ᠰᠣᠳᠤᠨ ᠪᠦᠲᠦᠭᠡᠯ ᠤᠨ ᠤᠡᠭᠰᠢᠯᠭ᠎ᠠ ᠪᠠᠷ ᠰᠤᠷᠤᠭᠴᠢᠳ ᠤᠨ ᠨᠣᠮ ᠣᠡᠭᠰᠢᠬᠤ ᠤᠷᠮ᠎ᠠ ᠶᠢ ᠬᠥᠭᠵᠢᠭᠡᠬᠦ ᠲᠤᠬᠠᠢ
ᠨᠡᠶᠢᠲᠡᠯᠡᠭᠰᠡᠨ ᠴᠠᠭ᠄
2024/10/23
                   ᠸᠠᠩ ᠲᠤᠶᠠᠭ᠎ᠠ

教学研究1.png

      ︽ᠰᠣᠳᠤᠨ ᠪᠦᠲᠦᠭᠡᠯ ᠤᠨ ᠣᠡᠭᠰᠢᠯᠭ᠎ᠠ︾ ᠨᠢ 2001 ᠣᠨ ᠤ ᠪᠦᠬᠦᠯᠢ ᠡᠳᠦᠷ ᠤᠨ ᠳᠦᠷᠢᠮᠲᠦ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ︽ᠬᠡᠯᠡ ᠪᠢᠴᠢᠭ ᠤᠨ ᠬᠢᠴᠢᠶᠡᠯ ᠤᠨ ᠪᠠᠷᠢᠮᠵᠢᠶ᠎ᠠ︾ ᠳᠤ ᠵᠢᠭᠠᠨ

ᠰᠤᠷᠭᠠᠯᠲᠠ ᠶᠢᠨ ᠰᠠᠨᠠᠭᠤᠯᠭ᠎ᠠ ᠶᠢᠨ ᠬᠡᠯᠪᠡᠷᠢ ᠪᠠᠷ ᠪᠢᠴᠢᠭᠳᠡᠵᠦ ᠣᠷᠤᠭᠰᠠᠨ ᠤᠴᠢᠷ ᠠᠴᠠ ᠬᠢᠴᠢᠶᠡᠯᠯᠡᠭᠡ ᠶᠢᠨ

ᠥᠭᠡᠷᠡᠴᠢᠯᠡᠯᠲᠡ ᠶᠠᠪᠤᠭᠳᠠᠭᠠᠳ ᠬᠤᠷᠢᠨ ᠵᠢᠯ ᠦᠡᠭᠭᠡᠷᠡᠭᠰᠡᠨ ᠴᠦ ᠲᠡᠷᠡ ᠨᠢ ᠳᠤᠮᠳᠠᠳᠦ ᠪᠠᠭ᠎ᠠ ᠰᠤᠷᠭᠠᠭᠤᠯᠢ ᠶᠢᠨ

ᠬᠡᠯᠡ ᠪᠢᠴᠢᠭ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠵᠢᠩᠬᠢᠨᠢ ᠠᠭᠤᠯᠭ᠎ᠠ ᠪᠣᠯᠵᠦ ᠳᠡᠶᠢᠯᠦᠭᠡ ᠦᠭᠡᠢ

ᠪᠠᠶᠢᠭᠰᠠᠭᠠᠷ᠃ ︽ᠰᠣᠳᠤᠨ ᠪᠦᠲᠦᠭᠡᠯ ᠤᠨ ᠣᠡᠭᠰᠢᠯᠭ᠎ᠠ︾ ᠨᠢ ᠰᠤᠷᠬᠤ ᠪᠢᠴᠢᠭ ᠲᠤ ᠴᠦ ᠬᠠᠷᠠᠭᠳᠠᠬᠤ ᠦᠭᠡᠢ᠂

ᠰᠤᠷᠬᠤ ᠪᠢᠴᠢᠭ ᠲᠤ ᠰᠣᠩᠭᠤᠭᠳᠠᠭᠰᠠᠨ ᠨᠢ ᠵᠥᠪᠬᠡᠨ ᠣᠬᠤᠷᠬᠠᠨ ᠬᠢᠴᠢᠶᠡᠯ ᠪᠣᠯᠬᠤ ᠮᠥᠷᠲᠡᠭᠡᠨ ᠬᠡᠯᠡ ᠪᠢᠴᠢᠭ ᠤᠨ

ᠪᠠᠭᠰᠢ ᠪᠣᠯᠭᠠᠨ ᠰᠣᠳᠤᠨ ᠪᠦᠲᠦᠭᠡᠯ ᠤᠨ ᠣᠡᠭᠰᠢᠯᠭ᠎ᠠ ᠶᠢᠨ ᠬᠢᠴᠢᠶᠡᠯ ᠢ ᠵᠢᠯᠤᠭᠤᠳᠬᠤ ᠴᠢᠳᠠᠪᠦᠷᠢ ᠶᠢ

ᠪᠦᠷᠢᠯᠳᠦᠭᠦᠯᠵᠦ ᠳᠡᠶᠢᠯᠦᠭᠡ ᠦᠭᠡᠢ ᠤᠴᠢᠷ ᠠᠴᠠ ᠬᠡᠯᠡ ᠪᠢᠴᠢᠭ ᠤᠨ ᠵᠢᠭᠠᠨ ᠰᠤᠷᠭᠠᠯᠲᠠ ᠨᠢ ᠮᠥᠨ ᠯᠠ

︽ᠪᠠᠭᠠᠵᠢᠴᠢ ᠰᠢᠨᠵᠢ︾ ᠪᠠ ︽ᠬᠥᠮᠦᠨ ᠰᠣᠶᠤᠯ ᠤᠨ ᠰᠢᠨᠵᠢ︾ ᠶᠢᠨ ᠬᠤᠭᠤᠷᠤᠨᠳᠦ ᠬᠡᠯᠪᠡᠯᠵᠡᠭᠰᠡᠭᠡᠷ          

ᠪᠠᠶᠢᠭ᠎ᠠ᠃ ︽ᠬᠢᠴᠢᠶᠡᠯ ᠤᠨ ᠪᠠᠷᠢᠮᠵᠢᠶ᠎ᠠ︾ ᠳᠤ ᠵᠢᠭᠰᠠᠭᠠᠭᠳᠠᠭᠰᠠᠨ ︽ᠰᠣᠳᠤᠨ ᠪᠦᠲᠦᠭᠡᠯ︾ ᠨᠢ ᠵᠥᠪᠬᠡᠨ

ᠬᠢᠴᠢᠶᠡᠯ ᠤᠨ ᠭᠠᠳᠠᠨᠠᠬᠢ ᠣᠡᠭᠰᠢᠯᠭ᠎ᠠ ᠳᠤ ᠲᠠᠨᠢᠯᠴᠠᠭᠤᠯᠤᠭᠰᠠᠨ ᠨᠣᠮ ᠪᠠᠶᠢᠳᠠᠬ᠃ ᠰᠤᠷᠬᠤ ᠪᠢᠴᠢᠭ ᠲᠤ ᠴᠤᠬᠤᠰ

ᠢᠯᠡᠷᠡᠳᠡᠭ ᠨᠢ ︽ᠲᠤᠰ ᠬᠢᠴᠢᠶᠡᠯ ᠢ ᠬᠡᠨ ᠤ ᠶᠠᠮᠠᠷ ᠨᠣᠮ ᠠᠴᠠ ᠬᠡᠰᠡᠭᠯᠡᠨ ᠰᠣᠩᠭᠤᠪᠠ︾ ᠭᠡᠭᠦ ᠠᠴᠠ ᠪᠢᠰᠢ᠂          

ᠲᠡᠷᠡ ᠨᠣᠮ ᠢ ᠣᠡᠭᠰᠢᠵᠦ ᠭᠦᠢᠴᠡᠳᠭᠡᠬᠦ ᠠᠯᠪᠠ ᠪᠠᠶᠢᠬᠤ ᠦᠭᠡᠢ᠂ ᠠᠳᠠᠭ ᠲᠤ ᠪᠠᠨ ᠲᠤᠰ ᠵᠣᠬᠢᠶᠠᠭᠴᠢ ᠶᠢᠨ

ᠪᠤᠰᠤᠳ ᠪᠦᠲᠦᠭᠡᠯ ᠢ ᠴᠦ ᠲᠠᠨᠢᠯᠴᠠᠭᠤᠯᠬᠤ ᠶᠤᠮ ᠦᠦ ᠬᠢᠴᠢᠶᠡᠯ ᠳᠤ ᠪᠠᠨ ᠠᠪᠴᠦ ᠢᠷᠡᠭᠡᠳ ᠣᠡᠭᠰᠢᠵᠦ ᠥᠭᠬᠦ

ᠳᠣᠬᠢᠶᠠᠯᠳᠤᠯ ᠴᠦ ᠪᠠᠶᠢᠬᠤ ᠦᠭᠡᠢ ᠶᠤᠮ᠃ ᠶᠠᠭ ᠡᠶᠢᠮᠦ ᠤᠴᠢᠷ ᠠᠴᠠ ᠮᠠᠨ ᠤ ᠪᠠᠭᠰᠢ ᠨᠠᠷ ︽ᠰᠣᠳᠤᠨ

ᠪᠦᠲᠦᠭᠡᠯ ᠤᠨ ᠲᠠᠨᠢᠯᠴᠠᠭᠤᠯᠭ᠎ᠠ︾᠂ ︽ᠰᠣᠳᠤᠨ ᠪᠦᠲᠦᠭᠡᠯ ᠤᠨ ᠤᠡᠭᠰᠢᠯᠭ᠎ᠠ︾ ᠬᠢᠬᠦ ᠱᠠᠭᠠᠷᠳᠠᠯᠭ᠎ᠠ ᠴᠦ ᠪᠠᠶᠢᠬᠤ

ᠦᠭᠡᠢ᠃ ᠭᠡᠪᠠᠴᠤ ᠮᠢᠨᠦ ᠪᠤᠳᠤᠬᠤ ᠪᠠᠷ ︽ᠰᠤᠳᠤᠨ ᠪᠦᠳᠦᠭᠡᠯ︾ ᠨᠢ ᠲᠡᠭᠦᠨ ᠤ ᠬᠢᠵᠠᠭᠠᠷᠯᠠᠰᠢ ᠦᠭᠡᠢ ᠦᠨ᠎ᠠ

ᠦᠷᠳᠡᠭ ᠲᠠᠢ ᠪᠠᠶᠢᠳᠠᠬ᠃ ᠪᠢᠳᠠ ᠲᠡᠭᠦᠨ ᠢ ᠰᠤᠷᠤᠭᠴᠢᠳ ᠲᠤ ᠪᠠᠨ ᠲᠠᠨᠢᠯᠴᠠᠭᠤᠯᠤᠨ ᠤᠡᠭᠰᠢᠭᠤᠯᠪᠠᠯ ᠲᠡᠳᠠᠨ ᠤ

ᠮᠠᠳᠠᠯᠭᠡ ᠶᠢᠨ ᠭᠦᠷᠢᠶ᠎ᠠ ᠭᠡᠪᠴᠢᠶ᠎ᠠ ᠶᠢ ᠦᠷᠭᠡᠳᠭᠡᠭᠦ ᠨᠢ ᠯᠠᠪᠳᠠᠢ ᠶᠤᠮ᠃ 

      ᠨᠢᠭᠡ᠂ ︽ᠰᠣᠳᠤᠨ ᠪᠦᠲᠦᠭᠡᠯ ᠤᠨ ᠣᠡᠭᠰᠢᠯᠭ᠎ᠠ︾ ᠶᠢᠨ ᠬᠢᠴᠢᠶᠡᠯ ᠢ ᠬᠡᠷᠬᠢᠨ ᠵᠢᠯᠤᠭᠤᠳᠬᠤ ᠪᠣᠢ

      ᠰᠤᠷᠬᠤ ᠪᠢᠴᠢᠭ ᠲᠤ ᠰᠣᠩᠭᠤᠭᠳᠠᠨ ᠣᠷᠤᠭᠰᠠᠨ ᠣᠬᠤᠷ ᠵᠣᠬᠢᠶᠠᠯ ᠨᠢ ᠰᠣᠳᠤᠨ ᠪᠦᠲᠦᠭᠡᠯ ᠤᠨ ᠨᠢᠭᠡ

ᠬᠡᠰᠡᠭ ᠪᠣᠯᠤᠨ᠎ᠠ᠃ ᠪᠠᠭᠰᠢ ᠨᠠᠷ ᠵᠢᠭᠠᠨ ᠰᠤᠷᠭᠠᠯᠲᠠ ᠳᠤᠮᠳᠠ ᠪᠠᠨ ᠰᠤᠷᠤᠭᠴᠢᠳ ᠢ ᠲᠤᠰ ᠵᠣᠬᠢᠶᠠᠯ ᠤᠨ

ᠪᠢᠴᠢᠭᠳᠡᠭᠰᠡᠨ ᠣᠷᠴᠢᠨ ᠠᠬᠤᠢ ᠳᠤ ᠬᠥᠲᠦᠯᠦᠨ ᠣᠷᠤᠭᠤᠯᠵᠦ᠂ ᠪᠡᠶ᠎ᠡ ᠰᠡᠳᠭᠢᠯ ᠢᠶᠠᠷ ᠨᠢ ᠮᠡᠳᠡᠷᠡᠭᠦᠯᠵᠦ ᠵᠢᠭᠠᠵᠦ

ᠴᠢᠳᠠᠪᠠᠯ ᠰᠠᠶᠢᠨ᠃ ᠣᠬᠤᠷ ᠵᠣᠬᠢᠶᠠᠯ ᠪᠠ ᠰᠣᠳᠤᠨ ᠪᠦᠲᠦᠭᠡᠯ ᠤᠨ ᠬᠠᠷᠢᠴᠠᠭ᠎ᠠ ᠨᠢ ᠪᠦᠬᠦᠯᠢ ᠴᠣᠭᠴᠠ ᠪᠠ ᠬᠡᠰᠡᠭ

ᠪᠦᠯᠦᠭ ᠤᠨ ᠬᠠᠷᠢᠴᠠᠭ᠎ᠠ ᠮᠥᠨ᠃ ᠡᠶᠢᠮᠦ ᠠᠴᠠ ᠵᠢᠭᠠᠨ ᠰᠤᠷᠭᠠᠯᠲᠠ ᠳᠤᠮᠳᠠ ᠪᠠᠨ ᠬᠡᠰᠡᠭ ᠪᠦᠯᠦᠭ ᠠᠴᠠ ᠪᠦᠬᠦᠯᠢ

ᠴᠣᠭᠴᠠ ᠶᠢ ︽ᠰᠢᠨᠵᠢᠵᠦ︾᠂ ᠪᠦᠬᠦᠯᠢ ᠴᠣᠭᠴᠠ ᠠᠴᠠ ᠬᠡᠰᠡᠭ ᠪᠦᠯᠦᠭ ᠢ ︽ᠰᠢᠷᠪᠢᠵᠦ︾᠂ ᠬᠡᠰᠡᠭ ᠪᠦᠯᠦᠭ ᠪᠠ

ᠪᠦᠬᠦᠯᠢ ᠴᠣᠭᠴᠠ ᠶᠢᠨ ᠬᠤᠭᠤᠷᠤᠨᠳᠦ ᠰᠦᠯᠵᠢᠯᠳᠦᠨ ᠵᠢᠭᠠᠨ ᠰᠤᠷᠭᠠᠯᠲᠠ ᠪᠠᠨ ᠲᠥᠰᠦᠪᠯᠡᠪᠡᠯ᠂ ᠰᠤᠷᠤᠭᠴᠢᠳ ᠤᠨ

︽ᠰᠣᠳᠤᠨ ᠪᠦᠲᠦᠭᠡᠯ ᠤᠨ ᠣᠡᠭᠰᠢᠯᠭ᠎ᠠ︾ ᠶᠢᠨ ᠤᠷᠮ᠎ᠠ ᠶᠢ ᠬᠥᠭᠵᠢᠭᠡᠵᠦ᠂ ᠰᠤᠷᠬᠤ ᠪᠢᠴᠢᠭ ᠲᠠᠬᠢ ᠵᠢᠱᠢᠶ᠎ᠡ

ᠵᠣᠬᠢᠶᠠᠯ ᠵᠢᠭᠠᠬᠤ ᠶᠢᠨ ᠶᠠᠰᠦ ᠴᠢᠨᠠᠷ ᠢ ᠳᠡᠭᠡᠭᠰᠢᠯᠡᠭᠦᠯᠵᠦ ᠪᠣᠯᠤᠨ᠎ᠠ᠃

      ᠡᠨᠡ ᠲᠠᠯ᠎ᠠ ᠪᠠᠷ ᠪᠦᠲᠦᠮᠵᠢᠲᠡᠢ ᠬᠢᠵᠦ ᠣᠷᠤᠯᠳᠤᠶ᠎ᠠ ᠭᠡᠪᠡᠯ ︽ᠣᠡᠭᠰᠢᠯᠭ᠎ᠠ ᠶᠢᠨ ᠬᠤᠯᠪᠤᠭᠠᠰᠦ︾ ᠪᠠᠷ ᠰᠤᠷᠬᠤ

ᠪᠢᠴᠢᠭ ᠲᠠᠬᠢ ᠵᠢᠱᠢᠶ᠎ᠡ ᠵᠣᠬᠢᠶᠠᠯ ᠪᠠ ᠰᠣᠳᠤᠨ ᠪᠦᠲᠦᠭᠡᠯ ᠲᠠᠢ ᠬᠤᠯᠪᠣᠭᠳᠠᠭᠤᠯᠵᠦ᠂ ᠵᠢᠭᠠᠨ ᠰᠤᠷᠭᠠᠯᠲᠠ ᠳᠤ ᠪᠠᠨ

︽ᠰᠣᠳᠤᠨ ᠪᠦᠲᠦᠭᠡᠯ ᠤᠨ ᠣᠡᠭᠰᠢᠯᠭ᠎ᠠ︾ ᠬᠢᠯᠭᠡᠪᠡᠯ ᠦᠷ᠎ᠡ ᠪᠦᠲᠦᠮᠵᠢᠲᠡᠢ ᠪᠣᠯᠵᠦ ᠪᠣᠯᠤᠨ᠎ᠠ᠃ ︽ᠰᠣᠳᠤᠨ

ᠪᠦᠲᠦᠭᠡᠯ ᠤᠨ ᠣᠡᠭᠰᠢᠯᠭ᠎ᠠ︾ ᠬᠢᠬᠦ ᠳᠤ ᠳᠠᠷᠠᠭᠠᠴᠢ ᠶᠢᠨ ᠭᠤᠷᠪᠠᠨ ᠬᠡᠯᠪᠡᠷᠢ ᠶᠢᠨ ᠭᠢᠴᠢᠶᠡᠯᠯᠡᠭᠡ ᠪᠠᠷ ᠬᠢᠪᠡᠯ          

ᠵᠣᠬᠢᠨ᠎ᠠ᠃

      1. ︽ᠰᠣᠳᠤᠨ ᠪᠦᠲᠦᠭᠡᠯ ᠤᠨ ᠣᠡᠭᠰᠢᠯᠭ᠎ᠠ︾ ᠶᠢᠨ ᠨᠡᠭᠡᠭᠡᠯᠲᠡ ᠶᠢᠨ ᠭᠢᠴᠢᠶᠡᠯᠯᠡᠭᠡ ᠬᠢᠬᠦ᠃

      ᠲᠤᠰ ᠬᠢᠴᠢᠶᠡᠯ ᠳᠤ ᠪᠠᠭᠰᠢ ᠠᠴᠠ ᠬᠠᠮᠤᠭ ᠤᠨ ᠣᠬᠤᠷᠬᠠᠨ ᠴᠠᠭ ᠤᠨ ᠳᠣᠳᠤᠷ᠎ᠠ᠂ ᠲᠣᠪᠴᠢ

ᠠᠪᠰᠠᠷᠬᠠᠨ ᠢᠶᠠᠷ ᠨᠣᠮ ᠣᠡᠭᠰᠢᠯᠭ᠎ᠠ ᠶᠢᠨ ᠬᠢᠴᠢᠶᠡᠯ ᠤᠨ ᠠᠭᠤᠷ ᠠᠮᠢᠰᠬᠤᠯ ᠢ ᠪᠣᠢ ᠪᠣᠯᠭᠠᠵᠦ᠂ ᠰᠤᠷᠤᠭᠴᠢᠳ ᠤᠨ

ᠣᠡᠭᠰᠢᠯᠭ᠎ᠠ ᠶᠢᠨ ᠤᠷᠮ᠎ᠠ ᠪᠠᠬ᠎ᠠ ᠶᠢ ᠳᠠᠶᠢᠴᠢᠯᠠᠨ᠂ ᠨᠣᠮ ᠣᠡᠭᠰᠢᠯᠭ᠎ᠠ ᠶᠢᠨ ᠠᠮᠲᠠᠷᠬᠠᠯ ᠢ ᠪᠡᠶ᠎ᠡ ᠰᠡᠳᠭᠢᠯ ᠢᠶᠠᠷ ᠢᠶᠠᠨ

ᠮᠡᠳᠡᠷᠡᠭᠦᠯᠬᠦ ᠬᠡᠷᠡᠭᠲᠡᠢ᠃

      ︵1︶ ᠨᠡᠭᠡᠭᠡᠯᠲᠡ ᠶᠢᠨ ᠬᠢᠴᠢᠶᠡᠯ ᠤᠨ ᠨᠡᠭᠡᠭᠡᠯᠲᠡ ᠶᠢᠨ ᠶᠠᠷᠢᠶ᠎ᠠ ᠨᠢ ᠰᠤᠷᠤᠭᠴᠢ ᠶᠢᠨ ᠨᠣᠮ ᠤᠡᠭᠰᠢᠯᠭ᠎ᠠ ᠶᠢᠨ

ᠤᠷᠮᠠᠰ ᠢ ᠬᠥᠭᠵᠢᠭᠡᠬᠦ ᠰᠢᠯᠦᠭᠯᠢᠭ ᠢᠷᠠᠭᠤ ᠰᠣᠨᠣᠰᠬᠤᠯᠠᠩ᠂ ᠬᠡᠤᠬᠡᠳ ᠤᠨ ᠤᠷᠮ᠎ᠠ ᠶᠢ ᠳᠠᠶᠢᠴᠢᠯᠠᠭᠰᠠᠨ ᠶᠠᠷᠢᠶ᠎ᠠ

ᠪᠠᠶᠢᠬᠤ ᠬᠡᠷᠡᠭᠲᠠᠢ᠃

      ︵2︶ ᠬᠡᠤᠬᠡᠳ ᠲᠤ ᠦᠯᠢᠭᠡᠷ ᠶᠠᠷᠢᠵᠦ ᠥᠭᠬᠦ ᠬᠡᠷᠡᠭᠲᠡᠢ᠃ ᠲᠤᠰ ᠨᠣᠮ ᠤᠨ ᠳᠣᠲᠤᠷᠠᠬᠢ ᠪᠠᠭ᠋ᠠᠷᠬᠠᠯ ᠢ

ᠲᠠᠳᠠᠭᠰᠠᠨ ᠦᠯᠢᠭᠡᠷ ᠶᠤᠮ ᠦᠦ ᠡᠰᠡᠭᠦᠯ᠎ᠡ ᠲᠤᠰ ᠨᠣᠮ ᠢ ᠣᠡᠭᠰᠢᠵᠦ ᠦᠡᠭᠭᠡᠷᠡᠭᠰᠡᠨ ᠬᠥᠮᠦᠰ ᠤᠨ ᠨᠣᠮ ᠣᠡᠭᠰᠢᠭ᠌ᠰᠠᠨ

ᠲᠥᠷᠦᠭᠳᠡᠯ᠂ ᠲᠤᠰ ᠨᠣᠮ ᠳᠤ ᠨᠥᠯᠦᠭᠡᠯᠡᠭᠳᠡᠨ ᠠᠯᠳᠠᠷᠳᠦ ᠬᠥᠮᠦᠰ ᠪᠣᠯᠤᠭᠰᠠᠨ ᠵᠢᠱᠢᠶ᠎ᠡ ᠶᠢ ᠬᠡᠤᠬᠡᠳ ᠤᠨ

ᠨᠢᠳᠦᠨ ᠳᠤ ᠨᠢ ᠦᠵᠡᠭᠳᠡᠵᠦ᠂ ᠭᠠᠷ ᠲᠤ ᠨᠢ ᠪᠠᠷᠢᠭᠳᠠᠲᠠᠯ᠎ᠠ ᠠᠮᠢᠳᠦ ᠳᠦᠷᠰᠦᠯᠢᠭ ᠶᠠᠷᠢᠵᠦ ᠥᠭᠭᠦᠭᠰᠡᠨ ᠪᠠᠶᠢᠬᠤ

ᠬᠡᠷᠡᠭᠲᠡᠢ᠃

      ︵3︶ ᠲᠤᠰ ᠨᠣᠮ ᠤᠨ ᠲᠣᠭᠤᠷᠢᠨ ᠳᠤ ᠠᠰᠠᠭᠤᠯᠲᠠ ᠲᠣᠬᠢᠷᠠᠭᠤᠯᠵᠦ ᠤᠡᠭᠰᠢᠭᠤᠯᠬᠤ ᠬᠡᠷᠡᠭᠲᠡᠢ᠃

ᠠᠰᠠᠭᠤᠯᠲᠠ ᠶᠢ ᠨᠠᠷᠢᠨ ᠲᠥᠰᠦᠪᠯᠡᠵᠦ ᠨᠢᠭᠲᠠ ᠪᠠᠶᠢᠷᠢᠯᠠᠭᠤᠯᠵᠦ᠂ ᠵᠠᠪᠠᠯ ᠰᠤᠷᠤᠭᠴᠢᠳ ᠲᠤ ᠪᠣᠳᠤᠵᠦ ᠰᠡᠳᠭᠢᠭᠦ

ᠣᠷᠤᠨ ᠵᠠᠢ ᠶᠢ ᠭᠦᠢᠴᠡᠳ ᠬᠠᠨᠭ᠍ᠭᠠᠵᠦ ᠥᠭᠭᠦᠭᠰᠡᠨ ᠪᠠᠶᠢᠬᠤ ᠬᠡᠷᠡᠭᠲᠠᠢ᠃

      ︵4︶ ᠣᠡᠭᠰᠢᠯᠭ᠎ᠠ ᠶᠢᠨ ᠠᠷᠭ᠎ᠠ ᠪᠠ ᠤᠷ᠎ᠠ ᠮᠡᠷᠭᠡᠰᠢᠯ ᠢ ᠵᠢᠭᠠᠭᠰᠠᠨ ᠪᠠᠶᠢᠬᠤ ᠬᠡᠷᠡᠭᠲᠡᠢ᠃ ᠵᠢᠱᠢᠶᠠᠯᠠᠪᠠᠯ᠂

ᠭᠦᠶᠦᠯᠭᠡᠨ ᠣᠡᠭᠰᠢᠬᠤ᠂ ᠦᠰᠦᠷᠴᠦ ᠣᠡᠭᠰᠢᠬᠤ᠂ ᠲᠦᠢᠮᠤᠴᠢᠯᠠᠨ ᠣᠡᠭᠰᠢᠬᠤ᠂ ᠬᠠᠶᠢᠨ ᠤᠡᠭᠰᠢᠬᠤ᠂ ᠲᠠᠭᠠᠮᠠᠭᠯᠠᠨ

ᠣᠡᠭᠰᠢᠬᠤ ᠭᠡᠭᠦ ᠮᠡᠲᠦ᠃

      2. ᠮᠥᠷᠳᠡᠨ ᠳᠠᠭᠠᠬᠤ ᠬᠢᠴᠢᠶᠡᠯᠯᠡᠭᠡ ᠬᠢᠬᠦ᠃

      ︵1︶ ᠮᠦᠷᠳᠠᠨ ᠲᠠᠭᠠᠬᠤ ᠬᠢᠴᠢᠶᠡᠯᠯᠡᠭᠡ ᠬᠢᠭᠦ ᠳᠤ ᠲᠤᠤᠷᠠᠬᠢ ᠵᠦᠢᠯ ᠢ ᠠᠩᠬᠠᠷᠬᠤ ᠭᠡᠷᠡᠭᠳᠠᠢ᠃ ᠣᠡᠭᠰᠢᠬᠤ

ᠠᠷᠭ᠎ᠠ ᠶᠢ ᠶᠠᠷᠢᠵᠦ ᠥᠭᠭᠦᠭᠰᠡᠨ ᠪᠠᠶᠢᠬᠤ ᠬᠡᠷᠡᠭᠲᠡᠢ᠃ ᠵᠢᠱᠢᠶᠡᠯᠡᠪᠡᠯ᠂ ᠴᠣᠬᠤᠯᠲᠠ ᠬᠢᠬᠦ᠂ ᠲᠦᠷᠥᠭᠲᠡᠯ ᠪᠢᠴᠢᠬᠦ᠂

ᠲᠣᠪᠴᠢᠯᠠᠵᠦ ᠪᠢᠴᠢᠬᠦ ᠭᠡᠬᠦ ᠮᠡᠲᠦ᠃

      ︵2︶ ᠤᠳᠬ᠎ᠠ ᠵᠣᠬᠢᠶᠠᠯ ᠤᠨ ᠶᠡᠷᠦ ᠶᠢᠨ ᠮᠡᠳᠡᠯᠭᠡ ᠶᠢ ᠶᠠᠷᠢᠵᠦ ᠥᠭᠭᠦᠭᠰᠡᠨ ᠪᠠᠶᠢᠬᠤ ᠬᠡᠷᠡᠭᠲᠡᠢ᠃

ᠵᠢᠱᠢᠶᠡᠯᠡᠪᠡᠯ᠂ ᠳᠦᠷᠢ ᠪᠦᠲᠦᠭᠡᠬᠦ᠂ ᠣᠷᠴᠢᠨ ᠲᠣᠭᠤᠷᠢᠨ ᠤ ᠳᠦᠷᠰᠦᠯᠡᠯ᠂ ᠦᠢᠯᠡ ᠶᠠᠪᠤᠳᠠᠯ ᠤᠨ ᠡᠰᠭᠡᠯᠲᠡ᠂

ᠵᠣᠬᠢᠶᠠᠮᠵᠢᠯᠠᠬᠤ᠂ ᠡᠬᠢᠯᠡᠯᠲᠡ ᠲᠡᠭᠦᠰᠭᠡᠯ ᠢ ᠠᠪᠴᠠᠯᠳᠤᠭᠤᠯᠬᠤ ᠭᠡᠬᠦ ᠮᠡᠲᠦ᠃

      ︵3︶ ᠣᠯᠠᠨ ᠠᠷᠪᠢᠨ ᠰᠡᠳᠭᠢᠨ ᠪᠣᠳᠤᠯᠬᠢᠯᠠᠬᠤ ᠰᠡᠳᠤᠪ ᠦᠯᠡᠳᠡᠭᠡᠵᠦ᠂ ᠰᠤᠷᠤᠭᠴᠢᠳ ᠤᠨ

ᠰᠡᠳᠭᠢᠬᠦᠢ ᠶᠢᠨ ᠣᠷᠤᠨ ᠵᠠᠢ ᠶᠢ ᠲᠡᠯᠡᠵᠦ ᠥᠷᠭᠡᠳᠭᠡᠵᠦ ᠴᠢᠳᠠᠭᠰᠠᠨ ᠪᠠᠶᠢᠬᠤ ᠬᠡᠷᠡᠭᠲᠡᠢ᠃

      ︵4︶ ᠷᠣᠮᠠᠨ ᠢ ᠺᠢᠨᠣ᠋ ᠤᠷᠠᠯᠢᠭ᠂ ᠲᠧᠯᠸᠢᠰ ᠵᠦᠴᠦᠭᠡ ᠪᠣᠯᠭᠠᠵᠦ ᠰᠢᠩᠭᠡᠭᠡᠨ ᠦᠢᠯᠡᠳᠦᠭᠰᠡᠨ ᠪᠢᠯᠢᠮ ᠲᠠᠢ

ᠠᠳᠠᠯᠢᠳᠬᠠᠨ ᠬᠠᠷᠢᠴᠠᠭᠤᠯᠤᠭᠰᠠᠨ ᠪᠠᠶᠢᠬᠤ ᠬᠡᠷᠡᠭᠲᠡᠢ᠃

      ︵5︶ ᠥᠪᠡᠷ ᠤᠨ ᠠᠬᠤᠢ ᠠᠮᠢᠳᠤᠷᠠᠯ ᠲᠠᠢ ᠪᠠᠨ ᠤᠶᠠᠯᠳᠤᠭᠤᠯᠤᠨ ᠪᠣᠳᠤᠯᠬᠢᠯᠠᠬᠤ ᠬᠡᠷᠡᠭᠲᠡᠢ᠃

      ︵6︶ ᠣᠡᠭᠰᠢᠯᠭ᠎ᠠ ᠶᠢᠨ ᠳᠤᠮᠳᠠ ᠰᠤᠷᠤᠭᠴᠢᠳ ᠤᠨ ᠰᠡᠵᠢᠭ ᠢ ᠠᠯᠳᠠᠷᠠᠭᠠᠵᠦ᠂ ᠡᠭᠡᠳᠡᠷᠡᠭᠡᠨ ᠮᠠᠳᠠᠭ ᠢ

ᠲᠠᠶᠢᠯᠪᠦᠷᠢᠯᠠᠵᠦ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃

      ︵7︶ ᠣᠶᠤᠨ ᠤ ᠮᠥᠷᠦ᠋ᠢᠴᠡᠭᠡᠨ ᠬᠢᠬᠦ᠃ ᠡᠨᠡ ᠨᠢ ᠰᠢᠨᠵᠢᠯᠡᠬᠦ ᠤᠬᠠᠭᠠᠨ ᠤ ᠮᠡᠳᠡᠯᠭᠡ ᠶᠢᠨ

ᠲᠦᠭᠡᠮᠡᠯᠵᠢᠯ ᠤᠨ ᠨᠣᠮ ᠳᠤ ᠵᠣᠬᠢᠴᠠᠨ᠎ᠠ᠃

      3. ᠲᠥᠷᠦᠭᠳᠡᠯ ᠢᠶᠠᠨ ᠬᠤᠪᠢᠶᠠᠯᠴᠠᠬᠤ ᠬᠢᠴᠢᠶᠡᠯᠯᠡᠭᠡ ᠬᠢᠬᠦ᠃

      ᠦᠷ᠎ᠡ ᠪᠦᠲᠦᠮᠵᠢᠲᠦ ᠣᠡᠭᠰᠢᠯᠭ᠎ᠠ ᠭᠡᠵᠦ ᠶᠠᠷᠢᠪᠠᠯ ᠲᠡᠷᠡ ᠨᠢ ᠰᠤᠷᠤᠭᠴᠢᠳ ᠤᠨ ᠶᠡᠭᠡ ᠲᠠᠷᠢᠬᠢ ᠪᠠᠷ

ᠣᠡᠭᠰᠢᠵᠦ ᠪᠠᠶᠢᠭ᠎ᠠ ᠶᠠᠪᠤᠴᠠ ᠪᠣᠯᠬᠤ ᠠᠴᠠ ᠪᠢᠰᠢ᠂ ᠨᠢᠳᠦᠯᠡᠵᠦ ᠣᠡᠭᠰᠢᠵᠦ ᠪᠠᠶᠢᠭ᠎ᠠ ᠶᠠᠪᠤᠴᠠ                

ᠪᠢᠰᠢ᠃ ᠰᠤᠷᠤᠭᠴᠢᠳ ᠲᠠᠰᠤᠷᠠᠯᠲᠠ ᠦᠭᠡᠢ ᠥᠪᠡᠷ ᠤᠨ ᠠᠮᠢᠳᠤᠷᠠᠯ ᠤᠨ ᠲᠤᠷᠰᠢᠯᠭ᠎ᠠ ᠲᠠᠢ ᠪᠠᠨ ᠬᠤᠯᠪᠤᠨ          

ᠪᠣᠳᠤᠵᠦ᠂ ᠵᠣᠬᠢᠶᠠᠯ ᠤᠨ ᠭᠤᠣᠯ ᠪᠠᠭᠠᠲᠤᠷ ᠤᠨ ᠥᠪᠡᠷ ᠤᠨ ᠬᠢᠨᠢ ᠤᠳᠬ᠎ᠠ ᠠᠭᠤᠯᠭ᠎ᠠ ᠶᠢ ᠨᠢ ᠣᠯᠵᠦ ᠥᠭᠭᠦᠨ᠎ᠡ᠃

      ︽ᠮᠢᠩᠭᠠᠨ ᠤᠩᠰᠢᠬᠴᠢ ᠪᠠᠶᠢᠪᠠᠯ ᠮᠢᠩᠭᠠᠨ ︿ᠬᠠᠮᠯᠧᠲ﹀ ᠪᠠᠶᠢᠬᠤ ᠠᠳᠠᠯᠢ︾ ᠭᠡᠳᠡᠭᠴᠢᠯᠡᠨ ᠬᠡᠳᠦᠢ ᠣᠯᠠᠨ

ᠤᠩᠰᠢᠬᠴᠢ ᠪᠠᠶᠢᠪᠠᠯ ᠲᠡᠳᠦᠢ ᠣᠯᠠᠨ ᠲᠥᠷᠦᠭᠳᠡᠯ ᠭᠠᠷᠴᠦ ᠢᠷᠡᠳᠡᠭ᠃ ᠲᠥᠷᠦᠭᠳᠡᠯ ᠢᠶᠠᠨ ᠬᠤᠪᠢᠶᠠᠯᠴᠠᠬᠤ

ᠬᠢᠴᠢᠶᠡᠯᠯᠡᠭᠡ ᠨᠢ ᠬᠤᠪᠢ ᠬᠥᠮᠦᠨ ᠤ ᠣᠡᠭᠰᠢᠯᠭ᠎ᠠ ᠶᠢᠨ ᠣᠯᠤᠯᠲᠠ ᠶᠢ ᠬᠠᠮᠲᠦ ᠨᠡᠶᠢᠲᠡ ᠶᠢᠨ ᠡᠯᠪᠡᠭ ᠪᠠᠶᠠᠯᠢᠭ ᠣᠯᠠᠨ

ᠶᠠᠩᠵᠦ ᠶᠢᠨ ᠣᠡᠭᠰᠢᠯᠭ᠎ᠠ ᠶᠢᠨ ᠣᠢ ᠪᠢᠯᠢᠭ ᠪᠣᠯᠭᠠᠵᠦ ᠪᠠᠶᠢᠭ᠎ᠠ ᠶᠠᠪᠤᠴᠠ ᠮᠥᠨ᠃ ᠭᠤᠣᠯᠳᠠᠭᠤ ᠭᠤᠷᠪᠠᠨ ᠵᠦᠢᠯ 

 ᠤᠨ ᠬᠡᠯᠪᠡᠷᠢ ᠪᠠᠷ ᠢᠯᠡᠷᠡᠳᠡᠭ᠃

      ︵1︶ ᠶᠠᠷᠢᠶ᠎ᠠ ᠬᠠᠷᠢᠯᠴᠠᠭᠠᠨ ᠤ ᠬᠡᠯᠪᠡᠷᠢ ᠪᠠᠷ ᠢᠯᠡᠷᠡᠳᠡᠭ᠃ ᠪᠢᠳᠡᠨ ᠤ ᠶᠠᠷᠢᠶ᠎ᠠ ᠬᠠᠷᠢᠯᠴᠠᠭᠠᠨ ᠤ

ᠬᠢᠴᠢᠶᠡᠯᠯᠡᠭᠡ ᠲᠠᠢ ᠪᠠᠨ ᠨᠡᠶᠢᠳᠭᠡᠵᠦ᠂ ᠰᠠᠶᠢᠨ ᠨᠣᠮ ᠲᠠᠨᠢᠯᠴᠠᠭᠤᠯᠬᠤ᠂ ᠡᠰᠡᠭᠦᠯ᠎ᠡ ᠨᠣᠮ ᠳᠣᠲᠤᠷᠠᠬᠢ ᠪᠦᠷᠢᠨ

ᠪᠦᠲᠦᠨ ᠦᠢᠯᠡ ᠶᠠᠪᠤᠳᠠᠯᠲᠦ ᠦᠯᠢᠭᠡᠷ ᠢ ᠶᠠᠷᠢᠬᠤ᠂ ᠡᠰᠡᠭᠦᠯ᠎ᠡ ᠨᠣᠮ ᠳᠣᠲᠤᠷᠠᠬᠢ ᠦᠵᠡᠯᠲᠡ ᠳᠤ ᠰᠠᠭᠤᠷᠢᠯᠠᠵᠦ᠂

ᠥᠪᠡᠷ ᠤᠨ ᠦᠵᠡᠯᠲᠡ ᠪᠠᠨ ᠳᠡᠯᠭᠡᠵᠦ᠂ ᠥᠷᠭᠡᠨ ᠢᠶᠠᠷ ᠶᠠᠷᠢᠯᠴᠠᠵᠦ ᠪᠣᠯᠤᠨ᠎ᠠ᠃

      ︵2︶ ᠪᠢᠴᠢᠵᠦ ᠢᠯᠡᠳᠭᠡᠬᠦ ᠬᠡᠯᠪᠡᠷᠢ ᠪᠠᠷ ᠢᠯᠡᠷᠡᠭᠦᠯᠵᠦ ᠪᠣᠯᠤᠨ᠎ᠠ᠃ ᠵᠢᠱᠢᠶᠡᠯᠡᠪᠡᠯ᠂ ᠴᠣᠬᠤᠯᠲᠠ ᠲᠠᠶᠢᠯᠪᠦᠷᠢ᠂

ᠨᠣᠮ ᠤᠩᠰᠢᠭᠰᠠᠨ ᠤ ᠳᠠᠷᠠᠭᠠᠬᠢ ᠲᠥᠷᠦᠭᠳᠡᠯ᠂ ᠲᠣᠪᠴᠢᠯᠠᠵᠦ ᠪᠢᠴᠢᠬᠦ᠂ ᠪᠦᠳᠦᠭᠦᠪᠴᠢ ᠪᠢᠴᠢᠬᠦ᠂ ᠳᠥᠭᠦᠮ ᠳᠥᠲᠡ

ᠰᠤᠳᠤᠯᠭᠠᠨ ᠤ ᠮᠡᠳᠡᠭᠦᠯᠦᠯᠲᠡ᠂ ᠭᠠᠷ ᠪᠢᠴᠢᠮᠡᠯ ᠰᠣᠨᠢᠨ ᠭᠡᠬᠦ ᠮᠡᠲᠦ ᠪᠠᠷ ᠢᠯᠡᠷᠡᠭᠦᠯᠵᠦ ᠪᠣᠯᠤᠨ᠎ᠠ᠃ ᠢᠡᠭᠬᠢᠵᠦ ᠪᠢᠴᠢᠵᠦ

ᠢᠯᠡᠳᠭᠡᠭᠰᠡᠨ ᠣᠡᠭᠰᠢᠯᠭ᠎ᠠ ᠶᠢᠨ ᠦᠷ᠎ᠡ ᠪᠦᠲᠦᠮᠵᠢ ᠨᠢ ᠨᠡᠩ ᠨᠠᠨᠳᠢᠩᠨᠠᠭᠤᠰᠢᠲᠠᠢ᠃ ᠰᠤᠷᠤᠭᠴᠢ  ᠶᠢᠨ ᠤᠳᠠᠭ᠎ᠠ

ᠪᠣᠯᠭᠠᠨ ᠤ ᠨᠣᠮ ᠤᠩᠰᠢᠭᠰᠠᠨ ᠤ ᠳᠠᠷᠠᠭᠠᠬᠢ ᠲᠥᠷᠦᠭᠳᠡᠯ ᠢ ᠪᠠᠭᠰᠢ ᠠᠴᠠ ᠬᠤᠷᠢᠶᠠᠩᠭᠤᠢᠢᠯᠠᠨ ᠡᠮᠬᠢᠳᠭᠡᠵᠦ

ᠳᠡᠪᠲᠡᠷᠯᠡᠨ᠂ ᠨᠣᠮ ᠤᠨ ᠰᠠᠩ ᠳᠤ ᠳᠡᠯᠭᠡᠨ ᠦᠵᠡᠭᠦᠯᠵᠦ᠂ ᠰᠤᠷᠤᠭᠴᠢᠳ ᠤᠨ ᠳᠠᠭᠤᠷᠢᠶᠠᠯ ᠪᠣᠯᠭᠠᠪᠠᠯ᠂ ᠲᠡᠷᠡ ᠨᠢ

ᠳᠠᠮ ᠢᠶᠠᠷ ᠨᠣᠮ ᠵᠣᠬᠢᠶᠠᠯ ᠤᠨ ᠡᠬᠢ ᠰᠤᠷᠪᠤᠯᠵᠢ ᠪᠣᠯᠬᠤ ᠮᠥᠷᠲᠡᠭᠡᠨ ᠣᠡᠭᠰᠢᠭᠠᠳᠦᠢ ᠬᠥᠮᠦᠨ ᠳᠤ ᠰᠢᠨ᠎ᠡ ᠨᠣᠮ ᠤᠨ

ᠲᠠᠨᠢᠯᠴᠠᠭᠤᠯᠭ᠎ᠠ ᠪᠣᠯᠵᠦ ᠪᠣᠯᠤᠨ᠎ᠠ᠃

      ︵3︶ ᠶᠡᠷᠥᠩᠬᠡᠶᠢᠯᠡᠭᠰᠡᠨ ᠰᠤᠷᠤᠯᠴᠠᠯᠭ᠎ᠠ ᠶᠢᠨ ᠬᠥᠳᠡᠯᠭᠡᠭᠡᠨ ᠢᠶᠠᠷ ᠢᠯᠡᠷᠡᠵᠦ ᠪᠣᠯᠤᠨ᠎ᠠ᠃ ᠵᠢᠱᠢᠶᠡᠯᠡᠪᠡᠯ᠂

ᠰᠤᠷᠭᠠᠭᠤᠯᠢ ᠶᠢᠨ ᠬᠦᠷᠢᠶᠡᠨ ᠤ ᠨᠣᠮ ᠣᠡᠭᠰᠢᠯᠭ᠎ᠠ ᠶᠢᠨ ᠡᠳᠦᠷ᠂ ᠰᠤᠷᠬᠤ ᠪᠢᠴᠢᠭ ᠤᠨ ᠵᠤᠬᠢᠶᠠᠯ ᠢ ᠵᠦᠴᠦᠭᠡᠯᠡᠨ

ᠲᠤᠭᠯᠠᠵᠤ᠂ ᠪᠢᠴᠢᠬᠠᠨ ᠰᠤᠷᠪᠤᠯᠵᠢᠯᠠᠭᠴᠢ ᠪᠣᠯᠵᠦ ᠨᠣᠮ ᠳᠤᠳᠤᠷᠠᠬᠢ ᠭᠤᠣᠯ ᠪᠠᠭᠠᠲᠤᠷ ᠢ ᠰᠤᠷᠪᠤᠯᠵᠢᠯᠠᠬᠤ᠂

ᠦᠯᠢᠭᠡᠷ ᠦᠢᠯᠡ ᠶᠠᠪᠤᠳᠠᠯ ᠢ ᠬᠤᠪᠢᠷᠠᠭᠤᠯᠵᠦ ᠪᠢᠴᠢᠬᠦ᠂ ᠨᠠᠶᠢᠵᠠ ᠨᠦᠭᠦᠳ ᠲᠤ ᠪᠠᠨ ᠨᠣᠮ ᠲᠠᠨᠢᠯᠴᠠᠭᠤᠯᠬᠤ᠂ ᠨᠣᠮ 

 ᠳᠤ ᠳᠠᠬᠢᠨ ᠵᠢᠷᠤᠭ ᠲᠠᠶᠢᠯᠪᠦᠷᠢ ᠬᠠᠳᠠᠵᠦ ᠥᠭᠬᠦ ᠭᠡᠬᠦ ᠮᠡᠲᠦ᠃

      ᠬᠤᠶᠠᠷ᠂ ︽ᠰᠣᠳᠤᠨ ᠪᠦᠲᠦᠭᠡᠯ ᠤᠨ ᠣᠡᠭᠰᠢᠯᠭ᠎ᠠ︾ ᠶᠢᠨ ᠬᠢᠴᠢᠶᠡᠯ ᠢ ᠬᠡᠷᠬᠢᠨ ᠦᠨᠡᠯᠡᠨ ᠰᠢᠯᠭᠠᠷᠠᠭᠤᠯᠬᠤ ᠪᠣᠢ

      ︽ᠰᠣᠳᠤᠨ ᠪᠦᠲᠦᠭᠡᠯ ᠤᠨ ᠣᠡᠭᠰᠢᠯᠭ᠎ᠠ︾ ᠶᠢᠨ ᠬᠢᠴᠢᠶᠡᠯ ᠨᠢ ᠮᠥᠨ ᠴᠦ ᠡᠩ ᠤᠨ ᠰᠢᠯᠭᠠᠯᠲᠠ ᠲᠠᠢ

ᠠᠳᠠᠯᠢ ᠪᠠᠷ ᠶᠠᠪᠤᠴᠠ ᠶᠢᠨ ᠦᠨᠡᠯᠡᠯᠲᠡ ᠪᠠ ᠦᠷ᠎ᠡ ᠳ᠋ᠦᠡᠭ ᠤᠨ ᠦᠨᠡᠯᠡᠯᠲᠡ ᠭᠡᠵᠦ ᠪᠠᠶᠢᠳᠠᠬ᠃

      1. ᠶᠠᠪᠤᠴᠠ ᠶᠢᠨ ᠦᠨᠡᠯᠡᠯᠲᠡ ᠳᠤ ᠬᠡᠯᠡ ᠪᠢᠴᠢᠭ ᠤᠨ ᠪᠠᠭᠰᠢ ᠭᠤᠣᠯ ᠬᠠᠷᠢᠭᠤᠴᠠᠯᠭᠠᠲᠠᠨ          

ᠪᠣᠯᠳᠠᠭ᠃ ᠰᠤᠷᠤᠭᠴᠢᠳ ᠣᠡᠭᠰᠢᠯᠭ᠎ᠠ ᠬᠢᠬᠦ ᠪᠦᠬᠦ ᠶᠠᠪᠤᠴᠠ ᠳᠤ ᠵᠢᠯᠤᠭᠤᠳᠤᠯᠭ᠎ᠠ ᠬᠢᠵᠦ ᠮᠥᠷᠳᠡᠨ ᠳᠠᠭᠠᠵᠦ᠂

ᠪᠠᠭᠰᠢ ᠰᠤᠷᠤᠭᠴᠢ ᠬᠠᠮᠲᠦ ᠪᠠᠷ ᠣᠡᠭᠰᠢᠬᠤ ᠶᠠᠪᠤᠴᠠ ᠶᠢ ᠪᠡᠶᠡᠯᠡᠭᠦᠯᠦᠨ᠎ᠡ᠃ ᠵᠢᠱᠢᠶᠡᠯᠡᠪᠡᠯ᠂ ᠨ᠊ · ᠦᠯᠵᠡᠶᠢᠪᠠᠲᠦ ᠶᠢᠨ

︽ᠠᠪᠤ ᠨᠤᠲᠤᠭ ᠬᠤᠶᠠᠷ︾ ᠭᠡᠬᠦ ᠨᠠᠶᠢᠷᠠᠭᠤᠯᠤᠯ ᠤᠨ ᠲᠡᠭᠦᠪᠦᠷᠢ ᠶᠢ ᠤᠩᠰᠢᠭᠤᠯᠬᠤ ᠳᠤ ᠪᠠᠭᠰᠢ ᠠᠴᠠ

ᠵᠣᠬᠢᠶᠠᠭᠴᠢ ᠶᠢ ᠨᠠᠷᠢᠨ ᠨᠢᠭᠲᠠ ᠲᠠᠨᠢᠯᠴᠠᠭᠤᠯᠬᠤ ᠬᠡᠷᠡᠭᠲᠡᠢ ᠪᠥᠭᠡᠳ ᠲᠤᠰ ᠨᠠᠶᠢᠷᠠᠭᠤᠯᠤᠯ ᠪᠢᠴᠢᠭᠳᠡᠭᠰᠡᠨ ᠴᠠᠭ ᠦᠶ᠎ᠡ᠂

ᠣᠷᠴᠢᠨ ᠠᠬᠤᠢ ᠶᠢ ᠴᠦ ᠮᠡᠳᠡᠭᠦᠯᠬᠦ ᠨᠢ ᠵᠠᠩᠭᠢᠯᠠᠭ᠎ᠠ ᠪᠣᠯᠤᠨ᠎ᠠ᠃ ︽ᠬᠤᠯᠠ ᠶᠢᠨ ᠴᠡᠩᠭᠡᠷ ᠲᠤᠤᠺᠢᠣ᠋︾ ᠭᠡᠬᠦ

ᠡᠮᠬᠢᠳᠭᠡᠯ ᠨᠢ ᠲᠡᠭᠦᠨ ᠤ ᠬᠠᠷᠢ ᠤᠯᠤᠰ ᠶᠠᠫᠤᠨ ᠳᠤ ᠰᠤᠷᠤᠯᠴᠠᠵᠦ ᠪᠠᠶᠢᠭ᠎ᠠ ᠦᠶ᠎ᠡ ᠶᠢᠨ ᠰᠤᠷᠤᠯᠭ᠎ᠠ ᠠᠮᠢᠳᠤᠷᠠᠯ ᠢᠶᠠᠨ

ᠲᠠᠨᠢᠯᠴᠠᠭᠤᠯᠤᠭᠰᠠᠨ ᠪᠥᠭᠡᠳ ᠬᠠᠷᠢ ᠭᠠᠵᠠᠷ ᠤᠨ ᠬᠥᠮᠦᠨ ᠵᠤᠨ᠂ ᠲᠤᠰ ᠭᠠᠵᠠᠷ ᠤᠨ ᠵᠠᠩ ᠦᠢᠯᠡ᠂ ᠲᠡᠤᠬᠡ

ᠰᠣᠶᠤᠯ ᠢ ᠴᠦ ᠤᠩᠰᠢᠬᠴᠢ ᠳᠤ ᠲᠠᠨᠢᠯᠴᠠᠭᠤᠯᠤᠨ ᠣᠢᠢᠯᠠᠭᠠᠭᠤᠯᠤᠭᠰᠠᠨ ᠪᠠᠶᠢᠨ᠎ᠠ᠃

      ︵1︶ ᠶᠠᠪᠤᠴᠠ ᠶᠢᠨ ᠦᠨᠡᠯᠡᠯᠲᠡ ᠳᠤ ᠪᠠᠭᠰᠢ ᠰᠤᠷᠤᠭᠴᠢᠳ ᠬᠠᠮᠲᠦ ᠪᠠᠷ ᠢᠶᠠᠨ ᠤᠩᠰᠢᠭᠰᠠᠨ

ᠨᠣᠮ ᠤᠨ ᠢᠶᠠᠨ ᠲᠣᠭᠤᠷᠢᠨ ᠳᠤ ᠠᠰᠠᠭᠤᠯᠲᠠ ᠳᠤᠷᠠᠳᠴᠦ ᠤᠩᠰᠢᠭᠰᠠᠨ ᠣᠯᠤᠯᠲᠠ ᠪᠠᠨ ᠬᠤᠪᠢᠶᠠᠯᠴᠠᠵᠦ          

ᠪᠣᠯᠤᠨ᠎ᠠ᠃ ᠶᠠᠪᠤᠴᠠ ᠶᠢᠨ ᠦᠨᠡᠯᠡᠯᠲᠡ ᠳᠤ ᠰᠤᠷᠤᠭᠴᠢᠳ ᠤᠨ ︽ᠰᠣᠳᠤᠨ ᠪᠦᠲᠦᠭᠡᠯ ᠤᠨ ᠣᠡᠭᠰᠢᠯᠭ᠎ᠠ︾ ᠳᠤ

ᠣᠷᠤᠯᠴᠠᠭᠰᠠᠨ ᠢᠳᠡᠪᠬᠢᠲᠡᠢ ᠣᠪᠤᠷ᠂ ᠦᠷ᠎ᠡ ᠪᠦᠲᠦᠮᠵᠢ ᠶᠢᠨ ᠴᠢᠨᠠᠷᠯᠢᠭ ᠡᠰᠡᠬᠦ ᠪᠠᠷ ᠪᠠᠷᠢᠮᠵᠢᠶᠠᠯᠠᠵᠦ ᠬᠤᠪᠢ

ᠣᠯᠭᠤᠵᠦ ᠪᠣᠯᠤᠨ᠎ᠠ᠃

      ① ᠶᠠᠷᠢᠶᠠᠨ ᠤ ᠤᠷᠤᠯᠳᠤᠭᠠᠨ ᠢᠶᠠᠷ ᠶᠠᠪᠤᠴᠠ ᠶᠢᠨ ᠦᠨᠡᠯᠡᠯᠲᠡ ᠳᠤ ᠬᠤᠪᠢ ᠣᠯᠭᠤᠵᠦ ᠪᠠᠷᠢᠮᠵᠢᠶᠠᠯᠠᠵᠦ

ᠪᠣᠯᠤᠨ᠎ᠠ᠃ ᠰᠤᠷᠤᠭᠴᠢᠳ ᠤᠨ ᠤᠩᠰᠢᠯᠭ᠎ᠠ ᠵᠣᠬᠢᠬᠤ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠪᠠᠭᠰᠢ ᠠᠴᠠ

ᠰᠤᠷᠤᠭᠴᠢᠳ ᠤᠨ ᠤᠩᠰᠢᠭᠰᠠᠨ ᠨᠣᠮ ᠠᠴᠠ ᠰᠡᠳᠤᠪ ᠠᠪᠴᠦ᠂ ᠶᠠᠷᠢᠶᠠᠨ ᠤ ᠤᠷᠤᠯᠳᠤᠭᠠᠨ ᠢ ᠵᠣᠬᠢᠶᠠᠨ ᠪᠠᠶᠢᠭᠤᠯᠵᠦ᠂

ᠬᠢᠨᠠᠭᠴᠢ ᠶᠢᠨ ᠪᠦᠯᠬᠦᠮ᠂ ᠰᠣᠨᠤᠰᠤᠭᠴᠢᠳ ᠤᠨ ᠪᠦᠯᠬᠦᠮ ᠢ ᠤᠷᠢᠨ ᠵᠠᠯᠠᠵᠦ᠂ ᠣᠯᠠᠨ ᠤ ᠡᠮᠦᠨ᠎ᠡ ᠬᠤᠪᠢ

ᠨᠡᠶᠢᠳᠡᠯᠡᠵᠦ᠂ ᠲᠥᠪ ᠭᠤᠣᠯᠴᠢ ᠪᠠᠷ ᠬᠢᠵᠦ ᠪᠣᠯᠤᠨ᠎ᠠ᠃ ᠤᠷᠤᠯᠳᠤᠭᠠᠨ ᠢᠶᠠᠷ ᠰᠤᠷᠤᠭᠴᠢᠳ ᠤᠨ ᠦᠨᠡᠨ ᠬᠦ

ᠤᠩᠰᠢᠭᠰᠠᠨ ᠡᠰᠡᠬᠦ ᠪᠠ ᠬᠠᠮᠢᠭ᠎ᠠ ᠬᠦᠷᠲᠡᠯ᠎ᠡ ᠤᠩᠰᠢᠭᠰᠠᠨ ᠢ ᠴᠦ ᠪᠠᠶᠢᠴᠠᠭᠠᠵᠦ ᠪᠣᠯᠤᠨ᠎ᠠ᠃ ᠮᠥᠨ ᠴᠦ

ᠤᠷᠤᠯᠳᠤᠭᠠᠨ ᠢᠶᠠᠷ ᠳᠠᠮᠵᠢᠨ ᠰᠤᠷᠤᠭᠴᠢᠳ ᠤᠨ ᠬᠤᠷᠢᠶᠠᠩᠭᠤᠢᠢᠯᠠᠬᠤ ᠴᠢᠳᠠᠪᠦᠷᠢ᠂ ᠰᠡᠳᠭᠢᠬᠦ ᠴᠢᠳᠠᠪᠦᠷᠢ᠂ ᠬᠡᠯᠡᠨ ᠤ

ᠢᠯᠡᠳᠭᠡᠬᠦ ᠴᠢᠳᠠᠪᠤᠷᠢ ᠶᠢ ᠴᠦ ᠳᠡᠭᠡᠭᠰᠢᠯᠡᠭᠦᠯᠵᠦ᠂ ᠣᠯᠠᠨ ᠤ ᠡᠮᠦᠨ᠎ᠡ ᠵᠣᠷᠢᠭᠲᠠᠢ ᠥᠪᠡᠷ ᠢ ᠪᠠᠨ ᠢᠯᠡᠷᠡᠭᠦᠯᠬᠦ

ᠲᠣᠬᠢᠶᠠᠯ ᠣᠯᠭᠤᠵᠦ᠂ ᠥᠪᠡᠷ ᠢ ᠪᠠᠨ ᠳᠠᠪᠲᠠᠨ ᠪᠣᠯᠪᠠᠰᠤᠷᠠᠭᠤᠯᠵᠦ ᠪᠣᠯᠤᠨ᠎ᠠ᠃

      ② ᠮᠠᠷᠭᠤᠯᠳᠤᠭᠠᠨ ᠤ ᠬᠤᠷᠠᠯ ᠢ ᠵᠣᠬᠢᠶᠠᠨ ᠪᠠᠶᠢᠭᠤᠯᠵᠦ᠂ ᠶᠠᠪᠤᠴᠠ ᠶᠢᠨ ᠦᠨᠡᠯᠡᠯᠲᠡ ᠳᠤ ᠬᠤᠪᠢ ᠣᠯᠭᠤᠵᠦ

ᠪᠠᠷᠢᠮᠵᠢᠶᠠᠯᠠᠵᠦ ᠪᠣᠯᠤᠨ᠎ᠠ᠃ ᠤᠩᠰᠢᠯᠭ᠎ᠠ ᠪᠣᠯ ᠬᠤᠪᠢ ᠬᠥᠮᠦᠨ  ᠤ ᠠᠵᠢᠯᠯᠠᠭ᠎ᠠ ᠮᠥᠨ᠃ ᠰᠤᠷᠤᠭᠴᠢ ᠪᠣᠯᠭᠠᠨ ᠤ

ᠤᠩᠰᠢᠬᠤ ᠶᠠᠪᠤᠴᠠ ᠳᠤ ᠣᠯᠤᠭᠰᠠᠨ ᠣᠯᠤᠯᠲᠠ ᠲᠥᠷᠦᠭᠳᠡᠯ ᠮᠡᠳᠡᠷᠡᠮᠵᠢ ᠨᠢ ᠥᠪᠡᠷᠮᠢᠴᠡ ᠣᠨᠴᠠᠯᠢᠭ ᠲᠠᠢ          

ᠪᠠᠶᠢᠳᠠᠬ᠃ ᠪᠠᠭᠰᠢ ᠠᠴᠠ ᠤᠩᠰᠢᠭᠰᠠᠨ ᠨᠣᠮ ᠳᠣᠲᠤᠷ᠎ᠠ ᠠᠴᠠ ᠮᠠᠷᠭᠤᠭᠠᠨ ᠲᠠᠢ ᠰᠡᠳᠤᠪ ᠢ ᠰᠣᠩᠭᠤᠵᠦ᠂ ᠲᠤᠰ

ᠰᠡᠳᠤᠪ ᠤᠨ ᠲᠣᠭᠤᠷᠢᠨ ᠳᠤ ᠰᠤᠷᠤᠭᠴᠢᠳ ᠢ ᠲᠤᠭᠤᠢᠢᠯᠠᠩ ᠬᠤᠪᠢᠶᠠᠵᠦ᠂ ᠮᠠᠷᠭᠤᠯᠳᠤᠭᠤᠯᠵᠦ ᠪᠣᠯᠤᠨ᠎ᠠ᠃ ᠲᠤᠰ

ᠮᠠᠷᠭᠤᠯᠳᠤᠭᠠᠨ ᠨᠢ ᠰᠤᠷᠤᠭᠴᠢᠳ ᠤᠨ ᠨᠤᠮ ᠤᠩᠰᠢᠭᠰᠠᠨ ᠤ ᠳᠠᠷᠠᠭ᠎ᠠ ᠰᠣᠯᠢᠯᠴᠠᠬᠤ ᠶᠢ ᠬᠦᠰᠡᠭᠰᠡᠨ ᠬᠦᠰᠡᠯ

ᠱᠠᠭᠠᠷᠳᠠᠯᠭ᠎ᠠ ᠶᠢ ᠬᠠᠩᠭᠠᠵᠤ ᠴᠢᠳᠠᠬᠤ ᠮᠥᠷᠲᠡᠭᠡᠨ ᠰᠤᠷᠤᠭᠴᠢᠳ ᠲᠤ ᠨᠤᠮ ᠤᠩᠰᠢᠭᠰᠠᠨ ᠦᠷ᠎ᠡ ᠪᠦᠲᠦᠭᠡᠯ ᠢᠶᠠᠨ

ᠣᠯᠠᠨ ᠤ ᠡᠮᠦᠨ᠎ᠡ ᠵᠣᠷᠢᠭᠲᠠᠢ ᠪᠠᠷ ᠢᠯᠡᠷᠡᠭᠦᠯᠬᠦ ᠳᠣᠬᠢᠶᠠᠯ ᠢ ᠣᠯᠭᠤᠵᠦ ᠴᠢᠳᠠᠨ᠎ᠠ᠃ ᠮᠥᠨ ᠴᠦ ᠪᠠᠭᠰᠢ ᠠᠴᠠ

ᠵᠣᠬᠢᠬᠤ ᠬᠤᠭᠤᠴᠠᠭᠠᠨ ᠤ ᠨᠣᠮ ᠤᠩᠰᠢᠭᠰᠠᠨ ᠶᠠᠪᠤᠴᠠ ᠶᠢᠨ ᠦᠨᠡᠯᠡᠯᠲᠡ ᠳᠤ ᠠᠮᠢᠲᠦ ᠰᠣᠷᠭᠤᠭ ᠮᠠᠲ᠋ᠧᠷᠢᠶᠠᠯ ᠢ

ᠬᠠᠩᠭᠠᠵᠤ᠂ ᠰᠤᠷᠤᠭᠴᠢᠳ ᠤᠨ ᠰᠡᠳᠭᠢᠬᠦᠢ ᠶᠢᠨ ᠭᠦᠨᠴᠡ ᠶᠢ ᠴᠦ ᠣᠢᠢᠯᠠᠭᠠᠵᠦ᠂ ᠶᠠᠪᠤᠴᠠ ᠶᠢᠨ ᠦᠨᠡᠯᠡᠯᠲᠡ ᠶᠢᠨ

ᠲᠥᠪ ᠭᠤᠣᠯᠴᠢ ᠶᠢ ᠪᠠᠲᠤᠯᠠᠵᠦ ᠴᠢᠳᠠᠨ᠎ᠠ᠃

      ③ ᠱᠠᠲᠤᠴᠢ ᠴᠢᠨᠠᠷᠲᠠᠢ ᠦᠷ᠎ᠡ ᠪᠦᠲᠦᠭᠡᠯ ᠤᠨ ᠳᠡᠯᠭᠡᠨ ᠦᠵᠡᠭᠦᠯᠭᠡ ᠪᠠᠷ ᠬᠤᠪᠢ ᠣᠯᠭᠤᠵᠦ

ᠪᠠᠷᠢᠮᠵᠢᠶᠠᠯᠠᠵᠦ ᠪᠣᠯᠤᠨ᠎ᠠ᠃ ᠲᠣᠭᠲᠠᠭᠰᠠᠨ ᠨᠢᠭᠡ ᠬᠤᠭᠤᠴᠠᠭᠠᠨ ᠤ ᠳᠣᠲᠤᠷ᠎ᠠ᠂ ᠰᠤᠷᠤᠭᠴᠢᠳ ᠤᠨ ᠨᠤᠮ

ᠤᠩᠰᠢᠭᠰᠠᠨ ᠦᠷ᠎ᠡ ᠪᠦᠲᠦᠭᠡᠯ ᠢ ᠠᠩᠭᠢ ᠶᠢᠨ ᠭᠡᠷ ᠪᠣᠶᠦ ᠠᠰᠠᠷ ᠤᠨ ᠬᠤᠩᠭᠢᠯ ᠳᠤ ᠳᠡᠯᠭᠡᠨ ᠦᠵᠡᠭᠦᠯᠵᠦ᠂

ᠳᠡᠳᠡᠨ ᠤ ᠲᠤᠰ ᠬᠤᠭᠤᠴᠠᠭᠠᠨ ᠤ ᠳᠣᠲᠤᠷ᠎ᠠ ᠶᠠᠮᠠᠷ ᠵᠤᠬᠢᠶᠠᠯ ᠢ ᠴᠣᠬᠤᠮ ᠬᠠᠮᠢᠭ᠎ᠠ ᠬᠦᠷᠲᠡᠯ᠎ᠡ᠂ ᠬᠢᠷᠢ ᠵᠡᠷᠭᠡ

ᠤᠩᠰᠢᠭᠰᠠᠨ ᠢ ᠪᠠᠶᠢᠴᠠᠭᠠᠵᠦ ᠪᠣᠯᠤᠨ᠎ᠠ᠃ ᠭᠡᠬᠦ ᠳᠤ ᠪᠠᠨ ᠶᠠᠮᠠᠷ ᠰᠡᠳᠤᠪᠲᠦ ᠬᠡᠳᠦᠨ ᠨᠣᠮ ᠤᠩᠰᠢᠭᠰᠠᠨ᠂

ᠤᠩᠰᠢᠯᠭ᠎ᠠ ᠶᠢᠨ ᠳᠤᠮᠳᠠ ᠪᠠᠨ ᠤᠷᠠᠨ ᠭᠤᠶᠢᠲᠠ ᠰᠣᠩᠭᠤᠳᠠᠭ ᠬᠡᠯᠡ ᠬᠡᠯᠡᠯᠭᠡ ᠶᠢ ᠬᠡᠳᠦᠢ ᠲᠡᠮᠳᠡᠭᠯᠡᠭᠰᠡᠨ᠂ ᠬᠡᠳᠦᠢ

ᠪᠠᠳᠠᠭ ᠰᠢᠯᠦᠭ ᠣᠯᠵᠦ ᠴᠡᠭᠡᠵᠢᠯᠡᠭᠰᠡᠨ᠂ ᠨᠣᠮ ᠤᠩᠰᠢᠭᠰᠠᠨ ᠲᠥᠷᠦᠭᠳᠡᠯ ᠬᠡᠳᠦᠢ ᠪᠢᠴᠢᠭᠰᠡᠨ ᠭᠡᠬᠦ ᠵᠡᠷᠭᠡ ᠪᠠᠷ

ᠪᠠᠷᠢᠮᠵᠢᠶᠠᠯᠠᠵᠦ᠂ ᠶᠠᠪᠤᠴᠠ ᠶᠢᠨ ᠦᠨᠡᠯᠡᠯᠲᠡ ᠶᠢᠨ ᠴᠢᠨᠠᠷᠯᠢᠭ ᠪᠠᠶᠢᠬᠤ ᠡᠰᠡᠬᠦ ᠪᠠᠷ ᠬᠤᠪᠢ ᠣᠯᠭᠤᠵᠦ          

ᠪᠣᠯᠤᠨ᠎ᠠ᠃ ᠮᠥᠨ ᠦᠷ᠎ᠡ ᠪᠦᠲᠦᠭᠡᠯ  ᠢ ᠪᠠᠭᠰᠢ ᠠᠴᠠ ᠦᠨᠡᠯᠡᠵᠦ ᠪᠣᠯᠤᠨ᠎ᠠ᠃ ᠰᠤᠷᠤᠭᠴᠢ ᠬᠤᠭᠤᠷᠤᠨᠳᠦ ᠪᠠᠨ ᠴᠦ

ᠦᠨᠡᠯᠡᠵᠦ ᠪᠣᠯᠤᠨ᠎ᠠ᠃ ᠢᠩᠭᠢᠵᠦ ᠬᠢᠬᠦ ᠨᠢ ᠳᠡᠳᠡᠨ ᠤ ᠲᠤᠰ ᠨᠣᠮ ᠤᠨ ᠲᠤᠬᠠᠢ ᠰᠠᠭᠤᠭᠳᠠᠯ ᠢ ᠭᠦᠨᠵᠡᠭᠡᠶᠢᠷᠡᠭᠦᠯᠵᠦ᠂

ᠨᠣᠮ ᠤᠩᠰᠢᠬᠤ ᠪᠠᠶᠠᠷ ᠪᠠᠶᠠᠰᠤᠯ ᠢ ᠣᠯᠭᠤᠨ᠎ᠠ᠃

      ︵2︶ ᠭᠡᠷ ᠤᠨ ᠠᠬᠠᠮᠠᠳ᠂ ᠳᠡᠳ᠋ᠯᠡᠪᠡᠯ ᠰᠤᠷᠤᠯᠭ᠎ᠠ ᠶᠢᠨ ᠬᠠᠨᠢᠲᠠᠨ᠂ ᠨᠠᠶᠢᠵᠠ ᠨᠦᠭᠦᠳ ᠤᠨ

ᠬᠤᠭᠤᠷᠤᠨᠳᠦ ᠪᠠᠨ ᠬᠠᠷᠢᠯᠴᠠᠨ ᠰᠤᠷᠤᠯᠴᠠᠨ᠂ ᠬᠠᠷᠢᠯᠴᠠᠨ ᠰᠡᠩᠭᠡᠷᠡᠭᠦᠯᠵᠦ᠂ ᠬᠠᠷᠢᠯᠴᠠᠨ ᠬᠢᠨᠠᠯᠲᠠ ᠲᠠᠯᠪᠢᠵᠦ᠂

︽ᠰᠣᠳᠤᠨ ᠪᠦᠲᠦᠭᠡᠯ ᠤᠨ ᠣᠡᠭᠰᠢᠯᠭ᠎ᠠ ᠶᠢᠨ ᠬᠠᠮᠲᠦ ᠶᠢᠨ ᠴᠣᠭᠴᠠ︾ ᠪᠦᠷᠢᠯᠳᠦᠵᠦ᠂ ᠬᠤᠯᠪᠤᠭᠠᠨ ᠳᠣᠲᠤᠷ᠎ᠠ ᠪᠠᠨ

ᠲᠤᠰ ᠨᠣᠮ ᠤᠨ ᠲᠤᠬᠠᠢ ᠦᠵᠡᠯᠲᠡ ᠲᠡᠨᠢᠯᠲᠡ ᠪᠠᠨ ᠰᠣᠯᠢᠯᠴᠠᠵᠦ ᠪᠣᠯᠤᠨ᠎ᠠ᠃

      ① ᠪᠢᠴᠢᠯ ᠭᠢᠴᠢᠶᠡᠯᠯᠡᠭᠡ ᠪᠠᠷ ᠰᠤᠷᠤᠭᠴᠢ ᠪᠣᠯᠤᠨ ᠭᠡᠷ ᠤᠨ ᠠᠬᠠᠮᠠᠳ ᠤᠨ ᠨᠣᠮ ᠤᠩᠰᠢᠬᠤ ᠤᠷᠮ᠎ᠠ ᠶᠢ

ᠳᠠᠶᠢᠴᠢᠯᠠᠵᠦ ᠪᠣᠯᠤᠨ᠎ᠠ᠃ ᠠᠳᠠᠯᠢ ᠪᠣᠰᠦ ᠶᠢᠨ ᠰᠡᠳᠤᠪᠲᠦ ᠨᠣᠮ ᠢ ᠤᠩᠰᠢᠬᠤ ᠦᠶ᠎ᠡ ᠳᠤ ᠠᠳᠠᠯᠢ ᠪᠣᠰᠦ ᠠᠷᠭ᠎ᠠ ᠪᠠᠷ

ᠤᠩᠰᠢᠳᠠᠭ᠃ ᠨᠣᠮ ᠢ ᠤᠩᠰᠢᠬᠤ ᠶᠢᠨ ᠲᠡᠳᠦᠢ ᠤᠩᠰᠢᠬᠤ ᠠᠴᠠ ᠵᠠᠶᠢᠯᠠᠰᠬᠢᠬᠤ ᠶᠢᠨ ᠲᠥᠯᠦᠭᠡ᠂ ᠪᠠᠭᠰᠢ ᠠᠴᠠ

ᠪᠢᠴᠢᠯ ᠬᠢᠴᠢᠶᠡᠯᠯᠡᠭᠡ ᠪᠠᠷ ᠤᠩᠰᠢᠬᠤ ᠭᠡᠵᠦ ᠪᠠᠶᠢᠭ᠎ᠠ ᠨᠣᠮ ᠤᠨ ᠢᠶᠠᠨ ᠲᠠᠨᠢᠯᠴᠠᠭᠤᠯᠭ᠎ᠠ ᠶᠢ ᠬᠤᠯᠪᠤᠭᠠᠨ

ᠳᠣᠲᠤᠷ᠎ᠠ ᠪᠠᠨ ᠬᠤᠪᠢᠶᠠᠯᠴᠠᠨ᠂ ᠭᠡᠷ ᠤᠨ ᠠᠬᠠᠮᠠᠳ ᠤᠨ ᠲᠤᠰ ᠨᠣᠮ ᠢ ᠡᠬᠢᠯᠡᠨ ᠤᠩᠰᠢᠬᠤ ᠤᠷᠮ᠎ᠠ ᠵᠣᠷᠢᠭ ᠢ

ᠬᠥᠪᠴᠢᠯᠡᠵᠦ ᠪᠣᠯᠤᠨ᠎ᠠ᠃

      ② ᠵᠥᠭᠡᠯᠡᠨ ᠲᠣᠨᠤᠭ ᠳ᠋ᠢᠩ ᠳ᠋ᠢᠩ ᠤᠭᠰᠠᠷᠠᠵᠦ᠂ ᠭᠡᠷ ᠤᠨ ᠠᠬᠠᠮᠠᠳ ᠪᠣᠯᠤᠨ ᠬᠡᠤᠬᠡᠳ ᠤᠨ ᠨᠣᠮ

ᠤᠩᠰᠢᠯᠭ᠎ᠠ ᠶᠢᠨ ᠤᠷᠮ᠎ᠠ ᠶᠢ ᠳᠠᠶᠢᠴᠢᠯᠠᠵᠦ ᠪᠣᠯᠤᠨ᠎ᠠ᠃ ᠤᠩᠰᠢᠯᠭ᠎ᠠ ᠶᠢᠨ ᠪᠠᠶᠠᠷ ᠪᠠᠶᠠᠰᠤᠯ ᠨᠢ ᠵᠥᠪᠬᠡᠨ ᠮᠡᠳᠡᠯᠭᠡ

ᠣᠯᠬᠤ ᠳᠤ ᠪᠠᠶᠢᠬᠤ ᠪᠢᠰᠢ᠂ ᠨᠡᠩ ᠴᠢᠬᠤᠯᠠ ᠨᠢ ᠬᠥᠮᠦᠨ ᠲᠥᠷᠦᠯᠭᠢᠲᠡᠨ ᠤ ᠣᠶᠤᠨ ᠤᠬᠠᠭᠠᠨ ᠤ ᠣᠬᠢ

ᠱᠦᠯᠲᠦ ᠪᠠᠷ ᠣᠶᠤᠨ ᠰᠠᠨᠠᠭ᠎ᠠ ᠪᠠᠨ ᠠᠷᠢᠭᠤᠰᠬᠠᠵᠦ ᠳᠡᠭᠡᠳᠦ ᠬᠡᠮᠵᠢᠶᠡᠨ ᠤ ᠣᠶᠤᠨ ᠤ ᠬᠦᠷᠲᠡᠭᠡᠯ ᠣᠯᠬᠤ ᠳᠤ          

ᠪᠣᠢ᠃ ᠬᠥᠮᠦᠨ ᠪᠦᠷᠢ ᠶᠢᠨ ᠨᠣᠮ ᠤᠩᠰᠢᠬᠤ ᠠᠷᠭ᠎ᠠ ᠠᠪᠴᠠᠯ᠂ ᠬᠤᠷᠳᠤᠴᠠ ᠨᠢ ᠠᠳᠠᠯᠢ ᠦᠭᠡᠢ ᠪᠠᠶᠢᠳᠠᠬ᠃ ᠭᠡᠷ

ᠪᠦᠯᠢ ᠴᠦ ᠡᠭᠦᠨ ᠲᠠᠢ ᠠᠳᠠᠯᠢᠬᠠᠨ ᠪᠠᠶᠢᠳᠠᠬ᠃ ᠡᠶᠢᠮᠦ ᠠᠴᠠ ᠪᠠᠭᠰᠢ  ᠠᠴᠠ ᠰᠦᠯᠵᠢᠶ᠎ᠡ᠂ ᠰᠢᠨ᠎ᠡ ᠬᠡᠯᠪᠡᠷᠢ ᠶᠢᠨ

ᠵᠠᠭᠤᠴᠢᠯᠠᠭᠤᠷ ᠢ ᠠᠰᠢᠭᠯᠠᠨ᠂ ᠤᠩᠰᠢᠯᠭ᠎ᠠ ᠶᠢᠨ ᠦᠷ᠎ᠡ ᠪᠦᠲᠦᠭᠡᠯ ᠢ ᠰᠣᠯᠢᠯᠴᠠᠬᠤ ᠬᠤᠷᠠᠯ ᠡᠷᠬᠢᠯᠡᠨ ᠠᠳᠠᠯᠢ

ᠪᠣᠰᠦ ᠶᠢᠨ ᠨᠣᠮ ᠤᠩᠰᠢᠯᠭ᠎ᠠ  ᠶᠢᠨ ᠠᠷᠭ᠎ᠠ᠂ ᠠᠳᠠᠯᠢ ᠪᠣᠰᠦ ᠥᠨᠴᠦᠭ ᠬᠠᠷᠠᠭᠠᠰᠦ ᠠᠴᠠ ᠣᠯᠤᠭᠰᠠᠨ ᠠᠳᠠᠯᠢ

ᠪᠣᠰᠦ ᠶᠢᠨ ᠣᠯᠤᠯᠲᠠ ᠶᠢ ᠬᠤᠪᠢᠶᠠᠯᠴᠠᠭᠤᠯᠵᠦ᠂ ᠬᠠᠮᠲᠦ ᠪᠠᠷ ᠰᠤᠷᠤᠯᠴᠠᠨ᠂ ᠬᠠᠮᠲᠦ ᠪᠠᠷ ᠳᠡᠭᠡᠭᠰᠢᠯᠡᠬᠦ ᠵᠣᠷᠢᠯᠭ᠎ᠠ ᠳᠤ

ᠬᠦᠷᠴᠦ ᠪᠣᠯᠤᠨ᠎ᠠ᠃

      2. ᠦᠷ᠎ᠡ ᠪᠦᠲᠦᠮᠵᠢ ᠶᠢᠨ ᠦᠨᠡᠯᠡᠯᠲᠡ ᠳᠤ ᠰᠤᠷᠤᠭᠴᠢᠳ ᠤᠨ ︽ᠰᠣᠳᠤᠨ ᠪᠦᠲᠦᠭᠡᠯ︾ ᠢ ᠣᠡᠭᠰᠢᠵᠦ

ᠣᠢᠢᠯᠠᠭᠠᠭᠰᠠᠨ ᠡᠰᠡᠬᠦ ᠶᠢ ᠰᠢᠯᠭᠠᠵᠦ᠂ ᠰᠢᠯᠭᠠᠯᠲᠠ ᠶᠢᠨ ᠰᠡᠳᠤᠪ ᠨᠢ ᠰᠢᠨᠵᠢᠯᠡᠬᠦ ᠤᠬᠠᠭᠠᠨᠴᠢ᠂ ᠰᠤᠷᠤᠭᠴᠢ ᠶᠢᠨ

ᠪᠣᠳᠠᠳᠠᠢ ᠳᠤ ᠲᠣᠬᠢᠷᠠᠭᠰᠠᠨ ᠪᠠᠶᠢᠬᠤ ᠬᠡᠷᠡᠭᠳᠡᠢ᠃ ᠡᠰᠡ ᠲᠡᠶᠢᠮᠦ ᠪᠣᠯ ︽ᠰᠣᠳᠤᠨ ᠪᠦᠲᠦᠭᠡᠯ︾ ᠤᠨ ᠣᠡᠭᠰᠢᠯᠭ᠎ᠠ ᠶᠢ

ᠨᠥᠯᠦᠭᠡᠯᠡᠵᠦ ᠮᠡᠳᠡᠨ᠎ᠡ᠃ ᠵᠢᠱᠢᠶᠡᠯᠡᠪᠡᠯ᠂ ᠨ᠊ · ᠦᠯᠵᠡᠶᠢᠪᠠᠲᠦ ᠶᠢᠨ ︽ᠠᠪᠤ ᠨᠤᠲᠤᠭ ᠬᠤᠶᠠᠷ︾ ᠤᠨ ᠬᠠᠮᠲᠦ ᠶᠢᠨ

ᠤᠩᠰᠢᠯᠭ᠎ᠠ ᠳᠤ ᠪᠠᠭᠰᠢ ᠠᠴᠠ ᠬᠠᠭᠠᠯᠲᠠ ᠲᠠᠭᠯᠠᠬᠤ ᠰᠡᠳᠤᠪ᠂ ᠬᠥᠳᠡᠯᠪᠦᠷᠢ ᠪᠠᠷ ᠬᠥᠲᠦᠯᠬᠦ᠂ ᠬᠠᠶᠢᠨ

ᠰᠦᠪᠡᠭᠴᠢᠯᠡᠵᠦ ᠰᠡᠳᠭᠢᠨ ᠪᠣᠳᠤᠯᠬᠢᠯᠠᠬᠤ᠂ ᠥᠪᠡᠷᠮᠢᠴᠡ ᠣᠯᠤᠯᠲᠠ ᠪᠠᠨ ᠬᠤᠪᠢᠶᠠᠯᠴᠠᠬᠤ᠂ ᠠᠮᠲᠠᠷᠬᠠᠨ ᠰᠣᠨᠢᠷᠬᠠᠬᠤ᠂

ᠬᠦᠰᠦᠨᠦᠭᠵᠢᠭᠦᠯᠵᠦ ᠢᠯᠡᠷᠡᠭᠦᠯᠬᠦ ᠭᠡᠬᠦ ᠮᠡᠲᠦ ᠶᠢᠨ ᠳᠠᠷᠠᠭᠠᠯᠠᠯ ᠢᠶᠠᠷ ᠰᠡᠳᠤᠪ ᠲᠣᠬᠢᠷᠠᠭᠤᠯᠵᠦ ᠤᠩᠰᠢᠭᠰᠠᠨ

ᠨᠣᠮ ᠤᠨ ᠢᠶᠠᠨ ᠣᠯᠤᠯᠲᠠ ᠲᠠᠨᠢᠯᠲᠠ ᠶᠢ ᠭᠦᠨᠵᠡᠭᠡᠶᠢᠷᠡᠭᠦᠯᠦᠨ᠎ᠡ᠃

      ︵1︶ ᠬᠠᠭᠠᠯᠲᠠ ᠲᠠᠭᠯᠠᠬᠤ ᠰᠡᠳᠤᠪ

      ︵2︶ ᠬᠥᠳᠡᠯᠪᠦᠷᠢ ᠵᠣᠬᠢᠶᠠᠨ ᠪᠠᠶᠢᠭᠤᠯᠬᠤ

      ① ︽ᠠᠪᠤ ᠨᠤᠲᠤᠭ ᠬᠤᠶᠠᠷ︾ ᠭᠡᠬᠦ ᠡᠮᠬᠢᠳᠭᠡᠯ ᠳᠤ ᠠᠪᠤ ᠶᠢᠨ ᠢᠶᠠᠨ ᠵᠠᠯᠠᠭᠤ ᠨᠠᠰᠦ ᠶᠢ ᠳᠤᠷᠠᠳᠬᠠᠯ ᠤᠨ

ᠬᠡᠯᠪᠡᠷᠢ ᠪᠠᠷ ᠡᠷᠭᠢᠴᠡᠭᠦᠯᠦᠭᠰᠡᠨ ᠪᠠᠶᠢᠨ᠎ᠠ᠃ ᠡᠭᠦᠨ ᠳᠤ ︽ᠪᠢ︾ ᠶᠢᠨ ᠠᠪᠤ ᠳᠤ ᠠᠪᠴᠦ ᠬᠡᠯᠡᠪᠡᠯ᠂ ᠴᠡᠷᠢᠭ ᠤᠨ

ᠠᠮᠢᠳᠤᠷᠠᠯ ᠪᠣᠯ ᠬᠠᠮᠤᠭ ᠤᠨ ᠤᠳᠬ᠎ᠠ ᠠᠭᠤᠯᠭ᠎ᠠ ᠲᠠᠢ ᠰᠠᠨᠠᠭᠳᠠᠭᠰᠠᠨ᠃ ᠲᠡᠭᠡᠪᠡᠯ ᠮᠣᠷᠢᠲᠦ ᠴᠡᠷᠢᠭ ᠤᠨ

ᠪᠠᠶᠢᠯᠳᠤᠭᠴᠢ ᠪᠠᠶᠢᠭᠰᠠᠨ ᠥᠩᠭᠡᠷᠡᠯᠲᠡ ᠳᠤ ᠰᠠᠭᠤᠷᠢᠯᠠᠨ᠂ ᠥᠪᠦᠷ ᠮᠣᠩᠭᠤᠯ ᠤᠨ ᠮᠣᠷᠢᠲᠦ ᠴᠡᠷᠢᠭ ᠤᠨ ᠬᠠᠮᠢᠶ᠎ᠠ

ᠪᠦᠬᠦᠢ ᠮᠠᠲ᠋ᠧᠷᠢᠶᠠᠯ ᠢ ᠲᠡᠤᠬᠡ ᠶᠢᠨ ᠨᠣᠮ ᠪᠣᠶᠦ ᠰᠦᠯᠵᠢᠶ᠎ᠡ ᠠᠴᠠ ᠡᠷᠢᠵᠦ ᠴᠤᠭᠯᠠᠭᠤᠯᠤᠨ ᠡᠮᠬᠢᠳᠭᠡᠬᠦ ᠬᠥᠳᠡᠯᠪᠦᠷᠢ

ᠵᠣᠬᠢᠶᠠᠨ ᠪᠠᠶᠢᠭᠤᠯᠵᠦ᠂ ᠬᠦᠲᠡᠯᠪᠦᠷᠢ ᠶᠢ ᠭᠠᠷᠲᠠᠨ ᠬᠢᠬᠦ ᠳᠤᠮᠳᠠ ᠪᠠᠨ ᠣᠯᠠᠨ ᠠᠷᠪᠢᠨ ᠲᠡᠤᠬᠡ ᠶᠢᠨ ᠮᠡᠳᠡᠯᠭᠡ ᠶᠢ

ᠮᠡᠳᠡᠭᠦᠯᠵᠦ᠂ ᠴᠢᠯᠦᠭᠡᠯᠡᠬᠦ ᠳᠠᠶᠢᠨ ᠳᠤ ᠦᠵᠡᠭᠦᠯᠦᠭᠰᠡᠨ ᠮᠠᠨ ᠤ ᠥᠪᠦᠷ ᠮᠣᠩᠭᠤᠯ ᠤᠨ ᠮᠣᠷᠢᠲᠦ ᠴᠡᠷᠢᠭ ᠤᠨ ᠭᠠᠪᠢᠶ᠎ᠠ

ᠵᠢᠳᠭᠦᠯ ᠢ ᠪᠡᠶᠡᠴᠢᠯᠡᠨ ᠤᠢᠢᠯᠠᠭᠠᠭᠤᠯᠵᠤ᠂ ᠡᠭᠦᠨ ᠤ ᠤᠯᠠᠮ ᠠᠴᠠ ᠦᠨᠳᠦᠰᠦᠲᠡᠨ ᠢᠶᠠᠷ ᠢᠶᠠᠨ ᠪᠠᠭ᠋ᠠᠷᠬᠠᠬᠤ᠂

ᠲᠡᠤᠬᠡ ᠪᠠᠷ ᠢᠶᠠᠨ ᠪᠠᠭ᠋ᠠᠷᠬᠠᠬᠤ ᠰᠡᠳᠭᠢᠯᠭᠡ ᠶᠢ ᠨᠡᠮᠡᠭᠳᠡᠭᠦᠯᠵᠦ᠂ ᠡᠬᠡ ᠣᠷᠤᠨ ᠢᠶᠠᠨ ᠬᠠᠶᠢᠷᠠᠯᠠᠬᠤ᠂

ᠦᠨᠳᠦᠰᠦᠲᠡᠨ ᠢᠶᠠᠨ ᠬᠠᠶᠢᠷᠠᠯᠠᠬᠤ᠂ ᠡᠬᠡ ᠨᠤᠲᠤᠭ ᠢᠶᠠᠨ ᠬᠠᠶᠢᠷᠠᠯᠠᠬᠤ ᠬᠥᠮᠦᠵᠢᠯ ᠢ ᠬᠢᠵᠦ ᠪᠣᠯᠤᠨ᠎ᠠ᠃

      ② ︽ᠬᠤᠯᠠ ᠶᠢᠨ ᠴᠡᠩᠭᠡᠷ ᠲᠤᠤᠺᠢᠣ᠋︾ ᠭᠡᠬᠦ ᠡᠮᠬᠢᠳᠭᠡᠯ ᠳᠤ ︽ᠪᠢ︾ ᠶᠢᠨ ᠬᠠᠷᠢ ᠭᠠᠵᠠᠷ ᠶᠠᠫᠣᠨ

ᠤᠯᠤᠰ ᠲᠤ ᠠᠮᠢᠳᠤᠷᠠᠵᠦ ᠰᠤᠷᠤᠯᠴᠠᠭᠰᠠᠨ ᠠᠬᠤᠢ ᠠᠮᠢᠳᠤᠷᠠᠯ ᠳᠤ ᠰᠠᠭᠤᠷᠢᠯᠠᠨ᠂ ᠬᠠᠷᠢ ᠶᠢᠨ ᠲᠡᠤᠬᠡ ᠰᠣᠶᠤᠯ ᠢ

ᠣᠢᠢᠯᠠᠭᠠᠬᠤ ᠬᠦᠲᠡᠯᠪᠦᠷᠢ ᠵᠣᠬᠢᠶᠠᠨ ᠪᠠᠶᠢᠭᠤᠯᠵᠦ᠂ ᠡ᠊ᠨᠡ ᠭᠦ ᠬᠥᠳᠡᠯᠪᠦᠷᠢ ᠶᠢ ᠭᠠᠷᠳᠠᠨ ᠬᠢᠬᠦ ᠳᠤᠮᠳᠠ ᠪᠠᠨ ᠶᠠᠫᠣᠨ ᠢ

ᠲᠠᠨᠢᠯᠴᠠᠭᠤᠯᠤᠭᠰᠠᠨ ᠬᠢᠳᠡᠳ ᠮᠣᠩᠭᠤᠯ ᠣᠯᠠᠨ ᠨᠣᠮ ᠰᠡᠳᠭᠦᠯ᠂ ᠺᠢᠨᠣ᠋ ᠲᠧᠯᠸᠢᠰ᠂ ᠰᠦᠯᠵᠢᠶ᠎ᠡ ᠠᠴᠠ ᠶᠠᠮᠠᠲ᠋ᠣᠣ᠋

ᠦᠨᠳᠦᠰᠦᠲᠡᠨ ᠤ ᠰᠣᠶᠤᠯ ᠲᠡᠤᠬᠡ ᠶᠢ ᠣᠢᠢᠯᠠᠭᠠᠬᠤ ᠶᠢᠨ ᠤᠯᠠᠮ ᠠᠴᠠ ᠪᠤᠰᠤᠳ ᠦᠨᠳᠦᠰᠦᠲᠡᠨ ᠤ ᠳᠠᠪᠠᠭᠤᠯᠢᠭ

ᠲᠠᠯ᠎ᠠ ᠠᠴᠠ ᠰᠤᠷᠤᠯᠴᠠᠨ᠂ ᠥᠪᠡᠷ ᠢ ᠪᠠᠨ ᠲᠤᠳᠠᠭᠳᠠᠯ ᠲᠠᠢ ᠲᠠᠯ᠎ᠠ ᠪᠠᠨ ᠢᠯᠠᠨ ᠳᠠᠪᠠᠵᠦ᠂ ᠤᠯᠤᠰ ᠣᠷᠤᠨ ᠤ

ᠪᠦᠲᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠵᠣᠷᠢᠭᠤᠯᠬᠤ᠂ ᠤᠯᠠᠮ ᠰᠠᠶᠢᠨ ᠢᠶᠠᠷ

ᠦᠨᠳᠦᠰᠦᠲᠡᠨ ᠳᠤ ᠪᠠᠨ ᠦᠢᠯᠡᠴᠢᠯᠡᠬᠦ ᠬᠦᠴᠦᠨ ᠵᠣᠷᠢᠭ᠂ ᠬᠠᠷᠢᠭᠤᠴᠠᠬᠤ ᠰᠡᠳᠭᠢᠯᠭᠡ ᠶᠢ ᠨᠡᠮᠡᠭᠳᠡᠭᠦᠯᠵᠦ᠂ ᠣᠷᠤᠨ

ᠨᠤᠲᠤᠭ ᠢᠶᠠᠨ ᠪᠦᠲᠦᠭᠡᠨ ᠪᠠᠶᠢᠭᠤᠯᠬᠤ ᠦᠢᠯᠡᠰ ᠲᠤ ᠠᠯᠢᠪᠠ ᠪᠠᠨ ᠵᠣᠷᠢᠭᠤᠯᠬᠤ ᠬᠥᠮᠦᠵᠢᠯ ᠢ ᠬᠢᠵᠦ ᠪᠣᠯᠤᠨ᠎ᠠ᠃

      ③ ︽ᠮᠦᠭᠡᠷᠥᠦ ᠮᠦᠭᠡᠷᠥᠦ ᠱᠣᠷᠤᠩ ᠬᠠᠳᠠ︾ ᠭᠡᠬᠦ ᠡᠮᠬᠢᠳᠭᠡᠯ ᠳᠤ ᠵᠣᠬᠢᠶᠠᠭᠴᠢ ︽ᠪᠢ︾ ᠶᠢᠨ

ᠲᠣᠭᠯᠠᠵᠦ ᠥᠰᠦᠭᠰᠡᠨ ᠥᠯᠦᠭᠡᠢ ᠨᠤᠲᠤᠭ ᠤᠨ ᠲᠤᠬᠠᠢ ᠶᠢᠨ ᠦᠶ᠎ᠡ ᠶᠢᠨ ᠪᠠᠶᠢᠭᠠᠯᠢ ᠳᠡᠯᠡᠬᠡᠢ᠂ ᠬᠥᠮᠦᠨ ᠠᠷᠠᠳ ᠤᠨ

ᠰᠣᠶᠤᠯ ᠠᠷᠠᠨᠰᠢᠨ ᠢ ᠨᠢᠳᠦᠨ ᠳᠤ ᠦᠵᠡᠭᠳᠡᠵᠦ ᠭᠠᠷ ᠲᠤ ᠪᠠᠷᠢᠭᠳᠠᠲᠠᠯ᠎ᠠ ᠠᠮᠢᠳᠦ ᠳᠦᠷᠰᠦᠯᠢᠭ ᠢᠯᠡᠳᠭᠡᠭᠰᠡᠨ

ᠪᠠᠶᠢᠨ᠎ᠠ᠃ ᠡᠭᠦᠨ ᠳᠤ ᠰᠠᠭᠤᠷᠢᠯᠠᠨ ᠰᠤᠷᠤᠭᠴᠢᠳ ᠢᠶᠠᠷ ᠥᠪᠡᠷ ᠤᠨ ᠥᠯᠦᠭᠡᠢ ᠨᠤᠲᠤᠭ ᠤᠨ ᠢᠶᠠᠨ ᠬᠥᠮᠦᠨ

ᠪᠠᠶᠢᠭᠠᠯᠢ ᠶᠢ ᠳᠤᠷᠠᠰᠤᠨ ᠲᠡᠮᠳᠡᠭᠯᠡᠬᠦ ᠬᠥᠳᠡᠯᠪᠦᠷᠢ ᠵᠣᠬᠢᠶᠠᠨ ᠪᠠᠶᠢᠭᠤᠯᠵᠦ᠂ ᠡ᠊ᠨᠡ ᠭᠦ ᠬᠥᠳᠡᠯᠪᠦᠷᠢ ᠶᠢ ᠬᠢᠬᠦ ᠪᠠᠷ

ᠳᠠᠮᠵᠢᠨ᠂ ᠥᠪᠡᠷ ᠤᠨ ᠥᠯᠦᠭᠡᠢ ᠨᠤᠲᠤᠭ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠬᠥᠮᠦᠵᠢᠯ ᠢ

ᠬᠦᠷᠲᠡᠭᠡᠵᠦ ᠪᠣᠯᠤᠨ᠎ᠠ᠃

      ︵3︶ ᠬᠠᠶᠢᠨ ᠰᠦᠪᠡᠭᠴᠢᠯᠡᠵᠦ ᠰᠡᠳᠭᠢᠨ ᠪᠣᠳᠤᠯᠬᠢᠯᠠᠬᠤ

      ① ︽ᠬᠤᠯᠠ ᠶᠢᠨ ᠴᠡᠩᠭᠡᠷ ᠲᠤᠤᠺᠢᠣ᠋︾ ᠳᠤ ᠡᠶᠢᠮᠦ ᠨᠢᠭᠡᠨ ᠬᠡᠰᠡᠭᠯᠡᠯ ᠪᠠᠶᠢᠳᠠᠬ᠃ ︽ᠡᠨᠡ ᠬᠤᠶᠠᠷ ᠵᠢᠯ

ᠪᠢ ᠮᠠᠨ ᠤ ᠥᠪᠦᠷ ᠮᠣᠩᠭᠤᠯ ᠤᠨ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠢᠶᠠᠷ ᠣᠯᠠᠨ ᠴᠦ ᠤᠳᠠᠭ᠎ᠠ

ᠠᠶᠠᠯᠠᠯ᠎ᠠ᠃ ᠵᠢᠨᠢᠩ ᠠᠴᠠ ᠳ᠋ᠠᠪᠠᠨ ᠬᠦᠷᠬᠦ ᠳᠤ 630 ᠺᠢᠯᠣᠮᠧᠲᠷ ᠵᠠᠶᠢᠳᠠᠢ᠂ ᠪᠦᠲᠦᠨ ᠬᠤᠷᠢᠨ ᠨᠢᠭᠡᠨ ᠴᠠᠭ

ᠶᠠᠪᠤᠳᠠᠭ᠃ ᠡᠨᠡ ᠴᠢᠨᠢ ᠰᠢᠨᠺᠠᠨᠰᠢᠶᠠᠨ ᠤ ᠬᠤᠷᠳᠤᠨ ᠲᠡᠷᠭᠡᠨ ᠤ ᠬᠤᠶᠠᠷ ᠴᠠᠭ ᠭᠠᠷᠥᠢ ᠶᠢᠨ ᠵᠠᠮ ᠪᠣᠶᠦ ᠰᠢᠨ᠎ᠡ ᠪᠠᠷ

ᠲᠤᠷᠰᠢᠵᠦ ᠪᠠᠶᠢᠭ᠎ᠠ ᠣᠨᠴᠠ ᠬᠤᠷᠳᠤᠨ ᠲᠡᠷᠭᠡᠨ ᠤ ᠴᠠᠭ ᠢᠯᠡᠭᠦᠬᠡᠨ ᠯᠠ ᠶᠠᠪᠤᠬᠤ ᠭᠠᠵᠠᠷ ᠠᠵᠢ᠃ ᠡᠨᠡ ᠪᠣᠯ

ᠵᠥᠪᠬᠡᠨ ᠬᠤᠶᠠᠷ ᠭᠠᠵᠠᠷ ᠤᠨ ᠲᠡᠷᠭᠡᠨ ᠤ ᠬᠤᠷᠳᠤᠨ ᠤ ᠵᠥᠷᠢᠶ᠎ᠡ ᠲᠡᠳᠦᠢ ᠪᠢᠰᠢ᠂ ᠰᠢᠨᠵᠢᠯᠡᠬᠦ ᠤᠬᠠᠭᠠᠨ᠂ ᠰᠣᠶᠤᠯ᠂

ᠠᠵᠦ ᠠᠬᠤᠢ ᠶᠢᠨ ᠬᠥᠭᠵᠢᠯᠲᠡ ᠶᠢᠨ ᠵᠥᠷᠢᠶ᠎ᠡ ᠶᠤᠮ᠃ ᠡ᠊ᠨᠡ ᠭᠦ ᠰᠢᠨᠵᠢᠯᠡᠬᠦ ᠤᠬᠠᠭᠠᠨ ᠰᠣᠶᠤᠯ ᠤᠨ

ᠬᠥᠭᠵᠢᠯᠲᠡ ᠶᠢᠨ ᠵᠥᠷᠢᠶ᠎ᠡ ᠠᠴᠠ ᠪᠣᠯᠵᠦ᠂ ᠬᠥᠮᠦᠨ ᠤ ᠤᠬᠠᠮᠰᠠᠷ᠂ ᠪᠣᠳᠤᠯ ᠰᠡᠳᠭᠢᠬᠦᠢ᠂ ᠴᠠᠭ ᠤᠨ ᠲᠤᠬᠠᠢ

ᠦᠵᠡᠯᠲᠡ ᠶᠢᠨ ᠵᠥᠷᠢᠶ᠎ᠡ ᠭᠠᠷᠬᠤ ᠨᠢ ᠵᠠᠶᠢᠯᠠᠰᠢ ᠦᠭᠡᠢ᠃︾ ᠭᠡᠬᠦ ᠬᠡᠰᠡᠭᠯᠡᠯ ᠠᠴᠠ ᠮᠠᠨ ᠤ ᠦᠨᠳᠦᠰᠦᠲᠡᠨ᠂ ᠤᠯᠤᠰ

ᠣᠷᠤᠨ᠂ ᠨᠡᠶᠢᠭᠡᠮ ᠤᠨ ᠬᠥᠭᠵᠢᠯᠲᠡ ᠶᠢᠨ ᠳᠤᠲᠠᠭᠳᠠᠯ ᠢᠶᠠᠨ ᠰᠡᠷᠡᠵᠦ᠂ ᠶᠠᠫᠣᠨ ᠤᠯᠤᠰ ᠶᠠᠭᠠᠬᠢᠭᠠᠳ ᠮᠠᠨ ᠠᠴᠠ

ᠢᠯᠠᠭᠦᠦ ᠭᠦᠭᠵᠢᠭᠰᠡᠨ ᠪᠣᠢ ᠭᠡᠬᠦ ᠠᠰᠠᠭᠤᠯᠲᠠ ᠶᠢ ᠰᠤᠷᠤᠭᠴᠢᠳ ᠢᠶᠠᠷ ᠰᠡᠳᠭᠢᠨ ᠪᠣᠳᠤᠯᠬᠢᠯᠠᠭᠤᠯᠵᠦ᠂ ᠬᠠᠶᠢᠨ

ᠰᠦᠪᠡᠭᠴᠢᠯᠡᠭᠦᠯᠵᠦ ᠪᠣᠯᠤᠨ᠎ᠠ᠃

      ② ︽ᠶᠠᠫᠣᠨ ᠤ ᠬᠤᠪᠢ ᠶᠢᠨ ᠬᠤᠭᠤᠯᠠᠨ ᠭᠡᠷ ᠤᠨ ᠡᠵᠡᠳ ᠮᠠᠨ ᠤ ᠬᠢᠨ ᠤ ᠰᠢᠭ ᠬᠥᠮᠦᠨ ᠵᠠᠷᠤᠭᠠᠳ ᠬᠥᠯ

ᠰᠣᠯᠪᠢᠵᠦ ᠰᠠᠭᠤᠬᠤ ᠦᠭᠡᠢ᠂ ᠪᠦᠬᠦ ᠠᠵᠢᠯ ᠢ ᠥᠪᠡᠷ ᠢᠶᠠᠨ ᠭᠤᠣᠯᠳᠠᠵᠦ ᠭᠦᠢᠴᠡᠳᠭᠡᠨ᠎ᠡ᠃ ᠰᠠᠰᠠᠺᠢ ᠠᠪᠤᠭᠠᠢ

ᠬᠠᠭᠤᠷᠤᠯᠭ᠎ᠠ ᠬᠠᠭᠠᠷᠢᠯᠭ᠎ᠠ ᠶᠢ ᠥᠪᠡᠷ ᠢᠶᠠᠨ ᠭᠤᠣᠯᠯᠠᠨ ᠬᠢᠵᠦ᠂ ᠶᠠᠭᠠᠷᠠᠭᠰᠠᠨ ᠦᠶ᠎ᠡ ᠳᠤ ᠬᠤᠶᠠᠷ ᠭᠤᠷᠪᠠᠨ

ᠲᠣᠭᠤᠭ᠎ᠠ ᠶᠢ ᠵᠡᠷᠭᠡ ᠪᠠᠷ ᠬᠥᠳᠡᠯᠭᠡᠵᠦ᠂ ᠳᠤᠮᠳᠠ ᠨᠢ ᠪᠥᠵᠢᠭᠯᠡᠵᠦ ᠪᠠᠶᠢᠬᠤ ᠰᠢᠬ ᠦᠰᠦᠷᠬᠢᠯᠡᠵᠦ᠂ ᠲᠣᠭᠤᠭ᠎ᠠ

ᠰᠢᠨᠠᠭ᠎ᠠ ᠶᠢ ᠫᠠᠷᠴᠢᠭᠢᠨᠠᠭᠤᠯᠵᠦ ᠢᠷᠡᠬᠦ ᠨᠢ ᠦᠨᠡᠬᠡᠷ ᠭᠠᠶᠢᠬᠠᠵᠦ ᠪᠢᠰᠢᠷᠡᠮᠡᠷ ᠶᠤᠮᠰᠠᠨ᠃︾ ᠭᠡᠬᠦ ᠬᠡᠰᠡᠭᠯᠡᠯ ᠠᠴᠠ

ᠰᠤᠷᠤᠭᠴᠢᠳ ᠲᠤ ᠬᠤᠭᠤᠯᠠᠨ ᠭᠡᠷ ᠡᠷᠬᠢᠯᠡᠵᠦ᠂ ᠠᠵᠢᠯ ᠦᠢᠯᠡᠰ ᠪᠣᠰᠬᠠᠬᠤ ᠳᠤ ᠶᠠᠮᠠᠷ ᠰᠢᠦ ᠪᠠᠶᠢᠪᠠᠯ ᠲᠠᠭᠠᠷᠠᠬᠤ ᠪᠣᠢ

ᠭᠡᠵᠦ ᠰᠡᠳᠭᠢᠨ ᠪᠣᠳᠤᠯᠬᠢᠯᠠᠭᠤᠯᠵᠦ ᠬᠠᠶᠢᠨ ᠰᠦᠪᠡᠭᠴᠢᠯᠡᠭᠦᠯᠵᠦ ᠪᠣᠯᠤᠨ᠎ᠠ᠃ ᠭᠠᠳᠠᠭᠠᠳᠦ ᠶᠢᠨ ᠬᠤᠭᠤᠯᠠᠨ ᠭᠡᠷ

ᠡᠷᠬᠢᠯᠡᠬᠦ ᠨᠢ ᠮᠠᠶᠢᠮᠠᠢ ᠬᠢᠵᠦ ᠠᠰᠢᠭ ᠬᠤᠨᠵᠢᠶ᠎ᠠ ᠣᠯᠬᠤ ᠳᠤ ᠪᠠᠶᠢᠬᠤ ᠪᠢᠰᠢ᠂ ᠬᠠᠷᠢᠨ ᠥᠪᠡᠷ ᠤᠨ ᠳᠤᠷ᠎ᠠ ᠪᠠᠬ᠎ᠠ ᠲᠠᠢ

ᠦᠢᠯᠡᠰ ᠢᠶᠠᠨ ᠡᠷᠬᠢᠯᠡᠵᠦ᠂ ᠣᠶᠤᠨ ᠰᠠᠨᠠᠭᠠᠨ ᠤ ᠪᠠᠶᠠᠰᠤᠯ ᠣᠯᠬᠤ ᠶᠢᠨ ᠲᠥᠯᠦᠭᠡ ᠪᠠᠶᠢᠳᠠᠬ᠃ ᠡᠭᠦᠨ ᠠᠴᠠ ᠠᠵᠦ

ᠠᠬᠤᠢ᠂ ᠰᠣᠶᠤᠯ᠂ ᠰᠢᠨᠵᠢᠯᠡᠬᠦ ᠤᠬᠠᠭᠠᠨ ᠬᠥᠭᠵᠢᠭᠰᠡᠨ ᠤᠯᠤᠰ ᠣᠷᠤᠨ ᠤ ᠬᠥᠮᠦᠰ ᠤᠨ ᠦᠵᠡᠯ ᠤᠬᠠᠮᠰᠠᠷ᠂

ᠪᠣᠳᠤᠯ ᠰᠡᠳᠭᠢᠬᠦᠢ ᠨᠢ ᠴᠦ ᠳᠠᠭᠠᠯᠳᠤᠨ ᠬᠢᠷᠢ ᠵᠡᠷᠭᠡ ᠬᠥᠭᠵᠢᠭᠰᠡᠨ ᠭᠡᠳᠡᠭ ᠢ ᠮᠡᠳᠡᠵᠦ ᠪᠣᠯᠤᠨ᠎ᠠ᠃ ᠡᠭᠦᠨ ᠢ

ᠮᠡᠳᠡᠬᠦ ᠶᠢᠨ ᠤᠯᠠᠮ ᠢᠶᠠᠷ ᠰᠣᠶᠤᠯ ᠬᠥᠮᠦᠨ ᠵᠦᠢ ᠶᠢᠨ ᠬᠠᠷᠠᠭᠠᠰᠦ ᠠᠴᠠ ᠬᠠᠶᠢᠨ ᠰᠦᠪᠡᠭᠴᠢᠯᠡᠯ ᠬᠢᠵᠦ᠂ ᠰᠡᠳᠭᠢᠨ

ᠪᠣᠳᠤᠯᠬᠢᠯᠠᠭᠤᠯᠵᠦ ᠪᠣᠯᠤᠨ᠎ᠠ᠃

      ︵4︶ ᠥᠪᠡᠷᠮᠢᠴᠡ ᠣᠯᠤᠯᠲᠠ ᠪᠠᠨ ᠬᠤᠪᠢᠶᠠᠯᠴᠠᠬᠤ

      ᠵᠣᠬᠢᠶᠠᠯ ᠠᠴᠠ ᠠᠯᠢ ᠨᠢᠭᠡ ᠬᠡᠰᠡᠭ ᠪᠦᠯᠦᠭ ᠪᠣᠶᠦ ᠡᠮᠬᠢᠳᠭᠡᠯ ᠢ ᠤᠩᠰᠢᠭᠠᠳ ᠣᠯᠤᠭᠰᠠᠨ ᠲᠥᠷᠦᠭᠳᠡᠯ ᠢᠶᠠᠨ

ᠲᠤᠭᠤᠢᠢᠯᠠᠩ ᠳᠤ ᠪᠠᠨ ᠬᠤᠪᠢᠶᠠᠯᠴᠠᠬᠤ᠂ ᠡᠰᠡᠭᠦᠯ᠎ᠡ ᠬᠥᠳᠡᠯᠪᠦᠷᠢ ᠠᠴᠠ ᠰᠡᠳᠭᠢᠭᠳᠡᠭᠰᠡᠨ ᠥᠪᠡᠷᠮᠢᠴᠡ ᠣᠯᠤᠯᠲᠠ ᠪᠠᠨ

ᠠᠩᠭᠢ ᠶᠢᠨ ᠨᠦᠭᠦᠳ ᠲᠠᠢ ᠪᠠᠨ ᠬᠤᠪᠢᠶᠠᠯᠴᠠᠵᠦ ᠪᠣᠯᠤᠨ᠎ᠠ᠃ ᠢᠩᠭᠢᠪᠡᠯ ᠰᠤᠷᠤᠭᠴᠢᠳ ᠤᠨ ᠭᠠᠭᠴᠠᠭᠠᠷ ᠢᠶᠠᠨ ᠨᠢᠭᠡ

ᠪᠦᠲᠦᠨ ᠨᠣᠮ ᠢ ᠦᠵᠡᠭᠰᠡᠨ ᠠᠴᠠ ᠬᠤᠯᠠ ᠢᠯᠡᠭᠦᠦ ᠠᠰᠢᠭ ᠬᠦᠷᠲᠡᠵᠦ ᠪᠣᠯᠤᠨ᠎ᠠ᠃ ᠲᠥᠷᠦᠭᠳᠡᠯ

ᠬᠤᠪᠢᠶᠠᠯᠴᠠᠬᠤ ᠳᠤ ᠵᠥᠪ ᠡᠨᠧᠷᠭᠢ ᠲᠠᠢ᠂ ᠨᠦᠭᠦᠳ ᠤᠨ ᠰᠤᠷᠤᠯᠭ᠎ᠠ ᠠᠮᠢᠳᠤᠷᠠᠯ ᠳᠤ ᠬᠦᠴᠦᠨ ᠴᠢᠳᠠᠯ ᠣᠯᠭᠤᠵᠦ

ᠴᠢᠳᠠᠬᠤ ᠣᠯᠤᠯᠲᠠ ᠪᠠᠶᠢᠬᠤ ᠬᠡᠷᠡᠭᠳᠡᠢ᠃ ᠬᠠᠷᠢᠨ ᠭᠠᠵᠢᠭᠤ ᠲᠡᠶᠢᠰᠢ ᠪᠠᠨ ᠬᠥᠲᠦᠯᠦᠭᠰᠡᠨ ᠰᠥᠭᠡᠷᠭᠦ ᠡᠨᠧᠷᠭᠢ ᠲᠠᠢ

ᠵᠦᠢᠯ ᠪᠠᠶᠢᠵᠦ ᠪᠣᠯᠬᠤ ᠦᠭᠡᠢ᠃

      ︵5︶ ᠠᠮᠲᠠᠷᠬᠠᠨ ᠰᠣᠨᠢᠷᠬᠠᠬᠤ

      ︽ᠬᠤᠯᠠ ᠶᠢᠨ ᠴᠡᠩᠭᠡᠷ ᠲᠤᠤᠺᠢᠣ᠋︾ ᠳᠤ ᠡᠶᠢᠮᠦ ᠨᠢᠭᠡᠨ ᠬᠡᠰᠡᠭᠯᠡᠯ ᠪᠠᠶᠢᠳᠠᠬ᠃

      ① ︽ᠶᠠᠭ ᠦᠨᠡᠨ ᠳᠤ ᠪᠠᠨ ᠲᠤᠤᠺᠢᠣ᠋ ᠰᠠᠶᠢᠬᠠᠨ ᠳ᠋ᠠ᠂ ᠮᠠᠨ ᠤ ᠬᠥᠬᠡᠬᠤᠲᠠ ᠲᠠᠢ ᠬᠠᠷᠢᠴᠠᠭᠤᠯᠬᠤ ᠶᠢᠨ

ᠠᠷᠭ᠎ᠠ ᠦᠭᠡᠢ ᠰᠠᠶᠢᠬᠠᠨ ᠭᠡᠵᠦ ᠬᠡᠯᠡᠵᠦ ᠪᠣᠯᠤᠨ᠎ᠠ᠃ ᠭᠡᠶ᠎ᠡ ᠬᠥᠮᠦᠨ ᠤ ᠨᠤᠲᠤᠭ ᠰᠠᠶᠢᠬᠠᠨ ᠪᠠᠶᠢᠭᠰᠠᠨ ᠴᠦ ᠳᠤᠯᠠᠭᠠᠨ

ᠦᠭᠡᠢ᠃ ᠪᠣᠷᠤᠯᠵᠢ ᠲᠠᠢ ᠴᠠᠶᠢᠳᠠᠮ ᠪᠦᠷᠢᠲᠦ ᠲᠠᠢ ᠪᠠᠯᠠᠷ ᠲᠤ ᠨᠢ ᠲᠠᠪᠠᠭ᠋ᠠᠢ ᠶᠢᠨ ᠣᠷᠤᠮ ᠢᠶᠠᠨ ᠲᠠᠮᠠᠭᠠᠯᠠᠵᠦ᠂

ᠪᠤᠷᠵᠠᠩᠲᠠᠢ ᠭᠤᠣᠯ ᠳᠤ ᠨᠢ ᠱᠠᠯᠳᠠᠩ ᠨᠠᠭᠠᠳᠴᠦ᠂ ᠪᠣᠲᠠᠩᠲᠠᠢ ᠠᠭᠤᠯᠠᠨ ᠳᠤ ᠨᠢ ᠵᠢᠮᠢᠰ ᠲᠡᠭᠦᠵᠦ ᠶᠠᠪᠤᠭᠰᠠᠨ

ᠬᠥᠳᠡᠭᠡ ᠶᠢᠨ ᠨᠢᠭᠡ ᠭᠦᠲᠦᠰᠦᠨ ᠤ ᠲᠠᠰᠤᠷᠬᠠᠢ ᠨᠠᠳᠠ ᠳᠤ ᠪᠣᠯ ᠥᠷᠪᠦᠭᠡᠷ ᠪᠠᠶᠢᠭᠰᠠᠨ ᠴᠦ ᠡᠵᠢ ᠮᠢᠨᠢ᠂ ᠡᠯᠡᠰᠦ

ᠪᠠᠶᠢᠭᠰᠠᠨ ᠴᠦ ᠨᠤᠲᠤᠭ ᠮᠢᠨᠢ ᠶᠤᠮ ᠳ᠋ᠠ᠃ ᠮᠢᠨᠦ ᠡᠬᠡ ᠣᠷᠤᠨ᠂ ᠮᠢᠨᠦ ᠡᠯᠢᠭᠡᠨ ᠰᠠᠳᠤᠨ ᠨᠠᠶᠢᠵᠠ ᠨᠦᠭᠦᠳ᠂ ᠮᠢᠨᠦ

ᠠᠷᠢᠭᠤᠨ ᠳᠠᠷᠬᠠᠨ ᠠᠵᠢᠯ ᠦᠢᠯᠡᠰ ᠮᠢᠨᠢ ᠡ᠊ᠨᠳᠡ ᠬᠦᠯᠢᠶᠡᠵᠦ ᠪᠠᠶᠢᠨ᠎ᠠ᠃ ᠠᠭᠤᠤ ᠶᠡᠭᠡ ᠡᠷᠡᠯᠬᠡᠭ ᠪᠠᠭᠠᠲᠤᠷᠯᠢᠭ

ᠮᠥᠷᠲᠡᠭᠡᠨ ᠠᠯᠵᠠᠭᠤ ᠵᠠᠯᠬᠠᠭᠤ ᠳᠣᠷᠤᠢ ᠪᠠᠭᠤᠷᠠᠢ ᠡᠨᠡ ᠡᠪᠦᠭᠡᠨ ᠪᠤᠭᠤᠷᠤᠯ ᠦᠨᠳᠦᠰᠦᠲᠡᠨ ᠠᠴᠠ ᠠᠪᠤᠭᠠᠳ ᠪᠠᠷᠠᠰᠢ

ᠦᠭᠡᠢ ᠠᠪᠴᠠᠭ᠎ᠠ ᠲᠠᠢ ᠥᠭᠭᠦᠭᠡᠳ ᠳᠠᠭᠤᠰᠤᠰᠢ ᠦᠭᠡᠢ ᠥᠭᠴᠡᠭᠡ ᠲᠠᠢ ᠪᠠᠷᠢᠯᠳᠤᠯᠭ᠎ᠠ ᠵᠠᠶᠠᠭ᠎ᠠ ᠲᠠᠢ ᠲᠥᠷᠦᠭᠰᠡᠨ ᠤ

ᠬᠤᠪᠢ ᠳᠤ ᠠᠮᠢᠳᠦ ᠳᠤ ᠪᠠᠨ ᠬᠦᠴᠦ ᠪᠠᠨ ᠡᠷᠭᠦᠬᠦ ᠡᠬᠡ ᠣᠷᠤᠨ ᠡᠨᠡ᠂ ᠦᠬᠦᠬᠦ ᠳᠤ ᠪᠠᠨ ᠶᠠᠰᠦ ᠪᠠᠨ ᠲᠠᠯᠪᠢᠬᠤ

ᠭᠠᠵᠠᠷ ᠮᠢᠨᠢ ᠴᠦ ᠡᠨᠡ ᠡ᠃ ᠪᠢ ᠶᠠᠭᠤᠨ ᠳᠤ ᠪᠠᠨ ᠬᠥᠮᠦᠨ ᠤ ᠨᠤᠲᠤᠭ ᠲᠤ ᠬᠤᠷᠭᠤᠳᠠᠭᠠᠳ ᠪᠠᠶᠢᠬᠤ          

ᠪᠣᠢ︖︾᠃

      ︽ᠬᠠᠩᠰᠢᠨ ᠡᠳᠦᠷ︾ ᠲᠤ ᠡᠶᠢᠮᠦ ᠨᠢᠭᠡᠨ ᠬᠡᠰᠡᠭᠯᠡᠯ ᠪᠠᠶᠢᠳᠠᠬ᠃

      ② ︽ᠬᠠᠶᠢᠷᠠᠲᠦ ᠠᠪᠤ ᠮᠢᠨᠢ ᠮᠠᠨ ᠠᠴᠠ ᠰᠠᠯᠤᠭᠠᠳ ᠬᠡᠳᠦᠨ ᠵᠢᠯ ᠪᠣᠯᠴᠢᠬᠠᠵᠠᠢ᠃ ᠠᠢ᠂ ᠣᠨ ᠰᠠᠷ᠎ᠠ

ᠭᠡᠭᠴᠢ ᠦᠨᠡᠬᠡᠷ ᠬᠥᠪᠦᠨ ᠨᠡᠭᠦᠬᠦ ᠡᠭᠦᠯᠡᠨ ᠤ ᠰᠡᠭᠦᠳᠡᠷ ᠰᠢᠭ ᠶᠤᠮ ᠳ᠋ᠠ᠃ ᠪᠢ ᠬᠤᠯᠠ ᠶᠢᠨ ᠬᠤᠯᠠ ᠳᠤ ᠨᠡᠭᠦᠵᠦ

ᠶᠠᠪᠤᠭ᠎ᠠ ᠬᠤᠷᠠᠭᠠᠨ ᠴᠠᠭᠠᠨ ᠡᠭᠦᠯᠡᠰ ᠢ ᠰᠢᠷᠲᠡᠬᠦ ᠳᠤ ᠠᠪᠤ ᠶᠢᠨ ᠮᠢᠨᠢ ᠨᠢᠭᠡ ᠨᠠᠰᠤᠨ ᠤ ᠬᠥᠷᠦᠭ ᠵᠢᠷᠤᠭ

ᠡᠷᠭᠢᠴᠡᠭᠦᠯᠦᠯ ᠤᠨ ᠬᠥᠰᠢᠭᠡᠨ ᠳᠤ ᠢᠯᠡᠷᠡᠬᠦ‍ ᠰᠢᠭ ᠪᠣᠯᠤᠨ᠎ᠠ᠃ ᠠᠪᠤ ᠳᠤ ᠪᠠᠨ ᠲᠦᠩ ᠲᠦᠯᠡᠰᠢ ᠰᠢᠲᠠᠭᠠᠨ᠂ ᠡᠷᠭᠦᠯ

ᠲᠠᠬᠢᠯᠭ᠎ᠠ ᠡᠷᠭᠦᠵᠦ᠂ ᠡᠷᠢᠵᠦ ᠮᠥᠷᠦᠭᠡᠳᠴᠦ ᠪᠠᠶᠢᠭ᠎ᠠ ᠰᠡᠳᠭᠢᠯ ᠬᠠᠶᠢᠷ᠎ᠠ ᠪᠠᠨ ᠢᠯᠡᠳᠭᠡᠬᠦ ᠶᠢ ᠬᠦᠰᠡᠨ᠎ᠡ᠃ ᠭᠡᠲᠡᠯ᠎ᠡ

ᠡᠨᠡ ᠬᠤᠲᠠ ᠭᠠᠵᠠᠷ ᠪᠢᠳᠡ ᠪᠠᠰᠠ ᠲᠣᠭᠤᠨᠤᠯᠵᠢᠨ ᠵᠠᠮ ᠤᠨ ᠥᠨᠴᠦᠭ ᠲᠤ ᠣᠴᠢᠵᠦ ᠳᠡᠪᠢᠰᠦᠭᠰᠡᠨ

ᠲᠣᠭᠤᠰᠭ᠎ᠠ ᠶᠢ ᠨᠢ ᠬᠠᠷᠠᠯᠠᠲᠠᠯ᠎ᠠ ᠬᠠᠷᠠᠯᠠᠲᠠᠯ᠎ᠠ ᠲᠦᠯᠡᠵᠦ᠂ ᠭᠠᠵᠠᠷ ᠳᠦᠭᠦᠷᠡᠩ ᠬᠤᠭ ᠨᠣᠪᠰᠢ ᠭᠠᠷᠭᠠᠯᠲᠠᠢ ᠴᠦ

ᠪᠢᠰᠢ᠃ ᠪᠢ ᠠᠷᠭ᠎ᠠ ᠪᠣᠰᠦ ᠺᠣᠮᠫᠢᠦ᠋ᠲ᠋ᠧᠷ ᠤᠨ ᠢᠶᠠᠨ ᠡᠮᠦᠨ᠎ᠡ ᠢᠷᠡᠵᠦ᠂ ᠥᠪᠡᠷ ᠤᠨ ᠬᠡᠯᠪᠡᠷᠢ ᠪᠠᠷ ᠢᠶᠠᠨ ᠬᠠᠩᠰᠢᠨ

ᠡᠳᠦᠷ ᠤᠨ ᠦᠢᠯᠡ ᠬᠡᠷᠡᠭ ᠲᠤ ᠣᠷᠤᠯᠴᠠᠬᠤ ᠪᠣᠯᠤᠯ᠎ᠠ᠃ ᠬᠠᠶᠢᠷᠠᠲᠦ ᠠᠪᠤ ᠮᠢᠨᠢ ᠡ᠂ ᠬᠦᠦ ᠴᠢᠨᠢ ᠶᠠᠳᠠᠮᠠᠭ

ᠳᠤᠷᠠᠳᠬᠠᠯ ᠢᠶᠠᠨ ᠬᠠᠩᠰᠢᠨ ᠡᠳᠦᠷ ᠤᠨ ᠲᠠᠬᠢᠯᠭ᠎ᠠ ᠪᠣᠯᠭᠠᠨ ᠲᠠᠨ ᠳᠤ ᠪᠠᠨ ᠡᠷᠭᠦᠶ᠎ᠡ᠃ ᠮᠥᠨ ᠴᠦ ᠠᠪᠤ ᠲᠠᠢ ᠠᠳᠠᠯᠢ

ᠠᠪᠤ ᠨᠠᠷ ᠲᠤ ᠬᠦᠨᠳᠦᠳᠭᠡᠯ ᠪᠣᠯᠭᠠᠨ ᠳᠡᠪᠰᠢᠭᠦᠯᠦᠶ᠎ᠡ︾᠃

      ᠡᠶᠢᠮᠦᠷᠬᠦᠦ ᠬᠡᠰᠡᠭᠯᠡᠯ ᠤᠳ ᠢ ᠰᠣᠨᠢᠷᠬᠠᠨ ᠤᠩᠰᠢᠭᠠᠳ᠂ ᠬᠥᠮᠦᠨ ᠨᠡᠶᠢᠭᠡᠮ᠂ ᠰᠣᠶᠤᠯ ᠲᠡᠤᠬᠡ᠂ ᠵᠠᠩ

ᠦᠢᠯᠡ᠂ ᠦᠨᠳᠦᠰᠦᠲᠡᠨ ᠤᠭᠰᠠᠭᠠᠲᠠᠨ᠂ ᠰᠢᠲᠦᠯᠭᠡ ᠪᠢᠰᠢᠷᠡᠯ᠂ ᠥᠯᠦᠭᠡᠢ ᠨᠤᠲᠤᠭ ᠤᠨ ᠲᠤᠬᠠᠢ ᠪᠣᠳᠤᠯᠬᠢᠯᠠᠨ᠂

ᠵᠣᠬᠢᠶᠠᠭᠴᠢ ᠶᠢᠨ ᠪᠢᠷ ᠤᠨ ᠦᠵᠦᠭᠦᠷ ᠠᠴᠠ ᠴᠤᠬᠤᠯᠵᠠᠭᠰᠠᠨ ᠬᠠᠶᠢᠷ᠎ᠠ ᠰᠡᠳᠭᠢᠯᠭᠡ ᠶᠢ ᠪᠡᠶᠡᠴᠢᠯᠡᠨ ᠮᠡᠳᠡᠷᠡᠵᠦ

ᠠᠮᠲᠠᠷᠬᠠᠨ ᠤᠩᠰᠢᠵᠦ ᠪᠣᠯᠤᠨ᠎ᠠ᠃

      ︵6︶ ᠬᠦᠰᠦᠨᠦᠭᠵᠢᠭᠦᠯᠵᠦ ᠢᠯᠡᠷᠡᠭᠦᠯᠬᠦ

      ᠦᠨᠡᠯᠡᠯᠲᠡ ᠶᠢᠨ ᠲᠤᠭ᠎ᠠ ᠬᠡᠮᠵᠢᠶ᠎ᠡ

      ᠦᠨᠡᠯᠡᠯᠲᠡ ᠶᠢᠨ ᠪᠠᠷᠢᠮᠵᠢᠶ᠎ᠠ ︵100 ᠬᠤᠪᠢ︶

      A. 100%-85%

      B. 84%-75%

      C. 74%-60%

      D. 60% ᠠᠴᠠ ᠳᠣᠣᠷ᠎ᠠ

      ᠬᠥᠳᠡᠯᠦᠩᠭᠦᠢ ᠶᠢᠨ ᠬᠡᠮᠵᠢᠶ᠎ᠡ

      ᠥᠪᠡᠷ ᠤᠨ ᠳᠤᠷᠠᠰᠢᠯ ᠠᠴᠠ ᠪᠠᠨ ᠤᠩᠰᠢᠭᠰᠠᠨ ᠡᠰᠡᠬᠦ ︵10 ᠬᠤᠪᠢ︶ ᠥᠪᠡᠷ ᠤᠨ ᠳᠤᠷᠠᠰᠢᠯ ᠠᠴᠠ ᠪᠠᠨ

ᠤᠩᠰᠢᠵᠦ᠂ ᠤᠩᠰᠢᠯᠭ᠎ᠠ ᠶᠢᠨ ᠤᠷᠮ᠎ᠠ ᠪᠠᠬ᠎ᠠ ᠥᠨᠳᠦᠷ᠂ ᠬᠥᠳᠡᠯᠦᠩᠭᠦᠢ ᠪᠠᠷ ᠤᠩᠰᠢᠯᠭ᠎ᠠ ᠳᠤ ᠣᠷᠤᠯᠴᠠᠬᠤ︔

ᠤᠩᠰᠢᠯᠭ᠎ᠠ ᠳᠤ ᠣᠷᠤᠯᠴᠠᠬᠤ ᠦᠭᠡᠢ︔ ᠠᠯᠪᠠᠳᠠᠯᠭ᠎ᠠ ᠶᠢᠨ ᠳᠣᠣᠷ᠎ᠠ ᠤᠩᠰᠢᠯᠭ᠎ᠠ ᠬᠢᠬᠦ᠃

      ᠮᠡᠳᠡᠯᠭᠡ ᠶᠢ ᠬᠦᠯᠢᠶᠡᠨ ᠠᠪᠬᠤ ᠴᠢᠳᠠᠪᠦᠷᠢ ︵20 ᠬᠤᠪᠢ︶ ᠤᠩᠰᠢᠯᠭ᠎ᠠ ᠠᠴᠠ ᠮᠡᠳᠡᠯᠭᠡ ᠶᠢ ᠬᠦᠯᠢᠶᠡᠨ

ᠠᠪᠴᠦ ᠴᠢᠳᠠᠬᠤ ᠡᠰᠡᠬᠦ᠃

      ᠵᠢᠱᠢᠶᠡᠯᠡᠪᠡᠯ᠂ ᠤᠴᠢᠷ ᠶᠠᠪᠤᠳᠠᠯ ᠤᠨ ᠰᠢᠯᠲᠠᠭᠠᠨ᠂ ᠦᠡᠭᠭᠡᠷᠡᠯᠳᠠ᠂ ᠦᠷ᠎ᠡ ᠳ᠋ᠦᠩ ᠵᠡᠷᠭᠡ︔

ᠤᠩᠰᠢᠯᠭ᠎ᠠ ᠶᠢᠨ ᠶᠠᠪᠤᠴᠠ ᠳᠤ ᠠᠶᠠᠨᠳᠠᠭᠠᠨ ᠮᠡᠳᠡᠭᠡ ᠵᠠᠩᠭᠢ ᠶᠢ ᠡᠮᠬᠢᠳᠭᠡᠨ ᠲᠡᠮᠳᠡᠭᠯᠡᠯ ᠬᠢᠵᠦ ᠴᠢᠳᠠᠬᠤ︔

ᠤᠩᠰᠢᠯᠭ᠎ᠠ ᠶᠢᠨ ᠶᠠᠪᠤᠴᠠ ᠳᠤ ᠠᠶᠠᠨᠳᠠᠭᠠᠨ ᠮᠡᠳᠡᠭᠡ ᠵᠠᠩᠭᠢ ᠶᠢ ᠡᠮᠬᠢᠳᠭᠡᠨ ᠲᠡᠮᠳᠡᠭᠯᠡᠯ ᠬᠢᠵᠦ ᠴᠢᠳᠠᠬᠤ ᠦᠭᠡᠢ︔

ᠤᠩᠰᠢᠯᠭ᠎ᠠ ᠶᠢᠨ ᠶᠠᠪᠤᠴᠠ ᠳᠤ ᠵᠥᠪᠬᠡᠨ ᠴᠣᠬᠤᠯᠲᠠ ᠬᠢᠵᠦ᠂ ᠲᠡᠮᠳᠡᠭᠯᠡᠯ ᠬᠢᠬᠦ ᠦᠭᠡᠢ︔ ᠤᠩᠰᠢᠯᠭ᠎ᠠ ᠶᠢᠨ

ᠶᠠᠪᠤᠴᠠ ᠳᠤ ᠵᠠᠯᠬᠠᠭᠤᠷᠠᠵᠦ ᠴᠣᠬᠤᠯᠲᠠ ᠲᠡᠮᠳᠡᠭᠯᠡᠯ ᠬᠢᠬᠦ ᠦᠭᠡᠢ᠃

      ᠰᠡᠳᠭᠢᠬᠦᠢ ᠶᠢᠨ ᠴᠢᠳᠠᠪᠦᠷᠢ

      ᠤᠩᠰᠢᠯᠭ᠎ᠠ ᠠᠴᠠ ᠠᠰᠠᠭᠤᠳᠠᠯ ᠳᠤᠷᠠᠳᠴᠦ᠂ ᠠᠰᠠᠭᠤᠳᠠᠯ ᠢᠶᠠᠨ ᠰᠢᠢᠳᠪᠦᠷᠢᠯᠡᠵᠦ ᠴᠢᠳᠠᠬᠤ ᠡᠰᠡᠬᠦ︔

ᠤᠩᠰᠢᠯᠭ᠎ᠠ ᠳᠤ ᠢᠳᠡᠪᠬᠢᠲᠡᠢ ᠠᠰᠠᠭᠤᠳᠠᠯ ᠢ ᠵᠠᠳᠠᠯᠤᠨ᠂ ᠠᠰᠠᠭᠤᠳᠠᠯ ᠢ ᠰᠢᠢᠳᠪᠦᠷᠢᠯᠡᠵᠦ ᠴᠢᠳᠠᠬᠤ ᠡᠰᠡᠬᠦ︔

ᠤᠩᠰᠢᠯᠭ᠎ᠠ ᠳᠤ ᠢᠳᠡᠪᠬᠢᠲᠡᠢ ᠠᠰᠠᠭᠤᠳᠠᠯ ᠢ ᠵᠠᠳᠠᠯᠤᠨ᠂ ᠠᠰᠠᠭᠤᠳᠠᠯ ᠢ ᠰᠢᠢᠳᠪᠦᠷᠢᠯᠡᠵᠦ ᠴᠢᠳᠠᠬᠤ ᠡᠰᠡᠬᠦ︔

ᠤᠩᠰᠢᠯᠭ᠎ᠠ ᠳᠤ ᠣᠷᠤᠯᠴᠠᠨ ᠪᠠᠭ᠎ᠠ ᠬᠡᠮᠵᠢᠶᠡᠨ ᠤ ᠠᠰᠠᠭᠤᠳᠠᠯ ᠢ ᠳᠤᠷᠠᠳᠴᠦ ᠳᠡᠶᠢᠯᠦᠨ᠎ᠡ︔ ᠤᠩᠰᠢᠯᠭ᠎ᠠ ᠳᠤ

ᠣᠷᠤᠯᠴᠠᠭᠰᠠᠨ ᠴᠦ ᠠᠰᠠᠭᠤᠳᠠᠯ ᠳᠤᠷᠠᠳᠴᠦ ᠳᠡᠶᠢᠯᠬᠦ ᠦᠭᠡᠢ᠃ ︵10 ᠬᠤᠪᠢ︶

      ᠣᠢᠢᠯᠠᠭᠠᠬᠤ ᠴᠢᠳᠠᠪᠦᠷᠢ

      ᠰᠡᠳᠭᠢᠯᠭᠡ ᠶᠢ ᠪᠡᠶᠡᠴᠢᠯᠡᠨ ᠮᠡᠳᠡᠷᠡᠵᠦ᠂ ᠬᠡᠯᠡ ᠬᠡᠯᠡᠯᠭᠡ ᠶᠢᠨ ᠣᠨᠴᠠᠯᠢᠭ ᠢ ᠠᠳᠬᠤᠵᠤ ᠴᠢᠳᠠᠬᠤ ᠡᠰᠡᠬᠦ︔

ᠤᠩᠰᠢᠯᠭ᠎ᠠ ᠶᠢᠨ ᠳᠤᠮᠳᠠ ᠵᠣᠬᠢᠶᠠᠯ ᠤᠨ ᠠᠭᠤᠯᠭ᠎ᠠ ᠶᠢ ᠣᠢᠢᠯᠠᠭᠠᠵᠦ᠂ ᠰᠡᠳᠭᠢᠯᠭᠡ ᠶᠢ ᠮᠡᠳᠡᠷᠡᠵᠦ ᠳᠡᠶᠢᠯᠬᠦ︔ ᠬᠡᠯᠡ

ᠬᠡᠯᠡᠯᠭᠡ ᠶᠢᠨ ᠣᠨᠴᠠᠯᠢᠭ ᠢ ᠤᠬᠠᠵᠦ᠂ ᠨᠣᠮ ᠤᠨ ᠷᠢᠳᠢ ᠰᠢᠳᠢ ᠶᠢ ᠪᠡᠶᠡᠴᠢᠯᠡᠨ ᠮᠡᠳᠡᠷᠡᠵᠦ᠂ ᠨᠣᠮ ᠳᠤ ᠤᠷᠮ᠎ᠠ

ᠪᠠᠬ᠎ᠠ ᠲᠠᠢ ᠪᠤᠯᠬᠤ︔ ᠤᠩᠰᠢᠯᠭ᠎ᠠ ᠶᠢᠨ ᠳᠤᠮᠳᠠ ᠪᠠᠨ ᠵᠣᠬᠢᠶᠠᠯ ᠤᠨ ᠠᠭᠤᠯᠭ᠎ᠠ ᠶᠢ ᠪᠦᠳᠦᠭᠦᠪᠴᠢ ᠣᠢᠢᠯᠠᠭᠠᠭᠰᠠᠨ

ᠴᠦ ᠨᠣᠮ ᠤᠩᠰᠢᠯᠭ᠎ᠠ ᠶᠢᠨ ᠪᠠᠶᠠᠷ ᠪᠠᠶᠠᠰᠤᠯ ᠢ ᠣᠯᠵᠦ ᠳᠡᠶᠢᠯᠬᠦ ᠦᠭᠡᠢ︔ ᠤᠩᠰᠢᠯᠭ᠎ᠠ ᠶᠢᠨ ᠳᠤᠮᠳᠠ ᠪᠠᠨ

ᠵᠣᠬᠢᠶᠠᠯ ᠤᠨ ᠠᠭᠤᠯᠭ᠎ᠠ ᠶᠢ ᠣᠢᠢᠯᠠᠭᠠᠵᠦ ᠳᠡᠶᠢᠯᠬᠦ ᠦᠭᠡᠢ᠂ ᠨᠣᠮ ᠤᠩᠰᠢᠬᠤ ᠳᠤᠷ᠎ᠠ ᠦᠭᠡᠢ᠃ ︵20 ᠬᠤᠪᠢ︶

      ᠮᠠᠲ᠋ᠧᠷᠢᠶᠠᠯ ᠢ ᠡᠮᠬᠢᠳᠭᠡᠬᠦ ᠴᠢᠳᠠᠪᠦᠷᠢ

      ᠥᠪᠡᠷᠮᠢᠴᠡ ᠣᠨᠴᠠᠯᠢᠭ ᠲᠠᠢ ᠮᠠᠲ᠋ᠧᠷᠢᠶᠠᠯ ᠢ ᠡᠮᠬᠢᠳᠭᠡᠵᠦ ᠴᠢᠳᠠᠬᠤ ᠡᠰᠡᠬᠦ᠃ ᠵᠢᠱᠢᠶᠡᠯᠡᠪᠡᠯ᠂ ᠰᠡᠳᠭᠢᠬᠦᠢ ᠶᠢᠨ

ᠬᠥᠲᠦᠯᠦᠮᠵᠢ ᠶᠢᠨ ᠵᠢᠷᠤᠭ᠂ ᠭᠠᠷ ᠪᠢᠴᠢᠮᠡᠯ ᠰᠣᠨᠢᠨ᠂ ᠭᠤᠶᠢᠲᠠ ᠰᠠᠶᠢᠬᠠᠨ ᠦᠭᠡᠰ ᠤᠨ ᠲᠡᠭᠦᠪᠦᠷᠢ᠂ ᠨᠣᠮ

ᠤᠩᠰᠢᠭᠰᠠᠨ ᠲᠦᠷᠥᠭᠳᠡᠯ ᠪᠢᠴᠢᠵᠦ ᠴᠢᠳᠠᠬᠤ ᠡᠰᠡᠬᠦ᠃  ︵20 ᠬᠤᠪᠢ︶ 

      ᠰᠣᠯᠢᠯᠴᠠᠬᠤ ᠴᠢᠳᠠᠪᠦᠷᠢ ᠪᠣᠯᠤᠨ ᠬᠤᠪᠢᠶᠠᠯᠴᠠᠬᠤ ᠴᠢᠳᠠᠪᠦᠷᠢ

      ᠨᠠᠶᠢᠵᠠ ᠨᠦᠭᠦᠳ ᠲᠠᠢ ᠪᠠᠨ ᠨᠣᠮ ᠤᠩᠰᠢᠭᠰᠠᠨ ᠲᠥᠷᠦᠭᠳᠡᠯ ᠢᠶᠠᠨ ᠬᠤᠪᠢᠶᠠᠯᠴᠠᠵᠦ ᠴᠢᠳᠠᠬᠤ ᠡᠰᠡᠬᠦ︔

ᠤᠩᠰᠢᠯᠭ᠎ᠠ ᠶᠢᠨ ᠶᠠᠪᠤᠴᠠ ᠳᠤ ᠢᠳᠡᠪᠬᠢᠲᠡᠢ ᠪᠠᠷ᠂ ᠦᠭᠡ ᠬᠡᠯᠡᠯᠭᠡ ᠲᠤᠪᠴᠢ ᠲᠤᠳᠤᠷᠬᠠᠢ ᠪᠠᠷ ᠪᠤᠰᠤᠳ ᠲᠤ

ᠤᠩᠰᠢᠯᠭ᠎ᠠ ᠶᠢᠨ ᠤᠯᠤᠯᠳᠠ ᠪᠠᠨ ᠶᠠᠷᠢᠨ ᠦᠭᠴᠦ ᠴᠢᠳᠠᠬᠤ︔ ᠤᠩᠰᠢᠯᠭ᠎ᠠ ᠶᠢᠨ ᠶᠠᠪᠤᠴᠠ ᠳᠤ ᠦᠭᠡ ᠬᠡᠯᠡᠯᠭᠡ

ᠲᠤᠪᠴᠢ ᠲᠤᠳᠤᠷᠬᠠᠢ ᠪᠠᠷ ᠤᠩᠰᠢᠯᠭ᠎ᠠ ᠶᠢᠨ ᠠᠮᠵᠢᠯᠲᠠ ᠪᠠᠨ ᠶᠠᠷᠢᠵᠤ ᠢᠯᠡᠳᠭᠡᠵᠦ ᠴᠢᠳᠠᠬᠤ ᠦᠭᠡᠢ︔

ᠤᠩᠰᠢᠯᠭ᠎ᠠ ᠶᠢᠨ ᠶᠠᠪᠤᠴᠠ ᠳᠤ ᠦᠵᠡᠯᠲᠡ ᠲᠠᠨᠢᠯᠲᠠ ᠪᠠᠨ ᠪᠤᠰᠤᠳ ᠲᠠᠢ ᠬᠤᠪᠢᠶᠠᠯᠴᠠᠬᠤ ᠦᠭᠡᠢ᠃ 

      ᠳᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢ ᠶᠢᠨ ︽ᠰᠣᠳᠤᠨ ᠪᠦᠲᠦᠭᠡᠯ ᠤᠨ ᠣᠡᠭᠰᠢᠯᠭ᠎ᠠ︾ ᠳᠤ

ᠲᠣᠬᠢᠷᠠᠭᠰᠠᠨ ᠰᠢᠯᠭᠠᠯᠲᠠ ᠶᠢᠨ ᠰᠡᠳᠤᠪ ᠭᠠᠷᠭᠠᠬᠤ ᠨᠢ ᠮᠠᠨᠤᠰ ᠤᠨ ᠤᠷᠲᠦ ᠬᠤᠭᠤᠴᠠᠭᠠᠨ ᠤ ᠰᠤᠳᠤᠯᠭᠠᠨ ᠤ

ᠶᠠᠪᠤᠴᠠ ᠮᠥᠨ᠃ ᠶᠠᠭ ᠡᠶᠢᠮᠦᠷᠬᠦᠦ ᠬᠠᠷᠠᠯᠲᠠ ᠲᠠᠢ᠂ ᠠᠷᠭ᠎ᠠ ᠠᠪᠴᠠᠯ ᠲᠠᠢ᠂ ᠵᠣᠬᠢᠶᠠᠨ ᠪᠠᠶᠢᠭᠤᠯᠤᠯᠲᠠ ᠲᠠᠢ᠂

ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠲᠠᠢ᠂ ᠦᠨᠡᠯᠡᠯᠲᠡ ᠶᠢᠨ ᠰᠢᠰᠲ᠋ᠧᠮ ᠲᠣᠭᠲᠠᠯᠴᠠᠭ᠎ᠠ ᠲᠠᠢ ︽ᠰᠣᠳᠤᠨ

ᠪᠦᠲᠦᠭᠡᠯ ᠤᠨ ᠣᠡᠭᠰᠢᠯᠭ᠎ᠠ︾ ᠶᠢᠨ ᠬᠢᠴᠢᠶᠡᠯᠯᠡᠭᠡ ᠶᠢᠨ ᠰᠡᠳᠤᠪ ᠰᠤᠳᠤᠯᠭᠠᠨ ᠬᠢᠬᠦ ᠨᠢ ᠮᠠᠨ ᠤ ᠬᠡᠯᠡ ᠪᠢᠴᠢᠭ ᠤᠨ

ᠪᠠᠭᠰᠢ ᠨᠠᠷ ᠤᠨ ︽ᠵᠢᠭᠠᠬᠤ︾ ᠨᠢ ︽ᠵᠢᠭᠠᠬᠤ ᠦᠭᠡᠢ︾ ᠶᠢᠨ ᠲᠥᠯᠦᠭᠡ ᠳᠤ ᠦᠢᠯᠡᠴᠢᠯᠡᠬᠦ ᠰᠤᠳᠤᠯᠭᠠᠨ          

ᠮᠥᠨ᠃ ᠮᠥᠨ ᠴᠦ ᠰᠤᠷᠤᠭᠴᠢᠳ ᠤᠨ ᠨᠠᠰᠤᠨ ᠲᠤᠷᠰᠢᠲᠠ ᠶᠢᠨ ᠰᠤᠷᠤᠯᠴᠠᠬᠤ ᠴᠢᠳᠠᠪᠦᠷᠢ ᠶᠢ ᠬᠥᠮᠦᠵᠢᠭᠦᠯᠵᠦ

ᠳᠡᠶᠢᠯᠬᠦ ᠪᠤᠶᠠᠨᠰᠠᠭ ᠠᠵᠢᠯᠯᠠᠭ᠎ᠠ ᠮᠥᠨ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠲᠦᠡᠭᠯᠢᠶᠤᠤ ᠬᠤᠳᠠ ᠶᠢᠨ ᠮᠤᠩᠭᠤᠯ 

                              ᠦᠨᠳᠤᠰᠤᠳᠠᠨ ᠤ ᠰᠤᠷᠭᠠᠭᠤᠯᠢ

                              ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号