ᠪᠦᠬᠦ ᠣᠷᠣᠨ ᠤ ᠵᠢᠭᠠᠬᠤ ᠶᠢ ᠰᠣᠳᠤᠯᠬᠤ ᠶᠢᠨ ᠰᠤᠷᠭᠠᠭᠤᠯᠢ ᠶᠢ ᠬᠤᠯᠪᠤᠭᠠᠯᠠᠨ ᠳᠠᠭᠠᠭᠠᠴᠢᠯᠠᠬᠤ ᠠᠵᠢᠯ ᠢ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/24
      ᠵᠢᠭᠠᠬᠤ ᠶᠢ ᠰᠤᠳᠤᠯᠤᠭᠴᠢ ᠠᠴᠠ ᠰᠤᠷᠭᠠᠭᠤᠯᠢ ᠶᠢ ᠬᠤᠯᠪᠤᠭᠠᠯᠠᠨ ᠳᠠᠭᠠᠭᠠᠴᠢᠯᠠᠬᠤ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠢᠭᠠᠬᠤ ᠶᠢ ᠰᠤᠳᠤᠯᠬᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠠᠬᠤ ᠶᠢ ᠰᠤᠳᠤᠯᠬᠤ ᠪᠠᠶᠢᠭᠤᠯᠤᠮᠵᠢ ᠶᠢᠨ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 21- 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠠᠴᠠ ᠪᠦᠬᠦ ᠣᠷᠣᠨ ᠤ ᠵᠢᠭᠠᠬᠤ ᠶᠢ ᠰᠤᠳᠤᠯᠬᠤ ᠶᠢᠨ ᠰᠤᠷᠭᠠᠭᠤᠯᠢ ᠶᠢ ᠬᠤᠯᠪᠤᠭᠠᠯᠠᠨ ᠳᠠᠭᠠᠭᠠᠴᠢᠯᠠᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   

1.webp.png

      ᠬᠤᠷᠠᠯ ᠠᠴᠠ᠂ ᠡᠨᠡ ᠤᠳᠠᠭᠠᠨ ᠤ ᠬᠤᠷᠠᠯ ᠢ ᠬᠤᠷᠠᠯᠳᠤᠭᠤᠯᠵᠤ ᠪᠠᠶᠢᠭ᠎ᠠ ᠵᠣᠷᠢᠯᠭ᠎ᠠ ᠪᠣᠯ ᠪᠦᠬᠦ ᠣᠷᠣᠨ ᠤ

ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠳᠠᠶᠢᠴᠢᠯᠠᠨ᠂ ᠰᠤᠷᠭᠠᠨ

ᠬᠥᠮᠦᠵᠢᠯ ᠤᠨ ᠶᠠᠮᠤᠨ ᠤ ︽ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭᠠᠨ ᠤ ᠲᠥᠰᠦᠯ︾ ᠤᠨ ᠱᠠᠭᠠᠷᠳᠠᠯᠭ᠎ᠠ ᠶᠢ ᠢᠳᠡᠪᠬᠢᠲᠡᠢ

ᠨᠠᠶᠢᠳᠠᠪᠤᠷᠢᠵᠢᠭᠤᠯᠵᠤ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ︽ᠲᠠᠪᠤᠨ ᠶᠡᠭᠡ ᠠᠵᠢᠯᠯᠠᠭ᠎ᠠ︾ ᠶᠢ

ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ

ᠴᠢᠨᠰᠠᠭ᠎ᠠ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠠᠭᠤᠷᠢ ᠰᠤᠷᠭᠠᠨ

ᠬᠥᠮᠦᠵᠢᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ

ᠪᠦᠰᠡ ᠶᠢᠨ ᠬᠢᠴᠢᠶᠡᠯ ᠤᠨ ᠤᠳᠤᠷᠢᠳᠬᠤ ᠬᠦᠴᠦᠨ ᠤ ᠪᠠᠶᠢᠭᠤᠯᠤᠯᠲᠠ᠂ ᠬᠢᠴᠢᠶᠡᠯ ᠤᠨ ᠲᠠᠩᠬᠢᠮ ᠤᠨ ᠵᠢᠭᠠᠨ

ᠰᠤᠷᠭᠠᠯᠲᠠ ᠶᠢᠨ ᠠᠷᠭ᠎ᠠ ᠬᠡᠯᠪᠡᠷᠢ ᠶᠢ ᠰᠠᠶᠢᠵᠢᠷᠠᠭᠤᠯᠬᠤ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ

ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ

ᠪᠣᠯᠤᠨ ︽ᠬᠤᠶᠠᠷ ᠢ ᠬᠥᠩᠭᠡᠷᠡᠭᠦᠯᠬᠦ︾ ᠰᠤᠳᠤᠯᠭᠠᠨ ᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠢᠯᠡᠳᠲᠡ

ᠠᠬᠢᠴᠠ ᠲᠠᠢ ᠪᠣᠯᠬᠤ ᠬᠡᠷᠡᠭᠲᠡᠢ᠃  ᠲᠣᠭᠠᠵᠢᠭᠤᠯᠤᠭᠰᠠᠨ ᠵᠢᠭᠠᠬᠤ ᠶᠢ ᠰᠤᠳᠤᠯᠬᠤ ᠶᠢᠨ ᠳᠠᠪᠠᠭᠤᠯᠢᠭ ᠢ ᠤᠯᠠᠮ ᠨᠢᠭᠡ

ᠠᠯᠬᠤᠮ ᠪᠠᠳᠠᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠪᠣᠯᠤᠨ ᠵᠢᠭᠠᠨ ᠰᠤᠷᠭᠠᠯᠲᠠ ᠶᠢᠨ ᠭᠦᠨᠵᠡᠭᠡᠢ

ᠠᠭᠤᠰᠤᠯᠴᠠᠭ᠎ᠠ ᠶᠢ ᠠᠬᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠦᠨᠡᠨ ᠬᠦ ᠠᠰᠢᠭ ᠬᠦᠷᠲᠡᠭᠡᠬᠦ

ᠬᠡᠷᠡᠭᠲᠡᠢ᠃ ᠵᠢᠭᠠᠬᠤ ᠶᠢ ᠰᠤᠳᠤᠯᠬᠤ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂

ᠰᠢᠨᠵᠢᠯᠡᠬᠦ ᠤᠬᠠᠭᠠᠨ ᠤ ᠰᠤᠳᠤᠯᠭᠠᠨ ᠤ ᠵᠥᠪ ᠦᠵᠡᠯᠲᠡ᠂ ᠦᠢᠯᠡᠴᠢᠯᠡᠭᠡᠨ ᠤ ᠦᠵᠡᠯᠲᠡ ᠶᠢ ᠪᠣᠢ ᠪᠣᠯᠭᠠᠵᠤ᠂

ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠶᠡᠭᠡ ᠲᠠᠯ᠎ᠠ ᠳᠤ

ᠰᠠᠶᠢᠲᠤᠷ ᠦᠢᠯᠡᠴᠢᠯᠡᠬᠦ ᠬᠡᠷᠡᠭᠲᠡᠢ᠃ ᠵᠢᠭᠠᠬᠤ ᠶᠢ ᠰᠣᠳᠤᠯᠬᠤ ᠶᠢᠨ ᠬᠤᠯᠪᠤᠭᠠᠯᠠᠨ ᠳᠠᠭᠠᠭᠠᠴᠢᠯᠠᠬᠤ ᠠᠵᠢᠯ ᠢ ᠦᠨᠡᠨ

ᠬᠦ ᠰᠠᠶᠢᠲᠤᠷ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢ ᠬᠠᠪᠰᠤᠷᠤᠨ

ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠶᠠᠪᠤᠴᠠ ᠳᠠᠬᠢ ᠬᠦᠨᠳᠦ ᠬᠦᠴᠢᠷ ᠠᠰᠠᠭᠤᠳᠠᠯ ᠢ

ᠰᠢᠰᠲ᠋ᠧᠮᠵᠢᠭᠦᠯᠦᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠪᠣᠯᠤᠨ ᠬᠡᠰᠡᠭ ᠬᠤᠰᠢᠭᠤ ᠰᠢᠶᠠᠨ ᠤ ᠵᠢᠭᠠᠬᠤ  ᠶᠢ ᠰᠤᠳᠤᠯᠬᠤ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠴᠢᠶᠡᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠪᠣᠯᠤᠨ

ᠰᠤᠷᠭᠠᠭᠤᠯᠢ ᠶᠢᠨ ᠠᠵᠢᠯ ᠤᠨ ᠠᠬᠢᠴᠠ ᠶᠢ ᠬᠤᠯᠪᠤᠭᠠᠯᠠᠨ ᠳᠠᠭᠠᠭᠠᠴᠢᠯᠠᠬᠤ ᠰᠠᠨᠠᠯ ᠢᠶᠠᠨ ᠰᠣᠯᠢᠯᠴᠠᠵᠤ᠂ ᠬᠤᠷᠠᠯ ᠠᠴᠠ

ᠣᠳᠣᠬᠠᠨ ᠤ ᠵᠢᠭᠠᠬᠤ ᠶᠢ ᠰᠤᠳᠤᠯᠬᠤ ᠠᠵᠢᠯ ᠤᠨ ᠲᠤᠷᠰᠢᠯᠭ᠎ᠠ ᠪᠣᠯᠤᠨ ᠬᠦᠷᠦᠯᠴᠡᠬᠦ ᠦᠭᠡᠢ ᠲᠠᠯ᠎ᠠ ᠶᠢ ᠳᠤᠭᠤᠶᠢᠯᠠᠩ

ᠬᠤᠪᠢᠶᠠᠨ ᠰᠤᠳᠤᠯᠤᠨ ᠶᠠᠷᠢᠯᠴᠠᠵᠤ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠤᠨ

ᠱᠠᠭᠠᠷᠳᠠᠯᠭ᠎ᠠ ᠶᠢ ᠲᠣᠳᠣᠷᠬᠠᠶᠢᠯᠠᠪᠠ᠃

2.webp.png

      ᠪᠦᠬᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠵᠢᠭᠠᠬᠤ ᠶᠢ

ᠰᠤᠳᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号