ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ — ᠬᠥᠬᠡᠬᠤᠲᠠ ᠶᠢᠨ ᠲᠥᠮᠡᠳ ᠳᠤᠮᠳᠠᠳᠤ ᠰᠤᠷᠭᠠᠭᠤᠯᠢ ᠶᠢᠨ ᠲᠠᠷᠢᠶᠠᠨ ᠵᠠᠬ᠎ᠠ ᠳᠤ ᠰᠣᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/10/24
      ᠬᠥᠳᠡᠯᠮᠦᠷᠢ ᠶᠢᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠢ ᠬᠢᠴᠢᠶᠡᠯ ᠤᠨ ᠭᠡᠷ ᠠᠴᠠ ᠭᠠᠷᠭᠠᠨ᠂ ᠠᠮᠢᠳᠤᠷᠠᠯ ᠳᠤ ᠭᠦᠨᠵᠡᠭᠡᠶᠢᠷᠡᠭᠦᠯᠬᠦ ᠪᠠᠷ ᠬᠥᠲᠥᠯᠥᠨ ᠵᠢᠯᠣᠭᠤᠳᠴᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠠᠮᠢᠳᠤᠯᠢᠭᠵᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠬᠥᠬᠡᠬᠤᠲᠠ ᠶᠢᠨ ᠦᠴᠦᠸᠠᠨ ᠰᠢᠶᠠᠨ ᠤ ᠳ᠋ᠢᠩ ᠰᠢᠶᠠᠩ ᠶᠢᠩ ᠤᠨ ᠾᠧᠦ ᠵᠢᠶᠠ ᠭᠧᠦ ᠳᠣᠰᠬᠤᠨ ᠳᠤ ᠬᠦᠷᠴᠦ᠂ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠨ᠂ ᠰᠤᠷᠤᠭᠴᠢᠳ ᠤᠨ ᠬᠥᠳᠡᠯᠮᠦᠷᠢ ᠶᠢᠨ ᠤᠬᠠᠮᠰᠠᠷ ᠪᠠ ᠮᠡᠷᠭᠡᠵᠢᠯ ᠤᠨ ᠴᠢᠳᠠᠪᠤᠷᠢ ᠶᠢ ᠴᠢᠩᠭᠠᠷᠠᠭᠤᠯᠵᠤ᠂ ᠠᠵᠢᠯᠯᠠᠭ᠎ᠠ ᠪᠠ ᠮᠡᠳᠡᠯᠭᠡ ᠶᠢ ᠨᠢᠭᠡᠳᠭᠡᠬᠦ ᠶᠠᠪᠤᠴᠠ ᠳᠤ ᠰᠤᠷᠤᠭᠴᠢᠳ ᠤᠨ ᠰᠡᠳᠬᠢᠮᠵᠢ ᠶᠢᠨ ᠴᠢᠳᠠᠪᠤᠷᠢ ᠪᠠ ᠶᠡᠷᠦᠩᠬᠡᠢ ᠬᠡᠪ ᠪᠣᠯᠪᠠᠰᠤᠷᠠᠯ ᠢ ᠬᠥᠮᠥᠵᠢᠭᠦᠯᠪᠡ᠃

1.webp.jpg

      ᠰᠤᠷᠤᠭᠴᠢᠳ ᠨᠢᠭᠡᠨ ᠲᠠᠷᠢᠶᠠᠴᠢᠨ ᠠᠶᠢᠯ ᠤᠨ ᠲᠥᠮᠥᠰᠦᠨ ᠲᠠᠷᠢᠶᠠᠨ ᠳᠤ ᠬᠦᠷᠴᠦ᠂ ᠲᠡᠨᠳᠡ ᠲᠠᠷᠢᠶᠠᠴᠢᠨ

ᠠᠶᠢᠯ ᠰᠤᠷᠤᠭᠴᠢᠳ ᠲᠤ ᠪᠡᠭᠡᠯᠡᠢ ᠪᠠ ᠮᠠᠳᠠᠢ ᠲᠦᠭᠡᠭᠡᠵᠦ  ᠥᠭᠭᠦᠨ᠂ ᠲᠥᠮᠥᠰᠥ ᠬᠤᠷᠢᠶᠠᠬᠤ ᠠᠷᠭ᠎ᠠ ᠶᠢ

ᠲᠠᠨᠢᠯᠴᠠᠭᠤᠯᠪᠠ᠃

2.jpg

      ᠲᠠᠷᠢᠶᠠᠴᠢᠨ ᠠᠶᠢᠯ ᠤᠨ ᠵᠢᠯᠣᠭᠤᠳᠣᠯᠭ᠎ᠠ ᠪᠠᠷ᠂ ᠰᠤᠷᠤᠭᠴᠢᠳ ᠲᠥᠮᠥᠰᠦᠨ ᠤ ᠦᠷ᠎ᠡ ᠶᠢ ᠶᠠᠭᠠᠬᠢᠵᠤ

ᠰᠣᠩᠭᠤᠬᠤ ᠮᠡᠷᠭᠡᠵᠢᠯ ᠢ ᠡᠵᠡᠮᠰᠢᠵᠦ᠂ ᠤᠳᠠᠯ ᠦᠭᠡᠢ ᠨᠢᠭᠡ ᠲᠣᠮᠣ ᠤᠭᠤᠲᠠ ᠲᠥᠮᠥᠰᠥ ᠶᠢ ᠰᠣᠩᠭᠤᠨ          

ᠭᠠᠷᠭᠠᠪᠠ᠃ ᠥᠪᠡᠷ ᠤᠨ ᠬᠥᠳᠡᠯᠮᠦᠷᠢ ᠶᠢᠨ ᠦᠷ᠎ᠡ ᠪᠦᠲᠦᠭᠡᠯ ᠢᠶᠠᠨ ᠬᠠᠷᠠᠭᠠᠳ᠂ ᠰᠤᠷᠤᠭᠴᠢᠳ ᠲᠠᠷᠢᠶᠠᠯᠠᠩ

ᠦᠢᠯᠡᠳᠪᠦᠷᠢᠯᠡᠯ ᠤᠨ ᠬᠢᠯᠪᠠᠷ ᠪᠤᠰᠤ ᠪᠠ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠢ ᠨᠡᠩ ᠭᠦᠨᠵᠡᠭᠡᠢ ᠣᠶᠢᠯᠠᠭᠠᠪᠠ᠃

    

3.jpg

   

      ᠠᠵᠢᠯᠯᠠᠭ᠎ᠠ ᠨᠢ ᠪᠠᠰᠠ ᠨᠤᠲᠤᠭ ᠤᠨ ᠣᠨᠴᠠ ᠭᠠᠷᠤᠯᠲᠠ ︽ᠦᠴᠤᠸᠠᠨ ᠲᠥᠮᠥᠰᠥ︾᠎ ᠪᠠᠷ ᠰᠤᠳᠤᠯᠤᠨ

ᠰᠤᠷᠤᠯᠴᠠᠬᠤ ᠡᠲᠡᠭᠡᠳ ᠪᠣᠯᠭᠠᠨ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠤᠳᠤᠯᠭᠠᠨ ᠤ ᠴᠢᠨᠠᠷᠲᠠᠢ ᠰᠤᠷᠤᠯᠴᠠᠯᠭ᠎ᠠ

ᠥᠷᠨᠢᠭᠦᠯᠵᠦ᠂ ᠠᠵᠢᠯᠯᠠᠭ᠎ᠠ ᠠᠴᠠ ᠡᠮᠦᠨ᠎ᠡ᠂ ᠡᠯ᠎ᠡ ᠰᠢᠨᠵᠢᠯᠡᠭᠡᠨ ᠤ ᠰᠠᠯᠠᠭᠠᠨ ᠤ ᠵᠢᠯᠣᠭᠤᠳᠬᠤ ᠪᠠᠭᠰᠢ          

ᠰᠤᠳᠤᠯᠤᠨ ᠰᠤᠷᠤᠯᠴᠠᠬᠤ ᠡᠭᠦᠷᠭᠡ ᠪᠠᠨ ᠨᠠᠷᠢᠯᠢᠭ ᠲᠥᠯᠥᠪᠯᠡᠵᠦ᠂ ᠰᠤᠷᠤᠭᠴᠢᠳ ᠢ ᠦᠢᠯᠡᠳᠦᠯᠭᠡ ᠶᠢᠨ          

ᠠᠵᠢᠯᠯᠠᠭᠠᠨ ᠤ ᠶᠠᠪᠤᠴᠠ ᠳᠤ ᠦᠴᠤᠸᠠᠨ ᠲᠥᠮᠥᠰᠦᠨ ᠤ ᠲᠡᠦᠬᠡ ᠶᠢᠨ ᠢᠷᠡᠯᠲᠡ᠂ ᠲᠠᠷᠢᠬᠤ ᠨᠥᠬᠦᠴᠡᠯ᠂ ᠠᠵᠤ

ᠦᠢᠯᠡᠰ ᠤᠨ ᠬᠥᠭᠵᠢᠯᠲᠡ ᠪᠠ ᠠᠯᠤᠰ ᠢᠷᠡᠭᠡᠳᠦᠢ ᠵᠡᠷᠭᠡ ᠶᠢ ᠰᠦᠪᠡᠭᠴᠢᠯᠡᠨ ᠰᠤᠳᠤᠯᠬᠤ ᠪᠠᠷ ᠬᠥᠲᠦᠯᠦᠨ

ᠵᠢᠯᠣᠭᠤᠳᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠪᠠᠰᠠ ᠰᠤᠳᠤᠯᠤᠨ ᠰᠤᠷᠤᠯᠴᠠᠬᠤ

ᠡᠭᠦᠷᠭᠡ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠬᠠᠷᠢᠭᠤ ᠮᠡᠳᠡᠭᠦᠯᠦᠯᠲᠡ ᠬᠢᠵᠦ ᠳᠡᠯᠭᠡᠨ ᠦᠵᠡᠭᠦᠯᠵᠦ᠂

ᠰᠤᠳᠤᠯᠤᠨ ᠰᠤᠷᠤᠯᠴᠠᠭᠰᠠᠨ ᠦᠷ᠎ᠡ ᠪᠦᠲᠦᠭᠡᠯ ᠢᠶᠠᠨ ᠬᠤᠪᠢᠶᠠᠯᠴᠠᠪᠠ᠃

      ᠠᠵᠢᠯᠯᠠᠭᠠᠨ ᠤ ᠶᠠᠪᠤᠴᠠ ᠳᠤ᠂ ᠰᠢᠨᠵᠢᠯᠡᠭᠡᠨ ᠤ ᠰᠠᠯᠠᠭᠠᠨ ᠤ ᠵᠢᠯᠣᠭᠤᠳᠬᠤ ᠪᠠᠭᠰᠢ ᠲᠤᠬᠠᠢ ᠶᠢᠨ ᠭᠠᠵᠠᠷ ᠲᠤ

᠎ ᠨᠢ ᠠᠬᠤᠢ ᠲᠠᠯᠠᠪᠠᠢ ᠶᠢᠨ ᠵᠢᠭᠠᠨ ᠰᠤᠷᠭᠠᠯᠲᠠ ᠬᠢᠵᠦ᠂ ᠰᠤᠷᠤᠭᠴᠢᠳ ᠲᠤ ᠦᠴᠤᠸᠠᠨ ᠲᠥᠮᠥᠰᠥᠨ ᠤ ᠥᠪᠡᠷᠮᠢᠴᠡ

ᠭᠠᠵᠠᠷ ᠵᠦᠢ ᠶᠢᠨ ᠳᠠᠪᠠᠭᠤᠯᠢᠭ ᠣᠨᠴᠠᠯᠢᠭ ᠪᠠ ᠤᠷᠭᠤᠯᠲᠠ ᠳᠤ ᠲᠣᠬᠢᠷᠠᠮᠵᠢᠲᠠᠢ ᠣᠷᠴᠢᠨ ᠲᠣᠭᠤᠷᠢᠨ ᠤ ᠲᠤᠬᠠᠢ

ᠲᠠᠶᠢᠯᠪᠤᠷᠢᠯᠠᠵᠤ᠂ ᠭᠤᠣᠯ ᠮᠥᠷᠡᠨ ᠬᠥᠷᠥᠰᠦ ᠭᠠᠵᠠᠷ ᠢ ᠳᠠᠭᠠᠷᠢᠨ ᠡᠯᠡᠭᠳᠡᠭᠦᠯᠵᠦ ᠪᠦᠷᠢᠯᠳᠦᠬᠦ ᠶᠠᠪᠤᠴᠠ ᠵᠡᠷᠭᠡ ᠶᠢ

ᠰᠤᠳᠤᠯᠤᠨ ᠶᠠᠷᠢᠯᠴᠠᠵᠤ᠂ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠪᠠᠶᠢᠨ ᠳᠠᠬᠢᠨ ᠠᠰᠠᠭᠤᠵᠤ᠂ ᠪᠠᠶᠢᠭᠠᠯᠢ ᠶᠢᠨ

ᠬᠢᠴᠢᠶᠡᠯ ᠤᠨ ᠲᠠᠩᠬᠢᠮ ᠠᠴᠠ ᠮᠡᠳᠡᠯᠭᠡ ᠬᠤᠷᠠᠮᠳᠤᠭᠤᠯᠪᠠ᠃

   

4.jpg

      ᠡᠨᠡ ᠤᠳᠠᠭᠠᠨ ᠤ ᠬᠢᠴᠢᠶᠡᠯ ᠲᠥᠷᠥᠯ ᠠᠯᠤᠰᠯᠠᠭᠰᠠᠨ ᠰᠤᠳᠤᠯᠭᠠᠨ ᠤ ᠴᠢᠨᠠᠷᠲᠠᠢ ᠰᠣᠳᠤᠯᠤᠨ ᠰᠤᠷᠤᠯᠴᠠᠵᠤ

ᠦᠢᠯᠡᠳᠦᠯᠭᠡᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠡᠯᠪᠡᠭ ᠪᠠᠶᠠᠯᠢᠭ ᠮᠡᠳᠡᠯᠭᠡ ᠶᠢ

ᠡᠵᠡᠮᠰᠢᠭᠰᠡᠨ ᠢᠶᠠᠷ ᠪᠠᠷᠠᠬᠤ ᠦᠭᠡᠢ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢᠶᠠᠨ

ᠨᠡᠮᠡᠭᠳᠡᠭᠦᠯᠵᠦ᠂ ︽ᠲᠥᠷᠥ ᠶᠢᠨ ᠪᠣᠳᠣᠯᠭ᠎ᠠ ᠪᠠᠷ ᠲᠠᠷᠢᠶᠠᠴᠢᠳ ᠲᠤ ᠠᠰᠢᠭ ᠬᠦᠷᠲᠡᠭᠡᠬᠦ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ᠂ ᠦᠢᠯᠡᠴᠢᠯᠡᠭᠡ ᠪᠠᠷ ᠲᠠᠷᠢᠶᠠᠯᠠᠩ ᠢ ᠳᠡᠮᠵᠢᠬᠦ︾ ᠴᠢᠬᠤᠯᠠ

ᠠᠴᠢ ᠬᠤᠯᠪᠣᠭᠳᠠᠯ ᠢ ᠰᠢᠭᠤᠳ ᠣᠶᠢᠯᠠᠭᠠᠵᠤ᠂ ᠲᠡᠳᠡᠨ ᠤ ᠬᠥᠳᠡᠯᠮᠦᠷᠢ ᠶᠢ ᠬᠠᠶᠢᠷᠠᠯᠠᠬᠤ᠂ ᠬᠥᠳᠡᠯᠮᠦᠷᠢ ᠶᠢ

ᠬᠦᠨᠳᠦᠳᠬᠡᠬᠦ ᠰᠠᠶᠢᠨ ᠰᠠᠶᠢᠬᠠᠨ ᠬᠡᠪ ᠴᠢᠨᠠᠷ ᠪᠠ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠯᠠᠩ ᠢ ᠬᠥᠭᠵᠢᠭᠦᠯᠬᠦ᠂

ᠤᠯᠤᠰ ᠢᠶᠠᠨ ᠬᠦᠴᠦᠷᠭᠡᠭᠵᠢᠭᠦᠯᠬᠦ ᠳᠤ ᠪᠢ ᠪᠣᠢ ᠭᠡᠬᠦ ᠬᠠᠷᠢᠭᠤᠴᠠᠯᠭᠠᠲᠤ ᠰᠡᠳᠬᠢᠯᠭᠡ ᠎ ᠶᠢ ᠪᠣᠶᠢᠵᠢᠭᠤᠯᠤᠨ

ᠬᠥᠮᠥᠵᠢᠭᠦᠯᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号