ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ 2024 ᠣᠨ ᠤ ᠲᠥᠷᠦᠯ ᠵᠦᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/10/24
ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠲᠥᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠠᠶᠢᠮᠠᠭ ᠬᠤᠲᠠ ᠶᠢᠨ ᠰᠤᠷᠭᠠᠭᠤᠯᠢ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠬᠢᠨᠠᠨ ᠳᠣᠭᠲᠠᠭᠠᠬᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠰᠢᠶᠡᠷᠡᠬᠦ ᠪᠠᠷ ᠳᠠᠮᠵᠢᠨ᠂ ᠡᠳᠦᠭᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ 2024 ᠣᠨ ᠤ ᠲᠥᠷᠦᠯ ᠵᠦᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠪᠡ᠃      ᠢᠯᠡ ᠨᠡᠶᠢᠲᠡᠯᠡᠬᠦ ᠴᠠᠭ 2024 ᠣᠨ ᠤ 10 ᠰᠠᠷ᠎ᠠ ᠶᠢᠨ 22- 29 ᠤ ᠡᠳᠦᠷ᠂ ᠢᠯᠡ ᠨᠡᠶᠢᠲᠡᠯᠡᠬᠦ ᠬᠤᠭᠤᠴᠠᠭ᠎ᠠ 5 ᠠᠵᠢᠯᠯᠠᠬᠤ ᠡᠳᠦᠷ ᠪᠣᠯᠤᠨ᠎ᠠ᠃      ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ ᠳᠤ ᠲᠣᠬᠢᠷᠠᠭᠤᠯᠪᠠ︶ ᠲᠤ ᠳᠤᠷᠠᠳᠬᠤ ᠶᠢᠨ ᠬᠠᠮᠲᠤ ᠴᠢᠬᠤᠯᠠ ᠪᠦᠬᠦᠢ ᠭᠡᠷᠡᠴᠢ ᠪᠠᠷᠢᠮᠲᠠ ᠪᠠᠨ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠬᠦ ᠬᠡᠷᠡᠭᠲᠡᠢ᠃ ᠰᠠᠨᠠᠯ ᠳᠤᠷᠠᠳᠤᠭᠰᠠᠳ ᠡᠷᠬᠡᠪᠰᠢ ᠲᠤᠰ ᠬᠥᠮᠦᠨ ᠤ ᠦᠨᠡᠨ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠤᠲᠠᠰᠤ ᠵᠡᠷᠭᠡ ᠬᠦᠴᠦᠨ ᠪᠦᠬᠦᠢ ᠮᠡᠳᠡᠭᠡ ᠵᠠᠩᠭᠢ ᠪᠠᠨ ᠬᠠᠩᠭᠠᠵᠤ ︵ᠮᠠᠨ ᠤ ᠠᠯᠪᠠᠨ ᠭᠡᠷ ᠨᠢᠭᠤᠴᠠ ᠶᠢ ᠴᠢᠩᠭ᠎ᠠ ᠬᠠᠮᠠᠭᠠᠯᠠᠨ᠎ᠠ︶᠂ ᠨᠡᠷ᠎ᠡ ᠪᠤᠷᠤᠭᠤᠯᠠᠭᠰᠠᠨ᠂ ᠬᠠᠭᠤᠷᠮᠠᠭᠯᠠᠨ ᠵᠣᠬᠢᠶᠠᠭᠰᠠᠨ ᠪᠤᠶᠤ ᠬᠤᠭᠤᠴᠠᠭ᠎ᠠ ᠠᠴᠠ ᠬᠡᠲᠦᠷᠡᠭᠰᠡᠨ ᠰᠠᠨᠠᠯ ᠪᠦᠬᠦᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠬᠠᠷᠢᠯᠴᠠᠬᠤ ᠤᠲᠠᠰᠤ᠄ 0471 - 2856420      ︵ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30 - 17᠄ 30︶      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠢᠤᠳᠠᠨ ᠨᠣᠮᠧᠷ᠄ 010011      ᠳᠠᠭᠠᠯᠳᠤᠭᠤᠯᠤᠯ᠄       1. 2024 ᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠦᠯ ᠵᠦᠢᠯ ᠢ ᠳᠣᠭᠲᠠᠭᠠᠭᠰᠠᠨ ᠨᠡᠷᠡᠰ      2. ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠲᠤᠰᠬᠠᠢ ᠲᠥᠷᠦᠯ ᠵᠦᠢᠯ ᠢ ᠲᠣᠭᠲᠠᠭᠠᠭᠰᠠᠨ ᠨᠡᠷᠡᠰ      3. ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠵᠣᠬᠢᠶᠠᠨ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠲᠤᠰᠬᠠᠢ ᠲᠥᠷᠥᠯ ᠵᠦᠢᠯ ᠢ ᠲᠣᠭᠲᠠᠭᠠᠭᠰᠠᠨ ᠨᠡᠷᠡᠰ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ       ᠤᠬᠠᠭᠠᠨ ᠤ ᠰᠣᠳᠤᠯᠭᠠᠨ ᠤ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ              2024 ᠣᠨ ᠤ 10 ᠰᠠᠷ᠎ᠠ ᠶᠢᠨ 22 ᠤᠨ ᠡᠳᠦᠷᠳᠠᠭᠠᠯᠳᠤᠭᠤᠯᠤᠯ ᠄ 1. 2024 ᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠦᠯ ᠵᠦᠢᠯ ᠢ ᠳᠣᠭᠲᠠᠭᠠᠭᠰᠠᠨ ᠨᠡᠷᠡᠰ.xlsxᠳᠠᠭᠠᠯᠳᠤᠭᠤᠯᠤᠯ᠄ 2. ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠲᠤᠰᠬᠠᠢ ᠲᠥᠷᠦᠯ ᠵᠦᠢᠯ ᠢ ᠲᠣᠭᠲᠠᠭᠠᠭᠰᠠᠨ ᠨᠡᠷᠡᠰ.xlsxᠳᠠᠭᠠᠯᠳᠤᠭᠤᠯᠤᠯ : 3. ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠵᠣᠬᠢᠶᠠᠨ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠲᠤᠰᠬᠠᠢ ᠲᠥᠷᠥᠯ ᠵᠦᠢᠯ ᠢ ᠲᠣᠭᠲᠠᠭᠠᠭᠰᠠᠨ ᠨᠡᠷᠡᠰ.xlsx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号