᠡᠨ᠂ ᠦᠷ᠎ᠡ ᠬᠡᠤᠬᠡᠳ ᠢᠶᠠᠨ ᠰᠡᠶᠢᠳᠤᠷ ᠬᠦᠮᠤᠵᠢᠬᠦᠯᠬᠦ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠪᠴᠥ᠂ ᠡᠳᠤᠷ ᠳᠤᠳᠤᠮ ᠤᠨ ᠠᠵᠥ ᠠᠮᠢᠳᠤᠷᠠᠯ ᠠᠵᠢᠯ ᠰᠤᠷᠤᠯᠭ᠎ᠠ ᠶᠢᠨ | ᠲᠤᠮᠲᠠ ᠪᠠᠨ ᠪᠤᠳᠠᠲᠡᠢ ᠬᠡᠷᠡᠭᠵᠢᠭᠦᠯᠭᠦ ᠶᠤᠰᠤᠲᠡᠢ᠃ ᠦᠷ᠎ᠡ ᠬᠡᠤᠬᠡᠳ ᠢᠶᠠᠨ ᠰᠡᠶᠢᠳᠤᠷ ᠬᠦᠮᠤᠵᠢᠭᠦᠯᠭᠦ ᠪᠣᠯ ᠬᠤᠪᠢ | ᠬᠦᠮᠤᠨ ᠤ ᠯᠡ ᠠᠵᠢᠯ ᠲᠡᠳᠤᠢ ᠪᠢᠰᠢ᠂ ᠬᠠᠷᠢᠨ ᠤᠯᠤᠰ ᠦᠨᠳᠤᠰᠤᠲᠠᠨ ᠤ ᠠᠯᠤᠰ ᠢᠷᠡᠭᠡᠳᠤᠢ ᠪᠠ ᠨᠡᠶᠢᠭᠡᠮ | ᠲᠡᠤᠬᠡ ᠶᠢᠨ ᠬᠦᠭᠵᠢᠯᠲᠡ ᠲᠠᠪᠰᠢᠯᠲᠠ ᠲᠠᠢ ᠬᠤᠯᠪᠤᠬᠳᠠᠬᠤ ᠶᠡᠭᠡ ᠤᠴᠢᠷ ᠪᠣᠯᠤᠨ᠎ᠡ᠃ ᠬᠡᠤᠬᠡᠳ ᠢᠶᠠᠨ ᠰᠡᠶᠢᠨ | ᠬᠦᠮᠥᠵᠢᠭᠦᠯᠬᠦ ᠦᠭᠡᠢ ᠪᠣᠯ ᠭᠡᠷ ᠪᠦᠯᠢ ᠶᠢᠨ ᠬᠤᠬᠢᠷᠡᠯ ᠲᠡᠳᠤᠢ ᠪᠢᠰᠢ᠂ ᠮᠦᠨ ᠴᠦ ᠤᠯᠤᠰ ᠦᠨᠳᠤᠰᠤᠲᠡᠡ ᠤ | ᠬᠤᠬᠢᠷᠡᠯ ᠪᠣᠯᠬᠤ ᠶᠤᠮ᠃ ᠡᠶᠢᠮᠦ ᠠᠴᠠ ᠭᠡᠷ ᠪᠦᠯᠢ ᠶᠢᠨ ᠬᠦᠮᠤᠵᠢᠯ ᠳᠤ ᠵᠠᠪᠠᠯ ᠬᠠᠷᠢᠭᠤᠴᠠᠯᠭᠠᠳᠤ ᠣᠪᠤᠷ ᠢᠶᠠᠷ | ᠬᠠᠨᠳᠤᠮᠠᠨᠵᠢᠨ ᠰᠡᠶ᠋ᠢ ᠴᠠᠭ ᠦᠷᠭᠦᠯᠵᠢ ᠤᠴᠢᠷ ᠪᠤᠯᠭᠠᠨ ᠳᠤ ᠦᠪᠡᠷ ᠢ ᠪᠠᠨ ᠴᠢᠩᠭ᠎ᠠ ᠱᠠᠭᠠᠷᠳᠠᠵᠤ᠂ ᠦᠪᠡᠷ ᠤᠨ | ᠪᠤᠯᠪᠠᠰᠤᠷᠠᠯ ᠢᠶᠠᠨ ᠴᠢᠩᠭᠠᠳᠬᠠᠵᠤ᠂ ᠦᠷ᠎ᠡ ᠬᠡᠤᠬᠡᠳ ᠢᠶᠠᠨ ᠰᠡᠶᠢᠳᠤᠷ ᠬᠦᠮᠥᠵᠢᠭᠦᠯᠬᠦ ᠡᠭᠦᠷᠭᠡ ᠪᠠᠨ ᠠᠮᠵᠢᠯᠲᠠ | ᠳᠡᠭᠦᠯᠲᠡᠷ ᠪᠡᠶᠡᠯᠡᠭᠦᠯᠵᠤ ᠴᠢᠳᠠᠨ᠎ᠡ᠃ | ᠯᠠᠷᠵᠢᠶ᠎ᠠ ᠶᠠᠮᠪᠠ ᠪᠠᠨ ᠲᠠᠶᠠᠭᠳᠠᠵᠤ᠂ ᠦᠷ᠎ᠡ ᠬᠡᠤᠬᠡᠳ ᠲᠤ ᠪᠠᠨ ᠬᠠᠨᠳᠤᠬᠤ ᠣᠪᠤᠷ ᠢᠶᠠᠨ ᠰᠡᠶᠢᠵᠢᠷᠠᠭᠤᠯᠬᠤ | ᠪᠣᠯ ᠭᠡᠷ ᠤᠨ ᠠᠬᠠᠮᠠᠳ ᠪᠤᠯᠤᠬᠰᠠᠳ ᠤᠨ ᠣᠪᠣᠷ ᠰᠤᠷᠲᠠᠯ ᠤᠨ ᠪᠤᠯᠪᠠᠰᠤᠷᠠᠯ ᠤᠨ ᠪᠠᠰᠠ ᠨᠢᠭᠡᠨ ᠴᠢᠬᠤᠯᠠ ᠠᠭᠤᠯᠭ᠎ᠠ | ᠪᠣᠯᠤᠨ᠎ᠡ᠃ ᠵᠠᠷᠢᠮ ᠭᠡᠷ ᠤᠨ ᠠᠬᠠᠮᠠᠳ ᠦᠷ᠎ᠡ ᠬᠡᠤᠬᠡᠳ ᠢᠶᠠᠨ ᠬᠤᠪᠢ ᠶᠢᠨ ᠥᠮᠴᠢ ᠭᠡᠵᠤ ᠦᠵᠡᠭᠡᠳ ᠪᠢᠳᠠ ᠶᠠᠭᠤ | ᠭᠡᠵᠤ ᠬᠡᠯᠡᠪᠡᠯ ᠬᠡᠤᠬᠡᠳ ᠳᠡᠬᠡᠵᠤ ᠬᠢᠬᠦ ᠶᠤᠰᠤᠲᠡᠢ᠂ ᠪᠢᠳᠠ ᠶᠠᠭᠤ ᠰᠤᠷ ᠭᠡᠪᠡᠯ ᠬᠡᠤᠬᠡᠳ ᠲᠡᠬᠦᠨ ᠢ ᠯᠠ ᠰᠤᠷᠬᠤ | ᠬᠡᠷᠡᠭᠲᠡᠢ ᠭᠡᠵᠤ ᠪᠤᠳᠤᠵᠤ ᠪᠠᠶᠢᠳᠠᠭ᠃ ᠡᠨᠡ ᠨᠢ ᠹᠸᠣᠳᠠᠯ ᠤᠨ ᠡᠪᠦᠭᠡ ᠶᠤᠰᠤᠨ ᠤ ᠳᠦᠷᠢᠮ ᠤᠨ ᠦᠯᠡᠳᠡᠭᠳᠡᠯ | ᠭᠡᠷ ᠤᠨ ᠠᠬᠠᠮᠠᠳ ᠤᠨ ᠲᠠᠷᠢᠬᠢ ᠲᠤᠯᠤᠭᠠᠢ ᠳᠤ ᠮᠦᠨ ᠴᠦ ᠭᠠᠵᠠᠷ ᠡᠵᠡᠯᠡᠭᠰᠡᠭᠡᠷ ᠪᠠᠶᠢᠭ᠎ᠠ ᠶᠢ ᠬᠠᠷᠠᠭᠤᠯᠵᠤ | ᠪᠠᠶᠢᠨ᠎ᠡ᠃ ᠭᠡᠷ ᠤᠨ ᠠᠬᠠᠮᠠᠳᠴᠤᠳ ᠣᠪᠤᠷ ᠰᠤᠷᠲᠠᠯ ᠢᠶᠠᠨ ᠵᠠᠪᠠᠯ ᠰᠡᠶᠢᠵᠢᠷᠠᠭᠤᠯᠬᠤ ᠬᠡᠷᠡᠭᠲᠡᠢ ᠭᠡᠳᠡᠭ ᠪᠣᠯ ᠲᠠᠷᠤᠢ | ᠡᠶᠢᠮᠤᠷᠭᠦᠤ ᠡᠷᠬᠡ ᠲᠡᠭᠰᠢ ᠪᠤᠰᠤ ᠣᠪᠣᠷ ᠰᠤᠷᠲᠠᠯ ᠢ ᠦᠭᠡᠷᠡᠴᠢᠯᠠᠨ᠂ ᠣᠨᠴᠠ ᠡᠷᠬᠡ ᠶᠢᠨ ᠦᠵᠡᠯ ᠢ ᠢᠯᠠᠨ ᠲᠠᠪᠠᠵᠤ᠂ | ᠭᠡᠷ ᠤᠨ ᠠᠬᠠᠮᠠᠳ ᠤᠨ ᠯᠠᠷᠵᠢᠶ᠎ᠠ ᠶᠠᠮᠪᠠ ᠰᠦᠷ ᠰᠤᠷᠲᠤᠭᠤ ᠪᠠᠨ ᠲᠠᠶᠠᠭᠳᠠᠨ ᠦᠷ᠎ᠡ ᠬᠡᠤᠬᠡᠳ ᠲᠠᠢ ᠪᠠᠨ ᠡᠷᠬᠡ | ᠲᠡᠭᠰᠢ ᠣᠪᠤᠷ ᠢᠶᠠᠷ ᠬᠠᠷᠢᠯᠴᠠᠵᠤ᠂ ᠲᠡᠳᠡᠨ ᠲᠠᠢ ᠨᠡᠶᠢᠵᠠ ᠨᠦᠬᠦᠳ ᠤᠨ ᠬᠠᠷᠢᠴᠠᠭ᠎ᠠ ᠶᠢ ᠪᠠᠶᠢᠭᠤᠯᠵᠤ᠂ ᠦᠪᠡᠷ ᠤᠨ | ᠳᠡᠭᠡᠳᠤ ᠬᠡᠮᠵᠢᠶᠡᠨ ᠤ ᠪᠤᠯᠪᠠᠰᠤᠷᠠᠯ ᠢᠶᠠᠷ ᠢᠶᠠᠨ ᠦᠷ᠎ᠡ ᠬᠡᠤᠬᠡᠳ ᠤᠨ ᠢᠶᠠᠨ ᠬᠠᠶᠢᠷ᠎ᠠ ᠬᠦᠨᠳᠤᠳᠭᠡᠯ ᠢ ᠣᠯᠬᠤ ᠶᠢ | ᠵᠢᠭᠠᠵᠤ ᠪᠣᠢ᠃ ᠢᠩᠬᠢᠪᠡᠯ ᠰᠡᠶ᠋ᠢ ᠦᠷ᠎ᠡ ᠬᠡᠤᠬᠡᠳ ᠴᠢᠨᠢ ᠦᠭᠡ ᠨᠣᠮ ᠢᠶᠠᠷ ᠶᠠᠪᠤᠵᠤ᠂ ᠭᠡᠷ ᠪᠦᠯᠢ ᠶᠢᠨ ᠰᠤᠷᠭᠠᠨ | ᠬᠦᠮᠤᠵᠢᠯ ᠤᠨ ᠠᠮᠵᠢᠯᠲᠠ ᠲᠠᠢ ᠶᠠᠪᠤᠬᠳᠠᠬᠤ ᠳᠤ ᠴᠢᠬᠤᠯᠠ ᠨᠢᠭᠡᠨ ᠨᠦᠭᠦᠴᠠᠯ ᠢ ᠪᠦᠷᠢᠯᠳᠤᠭᠦᠯᠵᠤ ᠥᠭᠭᠦᠭᠰᠡᠨ ᠳᠤ | ᠲᠤᠭᠠᠴᠠᠭᠳᠠᠨᠡ᠃ | ᠭᠡᠷ ᠤᠨ ᠠᠬᠠᠮᠠᠳ ᠤᠨ ᠪᠤᠯᠪᠠᠰᠤᠷᠠᠯ ᠳᠤ ᠠᠯᠤᠰ ᠤᠨ ᠬᠦᠰᠡᠯᠡᠩ᠂ ᠬᠤᠯᠠ ᠶᠢᠨ ᠵᠣᠷᠢᠯᠲᠠ᠂ ᠨᠡᠶᠢᠭᠡᠮ ᠤᠨ | ᠠᠮᠢᠳᠤᠷᠠᠯ ᠤᠨ ᠦᠵᠡᠯᠲᠡ᠂ ᠢᠳᠡᠪᠬᠢᠲᠡᠢ ᠦᠭᠡᠳᠡᠯᠡᠬᠦ ᠵᠣᠷᠢᠭ ᠰᠠᠨᠠᠭ᠎ᠠ᠂ ᠡᠷᠬᠢᠮ ᠳᠡᠭᠡᠳᠤ ᠶᠤᠰᠤ ᠰᠤᠷᠲᠠᠬᠤᠨ | ᠵᠡᠷᠭᠡ ᠬᠡᠳᠦᠨ ᠲᠠᠯ᠎ᠠ ᠶᠢᠨ ᠪᠤᠯᠪᠠᠰᠤᠷᠠᠯ ᠢ ᠪᠠᠭᠲᠠᠭᠠᠨ᠎ᠠ᠃ ᠭᠡᠷ ᠤᠨ ᠠᠬᠠᠮᠠᠳ ᠡᠷᠬᠡᠪᠰᠢ ᠦᠵᠡᠯ ᠰᠠᠨᠠᠭ᠎ᠠ ᠡᠷᠡᠬᠦᠯ | ᠰᠠᠷᠠᠭᠤᠯ᠂ ᠠᠯᠤᠰ ᠤᠨ ᠬᠦᠰᠡᠯᠡᠩ ᠬᠤᠯᠠ ᠶᠢᠨ ᠵᠤᠷᠢᠯᠲᠠ ᠲᠤᠳᠤᠷᠬᠠᠢ᠂ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ ᠵᠦᠪ᠂ ᠴᠠᠭ ᠥᠶ᠎ᠡ ᠠᠴᠠ ᠬᠤᠴᠤᠷᠬᠤ ᠦᠭᠡᠢ ᠢᠳᠡᠪᠬᠢᠲᠡᠢ ᠦᠭᠡᠳᠡᠯᠡᠬᠦ ᠵᠣᠷᠢᠭ | ᠰᠠᠨᠠᠭ᠎ᠠ᠂ ᠬᠡᠪ ᠴᠢᠨᠠᠷ ᠤᠨ ᠪᠤᠯᠪᠠᠰᠤᠷᠠᠯ ᠲᠠᠢ ᠪᠠᠶᠢᠬᠤ ᠭᠡᠷᠡᠭᠳᠠᠢ᠃ | ᠵᠠᠬ᠎ᠠ ᠳᠡᠯᠭᠡᠬᠦᠷ ᠤᠨ ᠠᠵᠤ ᠠᠬᠤᠢ ᠶᠢᠨ ᠴᠠᠭ ᠥᠶ᠎ᠡ ᠳᠤ ᠭᠡᠷ ᠤᠨ ᠠᠬᠠᠮᠠᠳ ᠤᠨ ᠦᠵᠡᠯ ᠰᠠᠨᠠᠭ᠎ᠠ᠂ ᠬᠡᠪ | ᠴᠢᠨᠠᠷ ᠨᠢ ᠠᠮᠢᠳᠤᠷᠠᠯ ᠤᠨ ᠦᠵᠡᠯᠲᠡ᠂ ᠦᠷᠲᠡᠭ ᠤᠨ ᠦᠵᠡᠯᠲᠡ ᠪᠠᠷ ᠳᠤᠰᠬᠠᠯ ᠢᠶᠠᠨ ᠣᠯᠳᠠᠭ᠃ ᠵᠠᠷᠢᠮ ᠭᠡᠷ ᠤᠨ | ᠠᠬᠠᠮᠠᠳ ᠠᠵᠢᠯᠴᠢ ᠠᠷᠪᠢᠴᠢ ᠪᠠᠷ ᠠᠮᠢᠳᠤᠷᠠᠵᠤ᠂ ᠠᠷᠪᠢᠯᠠᠭᠰᠠᠨ ᠵᠤᠭᠤᠰ ᠮᠦᠩᠭᠦ ᠪᠠᠨ ︽ᠬᠦᠰᠡᠯᠡᠩ ᠤᠨ | ᠢᠨᠵᠧᠨᠧᠷᠢᠩ︾ ᠳᠤ ᠲᠤᠰᠢᠶᠠᠵᠤ᠂ ᠰᠤᠷᠤᠯᠭ᠎ᠠ ᠠᠯᠳᠠᠭᠰᠠᠨ ᠬᠡᠤᠬᠡᠳ ᠢ ᠬᠠᠯᠠᠮᠵᠢᠯᠠᠨ ᠬᠠᠪᠰᠤᠷᠴᠤ ᠪᠠᠶᠢᠬᠤ ᠳᠤ᠂ ᠵᠠᠷᠢᠮ | ᠭᠡᠷ ᠤᠨ ᠠᠬᠠᠮᠠᠳ ᠭᠠᠷ ᠲᠤ ᠪᠠᠨ ᠵᠤᠭᠤᠰ ᠮᠦᠩᠭᠦ ᠲᠠᠢ ᠪᠣᠯᠣᠮᠠᠭᠴᠠ ᠠᠵᠢᠯᠴᠢ ᠠᠷᠪᠢᠴᠢ ᠪᠠᠷ ᠠᠵᠤ ᠲᠦᠷᠤᠬᠦ᠂ | ᠰᠢᠷᠭᠠᠭᠤ ᠬᠠᠳᠠᠭᠤᠵᠢᠯᠲᠠᠢ ᠲᠡᠮᠡᠴᠡᠬᠦ᠂ ᠪᠤᠰᠤᠳ ᠢ ᠲᠤᠰᠠᠯᠠᠨ ᠲᠡᠮᠵᠢᠬᠦ᠂ ᠠᠷᠠᠳ ᠲᠦᠮᠡᠨ ᠳᠤ ᠠᠰᠢᠬᠲᠡᠢ ᠠᠵᠢᠯ ᠬᠢᠬᠦ | ᠵᠡᠷᠭᠡ ᠶᠢ ᠪᠦᠷᠢᠮᠦᠰᠦᠨ ᠮᠠᠷᠲᠠᠴᠢᠬᠠᠳᠠᠭ᠃ ᠵᠠᠷᠢᠮ ᠨᠢ ᠪᠠᠶᠠᠨ ᠬᠦᠮᠤᠨ ᠤ ᠯᠠᠷᠵᠢᠶ᠎ᠠ ᠶᠠᠮᠪᠠ ᠲᠠᠲᠠᠵᠤ᠂ ᠮᠦᠩᠭᠦ | ᠵᠤᠭᠤᠰ ᠢᠶᠠᠨ ᠭᠠᠶᠢᠬᠠᠭᠤᠯᠤᠨ ᠢᠳᠡᠵᠤ ᠤᠤᠭᠤᠨ ᠪᠦᠷᠢᠯᠭᠡᠨ ᠰᠦᠢᠳᠬᠡᠵᠤ᠂ ᠪᠤᠰᠤᠳ ᠤᠨ ᠨᠡᠶᠢᠭᠡᠮ ᠳᠤ ᠠᠰᠢᠬᠲᠡᠢ | ᠠᠵᠢᠯ ᠬᠢᠬᠦ ᠶᠢ ︽ᠡᠷᠬᠢᠬᠦᠤ ᠲᠡᠨᠡᠭ︾᠂ ︽ᠨᠡᠷ᠎ᠡ ᠭᠠᠷᠬᠤ ᠶᠢᠨ ᠲᠦᠯᠤᠭᠡ︾᠂ ︽ᠪᠡᠶ᠎ᠡ ᠪᠠᠨ ᠭᠠᠶᠢᠬᠠᠭᠤᠯᠬᠤ ᠶᠢᠨ | ᠲᠦᠯᠤᠭᠡ︾ ᠭᠡᠬᠦ ᠮᠡᠳᠤ ᠪᠠᠷ ᠳᠠᠭᠠᠷᠢᠨ ᠶᠤᠵᠤᠯᠠᠵᠤ ᠪᠠᠶᠢᠳᠠᠭ᠃ ᠡᠳᠡᠭᠡᠷ ᠦᠵᠡᠭᠳᠡᠯ ᠳᠤ ᠭᠡᠷ ᠤᠨ ᠠᠬᠠᠮᠠᠳ ᠤᠨ | ᠦᠵᠡᠯ ᠰᠠᠨᠠᠭ᠎ᠠ᠂ ᠬᠡᠪ ᠴᠢᠨᠠᠷ ᠤᠨ ᠪᠤᠯᠪᠠᠰᠤᠷᠠᠯ ᠤᠨ ᠬᠢᠷᠢ ᠬᠡᠮᠵᠢᠶ᠎ᠡ ᠲᠤᠳᠤᠷᠬᠠᠢ ᠳᠤᠰᠬᠠᠬᠳᠠᠵᠤ ᠪᠠᠶᠢᠭ᠎ᠠ | ᠶᠤᠮ᠃ ᠡ᠊ᠨᠡ ᠬᠦ ᠲᠠᠯ᠎ᠠ ᠶᠢᠨ ᠪᠤᠯᠪᠠᠰᠤᠷᠠᠯ ᠲᠤᠲᠠᠮᠠᠭ ᠬᠦᠮᠤᠰ ᠦᠷ᠎ᠡ ᠬᠡᠤᠬᠡᠳ ᠢᠶᠠᠨ ᠬᠦᠮᠤᠵᠢᠭᠦᠯᠵᠤ᠂ ᠨᠡᠶᠢᠭᠡᠮ | ᠨᠡᠶᠢᠲᠡ ᠳᠤ ᠠᠰᠢᠬᠲᠡᠢ ᠬᠦᠮᠤᠨ ᠪᠤᠯᠭᠠᠨ᠎ᠡ ᠭᠡᠳᠡᠭ ᠪᠣᠯ ᠰᠡᠳᠬᠢᠭᠳᠡᠰᠢ ᠦᠭᠡᠢ ᠬᠡᠷᠡᠭ ᠶᠤᠮ᠃ | ᠵᠠᠷᠢᠮ ᠭᠡᠷ ᠤᠨ ᠠᠬᠠᠮᠠᠳ ᠰᠤᠶᠤᠯ ᠳᠣᠷᠤᠢ᠂ ᠬᠡᠤᠬᠡᠳ ᠢᠶᠠᠨ ᠬᠦᠮᠤᠵᠢᠭᠦᠯᠭᠦ ᠳᠤ ᠪᠠᠨ ᠭᠤᠤᠯ ᠴᠢᠬᠤᠯᠠ | ᠵᠦᠢᠯ ᠢ ᠣᠯᠵᠦ ᠬᠡᠯᠡᠬᠦ ᠦᠭᠡᠢ ᠭᠡᠳᠡᠭ ᠢᠶᠠᠷ ᠰᠢᠯᠲᠠᠭ ᠵᠢᠭᠠᠵᠤ᠂ ᠭᠡᠷ ᠪᠦᠯᠢ ᠶᠢᠨ ᠰᠤᠷᠭᠠᠨ ᠬᠦᠮᠤᠵᠢᠯ ᠢ | ᠬᠠᠶᠢᠨ ᠳᠤ ᠨᠢ ᠬᠠᠶᠠᠳᠠᠭ᠃ ᠡᠶᠢᠮᠦ ᠠᠴᠠ ᠭᠡᠷ ᠤᠨ ᠠᠬᠠᠮᠠᠳ ᠲᠤ ᠠᠪᠴᠤ ᠬᠡᠯᠡᠪᠡᠯ ᠰᠤᠷᠤᠯᠴᠠᠯᠭ᠎ᠠ ᠳᠤ ᠦᠷᠭᠦᠯᠵᠢ | ᠤᠷᠤᠯᠴᠠᠬᠤ ᠪᠣᠯ ᠲᠤᠯᠭᠠᠮ ᠱᠠᠭᠠᠷᠳᠠᠯᠭ᠎ᠠ ᠪᠣᠯᠣᠭᠠᠳ ᠪᠤᠢ᠃ | ᠤᠳᠤᠬᠠᠨ ᠳᠤ ᠭᠡᠷ ᠪᠦᠯᠢ ᠶᠢᠨ ᠰᠤᠷᠭᠠᠨ ᠬᠦᠮᠤᠵᠢᠯ ᠤᠨ ᠲᠤᠬᠠᠢ ᠨᠣᠮ ᠰᠡᠳᠬᠦᠯ ᠲᠤᠩ ᠤᠯᠠᠨ᠂ ᠠᠯᠢ | ᠨᠢᠭᠡ ᠶᠢ ᠨᠢ ᠠᠪᠤᠭᠠᠳ ᠤᠩᠰᠢᠬᠰᠡᠨ ᠴᠤ ᠴᠦᠮ ᠵᠤᠬᠢᠬᠤ ᠰᠡᠩᠭᠡᠷᠡᠭᠦᠯᠤᠯ ᠣᠯᠵᠤ ᠪᠤᠯᠬᠤ ᠶᠤᠮ᠃ ᠵᠤᠭᠤᠰ ᠲᠠᠢ | ᠪᠤᠯᠵᠣ ᠴᠠᠭ ᠤᠯᠳᠠᠪᠠᠯ ᠠᠷᠢᠬᠢ ᠤᠤᠭᠤᠨ ᠨᠠᠭᠠᠳᠤᠮ ᠨᠠᠭᠠᠳᠤᠬᠰᠠᠨ ᠢ ᠪᠤᠳᠤᠪᠠᠯ ᠨᠣᠮ ᠰᠡᠳᠬᠦᠯ ᠢᠯᠡᠭᠦᠭᠡᠨ | ᠬᠤᠳᠠᠯᠳᠤᠨ ᠠᠪᠴᠥ ᠤᠶᠣᠨ ᠤ ᠬᠦᠭᠵᠢᠯᠲᠡ ᠳᠤ ᠪᠡᠯᠡ ᠤᠷᠤᠭᠤᠯᠬᠤ ᠨᠢ ᠨᠡᠶᠢᠭᠡᠮ ᠨᠡᠶᠢᠲᠡ ᠳᠤ ᠠᠰᠢᠬᠲᠡᠢ ᠪᠠᠷ | ᠪᠠᠷᠠᠬᠤ ᠦᠭᠡᠢ ᠬᠤᠪᠢ ᠪᠡᠶ᠎ᠡ ᠳᠤ ᠴᠤ ᠠᠰᠢᠬᠲᠡᠢ ᠪᠠᠶᠢᠵᠤ᠂ ᠠᠮᠢ ᠨᠠᠰᠤᠨ ᠤ ᠦᠨ᠎ᠡ ᠦᠷᠲᠡᠭ ᠢ ᠴᠤ | ᠳᠡᠭᠡᠭᠰᠢᠯᠡᠭᠦᠯᠵᠦ ᠲᠡᠶᠢᠯᠤᠨ᠎ᠡ᠃ | ᠭᠡᠷ ᠤᠨ ᠠᠬᠠᠮᠠᠳ ᠤᠨ ᠰᠤᠷᠤᠯᠴᠠᠯᠭ᠎ᠠ ᠨᠢ ᠬᠡᠤᠬᠡᠳ ᠢ ᠲᠤᠩ ᠶᠡᠭᠡ ᠪᠠᠷ ᠨᠦᠯᠤᠭᠡᠯᠡᠳᠡᠭ᠃ ᠭᠡᠷ ᠤᠨ ᠠᠬᠠᠮᠠᠳ | ᠰᠤᠷᠤᠯᠴᠠᠬᠤ ᠲᠤᠷᠠᠲᠡᠢ ᠪᠠᠶᠢᠪᠠᠯ ᠦᠷ᠎ᠡ ᠬᠡᠤᠬᠡᠳ ᠤᠨ ᠢᠶᠠᠨ ᠰᠤᠷᠤᠯᠭ᠎ᠠ ᠶᠢᠨ ᠦᠯᠢᠭᠡᠷ ᠳᠠᠭᠤᠷᠢᠶᠠᠯ ᠪᠣᠯᠬᠤ ᠪᠠᠷ | ᠪᠠᠷᠠᠬᠤ ᠦᠭᠡᠢ ᠬᠡᠤᠬᠡᠳ ᠤᠨ ᠢᠶᠠᠨ ᠬᠢᠴᠢᠶᠡᠯ ᠰᠤᠷᠤᠯᠭ᠎ᠠ ᠶᠢ ᠬᠠᠪᠰᠤᠷᠤᠨ ᠵᠢᠯᠤᠭᠤᠳᠬᠤ ᠳᠤ ᠴᠤ ᠳᠦᠬᠦᠮ | ᠶᠤᠮ᠃ ᠬᠡᠤᠬᠡᠳ ᠮᠡᠳᠡᠯᠭᠡ ᠶᠢ ᠰᠢᠮᠲᠡᠨ ᠰᠤᠷᠤᠯᠴᠠᠬᠤ ᠶᠠᠪᠤᠴᠠ ᠳᠤ ᠪᠠᠨ ᠭᠡᠷ ᠤᠨ ᠠᠬᠠᠮᠠᠳ ᠠᠴᠠ ᠪᠠᠨ ᠠᠰᠠᠭᠤᠬᠤ | ᠴᠢᠬᠤᠯᠠᠲᠠᠢ ᠵᠦᠢᠯᠡᠰ ᠮᠠᠰᠢ ᠤᠯᠠᠨ ᠲᠤᠯᠭᠠᠷᠠᠵᠤ᠂ ᠭᠡᠷ ᠤᠨ ᠠᠬᠠᠮᠠᠳ ᠤᠨ ᠬᠠᠪᠰᠤᠷᠤᠨ ᠵᠢᠯᠤᠭᠤᠳᠬᠤ ᠶᠢ ᠬᠦᠰᠡᠨ | ᠱᠠᠭᠠᠷᠳᠠᠨ᠎ᠡ᠃ ᠡᠶᠢᠮᠦ ᠥᠶ᠎ᠡ ᠳᠤ ᠭᠡᠷ ᠤᠨ ᠠᠬᠠᠮᠠᠳ ᠦᠪᠡᠷ ᠢᠶᠠᠨ ᠴᠢᠷᠮᠡᠶᠢᠨ ᠰᠤᠷᠤᠯᠴᠠᠬᠤ ᠦᠭᠡᠢ᠂ ᠬᠠᠮᠢᠶ᠎ᠡ ᠪᠦᠭᠦᠢ | ᠡᠷᠳᠡᠮ ᠮᠡᠳᠡᠯᠭᠡ ᠶᠢ ᠡᠵᠡᠮᠰᠢᠭᠰᠡᠨ ᠦᠭᠡᠢ ᠪᠠᠶᠢᠪᠠᠯ ᠬᠡᠤᠬᠡᠳ ᠤᠨ ᠢᠶᠠᠨ ᠬᠦᠰᠡᠯ ᠢ ᠬᠠᠩᠭᠠᠵᠤ ᠴᠢᠳᠠᠬᠤ ᠦᠭᠡᠢ | ᠮᠦᠷᠳᠡᠭᠡᠨ ᠬᠡᠤᠬᠡᠳ ᠤᠨ ᠢᠳᠡᠭᠡᠯ ᠬᠦᠰᠡᠯ ᠢ ᠬᠦᠰᠡᠷᠳᠡᠭᠦᠯᠤᠨᠡ᠃ ᠡᠶᠢᠮᠦ ᠠᠴᠠ ᠭᠡᠷ ᠤᠨ ᠠᠬᠠᠮᠠᠳ ᠤᠨ | ᠰᠤᠷᠤᠯᠴᠠᠯᠭ᠎ᠠ ᠪᠤᠯᠪᠠᠰᠤᠷᠠᠯ ᠢᠶᠠᠨ ᠴᠢᠩᠭᠠᠳᠬᠠᠬᠤ ᠨᠢ ᠬᠡᠤᠬᠡᠳ ᠤᠨ ᠡᠯ᠎ᠡ ᠲᠠᠯ᠎ᠠ ᠪᠠᠷ ᠬᠦᠮᠤᠵᠢᠭ᠍ᠳᠡᠭᠦ ᠶᠢᠨ ᠪᠠᠰᠠ | ᠨᠢᠭᠡ ᠴᠢᠬᠤᠯᠠ ᠨᠦᠬᠦᠴᠡᠯ ᠪᠤᠯᠣᠨᠡ᠃ | ᠦᠷ᠎ᠡ ᠬᠡᠤᠬᠡᠳ ᠤᠨ ᠢᠶᠠᠨ ᠰᠡᠶᠢᠨ ᠰᠡᠶᠢᠠᠭᠨ ᠰᠠᠷᠠᠭᠤᠯ ᠭᠡᠭᠡᠨ ᠢᠷᠡᠭᠡᠳᠤᠢ ᠶᠢᠨ ᠲᠦᠯᠤᠭᠡ ᠭᠡᠷ ᠤᠨ | ᠠᠬᠠᠮᠠᠳᠴᠤᠳ ᠬᠤᠪᠢ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠬᠡᠪ ᠴᠢᠨᠠᠷ ᠢᠶᠠᠨ ᠳᠡᠭᠡᠭᠰᠢᠯᠡᠬᠦᠯᠥᠨ ᠪᠤᠳᠠᠳᠤ | ᠤᠶᠢᠯᠡ ᠠᠵᠢᠯᠯᠠᠭ᠎ᠠ ᠪᠠᠷ ᠢᠶᠠᠨ ᠬᠡᠤᠬᠡᠳ ᠲᠤ ᠪᠠᠨ ᠬᠡᠪ ᠳᠠᠭᠤᠷᠢᠶᠠᠯ ᠪᠣᠯᠬᠤ ᠬᠡᠷᠡᠭᠲᠡᠢ᠃ ᠬᠡᠪ ᠳᠠᠭᠤᠷᠢᠶᠠᠯ ᠤᠨ | ᠬᠦᠴᠤᠨ ᠪᠣᠯ ᠬᠢᠵᠠᠭᠠᠷᠯᠠᠰᠢ ᠦᠭᠡᠢ ᠶᠡᠭᠡ ᠪᠠᠶᠢᠳᠠᠭ ᠭᠡᠳᠡᠭ ᠢ ᠮᠡᠳᠡᠵᠤ ᠠᠪᠬᠤ ᠬᠡᠷᠡᠭᠲᠡᠢ᠃ | ᠡᠴᠢᠭᠡ ᠡᠬᠡ ᠪᠤᠯᠤᠬᠰᠠᠳ ᠴᠦᠮ ᠦᠷ᠎ᠡ ᠬᠡᠤᠬᠡᠳ ᠤᠨ ᠢᠶᠠᠨ ᠠᠩᠬᠠᠨ ᠤ ᠪᠠᠭᠰᠢ ᠮᠦᠨ ᠪᠣᠯᠬᠤᠷ ᠡᠷᠬᠡᠪᠰᠢ | ᠰᠤᠷᠭᠠᠨ ᠬᠦᠮᠤᠵᠢᠭᠦᠯᠥᠭᠴᠢ ᠶᠢᠨ ᠪᠤᠯᠪᠠᠰᠤᠷᠠᠯ ᠲᠠᠢ ᠪᠠᠶᠢᠬᠤ ᠳᠤ ᠪᠠᠨ ᠲᠠᠭᠠᠷᠠᠨ᠎ᠡ᠃ ᠨᠢᠭᠡ ᠰᠢᠯᠢᠳᠡᠭ ᠰᠤᠷᠭᠠᠨ | ᠬᠦᠮᠤᠵᠢᠭᠦᠯᠥᠭᠴᠢ ᠶᠢᠨ ᠱᠠᠭᠠᠷᠳᠠᠯᠭ᠎ᠠ ᠪᠠᠷ ᠪᠡᠶ᠎ᠡ ᠪᠠᠨ ᠦᠷᠭᠦᠯᠵᠢ ᠴᠢᠩᠭ᠎ᠠ ᠱᠠᠭᠠᠷᠳᠠᠵᠤ᠂ ᠬᠦᠮᠤᠵᠢᠭᠦᠯᠤᠨ | ᠪᠤᠶᠢᠵᠢᠭᠤᠯᠬᠤ ᠬᠦᠨᠳᠦ ᠡᠭᠦᠷᠭᠡ ᠪᠠᠨ ᠬᠡᠵᠢᠶᠡᠲᠡ ᠤᠮᠳᠤᠭᠠᠶᠢᠯᠠᠬᠤ ᠦᠭᠡᠢ ᠪᠠᠶᠢᠵᠤ᠂ ᠴᠠᠭ ᠢᠮᠠᠭᠲᠠ ᠦᠷ᠎ᠡ | ᠬᠡᠤᠬᠡᠳ ᠤᠨ ᠢᠶᠠᠨ ᠪᠠᠶᠢᠳᠠᠯ ᠳᠤ ᠰᠠᠨᠠᠭᠠᠰᠢᠷᠠᠵᠤ ᠪᠠᠶᠢᠬᠤ ᠭᠡᠷᠡᠭᠲᠡᠢ᠃ | ᠰᠤᠷᠭᠠᠨ ᠬᠦᠮᠤᠵᠢᠭᠦᠯᠥᠭᠴᠢ ᠶᠢᠨ ᠪᠤᠯᠪᠠᠰᠤᠷᠠᠯ ᠳᠤ ᠲᠡᠷᠢᠬᠦᠨ ᠴᠢᠬᠤᠯᠠ ᠱᠠᠭᠠᠷᠳᠠᠭᠳᠠᠬᠤ ᠵᠦᠢᠯ ᠪᠣᠯ | ᠬᠤᠷᠴᠠ ᠰᠡᠷᠭᠡᠭ ᠠᠵᠢᠬᠯᠠᠬᠤ ᠴᠢᠳᠠᠪᠤᠷᠢ ᠪᠣᠯᠣᠨ᠎ᠡ᠃ ᠦᠷ᠎ᠡ ᠬᠡᠤᠬᠡᠳ ᠤᠨ ᠢᠶᠠᠨ ᠦᠭᠡ ᠶᠠᠷᠢᠶ᠎ᠠ᠂ ᠤᠶᠢᠯᠡ | ᠬᠦᠳᠡᠯᠭᠡᠭᠡᠨ᠂ ᠭᠠᠯᠪᠢᠷ ᠳᠦᠷᠬᠦ ᠶᠢᠨ ᠦᠴᠤᠭᠡᠨ ᠲᠡᠳᠤᠢ ᠬᠤᠪᠢᠷᠠᠯᠲᠠ ᠶᠢ ᠴᠤ ᠠᠵᠢᠬᠯᠠᠨ ᠤᠯᠵᠦ᠂ ᠤᠴᠢᠷ | ᠰᠢᠯᠲᠠᠭᠠᠨ ᠢ ᠨᠢ ᠤᠬᠤᠴᠢᠯᠠᠨ᠂ ᠶᠠᠮᠠᠷ ᠠᠰᠠᠭᠤᠳᠠᠯ ᠭᠠᠷᠤᠬᠰᠠᠨ ᠪᠠᠶᠢᠪᠠᠯ ᠲᠡᠷᠡ ᠲᠠᠷᠤᠢ ᠳᠤ ᠨᠢ ᠵᠦᠪ ᠢᠶᠠᠷ | ᠰᠢᠢᠳᠪᠦᠷᠢᠯᠡᠵᠦ ᠪᠠᠶᠢᠬᠤ ᠬᠡᠷᠡᠭᠲᠡᠢ᠃ ᠳᠠᠷᠠᠭᠠᠯᠠᠪᠠᠯ᠂ ᠴᠡᠭᠡᠵᠢᠯᠡᠬᠦ ᠴᠢᠳᠠᠪᠤᠷᠢ ᠶᠢᠨ ᠪᠤᠯᠪᠠᠰᠤᠷᠠᠯ | ᠪᠣᠯᠣᠨ᠎ᠡ᠃ ᠬᠡᠦᠬᠡᠳ ᠲᠤ ᠪᠠᠨ ᠬᠡᠵᠢᠶ᠎ᠡ ᠶᠠᠮᠠᠷ ᠠᠵᠢᠯ ᠳᠠᠭᠠᠭᠠᠯᠭᠠᠬᠰᠠᠨ᠂ ᠶᠠᠮᠠᠷ ᠱᠠᠭᠠᠷᠳᠠᠯᠭ᠎ᠠ ᠲᠠᠯᠪᠢᠬᠰᠠᠨ᠂ | ᠶᠠᠭᠤ ᠶᠢ ᠵᠦᠪᠰᠢᠶᠡᠷᠡᠭᠰᠡᠨ᠂ ᠶᠠᠭᠠᠬᠢᠵᠤ ᠬᠢᠬᠦ ᠶᠢ ᠵᠦᠪᠰᠢᠶᠡᠷᠡᠭᠰᠡᠨ ᠦᠭᠡᠢ᠂ ᠶᠠᠭᠤ ᠶᠢ ᠠᠮᠠᠯᠠᠭᠰᠠᠨ ᠭᠡᠬᠦ ᠮᠡᠲᠦ ᠪᠠᠨ | ᠴᠡᠭᠡᠵᠢᠯᠡᠵᠦ᠂ ᠦᠪᠡᠷ ᠤᠨ ᠬᠡᠯᠡᠭᠰᠡᠨ ᠳᠤ ᠪᠠᠨ ᠭᠦᠷᠴᠣ ᠪᠠᠶᠢᠬᠤ ᠪᠠ ᠬᠡᠤᠬᠡᠳ ᠤᠨ ᠬᠢᠵᠤ ᠪᠡᠶᠡᠯᠡᠭᠦᠯᠵᠦ ᠪᠠᠶᠢᠬᠤ | ᠲᠤᠬᠠᠢ ᠲᠤᠳᠤᠷ᠎ᠠ ᠪᠠᠨ ᠲᠤᠭᠠᠲᠡᠢ ᠪᠠᠶᠢᠬᠤ ᠬᠡᠷᠡᠭᠲᠡᠢ᠃ ᠢᠩᠬᠢᠪᠡᠯ ᠰᠠᠶ᠋ᠢ ᠬᠡᠤᠬᠡᠳ ᠡᠴᠢᠭᠡ ᠡᠬᠡ ᠪᠠᠨ ᠰᠡᠳᠬᠢᠯ | ᠵᠢᠷᠤᠬᠡᠨ ᠠᠴᠠ ᠪᠠᠨ ᠪᠢᠰᠢᠷᠡᠨ᠂ ᠡᠴᠢᠭᠡ ᠡᠬᠡ ᠪᠠᠨ ᠢᠳᠡᠭᠡᠵᠤ᠂ ᠡᠴᠢᠭᠡ ᠡᠬᠡ ᠶᠢᠨ ᠢᠶᠠᠨ ᠬᠡᠯᠡᠭᠰᠡᠨ ᠢᠶᠠᠷ ᠬᠢᠬᠦ | ᠪᠤᠯᠣᠨᠡ᠃ ᠬᠡᠷᠪᠡ ᠡᠷᠲᠡ ᠡᠶᠢᠮᠦ ᠵᠠᠷᠯᠢᠭ ᠪᠠᠭᠤᠯᠭᠠᠨ ᠤᠷᠤᠢ ᠲᠡᠶᠢᠮᠦ ᠵᠢᠭᠠᠪᠤᠷᠢ ᠦᠭᠴᠥ᠂ ᠵᠠᠷᠯᠢᠭ ᠵᠢᠭᠠᠪᠤᠷᠢ | ᠬᠠᠷᠢᠯᠴᠠᠨ ᠵᠦᠷᠢᠴᠡᠯᠳᠤᠬᠦ ᠪᠤᠶᠤ ᠳᠠᠷᠠᠭ᠎ᠠ ᠡᠳᠤᠷ ᠨᠢ ᠪᠦᠬᠦᠨ ᠢ ᠦᠭᠡᠶᠢᠰᠭᠡᠵᠤ᠂ ᠦᠪᠡᠷ ᠢᠶᠠᠨ ᠶᠠᠭᠤ ᠬᠡᠯᠡᠭᠰᠡᠨ᠂ | ᠬᠡᠤᠬᠡᠳ ᠤᠨ ᠶᠠᠭᠠᠬᠢᠵᠤ ᠬᠢᠭᠰᠡᠨ ᠢ ᠤᠶᠢᠰᠢᠶᠠᠬᠤ ᠦᠭᠡᠢ ᠬᠠᠶᠢᠨ ᠳᠤ ᠨᠢ ᠬᠠᠶᠠᠬᠤ ᠳᠤ ᠬᠦᠷᠪᠡᠯ ᠡᠴᠢᠭᠡ ᠡᠬᠡ ᠶᠢᠨ | ᠬᠡᠯᠡᠭᠰᠡᠨ ᠦᠭᠡ ᠬᠡᠤᠬᠡᠳ ᠤᠨ ᠰᠡᠳᠬᠢᠯ ᠳᠤ ᠬᠦᠨᠳᠦ ᠦᠭᠡᠢ ᠪᠤᠯᠵᠣ᠂ ᠶᠠᠮᠠᠷ ᠵᠠᠬᠢᠶ᠎ᠡ ᠵᠢᠭᠠᠪᠤᠷᠢ ᠪᠠᠶᠢᠭᠰᠠᠨ ᠴᠤ | ᠪᠡᠶᠡᠯᠡᠭᠦᠯᠭᠦ ᠦᠭᠡᠢ ᠪᠤᠯᠬᠤ ᠳᠤ ᠬᠦᠷᠤᠨ᠎ᠡ᠃ ᠪᠠᠰᠠ ᠨᠢᠭᠡ ᠨᠢ ᠪᠦᠳᠤᠭᠡᠯᠴᠢ ᠴᠢᠳᠠᠪᠤᠷᠢ ᠶᠢᠨ ᠪᠤᠯᠪᠠᠰᠤᠷᠠᠯ | ᠪᠤᠯᠣᠨᠡ᠃ ᠭᠡᠷ ᠤᠨ ᠠᠬᠠᠮᠠᠳ ᠰᠤᠷᠭᠠᠨ ᠬᠦᠮᠤᠵᠢᠭᠦᠯᠭᠦ ᠰᠡᠳᠤᠪ ᠢᠶᠠᠨ ᠰᠡᠶᠢᠳᠤᠷ ᠡᠵᠡᠮᠰᠢᠨ ᠴᠠᠭ ᠲᠤᠬᠢᠶᠠᠯ ᠢ | ᠠᠰᠢᠬᠯᠠᠵᠤ᠂ ᠰᠢᠨ᠎ᠡ ᠠᠷᠭ᠎ᠠ ᠬᠡᠯᠪᠡᠷᠢ ᠪᠠᠷ ᠬᠡᠤᠬᠡᠳ ᠢᠶᠠᠨ ᠰᠡᠩᠬᠡᠷᠡᠭᠦᠯᠤᠨ ᠵᠢᠯᠤᠭᠤᠳᠬᠤ ᠬᠡᠷᠡᠭᠲᠡᠢ᠃ ᠵᠢᠱᠢᠶᠡᠯᠡᠪᠡᠯ᠂ | ᠶᠠᠮᠠᠷ ᠨᠢᠭᠡᠨ ᠠᠵᠢᠯ ᠢ ᠬᠠᠮᠳᠤ ᠪᠠᠷ ᠬᠢᠵᠤ ᠪᠠᠶᠢᠬᠤ ᠳᠤ ᠪᠠᠨ ᠪᠤᠶᠤ ᠰᠤᠯᠠ ᠶᠠᠷᠢᠯᠴᠠᠬᠤ ᠲᠤᠮᠲᠠ ᠪᠠᠨ ᠰᠠᠨᠠᠮᠰᠠᠷ | ᠦᠭᠡᠢ ᠪᠠᠷ ᠰᠡᠩᠬᠡᠷᠡᠭᠦᠯᠤᠯ ᠣᠯᠭᠤᠬᠤ᠂ ᠲᠤᠬᠢᠶ᠎ᠡ ᠥᠭᠬᠦ᠂ ᠳᠠᠮ ᠢᠶᠠᠷ ᠤᠶᠢᠯᠠᠭᠠᠭᠤᠯᠬᠤ ᠵᠡᠷᠭᠡ ᠠᠷᠭ᠎ᠠ ᠪᠠᠷ ᠰᠤᠷᠭᠠᠨ | ᠬᠦᠮᠤᠵᠢᠭᠦᠯᠬᠦ ᠵᠤᠷᠢᠯᠲᠠ ᠳᠤ ᠪᠠᠨ ᠭᠦᠷᠴᠣ ᠪᠤᠯᠣᠨᠡ᠃ ᠢᠩᠬᠢᠭᠦ ᠨᠢ ᠵᠠᠷᠢᠮ ᠳᠤ ᠪᠠᠨ ᠲᠤᠰᠬᠠᠢ ᠴᠠᠭ ᠭᠠᠷᠭᠠᠨ | ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠠᠴᠠ ᠢᠯᠡᠭᠦᠤ ᠠᠰᠢᠬᠲᠡᠢ ᠪᠠᠶᠢᠳᠠᠭ᠃ | ᠭᠤᠷᠪᠠ᠂ ᠭᠡᠷ ᠤᠨ ᠠᠬᠠᠮᠠᠳ ᠤᠨ ᠭᠡᠪ ᠪᠤᠯᠪᠠᠰᠤᠷᠠᠯ ᠢ ᠲᠡᠭᠡᠭᠰᠢᠯᠠᠭᠦᠯᠭᠦ ᠠᠷᠭ᠎ᠠ ᠠᠪᠴᠠᠯ | ᠭᠡᠷ ᠤᠨ ᠠᠬᠠᠮᠠᠳ ᠤᠨ ᠪᠤᠯᠪᠠᠰᠤᠷᠠᠯ ᠢ ᠵᠤᠬᠢᠬᠤ ᠤᠳᠬ᠎ᠠ ᠠᠴᠠ ᠨᠢ ᠬᠡᠯᠡᠪᠡᠯ ᠤᠳᠠᠭᠠᠨ ᠬᠤᠭᠤᠴᠠᠭᠠᠨ ᠤ | ᠪᠤᠯᠪᠠᠰᠤᠷᠠᠯ ᠢᠶᠠᠷ ᠲᠠᠮᠵᠢᠨ ᠬᠡᠤᠬᠡᠳ ᠢᠶᠠᠨ ᠬᠦᠮᠤᠵᠢᠬᠦᠯᠬᠦ᠂ ᠠᠭᠤᠳᠠᠮ ᠪᠠᠭᠳᠠᠭᠠᠮᠵᠢᠲᠠᠢ ᠮᠦᠷᠲᠡᠭᠡᠨ ᠵᠦᠪ | ᠤᠪᠣᠷ ᠲᠠᠢ ᠪᠣᠯᠬᠤ ᠶᠢ ᠵᠢᠭᠠᠵᠤ ᠪᠣᠢ᠃ ᠪᠠᠭᠲᠠᠭᠠᠮᠵᠢ ᠭᠡᠳᠡᠭ ᠪᠣᠯ ᠦᠪᠡᠷ ᠤᠨ ᠤᠷᠮᠠᠰ ᠰᠡᠳᠬᠢᠯᠭᠡ᠂ ᠵᠠᠩ | ᠠᠭᠠᠰᠢ ᠪᠠᠨ ᠵᠠᠬᠢᠷᠬᠤ ᠴᠢᠳᠠᠪᠤᠷᠢ ᠪᠠ ᠠᠰᠠᠭᠤᠳᠠᠯ ᠢ ᠯᠠᠪᠳᠠᠭᠤᠨ ᠬᠢᠨᠠᠭᠤᠷ ᠰᠢᠢᠳᠪᠦᠷᠢᠯᠡᠬᠦ ᠴᠢᠳᠠᠪᠤᠷᠢ᠂ | ᠦᠭᠡᠷ᠎ᠠ ᠪᠠᠷ ᠬᠡᠯᠡᠪᠡᠯ ᠪᠡᠶ᠎ᠡ ᠪᠠᠨ ᠪᠠᠷᠢᠬᠤ ᠴᠢᠳᠠᠪᠤᠷᠢ ᠪᠤᠯᠤᠨ᠎ᠡ᠃ | ᠭᠡᠷ ᠤᠨ ᠠᠬᠠᠮᠠᠳ ᠤᠨ ᠪᠡᠶ᠎ᠡ ᠪᠠᠨ ᠪᠠᠷᠢᠬᠤ ᠪᠤᠯᠪᠠᠰᠤᠷᠠᠯ ᠢ ᠴᠢᠩᠭᠠᠳᠬᠠᠬᠤ ᠠᠷᠭ᠎ᠠ ᠵᠠᠮ ᠢ ᠳᠤᠤᠷᠠᠬᠢ ᠬᠡᠳᠤᠨ | ᠲᠠᠯ᠎ᠠ ᠠᠴᠠ ᠡᠷᠢᠯᠬᠢᠯᠡᠵᠤ ᠪᠤᠯᠣᠨᠡ᠃ | ︵1︶ ᠦᠷ᠎ᠡ ᠬᠡᠤᠬᠡᠳ ᠲᠤ ᠪᠠᠨ ᠬᠠᠨᠳᠤᠬᠤ ᠣᠪᠣᠷ ᠢᠶᠠᠨ ᠦᠭᠡᠷᠡᠴᠢᠯᠠᠵᠤ᠂ ᠦᠷ᠎ᠡ ᠬᠡᠤᠬᠡᠳ ᠲᠤ ᠪᠠᠨ | ᠬᠡᠵᠢᠶᠡᠳᠡ ᠬᠠᠶᠢᠷᠠᠲᠠᠢ ᠪᠠᠶᠢᠬᠤ ᠬᠡᠷᠡᠭᠲᠡᠢ᠃ ᠬᠠᠶᠢᠷ᠎ᠠ ᠶᠢᠨ ᠬᠦᠴᠤᠨ ᠠᠯᠢᠪᠠ ᠶᠢ ᠢᠯᠠᠳᠠᠭ ᠶᠤᠮ᠃ | ︵2︶ ᠤᠶᠤᠨᠴᠢ ᠤᠬᠠᠮᠰᠠᠷ ᠤᠨ ᠵᠤᠬᠢᠴᠠᠭᠤᠯᠬᠤ ᠤᠶᠢᠯᠡᠳᠤᠯ ᠢ ᠭᠦᠢᠴᠡᠳ ᠪᠠᠳᠠᠷᠠᠭᠤᠯᠤᠨ᠎ᠡ᠃ ᠦᠪᠡᠷ ᠤᠨ | ᠵᠠᠩ ᠠᠭᠠᠰᠢ ᠪᠠᠨ ᠰᠡᠶᠢᠵᠢᠷᠠᠭᠤᠯᠬᠤ ᠬᠡᠷᠡᠭᠲᠡᠢ᠃ ᠮᠠᠭᠤ ᠵᠠᠩ ᠮᠤᠷᠤᠢ ᠵᠠᠮ ᠳᠤ ᠤᠷᠤᠭᠤᠯᠳᠠᠭ ᠶᠤᠮ᠃ | ︵3︶ ᠠᠩᠬᠠᠷᠤᠯ ᠢᠶᠠᠨ ᠰᠢᠯᠵᠢᠭᠦᠯᠦᠨ᠎ᠡ᠃ ᠶᠠᠮᠠᠷ ᠨᠢᠭᠡᠨ ᠤᠴᠢᠷ ᠲᠤ ᠠᠭᠤᠷ ᠤᠴᠠᠭᠠᠷ ᠬᠥᠳᠡᠯᠦᠭᠰᠡᠨ | ᠪᠠᠶᠢᠪᠠᠯ ᠲᠡᠷᠡ ᠲᠠᠷᠤᠢ ᠳᠤ ᠨᠢ ᠦᠭᠡᠷ᠎ᠠ ᠠᠰᠠᠭᠤᠳᠠᠯ ᠳᠤ ᠠᠩᠬᠠᠷᠤᠯ ᠢᠶᠠᠨ ᠰᠢᠯᠵᠢᠭᠦᠯᠵᠦ᠂ ᠬᠡᠰᠡᠭ ᠴᠠᠭ ᠲᠤᠭᠤᠢ | ᠰᠠᠭᠤᠪᠠᠯ ᠠᠭᠤᠷ ᠬᠢᠯᠢᠩ ᠠᠶᠠᠨᠳᠠᠭᠠᠨ ᠨᠠᠮᠳᠠᠬᠤ ᠪᠣᠯᠤᠨ᠎ᠡ᠃ ᠬᠡᠤᠬᠡᠳ ᠤᠨ ᠢᠶᠠᠨ ᠬᠠᠭᠤᠴᠢᠨ ︽ᠶᠠᠷ᠎ᠠ︾ ᠶᠢ | ᠮᠠᠯᠲᠠᠬᠤ ᠦᠭᠡᠢ ᠪᠠᠶᠢᠵᠤ ᠴᠢᠳᠠᠪᠠᠯ ᠪᠡᠶ᠎ᠡ ᠪᠠᠨ ᠪᠠᠷᠢᠬᠤ ᠴᠢᠳᠠᠪᠤᠷᠢ ᠨᠡᠯᠢᠶᠡᠳ ᠰᠡᠶᠢᠨ ᠪᠠᠶᠢᠬᠤ ᠳᠤ | ᠲᠤᠭᠠᠴᠠᠭᠳᠠᠨᠡ᠃ | ᠡᠭᠦᠨ ᠠᠴᠠ ᠭᠠᠳᠠᠨ᠎ᠠ᠂ ᠭᠡᠷ ᠪᠦᠯᠢ ᠶᠢᠨ ᠪᠠᠶᠠᠷ ᠬᠦᠷ ᠲᠠᠢ ᠪᠠᠶᠢᠬᠤ ᠡᠰᠡᠬᠦ ᠨᠢ ᠭᠡᠷ ᠤᠨ ᠠᠬᠠᠮᠠᠳ ᠤᠨ | ᠪᠤᠯᠪᠠᠰᠤᠷᠠᠯ ᠢ ᠲᠤᠰᠬᠠᠬᠤ ᠲᠤᠯᠢ ᠪᠤᠯᠣᠨᠡ᠃ ᠪᠠᠶᠠᠷ ᠬᠦᠷ ᠲᠠᠢ ᠭᠡᠷ ᠪᠦᠯᠢ ᠶᠢᠨ ᠠᠭᠤᠷ ᠠᠮᠢᠰᠬᠤᠯ ᠨᠢ | ᠬᠡᠤᠬᠡᠳ ᠤᠨ ᠪᠡᠶ᠎ᠡ ᠰᠡᠳᠬᠢᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠵᠤ ᠠᠮᠢᠳᠤᠷᠠᠯ ᠳᠤ ᠬᠠᠨᠳᠤᠬᠤ ᠣᠪᠤᠷ ᠢ | ᠲᠥᠪ ᠪᠤᠯᠭᠠᠵᠤ ᠭᠤᠷᠪᠠᠨ ᠥᠶ᠎ᠡ ᠶᠢᠨ ᠬᠦᠮᠤᠰ ᠤᠨ ᠰᠡᠳᠬᠢᠯ ᠢᠶᠠᠨ ᠰᠤᠯᠢᠯᠴᠠᠬᠤ ᠵᠠᠮ ᠢ ᠨᠡᠪᠲᠡᠷᠡᠭᠦᠯᠳᠡᠭ ᠶᠤᠮ᠃ | ᠭᠡᠷ ᠪᠦᠯᠢ ᠪᠠᠨ ᠪᠠᠶᠠᠷ ᠬᠦᠷ ᠲᠠᠢ ᠪᠠᠶᠢᠯᠭᠠᠬᠤ ᠳᠤ ᠭᠡᠷ ᠤᠨ ᠠᠬᠠᠮᠠᠳ ᠤᠨ ᠪᠤᠯᠪᠠᠰᠤᠷᠠᠯ ᠳᠤ | ᠲᠦᠰᠢᠭᠯᠡᠨ᠎ᠡ᠃ ᠭᠡᠷ ᠤᠨ ᠠᠬᠠᠮᠠᠳ ᠶᠠᠭᠠᠬᠢᠪᠠᠯ ᠰᠡᠶ᠋ᠢ ᠭᠡᠷ ᠪᠦᠯᠢ ᠪᠠᠨ ᠪᠠᠶᠠᠷ ᠬᠦᠷ ᠲᠠᠢ ᠪᠠᠶᠢᠯᠭᠠᠵᠤ ᠴᠢᠳᠠᠬᠤ | ᠪᠣᠢ︖ | ︵1︶ ᠭᠡᠷ ᠤᠨ ᠠᠬᠠᠮᠠᠳ ᠨᠢ ᠠᠷᠠᠳᠴᠢᠯᠠᠯ ᠲᠠᠢ᠂ ᠡᠷᠬᠡ ᠲᠡᠭᠰᠢ᠂ ᠠᠭᠤᠳᠠᠮ ᠪᠠᠭᠳᠠᠭᠠᠮᠵᠢᠲᠡᠢ ᠤᠪᠣᠷ | ᠰᠤᠷᠳᠠᠯ ᠢᠶᠠᠨ ᠬᠡᠵᠢᠶᠡᠲᠡ ᠪᠠᠷᠢᠮᠲᠠᠯᠠᠨ᠎ᠠ᠃ | ︵2︶ ᠡᠴᠢᠬᠡ ᠡᠬᠡ ᠶᠢᠨ ᠳᠡᠶᠢᠴᠢᠯᠠᠯ ᠳᠤᠤᠷ᠎ᠠ ᠬᠠᠮᠳᠤ ᠪᠠᠷ ᠠᠵᠢᠯᠯᠠᠵᠤ ᠬᠦᠳᠡᠯᠮᠤᠷᠢᠯᠡᠬᠦ ᠨᠦᠬᠦᠴᠡᠯ ᠢ | ᠢᠯᠡᠭᠦᠤ ᠪᠦᠷᠢᠯᠳᠤᠭᠦᠯᠵᠤ ᠬᠤᠶᠠᠷ ᠭᠤᠷᠪᠠᠨ ᠥᠶ᠎ᠡ ᠶᠢᠨ ᠬᠦᠮᠤᠨ ᠤ ᠰᠡᠳᠬᠢᠯᠭᠡ ᠶᠢᠨ ᠬᠠᠷᠢᠴᠠᠭ᠎ᠠ ᠶᠢ | ᠨᠢᠬᠲᠠᠷᠠᠭᠤᠯᠤᠨᠡ᠃ | ︵3︶ ᠡᠴᠢᠭᠡ ᠡᠬᠡ ᠶᠢᠨ ᠰᠠᠨᠠᠭᠠᠴᠢᠯᠠᠭ᠎ᠠ ᠪᠠᠷ ᠬᠦᠴᠢᠷ ᠪᠡᠷᠭᠡ ᠶᠢ ᠬᠠᠮᠳᠤ ᠪᠠᠷ ᠢᠶᠠᠨ ᠢᠯᠠᠨ ᠳᠠᠪᠠᠭ᠋ᠤ | ᠦᠵᠡᠯ ᠰᠠᠨᠠᠭᠠᠨ ᠤ ᠪᠡᠯᠡᠳᠭᠡᠯ ᠲᠠᠢ ᠪᠠᠶᠢᠬᠤ ᠭᠡᠷᠡᠭᠲᠡᠢ᠃ | ︵4︶ ᠡᠴᠢᠭᠡ ᠡᠬᠡ ᠪᠤᠯᠤᠬᠰᠠᠳ ᠪᠡᠶ᠎ᠡ ᠪᠠᠨ ᠪᠠᠷᠢᠨ᠂ ᠵᠠᠩ ᠠᠭᠠᠰᠢ ᠪᠠᠨ ᠲᠠᠷᠤᠵᠤ᠂ ᠪᠠᠶᠢᠭᠤᠯᠭ᠎ᠠ ᠪᠤᠶᠤ | ᠬᠠᠮᠳᠤ ᠠᠵᠢᠯᠯᠠᠭᠰᠠᠳ᠂ ᠤᠳᠤᠷᠢᠳᠤᠯᠭ᠎ᠠ ᠳᠤ ᠪᠠᠨ ᠭᠤᠮᠤᠳᠠᠭᠰᠠᠨ᠂ ᠠᠭᠤᠷᠯᠠᠭᠰᠠᠨ᠂ ᠡᠭ᠍ᠳᠡᠭᠦᠴᠡᠭᠰᠡᠨ ᠠᠭᠤᠷ | ᠤᠴᠠᠭᠠᠷ ᠢᠶᠠᠨ ᠦᠷ᠎ᠡ ᠬᠡᠤᠬᠡᠳ ᠲᠤ ᠪᠠᠨ ᠭᠠᠷᠭᠠᠬᠤ ᠦᠭᠡᠢ ᠪᠠᠶᠢᠵᠤ᠂ ᠭᠡᠷ ᠪᠦᠯᠢ ᠶᠢᠨ ᠪᠠᠶᠠᠷ ᠬᠦᠷ ᠲᠠᠢ | ᠪᠠᠶᠢᠳᠠᠯ ᠢ ᠡᠪᠳᠡᠬᠦ ᠦᠭᠡᠢ ᠪᠠᠶᠢᠬᠤ ᠶᠢ ᠬᠢᠴᠢᠶᠡᠨ᠎ᠡ᠃ | 4. ᠭᠡᠷ ᠪᠦᠯᠢ ᠶᠢᠨ ᠪᠠᠶᠠᠷ ᠬᠦᠷ ᠲᠠᠢ ᠪᠠᠶᠢᠳᠠᠯ ᠢ ᠡᠪᠳᠡᠬᠦ ᠦᠭᠡᠢ ᠶᠢᠨ ᠲᠦᠯᠤᠭᠡ ᠳᠤᠤᠷᠠᠬᠢ ᠲᠦᠷᠪᠡᠨ | ᠵᠦᠢᠯ ᠢ ᠴᠡᠭᠡᠷᠯᠡᠬᠦ ᠬᠡᠷᠡᠭᠲᠡᠢ᠃ | ︵1︶ ᠡᠴᠢᠬᠡ ᠡᠬᠡ ᠯᠠ ᠡᠵᠡᠨ ᠮᠡᠳᠡᠵᠤ᠂ ︽ᠰᠤᠷᠭᠠᠯ ᠬᠠᠶᠢᠷᠠᠯᠠᠭᠠᠳ︾ ᠦᠷ᠎ᠡ ᠬᠡᠤᠬᠡᠳ ᠤᠨ ᠢᠶᠠᠨ | ᠳᠤᠷ᠎ᠠ ᠦᠭᠡᠶᠢᠴᠡᠯ ᠢ ᠬᠦᠷᠭᠡᠬᠦ︔ | ︵2︶ ᠡᠴᠢᠭᠡ ᠡᠬᠡ ᠨᠢ ᠦᠭᠡ ᠲᠠᠭᠤ ᠦᠭᠡᠢ ᠦᠯᠢᠵᠤ ᠰᠠᠭᠤᠭᠠᠳ ᠭᠡᠷ ᠤᠨ ᠪᠦᠷᠢᠯᠳᠤᠬᠦᠨ ᠨᠢᠭᠡ ᠪᠦᠷᠢ | ᠠᠮᠢ ᠬᠤᠪᠢ ᠪᠠᠨ ᠪᠤᠷᠤᠯᠠᠭᠤᠯᠬᠤ ᠬᠤᠪᠢᠨᠴᠢᠷ ᠦᠵᠡᠯ ᠢ ᠭᠠᠷᠭᠠᠬᠤ ᠦᠭᠡᠢ ᠪᠠᠶᠢᠬᠤ︔ | ︵3︶ ᠡᠴᠢᠭᠡ ᠡᠬᠡ ᠨᠢ ᠴᠢᠯᠤᠭᠡ ᠴᠠᠭ ᠲᠤ ᠪᠠᠨ ᠡᠷᠡᠬᠦᠯ ᠪᠤᠰᠤ ᠨᠠᠭᠠᠳᠤᠮ ᠲᠤᠬᠯᠠᠭᠠᠮ ᠳᠤ ᠰᠢᠨᠤᠬᠠᠶᠢᠷᠠᠨ᠂ | ᠦᠷ᠎ᠡ ᠬᠡᠤᠬᠡᠳ ᠲᠠᠢ ᠪᠠᠨ ᠢᠯᠡᠬᠦᠤ ᠶᠠᠷᠢᠯᠴᠠᠬᠤ ᠦᠭᠡᠢ ᠪᠤᠯᠵᠤ᠂ ᠭᠡᠷ ᠪᠦᠯᠢ ᠶᠢᠨ ᠠᠮᠢᠳᠤᠷᠠᠯ ᠨᠢ ᠬᠡᠤᠬᠡᠳ ᠲᠤ | ᠶᠠᠮᠠᠷ ᠴᠤ ᠤᠳᠬ᠎ᠠ ᠦᠭᠡᠢ᠂ ᠬᠡᠢ ᠬᠤᠭᠤᠰᠤᠨ᠂ ᠡᠯᠤᠢ ᠬᠤᠯᠤᠢ ᠰᠠᠨᠠᠭᠳᠠᠬᠤ᠃ ᠢᠳᠡᠵᠤ ᠤᠤᠭᠤᠵᠤ ᠶᠠᠪᠤᠵᠤ | ᠰᠠᠭᠤᠬᠤ ᠳᠤ ᠪᠠᠨ ᠴᠤ ᠭᠠᠷ ᠤᠳᠠᠰᠤ ᠲᠠᠢ ᠪᠠᠨ ᠨᠤᠴᠤᠯᠳᠤᠭᠠᠳ ᠬᠡᠤᠬᠡᠳ ᠲᠠᠢ ᠪᠠᠨ ᠨᠠᠷᠭᠢᠵᠤ ᠬᠦᠭᠡᠷᠡᠬᠦ ᠦᠭᠡᠢ | ᠭᠠᠭᠴᠠᠭᠠᠷᠳᠠᠮᠠᠯ ᠬᠤᠪᠢ ᠬᠤᠪᠢ ᠪᠠᠨ ᠰᠠᠬᠢᠬᠰᠠᠨ ᠪᠠᠶᠢᠬᠤ ᠶᠢ ᠬᠢᠴᠢᠶᠡᠭᠦ︔ | ︵4︶ ᠡᠴᠢᠭᠡ ᠡᠬᠡ ᠠᠮᠢᠳᠤᠷᠠᠯ ᠳᠤ ᠪᠠᠨ ᠪᠤᠯᠭᠤᠮᠵᠢ ᠠᠯᠳᠠᠵᠤ᠂ ᠪᠤᠯᠪᠠᠰᠤᠨ ᠮᠣᠷᠠᠯ ᠲᠤᠳᠠᠮᠠᠭ ᠠᠴᠠ | ᠪᠤᠯᠵᠤ᠂ ᠰᠠᠯᠵᠤ ᠰᠠᠷᠨᠢᠬᠤ ᠨᠢ ᠬᠡᠤᠬᠡᠳ ᠤᠨ ᠢᠶᠠᠨ ᠳᠤᠷ᠎ᠠ ᠦᠭᠡᠶᠢᠴᠡᠯ ᠢ ᠬᠦᠷᠭᠡᠵᠤ᠂ ᠭᠡᠷ ᠪᠦᠯᠢ ᠶᠢᠨ ᠡᠪ ᠨᠡᠶᠢᠷ ᠢ | ᠨᠦᠯᠤᠭᠡᠯᠡᠬᠦ ᠭᠡᠬᠦ ᠮᠡᠳᠤ᠃ | ᠡᠶᠢᠮᠦ ᠠᠴᠠ ᠡᠪ ᠵᠤᠬᠢᠴᠠᠩᠭᠤᠢ᠂ ᠡᠷᠡᠬᠦᠯ ᠡᠩᠭᠡ᠂ ᠪᠠᠶᠠᠷ ᠬᠦᠷ ᠲᠠᠢ ᠭᠡᠷ ᠪᠦᠯᠢ ᠶᠢᠨ ᠠᠭᠤᠷ ᠠᠮᠢᠰᠬᠤᠯ ᠢ | ᠪᠤᠢ ᠪᠤᠯᠭᠠᠬᠤ ᠶᠢᠨ ᠲᠦᠯᠤᠭᠡ ᠭᠡᠷ ᠤᠨ ᠠᠬᠠᠮᠠᠳ ᠢᠯᠡᠭᠦᠭᠡᠨ ᠲᠠᠷᠢᠬᠢ ᠲᠤᠯᠤᠭᠠᠢ ᠪᠠᠨ ᠬᠦᠳᠡᠯᠭᠡᠵᠤ᠂ ᠰᠢᠨᠡᠴᠢᠯᠡᠯᠲᠡ | ᠦᠭᠡᠷᠡᠴᠢᠯᠡᠯᠲᠡ ᠬᠦᠭᠵᠢᠯᠲᠡ ᠶᠢᠨ ᠨᠡᠶᠢᠬᠡᠮ ᠳᠤ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠭᠡᠷ ᠪᠦᠯᠢ ᠶᠢᠨ ᠰᠤᠷᠭᠠᠨ | ᠬᠦᠮᠣᠵᠢᠯ ᠢ ᠰᠢᠨᠵᠢᠯᠡᠬᠦ ᠤᠬᠠᠭᠠᠨᠴᠢ ᠪᠠᠷ ᠬᠢᠵᠤ᠂ ᠰᠢᠯᠢᠳᠡᠭ ᠬᠤᠶᠢᠴᠢ ᠥᠶ᠎ᠡ ᠶᠢᠨ ᠬᠢᠨ ᠢ ᠬᠦᠮᠤᠵᠢᠬᠦᠯᠬᠦ ᠪᠣᠯ | ᠠᠯᠤᠰ ᠬᠡᠳᠤ ᠶᠢᠨ ᠠᠴᠢ ᠬᠤᠯᠪᠤᠬᠳᠠᠯ ᠲᠠᠢ ᠶᠤᠮ᠃ ᠨᠢᠭᠡᠨ ᠬᠢᠷᠢ ᠲᠡᠩᠴᠡᠭᠰᠡᠨ ᠭᠡᠷ ᠪᠦᠯᠢ ᠠᠴᠠ ᠨᠡᠶᠢᠭᠡᠮ | ᠳᠠᠶᠠᠭᠠᠷ ᠲᠤ ᠬᠡᠷᠡᠭᠴᠡᠭᠡ ᠲᠠᠢ ᠬᠤᠶᠢᠴᠢᠰ ᠮᠡᠨᠳᠦᠯᠡᠬᠦ ᠨᠢ ᠳᠠᠮᠵᠢᠭ ᠦᠭᠡᠢ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠣᠲᠤᠭ ᠤᠨ ᠡᠮᠦᠨᠡᠲᠦ ᠬᠤᠰᠢᠭᠤᠨ ᠤ | ᠬᠤᠶᠠᠳᠤᠭᠠᠷ ᠳᠤᠮᠳᠠᠳᠤ ᠰᠤᠷᠭᠠᠭᠤᠯᠢ | ︵ᠠᠯᠳᠠᠨᠰᠦᠭᠡ ᠨᠠᠶᠢᠷᠠᠭᠤᠯᠪᠠ︶ | |