ᠲᠤᠭᠠᠨ ᠤ ᠤᠬᠠᠭᠠᠨ ᠤ ᠬᠢᠴᠢᠶᠡᠯᠯᠡᠭᠡ ᠳᠤ ᠭᠡᠷᠬᠢᠨ ᠪᠠᠶ᠎ᠠ ᠪᠠᠨ ᠲᠠᠭᠠᠭᠠᠨ ᠰᠤᠷᠴᠤ ᠰᠤᠳᠤᠯᠬᠤ ᠪᠤᠢ
ᠨᠡᠶᠢᠲᠡᠯᠡᠭᠰᠡᠨ ᠴᠠᠭ᠄
2024/10/28
                         ᠰᠠᠴᠠᠨ

教学研究3.png

 

      ᠪᠡᠶ᠎ᠡ ᠪᠠᠨ ᠲᠠᠭᠠᠭᠠᠵᠤ ᠰᠤᠷᠴᠤ ᠰᠤᠳᠤᠯᠬᠤ ᠪᠤᠯ ᠰᠤᠷᠤᠭᠴᠢᠳ ᠤᠨ ᠬᠦᠳᠡᠯᠤᠩᠬᠦᠢ ᠰᠤᠷᠤᠯᠴᠠᠬᠤ ᠤᠪᠤᠷ

ᠮᠦᠨ᠃ ᠰᠤᠷᠤᠭᠴᠢ ᠪᠦᠷᠢ ᠨᠢ ᠦᠪᠡᠷ ᠤᠨ ᠰᠡᠳᠬᠢᠴᠠ ᠲᠠᠢ ᠰᠤᠷᠤᠯᠴᠠᠬᠤ ᠪᠤᠯ ᠲᠡᠳᠡᠨ ᠤ ᠡᠬᠦᠷᠭᠡ ᠮᠥᠷᠲᠡᠭᠡᠨ

ᠦᠪᠡᠷ ᠤᠨ ᠬᠢᠪᠡᠰᠤ ᠵᠤᠬᠢᠬᠤ ᠶᠠᠪᠤᠳᠠᠯ ᠮᠦᠨ᠃ ᠪᠠᠭᠰᠢ ᠲᠡᠳᠡᠨ ᠢ ᠤᠷᠤᠯᠠᠵᠤ ᠪᠤᠯᠬᠤ ᠦᠭᠡᠢ᠂ ᠤᠷᠤᠯᠠᠵᠤ ᠴᠤ

ᠲᠡᠶᠢᠯᠬᠦ ᠦᠭᠡᠢ᠂ ᠪᠠᠭᠰᠢ ᠵᠦᠪᠭᠡᠨ ᠲᠡᠳᠡᠨ ᠳᠤ ᠰᠡᠩᠬᠡᠷᠡᠬᠦᠯᠤᠨ ᠵᠢᠯᠤᠭᠤᠳᠬᠤ ᠦᠢᠯᠡᠳᠤᠯ ᠦᠵᠡᠭᠦᠯᠵᠤ          

ᠪᠠᠶᠢᠨ᠎ᠠ᠃ ᠪᠠᠶ᠎ᠠ ᠪᠠᠨ ᠲᠠᠭᠠᠭᠠᠵᠤ ᠰᠤᠷᠴᠤ ᠰᠤᠳᠤᠯᠵᠤ ᠴᠢᠳᠠᠬᠤ ᠰᠤᠷᠤᠭᠴᠢ ᠨᠢ ᠮᠡᠳᠡᠯᠭᠡ ᠶᠢ ᠡᠵᠡᠮᠰᠢᠬᠦ ᠬᠦᠰᠡᠯ

ᠡᠷᠡᠮᠡᠯᠵᠡᠯ ᠢᠶᠠᠷ ᠴᠢᠩᠭ᠎ᠠ ᠮᠥᠷᠲᠡᠭᠡᠨ ᠰᠡᠳᠬᠢᠵᠦ ᠪᠤᠳᠤᠯᠬᠢᠯᠠᠬᠤ ᠲᠤᠷᠠᠳᠠᠢ ᠪᠠᠶᠢᠵᠤ᠂ ᠠᠰᠠᠭᠤᠯᠳᠠ ᠲᠤᠷᠠᠳᠬᠤ

ᠵᠤᠷᠢᠭᠳᠠᠢ ᠪᠠᠶᠢᠳᠠᠭ᠃

      ᠨᠢᠭᠡ᠂ ᠵᠢᠭᠠᠨ ᠰᠤᠷᠭᠠᠯᠳᠠ ᠳᠤ ᠤᠷᠤᠰᠢᠵᠤ ᠪᠠᠶᠢᠭ᠎ᠠ ᠠᠰᠠᠭᠤᠳᠠᠯ

      1. ︽ᠪᠡᠶ᠎ᠡ ᠪᠠᠨ ᠲᠠᠭᠠᠭᠠᠵᠤ ᠰᠤᠷᠴᠤ ᠰᠤᠳᠤᠯᠬᠤ︾᠎ ᠶᠢ ᠮᠡᠳᠡᠬᠦ ᠦᠭᠡᠢ᠃ ᠰᠤᠷᠤᠭᠴᠢᠳ ᠪᠡᠶ᠎ᠠ ᠪᠠᠨ

ᠲᠠᠭᠠᠭᠠᠵᠤ ᠰᠤᠷᠴᠤ ᠰᠤᠳᠤᠯᠬᠤ ᠠᠷᠭ᠎ᠠ ᠠᠪᠴᠠᠯ ᠢᠶᠠᠨ ᠤᠯᠬᠤ ᠦᠭᠡᠢ ᠪᠠᠶᠢᠳᠠᠯ ᠢᠯᠠᠷᠡᠨ᠂ ᠨᠢᠭᠡ ᠪᠦᠯᠦᠭ

ᠰᠤᠷᠤᠭᠴᠢ ᠨᠢᠭᠡᠨᠳᠠ ᠬᠡᠪᠰᠢᠮᠡᠯ ᠵᠢᠭᠠᠨ ᠰᠤᠷᠭᠠᠯᠳᠠ ᠶᠢᠨ ᠠᠷᠭ᠎ᠠ ᠳᠤ ᠲᠠᠰᠤᠭᠰᠠᠨ ᠲᠤᠯᠠ᠂ ᠪᠠᠭᠰᠢ ᠶᠢᠨ ᠠᠮᠠ ᠶᠢ

ᠬᠠᠷᠠᠵᠤ᠂ ᠶᠠᠷᠢᠵᠤ ᠦᠭᠬᠦ ᠶᠢ ᠬᠦᠯᠢᠶᠡᠨ ᠰᠠᠭᠤᠬᠤ ᠦᠵᠡᠭᠳᠡᠯ ᠬᠦᠨᠳᠤ ᠨᠤᠴᠢᠳᠠᠢ ᠤᠷᠤᠰᠢᠵᠤ ᠪᠠᠶᠢᠨ᠎ᠠ᠃ ᠪᠠᠰᠠ

ᠵᠠᠷᠢᠮ ᠰᠤᠷᠤᠭᠴᠢ ᠦᠪᠡᠷ ᠤᠨ ᠪᠠᠶᠢᠳᠠᠯ ᠢᠶᠠᠨ ᠰᠠᠶᠢᠨ ᠤᠢᠢᠯᠠᠭᠠᠬᠤ ᠦᠭᠡᠢ᠂ ᠪᠠᠭᠰᠢ ᠠᠴᠠ ᠲᠡᠳᠡᠨ ᠳᠤ ᠬᠤᠪᠢᠨ ᠤ

ᠪᠠᠷᠢᠮᠵᠢᠶ᠎ᠠ ᠦᠭᠬᠦ ᠶᠢ ᠬᠦᠯᠢᠶᠡᠨ ᠰᠠᠭᠤᠳᠠᠭ᠃ ᠰᠤᠷᠤᠭᠴᠢᠳ ᠦᠪᠡᠷ ᠤᠨ ᠲᠦᠯᠤᠪᠯᠡᠭᠡ ᠦᠭᠡᠢ᠂ ᠪᠠᠭᠰᠢ ᠠᠴᠠ

ᠲᠦᠯᠤᠪᠯᠡᠵᠤ ᠦᠭᠬᠦ ᠶᠢ ᠬᠦᠯᠢᠶᠡᠨ ᠰᠠᠭᠤᠬᠤ ᠦᠵᠡᠭᠳᠡᠯ ᠴᠤ ᠵᠥᠩᠳᠡᠭᠡᠨ ᠬᠠᠷᠠᠭᠳᠠᠨ᠎ᠠ᠃

      2. ︽ᠨᠢᠭᠡ ᠪᠦᠯᠦᠭ ᠰᠤᠷᠤᠭᠴᠢ ᠪᠠᠶ᠎ᠠ ᠪᠠᠨ ᠲᠠᠭᠠᠭᠠᠵᠤ ᠰᠤᠷᠴᠤ ᠰᠤᠳᠤᠯᠬᠤ︾ ᠳᠤᠷ᠎ᠠ ᠦᠭᠡᠢ          

ᠪᠠᠶᠢᠳᠠᠬ᠃ ᠰᠤᠷᠤᠭᠴᠢᠳ ᠤᠨ ᠰᠤᠷᠤᠯᠴᠠᠬᠤ ᠤᠬᠠᠮᠰᠠᠷᠳᠤ ᠴᠢᠨᠠᠷ ᠳᠣᠣᠷ᠎ᠠ ᠎ ᠠᠴᠠ ᠪᠤᠯᠵᠤ᠂ ᠪᠤᠳᠠᠳᠤ ᠰᠡᠳᠤᠪ

ᠪᠣᠯᠪᠠᠰᠤᠷᠠᠯ ᠳᠤ ᠭᠠᠷ ᠲᠦᠷᠢᠵᠤ ᠴᠢᠳᠠᠬᠤ ᠦᠭᠡᠢ᠂ ᠦᠪᠡᠷ ᠤᠨ ᠪᠡᠶ᠎ᠡ ᠪᠠᠨ ᠬᠠᠶᠠᠵᠤ᠂ ᠪᠡᠶ᠎ᠡ ᠪᠠᠨ ᠴᠢᠩᠭ᠎ᠠ

ᠱᠠᠭᠠᠷᠳᠠᠬᠤ ᠲᠠᠯ᠎ᠠ ᠪᠠᠷ ᠳᠤᠲᠠᠮᠠᠭ ᠪᠠᠶᠢᠵᠤ᠂ ᠵᠠᠷᠢᠮ ᠰᠤᠷᠤᠭᠴᠢ ︽ᠪᠠᠷᠰ ᠤᠨ ᠲᠣᠯᠤᠭᠠᠢ ᠪᠠᠷ ᠡᠬᠢᠯᠡᠭᠦᠯᠵᠤ᠂

ᠮᠤᠭᠠᠢ ᠶᠢᠨ ᠰᠡᠭᠦᠯ ᠢᠶᠠᠷ ᠲᠡᠭᠦᠰᠭᠡᠬᠦ︾ ᠪᠠᠶᠢᠳᠠᠯ ᠴᠤ ᠵᠦᠡᠭᠳᠡᠭᠡᠨ ᠢᠯᠡᠷᠡᠵᠤ ᠪᠠᠶᠢᠳᠠᠬ᠃ ᠰᠤᠷᠤᠭᠴᠢ ᠶᠢᠨ

ᠰᠤᠷᠤᠯᠴᠠᠬᠤ ᠵᠣᠷᠢᠯᠭ᠎ᠠ ᠲᠤᠳᠤᠷᠬᠠᠢ ᠪᠢᠰᠢ᠂ ᠡᠴᠦᠰ ᠲᠤᠨᠢ ᠲᠤᠯᠲᠠᠯ᠎ᠠ ᠤᠳᠠᠭᠠᠨ ᠲᠠᠭᠠᠭᠠᠮᠠᠭᠠᠢ ᠪᠠᠷ ᠪᠠᠷᠢᠮᠳᠠᠯᠠᠬᠤ

ᠦᠵᠡᠯ ᠰᠠᠨᠠᠭ᠎ᠠ ᠲᠤᠳᠠᠮᠠᠬ ᠠᠴᠠ ᠪᠤᠯᠵᠤ᠂ ᠪᠡᠶ᠎ᠡ ᠪᠠᠨ ᠲᠠᠭᠠᠭᠠᠵᠤ ᠰᠡᠳᠬᠢᠬᠦ ᠳᠤᠷ᠎ᠠ ᠦᠭᠡᠢ ᠪᠣᠯᠴᠢᠬᠠᠳᠠᠭ᠃

      ① ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠠᠶᠢᠯᠭᠠᠵᠤ᠂

ᠰᠤᠷᠤᠭᠴᠢᠳ ᠤᠨ ᠰᠡᠳᠬᠢᠯ ᠤᠨ ᠲᠠᠷᠤᠭᠠᠰᠤ ᠶᠢ ᠬᠦᠡᠭᠬᠡᠯᠡᠵᠤ᠂ ᠲᠡᠳᠡᠨ ᠤ ᠪᠡᠶ᠎ᠡ ᠪᠠᠨ ᠲᠠᠭᠠᠭᠠᠬᠤ ᠴᠢᠨᠠᠷ ᠪᠤᠯᠤᠨ

ᠬᠦᠳᠡᠯᠤᠩᠬᠦᠢ ᠴᠢᠨᠡᠷ ᠢ ᠲᠠᠶᠢᠴᠢᠯᠡᠵᠤ᠂ ᠪᠠᠭᠰᠢ ᠪᠠ ᠰᠤᠷᠤᠭᠴᠢ᠂ ᠰᠤᠷᠤᠭᠴᠢ ᠪᠠ ᠰᠤᠷᠤᠭᠴᠢ ᠬᠠᠮᠵᠢᠯᠴᠠᠬᠤ ᠪᠠᠷ

ᠲᠠᠮᠵᠢᠨ ᠶᠠᠷᠢᠯᠴᠠᠬᠤ᠂ ᠰᠦᠪᠡᠭᠴᠢᠯᠡᠬᠦ᠂ ᠰᠤᠳᠤᠯᠬᠤ ᠠᠵᠢᠯᠯᠠᠭ᠎ᠠ ᠶᠢ ᠪᠡᠶᠡᠯᠡᠬᠦᠯᠤᠨ᠂ ᠲᠠᠳᠠᠨ ᠤ ᠬᠠᠮᠵᠢᠯᠴᠠᠬᠤ᠂

ᠬᠠᠷᠢᠯᠴᠠᠨ ᠰᠤᠷᠤᠯᠴᠠᠬᠤ ᠦᠵᠡᠯ ᠤᠬᠠᠮᠰᠠᠷ ᠢ ᠲᠡᠭᠡᠭᠰᠢᠯᠡᠭᠦᠯᠦᠭᠰᠡᠨ ᠪᠠᠶᠢᠨ᠎ᠠ᠃

      ② ᠲᠤᠰ ᠰᠤᠳᠤᠯᠭᠠᠨ ᠢ ᠶᠠᠪᠤᠭᠳᠠᠭᠤᠯᠤᠭᠰᠠᠨ ᠤ ᠦᠷ᠎ᠠ ᠳ᠋ᠦᠩ ᠳᠤ᠂ ᠰᠤᠷᠤᠭᠴᠢᠳ ᠤᠨ ᠪᠡᠶ᠎ᠡ ᠪᠠᠨ

ᠲᠠᠭᠠᠭᠠᠵᠤ ᠰᠤᠷᠴᠤ ᠰᠤᠳᠤᠯᠬᠤ ᠶᠢ ᠬᠦᠳᠦᠯᠵᠤ ᠴᠢᠳᠠᠭᠰᠠᠨ ᠪᠠᠶᠢᠨ᠎ᠠ᠃ ᠡᠨᠡ ᠨᠢ ᠰᠤᠷᠤᠭᠴᠢᠳ ᠤᠨ ᠪᠤᠰᠤᠳ

ᠲᠥᠷᠦᠯ ᠤᠨ ᠬᠢᠴᠢᠶᠡᠯ ᠢ ᠰᠤᠷᠬᠤ ᠳᠤ ᠯᠠᠪᠯᠠᠯᠳᠠ᠂ ᠦᠯᠢᠭᠡᠷ ᠵᠢᠱᠢᠶ᠎ᠡ ᠪᠤᠯᠬᠤ ᠶᠤᠮ ᠬᠡᠵᠤ ᠪᠤᠳᠤᠭᠳᠠᠨ᠎ᠠ᠃ ᠡ᠊ᠨᠡ

ᠭᠦ ᠠᠷᠭ᠎ᠠ ᠪᠠᠷᠢᠯ ᠢ ᠪᠠᠭᠰᠢ ᠲᠠᠶᠢᠯᠪᠤᠷᠢᠯᠠᠵᠤ᠂ ᠰᠤᠷᠤᠭᠴᠢ ᠰᠤᠨᠤᠰᠬᠤ ᠲᠠᠢ ᠬᠠᠷᠢᠴᠠᠭᠤᠯᠪᠡᠯ᠂ ᠰᠤᠷᠤᠭᠴᠢ ᠶᠢᠨ

ᠢᠳᠡᠪᠬᠢᠵᠢᠯ ᠢ ᠤᠯᠠᠮ ᠨᠢᠭᠡ ᠠᠯᠬᠤᠮ ᠲᠠᠶᠢᠴᠢᠯᠠᠵᠤ ᠴᠢᠳᠠᠬᠤ ᠶᠢᠨ ᠬᠠᠮᠳᠤ ᠲᠠᠳᠠᠨ ᠤ ᠵᠤᠷᠢᠭᠳᠠᠢ᠂ ᠠᠮᠢᠳᠤᠯᠢᠭ ᠢᠶᠠᠷ

ᠰᠡᠳᠤᠪ ᠵᠠᠳᠠᠯᠵᠤ ᠴᠢᠳᠠᠬᠤ ᠪᠤᠯᠭᠠᠭᠰᠠᠨ ᠪᠠᠶᠢᠨ᠎ᠠ᠃ ᠲᠤᠷᠰᠢᠯᠳᠠ ᠶᠢᠨ ᠠᠩᠬᠢ ᠶᠢᠨ ᠰᠤᠷᠤᠭᠴᠢ ᠶᠢᠨ ᠳᠣᠲᠤᠷ᠎ᠠ

ᠥᠷᠯᠦᠭ᠂ ᠴᠠᠨ᠎ᠠ᠂ ᠡᠵᠡᠨ ᠵᠡᠷᠭᠡ ᠶᠢᠨ ᠰᠤᠷᠤᠭᠴᠢ ᠨᠡᠯᠢᠶᠡᠳ ᠬᠦᠴᠢᠷ ᠰᠡᠳᠦᠪ ᠢ ᠲᠦᠢᠯ ᠤᠨ ᠲᠦᠬᠦᠮ ᠠᠷᠭ᠎ᠠ ᠪᠠᠷ

ᠬᠢᠵᠦ ᠴᠢᠳᠠᠭᠰᠠᠨ ᠤᠳᠠᠭ᠎ᠠ ᠵᠦᠡᠭᠳᠡᠭᠡᠨ ᠪᠤᠢ᠃ ᠲᠤᠰ ᠠᠷᠭ᠎ᠠ ᠪᠠᠷ ᠬᠢᠴᠢᠶᠡᠯᠯᠡᠬᠦ ᠨᠢ ᠨᠢᠭᠡ ᠲᠠᠯ᠎ᠠ ᠪᠠᠷ

ᠰᠤᠷᠤᠭᠴᠢᠳ ᠤᠨ ᠪᠡᠶ᠎ᠡ ᠪᠠᠨ ᠲᠠᠭᠠᠭᠠᠵᠤ ᠰᠡᠳᠭᠢᠬᠦ ᠴᠢᠳᠠᠪᠤᠷᠢ ᠶᠢ ᠬᠦᠮᠤᠵᠢᠬᠦᠯᠬᠦ ᠪᠠᠷ ᠪᠡᠷᠠᠬᠤ ᠦᠭᠡᠢ᠂ ᠨᠦᠭᠦᠭᠡ

ᠲᠠᠯ᠎ᠠ ᠪᠠᠷ ᠲᠡᠳᠡᠨ ᠤ ᠪᠤᠰᠤᠳ ᠲᠠᠢ ᠬᠠᠮᠵᠢᠯᠴᠠᠬᠤ ᠦᠵᠡᠯ ᠰᠠᠨᠠᠭ᠎ᠠ ᠶᠢ ᠪᠤᠢ ᠪᠤᠯᠭᠠᠭᠰᠨᠨ ᠠᠴᠠ ᠲᠡᠳᠡᠨ ᠤ

ᠰᠤᠷᠤᠯᠴᠠᠬᠤ ᠦᠷ᠎ᠠ ᠠᠰᠢᠭ ᠦᠨᠳᠤᠷ ᠪᠤᠯᠵᠤ᠂ ᠲᠡᠳᠡᠨ ᠤ ᠰᠡᠳᠬᠢᠴᠠ ᠨᠢ ᠦᠷᠭᠡᠨ ᠳᠡᠯᠭᠡᠷᠡᠩᠭᠦᠢ᠂ ᠭᠦᠨᠵᠡᠭᠡᠢ

ᠪᠤᠯᠵᠤ᠂ ᠤᠯᠠᠮ ᠨᠢᠭᠡ ᠠᠯᠬᠤᠮ ᠬᠡᠪ ᠴᠢᠨᠠᠷ ᠤᠨ ᠰᠤᠷᠭᠠᠨ ᠬᠦᠮᠤᠵᠢᠯ ᠢ ᠲᠦᠯᠬᠢᠨ ᠠᠬᠢᠭᠤᠯᠤᠭᠰᠠᠨ ᠪᠠᠶᠢᠨ᠎ᠠ᠃

      ᠬᠤᠶᠠᠷ᠂ ᠰᠢᠢᠳᠪᠤᠷᠢᠯᠡᠭᠦ ᠠᠯᠬᠤᠮ ᠲᠠᠷᠠᠭ᠎ᠠ

      ᠰᠤᠷᠤᠭᠴᠢ ᠶᠢᠨ ᠪᠡᠶ᠎ᠡ ᠪᠠᠨ ᠲᠠᠭᠠᠭᠠᠵᠤ ᠰᠤᠷᠤᠯᠴᠠᠬᠤ ᠶᠢ ᠵᠢᠯᠤᠭᠤᠳᠴᠤ᠂ ᠶᠠᠭᠤᠨ ᠤ ᠤᠴᠢᠷ ᠠᠴᠠ

ᠪᠡᠶ᠎ᠡ ᠪᠠᠨ ᠲᠠᠭᠠᠭᠠᠵᠤ ᠰᠤᠷᠤᠯᠴᠠᠬᠤ ᠶᠢ ᠲᠤᠳᠤᠷᠬᠠᠢ ᠲᠠᠨᠢᠭᠤᠯᠤᠨ᠂ ᠰᠤᠷᠤᠭᠴᠢᠳ ᠤᠨ ︽ᠪᠡᠶ᠎ᠡ ᠪᠠᠨ ᠲᠠᠭᠠᠭᠠᠵᠤ

ᠰᠡᠳᠭᠢᠬᠦ᠂ ᠵᠤᠷᠢᠭᠳᠠᠢ ᠰᠦᠪᠡᠭᠴᠢᠯᠡᠬᠦ᠂ ᠳᠤᠷ᠎ᠠ ᠲᠠᠢ ᠤᠷᠤᠯᠳᠤᠬᠤ︾ ᠰᠢᠰᠲ᠋ᠧᠮ ᠢ ᠪᠠᠶᠢᠭᠤᠯᠵᠠᠢ᠂ ᠪᠤᠳᠠᠳᠠᠢ

ᠠᠯᠬᠤᠮ ᠲᠠᠷᠠᠭ᠎ᠠ ᠨᠢ ᠳᠣᠣᠷᠠᠬᠢ ᠮᠡᠳᠤ᠄

      1. ᠤᠪᠤᠷ ᠰᠡᠳᠬᠢᠯᠭᠡ ᠶᠢᠨ ᠲᠠᠯ᠎ᠠ ᠪᠠᠷ

      ᠬᠦᠮᠦᠨ ᠪᠦᠷᠢ ᠳᠤ ᠠᠳᠠᠯᠢ ᠲᠡᠭᠰᠢ ᠤᠪᠤᠷ ᠢᠶᠠᠷ ᠬᠠᠨᠳᠤᠵᠤ᠂ ᠪᠠᠭᠰᠢ ᠰᠤᠷᠤᠭᠴᠢ ᠶᠢᠨ ᠬᠠᠷᠢᠴᠠᠭ᠎ᠠ ᠶᠢ

ᠰᠠᠶᠢᠳᠤᠷ ᠪᠠᠶᠢᠭᠤᠯᠵᠤ᠂ ᠶᠡᠷᠦ ᠶᠢᠨ ᠴᠠᠭ ᠲᠤ ᠰᠤᠷᠤᠭᠴᠢ ᠲᠠᠢ ᠤᠢᠢᠷᠠᠳᠤᠨ᠂ ᠰᠤᠷᠤᠭᠴᠢ ᠪᠠᠨ ᠤᠢᠢᠯᠠᠭᠠᠨ᠂

ᠰᠤᠷᠤᠭᠴᠢ ᠪᠠᠨ ᠬᠠᠶᠢᠷᠠᠯᠠᠵᠤ᠂ ᠬᠢᠴᠢᠶᠡᠯᠯᠡᠭᠡ ᠶᠢᠨ ᠶᠠᠪᠤᠴᠠ ᠲᠤᠮᠳᠠ ᠪᠠᠨ ᠴᠢᠳᠠᠬᠤ ᠶᠢᠨ ᠬᠢᠷᠢ ᠪᠠᠷ ᠰᠤᠷᠤᠭᠴᠢ ᠳᠤ

ᠦᠪᠡᠷ ᠢ ᠪᠠᠨ ᠬᠦᠭᠵᠢᠬᠦᠯᠵᠤ᠂ ᠰᠡᠳᠬᠢᠬᠦ᠂ ᠤᠷᠤᠯᠳᠤᠬᠤ ᠵᠠᠪᠰᠢᠶᠠᠨ ᠢ ᠤᠯᠭᠤᠵᠤ᠂ ᠬᠦᠴᠢᠷ ᠲᠤᠯᠭᠠᠷᠠᠬᠤ ᠦᠶᠡᠰ

ᠬᠦᠳᠡᠯᠤᠩᠬᠦᠢ ᠪᠠᠷ ᠬᠠᠪᠰᠤᠷᠤᠯᠭ᠎ᠠ ᠦᠵᠡᠬᠦᠯᠵᠤ ᠴᠢᠳᠠᠪᠠ᠃ ᠲᠠᠰᠬᠠᠯ ᠳᠠᠭᠠᠭᠠᠯᠭᠠᠪᠤᠷᠢ ᠦᠯᠡᠳᠡᠭᠡᠬᠦ ᠳᠤ ᠪᠠᠨ ᠠᠳᠠᠯᠢ

ᠪᠤᠰᠤ ᠶᠢᠨ ᠲᠤᠭᠠᠨ ᠤ ᠤᠬᠠᠭᠠᠨ ᠤ ᠬᠢᠷᠢ ᠪᠦᠳᠤᠮᠵᠢ ᠲᠠᠢ ᠰᠤᠷᠤᠭᠴᠢ ᠳᠤ᠂ ᠠᠳᠠᠯᠢ ᠪᠤᠰᠤ ᠶᠢᠨ ᠬᠦᠴᠢᠷ ᠤᠨ

ᠬᠡᠮᠵᠢᠶ᠎ᠡ ᠲᠠᠢ ᠰᠡᠳᠤᠪ ᠢ ᠲᠤᠬᠢᠷᠠᠭᠤᠯᠵᠤ᠂ ᠰᠤᠷᠤᠭᠴᠢ ᠪᠤᠯᠭᠠᠨ ᠢ ᠰᠡᠳᠬᠢᠬᠦᠯᠬᠦ ᠶᠢ ᠴᠢᠬᠤᠯᠠᠴᠢᠯᠠᠵᠤ᠂ ᠲᠡᠳᠡᠨ ᠤ

ᠢᠳᠡᠪᠬᠢᠵᠢᠯ ᠢ ᠪᠠᠳᠠᠷᠠᠭᠤᠯᠪᠠ᠃

      2. ᠬᠢᠴᠢᠶᠡᠯ ᠤᠨ ᠡᠮᠤᠨᠡᠬᠢ ᠪᠡᠯᠡᠳᠭᠡᠯ ᠤᠨ ᠲᠠᠯ᠎ᠠ ᠪᠠᠷ

      ᠬᠢᠴᠢᠶᠡᠯ ᠤᠨ ᠡᠮᠤᠨᠡᠬᠢ ᠪᠡᠯᠡᠳᠭᠡᠯ ᠢ ᠨᠠᠷᠢᠯᠢᠬ ᠬᠢᠵᠤ᠂ ᠰᠤᠷᠤᠭᠴᠢ ᠪᠠᠨ ᠬᠢᠨᠠᠮᠠᠭᠠᠢ ᠪᠡᠯᠡᠳᠭᠡᠪᠡ᠃

ᠢᠯᠡᠩᠭᠤᠶ᠎ᠠ ᠲᠤᠭᠠᠨ ᠤ ᠤᠬᠠᠭᠠᠨ ᠳᠤ ᠪᠠᠨ ᠬᠦᠴᠢᠷᠳᠡᠵᠤ ᠪᠠᠶᠢᠭ᠎ᠠ ᠰᠤᠷᠤᠭᠴᠢ ᠶᠢᠨ ᠰᠠᠭᠤᠷᠢ ᠨᠢ ᠠᠨᠠᠢ ᠲᠤᠯᠠ

ᠪᠠᠭᠰᠢ ᠶᠢᠨ ᠵᠢᠯᠤᠭᠤᠳᠤᠯᠭ᠎ᠠ ᠲᠦᠢᠯ ᠤᠨ ᠴᠢᠬᠤᠯᠠ ᠪᠠᠶᠢᠵᠤ᠂ ᠪᠠᠭᠰᠢ ᠠᠴᠠ ᠭᠠᠷᠭᠠᠭᠰᠠᠨ ᠰᠡᠳᠤᠪ ᠤᠨ ᠬᠦᠴᠢᠷ ᠤᠨ

ᠬᠡᠮᠵᠢᠶ᠎ᠡ ᠵᠠᠪᠠᠯ ᠲᠡᠳᠡᠨ ᠤ ᠪᠠᠶᠢᠳᠠᠯ ᠳᠤ ᠲᠤᠬᠢᠷᠠᠭᠰᠠᠨ ᠪᠠᠶᠢᠬᠤ ᠬᠡᠷᠡᠭᠳᠠᠢ᠃ ᠤᠷᠢᠳ ᠢᠶᠠᠷ ᠲᠡᠳᠡᠨ ᠤ ᠬᠢᠴᠢᠶᠡᠯ ᠠᠴᠠ

ᠡᠮᠤᠨ᠎ᠠ ᠰᠤᠷᠬᠤ ᠪᠢᠴᠢᠭ ᠢᠶᠠᠨ ᠰᠠᠶᠢᠨ ᠤᠡᠭᠰᠢᠨ ᠤᠢᠢᠯᠠᠭᠠᠬᠤ ᠲᠠᠳᠬᠠᠯ ᠢ ᠬᠦᠮᠦᠵᠢᠬᠦᠯᠪᠡ᠃

      3. ᠬᠢᠴᠢᠶᠡᠯᠯᠡᠬᠦ ᠶᠡᠪᠤᠴᠠ ᠶᠢᠨ ᠲᠠᠯ᠎ᠠ ᠪᠠᠷ

      ① ᠤᠷᠢᠳ ᠢᠶᠠᠷ ᠲᠤᠭᠤᠢᠢᠯᠠᠩ ᠢᠶᠠᠷ ᠢᠶᠠᠨ ᠰᠠᠭᠤᠵᠤ᠂ ᠬᠢᠴᠢᠶᠡᠯ ᠤᠨ ᠡᠮᠤᠨ᠎ᠠ ᠪᠡᠶ᠎ᠡ ᠪᠠᠨ ᠲᠠᠭᠠᠭᠠᠵᠤ

ᠨᠣᠮ ᠢᠶᠠᠨ ᠤᠡᠭᠰᠢᠭ᠌ᠰᠠᠨ ᠰᠠᠭᠤᠷᠢᠨ ᠳᠡᠭᠡᠷ᠎ᠡ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠠᠭᠠᠤ

ᠪᠠᠭᠰᠢ ᠶᠢᠨ ᠰᠤᠷᠬᠤ ᠬᠦᠳᠤᠯᠪᠤᠷᠢ ᠳᠡᠭᠡᠷ᠎ᠡ ᠥᠭᠭᠦᠭᠰᠡᠨ ᠠᠰᠠᠭᠤᠯᠲᠠ ᠶᠢ ᠬᠠᠮᠳᠤ ᠳᠤ ᠪᠠᠨ ᠰᠢᠢᠳᠪᠦᠷᠢᠯᠡᠨ᠎ᠡ᠃

ᠡ᠊ᠨᠡ ᠭᠦ ᠶᠠᠪᠤᠴᠠ ᠨᠢ ᠰᠤᠷᠤᠭᠴᠢ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠵᠢᠷᠠᠭᠤᠯᠬᠤ ᠪᠠᠷ ᠪᠠᠷᠠᠬᠤ ᠦᠭᠡᠢ

ᠲᠡᠳᠡᠨ ᠤ ᠬᠠᠷᠢᠯᠴᠠᠨ ᠬᠠᠪᠰᠤᠷᠤᠯᠴᠠᠬᠤ᠂ ᠬᠠᠮᠳᠤ ᠳᠤ ᠪᠠᠨ ᠲᠠᠪᠰᠢᠬᠤ ᠦᠵᠡᠯ ᠰᠠᠨᠠᠭ᠎ᠠ ᠶᠢ ᠪᠤᠢ ᠪᠤᠯᠭᠠᠭᠰᠠᠨ

ᠪᠠᠶᠢᠨ᠎ᠠ᠃

      ② ᠲᠤᠭᠤᠢᠢᠯᠠᠩ ᠪᠦᠷᠢ ᠠᠴᠠ ᠰᠤᠷᠤᠭᠴᠢ ᠭᠠᠷᠭᠠᠵᠤ᠂ ᠠᠰᠠᠭᠤᠯᠲᠠ ᠪᠠᠨ ᠬᠡᠷᠬᠢᠨ ᠰᠢᠢᠳᠪᠦᠷᠢᠯᠡᠭᠰᠡᠨ

ᠰᠡᠳᠬᠢᠴᠠ ᠪᠠᠨ ᠲᠠᠶᠢᠰᠠᠨ ᠳᠤ ᠭᠠᠷᠭᠠᠵᠤ ᠶᠠᠷᠢᠭᠤᠯᠪᠠ᠃ ᠪᠠᠭᠰᠢ ᠠᠴᠠ ᠵᠢᠯᠤᠭᠤᠳᠤᠯᠭ᠎ᠠ ᠦᠭᠴᠦ᠂ ᠲᠡᠳᠡᠨ ᠤ

ᠰᠢᠢᠳᠪᠦᠷᠢᠯᠡᠵᠦ ᠲᠡᠶᠢᠯᠤᠭᠡᠳᠤᠢ ᠮᠡᠳᠡᠯᠭᠡ ᠶᠢᠨ ᠴᠡᠭ ᠢ ᠨᠦᠬᠦᠵᠤ ᠬᠡᠯᠡᠵᠤ ᠰᠠᠨᠠᠭᠤᠯᠤᠭᠰᠠᠨ ᠪᠠᠶᠢᠨ᠎ᠠ᠃

      ③ 10 ᠮᠢᠨᠦ᠋ᠲ ᠤᠨ ᠴᠠᠭ ᠢ ᠬᠡᠷᠡᠭᠯᠡᠵᠤ᠂ ᠦᠪᠡᠷ ᠢ ᠪᠠᠨ ᠪᠠᠶᠢᠴᠠᠭᠠᠬᠤ ᠰᠡᠳᠤᠪ ᠢ ᠬᠢᠭᠰᠡᠨ ᠤ ᠲᠠᠷᠠᠭ᠎ᠠ᠂

ᠰᠤᠷᠤᠭᠴᠢ ᠶᠢᠨ ᠡᠵᠡᠮᠰᠢᠭᠰᠡᠨ ᠪᠠᠶᠢᠳᠠᠯ ᠢ ᠲᠠᠷᠤᠢ ᠳᠤ ᠨᠢ ᠲᠤᠰᠬᠠᠵᠤ᠂ ᠲᠠᠷᠤᠢ ᠳᠤ ᠨᠢ ᠵᠠᠯᠠᠷᠠᠭᠤᠯᠵᠤ᠂ ᠡᠬᠦᠨ ᠢᠶᠠᠷ

ᠲᠠᠮᠵᠢᠨ ᠲᠤᠭᠤᠢᠢᠯᠠᠩ ᠪᠦᠷᠢ ᠠᠴᠠ ᠤᠷᠤᠰᠢᠵᠤ ᠪᠠᠶᠢᠭ᠎ᠠ ᠠᠰᠠᠭᠤᠳᠠᠯ ᠢ ᠢᠯᠡᠷᠡᠬᠦᠯᠵᠤ᠂ ᠠᠯᠢ ᠲᠠᠯ᠎ᠠ ᠪᠠᠷ ᠠᠩᠬᠠᠷᠬᠤ

ᠴᠢᠬᠤᠯᠠ ᠲᠠᠢ ᠭᠡᠳᠡᠭ ᠢ ᠰᠤᠷᠤᠭᠴᠢ ᠨᠢᠭᠡᠪᠤᠷᠢ ᠳᠤ ᠨᠢ ᠲᠤᠰᠬᠠᠵᠤ ᠦᠭᠪᠡ᠃

      ④ ᠬᠢᠴᠢᠶᠡᠯ ᠤᠨ 45 ᠮᠢᠨᠦ᠋ᠲ ᠤᠨ ᠴᠠᠭ ᠢ ᠠᠰᠢᠭᠯᠠᠵᠤ᠂ ᠬᠢᠴᠢᠶᠡᠯ ᠤᠨ ᠠᠭᠤᠯᠭ᠎ᠠ ᠪᠠᠨ ᠲᠤᠭᠤᠢᠢᠯᠠᠩ

ᠳᠣᠲᠤᠷ᠎ᠠ ᠪᠠᠨ ᠳ᠋ᠦᠩᠨᠡᠯᠲᠡ ᠬᠢᠯᠬᠡᠵᠤ᠂ ᠲᠤᠭᠤᠢᠢᠯᠠᠩ ᠤᠨ ᠳ᠋ᠦᠩᠨᠡᠯᠲᠡ ᠪᠠᠨ ᠶᠠᠷᠢᠭᠤᠯᠤᠭᠰᠠᠨ ᠪᠠᠶᠢᠨ᠎ᠠ᠃ ᠬᠠᠮᠤᠭ

ᠰᠡᠬᠦᠯ ᠳᠤ ᠪᠠᠭᠰᠢ ᠠᠴᠠ ᠲᠤᠪᠴᠢ ᠳ᠋ᠦᠩᠨᠡᠯᠲᠡ ᠬᠢᠵᠤ᠂ ᠤᠷᠤᠰᠢᠵᠤ ᠪᠠᠶᠢᠭ᠎ᠠ ᠠᠰᠠᠭᠤᠳᠠᠯ ᠢ ᠨᠦᠬᠦᠪᠤᠷᠢᠯᠡᠨ ᠬᠡᠯᠡᠵᠤ

ᠥᠭᠭᠦ ᠪᠠᠶᠢᠩᠭᠤ ᠲᠠᠳᠬᠠᠯ ᠢ ᠪᠤᠢ ᠪᠤᠯᠭᠠᠭᠰᠠᠨ ᠪᠠᠶᠢᠨ᠎ᠠ᠃

      ⑤ ᠬᠢᠴᠢᠶᠡᠯ ᠤᠨ ᠳᠠᠷᠠᠭᠠᠬᠢ ᠲᠠᠰᠬᠠᠯ ᠢ ᠭᠤᠷᠪᠠᠨ ᠲᠡᠰ ᠬᠤᠪᠢᠶᠠᠵᠤ᠂ ᠰᠤᠷᠤᠭᠴᠢ ᠶᠢᠨ ᠬᠢᠷᠢ ᠬᠡᠮᠵᠢᠶᠡᠨ ᠤ

ᠪᠤᠳᠠᠳᠤ ᠪᠠᠶᠢᠳᠠᠯ ᠳᠤ ᠨᠢ ᠲᠤᠬᠢᠷᠠᠭᠤᠯᠤᠨ ᠲᠠᠰᠬᠠᠯ ᠦᠯᠡᠳᠡᠭᠡᠨ᠂ ᠴᠢᠳᠠᠬᠤ ᠶᠢᠨ ᠬᠢᠷᠢ ᠪᠠᠷ ᠰᠤᠷᠤᠭᠴᠢ ᠪᠦᠷᠢ

ᠪᠡᠶ᠎ᠡ ᠪᠠᠨ ᠲᠠᠭᠠᠭᠠᠬᠤ ᠬᠢᠵᠤ ᠳᠡᠶᠢᠯᠬᠦ ᠪᠠᠷ ᠤᠷᠤᠯᠳᠤᠳᠠᠭ᠃

      ᠭᠤᠷᠪᠠ᠂ ᠰᠢᠢᠳᠪᠤᠷᠢᠯᠡᠭᠰᠡᠨ ᠶᠠᠪᠤᠴᠠ

      1. ᠦᠯᠡᠳᠡᠭᠡᠭᠰᠡᠨ ᠭᠡᠷ ᠤᠨ ᠲᠠᠰᠬᠠᠯ ᠢ ᠨᠠᠷᠢᠨ ᠬᠢᠨᠠᠮᠠᠭᠠᠢ ᠬᠢᠨᠠᠵᠤ᠂ ᠲᠠᠰᠬᠠᠯ ᠢᠶᠠᠨ ᠪᠡᠶ᠎ᠡ ᠪᠠᠨ ᠲᠠᠭᠠᠭᠠᠵᠤ

ᠪᠡᠶᠡᠯᠡᠭᠦᠯᠦᠭᠰᠡᠨ ᠡᠰᠡᠬᠦ ᠶᠢ ᠪᠦᠷᠢᠳᠭᠡᠪᠡ᠃ ᠬᠡᠷᠪᠡ ᠲᠠᠰᠬᠠᠯ ᠳᠤ ᠠᠯᠪᠡ ᠬᠠᠰᠢᠭᠰᠨᠨ ᠪᠠᠶᠢᠳᠠᠯ ᠢᠯᠡᠷᠡᠪᠡᠯ ᠲᠠᠷᠤᠢ ᠳᠤ

ᠲᠠᠭᠤᠳᠠᠵᠤ᠂ ᠲᠠᠬᠢᠵᠤ ᠬᠢᠯᠭᠡᠬᠦ ᠪᠤᠶᠤ ᠬᠡᠯᠡᠵᠤ ᠰᠤᠷᠭᠠᠭᠰᠠᠨ ᠪᠠᠶᠢᠨ᠎ᠠ᠃ ᠴᠢᠳᠠᠬᠤ ᠶᠢᠨ ᠬᠢᠷᠢ ᠪᠠᠷ ᠡᠳᠤᠷ ᠤᠨ

ᠲᠠᠰᠬᠠᠯ ᠢᠶᠠᠨ ᠡᠳᠤᠷ ᠲᠤ ᠨᠢ ᠬᠢᠨᠠᠵᠤ᠂ ᠲᠠᠷᠠᠭ᠎ᠠ ᠬᠢᠴᠢᠶᠡᠯ ᠪᠤᠯᠬᠤ ᠳᠤ᠂ ᠲᠠᠰᠬᠠᠯ ᠪᠡᠶᠡᠯᠡᠬᠦᠯᠦᠭᠰᠡᠨ ᠪᠠᠶᠢᠳᠠᠯ ᠢ

ᠲᠤᠳᠤᠷᠬᠠᠢ ᠲᠤᠰᠬᠠᠵᠤ᠂ ᠲᠡᠳᠡᠨ ᠤ ᠪᠡᠶ᠎ᠡ ᠪᠠᠨ ᠲᠡᠭᠠᠭᠠᠵᠤ ᠬᠢᠨᠠᠮᠠᠭᠠᠢ ᠪᠡᠶᠡᠯᠡᠭᠦᠯᠬᠦ ᠶᠢ ᠵᠤᠷᠢᠬᠵᠢᠭᠤᠯᠤᠭᠰᠠᠨ          

ᠪᠠᠶᠢᠨ᠎ᠠ᠃

      2. ᠬᠢᠴᠢᠶᠡᠯ ᠤᠨ ᠲᠠᠷᠠᠭ᠎ᠠ ᠰᠤᠷᠤᠭᠴᠢ ᠶᠢᠨ ᠬᠤᠪᠢ ᠬᠦᠮᠦᠨ ᠤ ᠦᠵᠡᠯ ᠰᠠᠨᠠᠭᠠᠨ ᠤ ᠠᠵᠢᠯ ᠢ

ᠦᠷᠬᠦᠯᠵᠢ ᠶᠢᠨ ᠴᠢᠨᠠᠷᠳᠠᠢ ᠬᠢᠵᠤ᠂ ᠲᠡᠳᠡᠨ ᠳᠤ ᠰᠤᠷᠬᠤ ᠶᠢᠨ ᠴᠢᠬᠤᠯᠠ ᠴᠢᠨᠠᠷ᠂ ᠬᠡᠷᠬᠢᠨ ᠵᠦᠪ ᠬᠥᠮᠦᠨ ᠪᠤᠯᠬᠤ᠂

ᠬᠤᠶᠢᠰᠢᠳᠠ ᠨᠠᠶᠢᠭᠡᠮ ᠨᠡᠶᠢᠳᠠ ᠳᠤ ᠲᠤᠰᠠ ᠲᠠᠢ ᠬᠥᠮᠦᠨ ᠪᠤᠯᠬᠤ ᠶᠢ ᠵᠤᠷᠢᠬᠵᠢᠭᠤᠯᠤᠨ᠂ ᠤᠳᠤ ᠠᠴᠠ ᠦᠪᠡᠷ ᠤᠨ

ᠵᠣᠷᠢᠯᠲᠠ ᠬᠠᠷᠠᠯᠳᠠ ᠲᠠᠢ ᠪᠤᠯᠬᠤ ᠶᠢ ᠰᠠᠨᠠᠭᠤᠯᠤᠭᠰᠠᠨ ᠪᠠᠶᠢᠨ᠎ᠠ᠃

      3. ᠬᠢᠴᠢᠶᠡᠯ ᠤᠨ ᠲᠠᠷᠠᠭ᠎ᠠ ᠲᠤᠭᠤᠢᠢᠯᠠᠩ ᠪᠦᠷᠢ ᠦᠪᠡᠰᠤᠪᠡᠨ ᠰᠡᠳᠤᠪ ᠨᠠᠶᠢᠷᠠᠭᠤᠯᠬᠤ ᠶᠢ ᠵᠤᠷᠢᠬᠵᠢᠭᠤᠯᠵᠤ᠂

ᠬᠢᠴᠢᠶᠡᠯ ᠤᠨ ᠨᠤᠮ ᠪᠤᠶᠤ ᠬᠢᠴᠢᠶᠡᠯ ᠤᠨ ᠭᠠᠳᠠᠨᠠᠬᠢ ᠨᠤᠮ ᠵᠢᠴᠢ ᠰᠦᠯᠵᠢᠶ᠎ᠡ ᠶᠢ ᠠᠰᠢᠭᠯᠠᠵᠤ ᠰᠡᠳᠤᠪ ᠨᠠᠶᠢᠷᠠᠭᠤᠯᠬᠤ᠂

ᠵᠠᠷᠢᠮ ᠨᠠᠯᠢᠶᠠᠳ ᠦᠨ᠎ᠡ ᠥᠷᠲᠡᠭ ᠲᠠᠢ ᠰᠡᠳᠤᠪ ᠢ ᠬᠠᠮᠳᠤ ᠳᠤ ᠪᠠᠨ ᠤᠷᠤᠯᠳᠤᠵᠤ᠂ ᠰᠤᠷᠤᠭᠴᠢᠳ ᠤᠨ ᠰᠡᠳᠤᠪ

ᠭᠠᠷᠭᠠᠬᠤ ᠤᠷᠮᠠᠰᠢᠯ ᠢ ᠨᠡᠮᠡᠭᠳᠡᠭᠦᠯᠦᠭᠰᠡᠨ ᠪᠠᠶᠢᠨ᠎ᠠ᠃

      ᠬᠤᠶᠠᠷ ᠵᠢᠯ ᠤᠨ ᠴᠢᠷᠮᠠᠶᠢᠯᠭ᠎ᠠ ᠪᠠᠷ ᠰᠤᠷᠤᠭᠴᠢᠳ ᠤᠨ ᠲᠤᠭ᠎ᠠ ᠰᠤᠷᠬᠤ ᠤᠷᠮ᠎ᠠ ᠮᠡᠳᠡᠭᠳᠡᠬᠦ᠋ᠢᠴᠡ

ᠲᠡᠭᠡᠭᠰᠢᠯᠡᠵᠤ᠂ ᠲᠡᠳᠡᠨ ᠤ ᠬᠢᠷᠢ ᠪᠦᠲᠦᠮᠵᠢ ᠨᠢ ᠲᠤᠭᠳᠠᠪᠤᠷᠢᠳᠠᠢ ᠪᠦᠭᠡᠳ ᠲᠡᠭᠡᠭᠰᠢᠯᠡᠯᠳᠠ ᠲᠠᠢ ᠪᠤᠯᠵᠤ᠂ ᠵᠡᠷᠭᠡᠴᠡᠭᠡ

ᠠᠩᠬᠢ ᠲᠠᠢ ᠬᠠᠷᠢᠴᠠᠭᠤᠯᠪᠠᠯ ᠬᠢᠷᠢ ᠪᠦᠳᠦᠮᠢ ᠨᠢ ᠢᠯᠡᠷᠬᠡᠢ ᠲᠡᠭᠡᠭᠰᠢᠯᠡᠭᠰᠡᠨ ᠪᠠᠶᠢᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠤᠷᠠᠳ ᠤᠨ ᠲᠤᠮᠳᠠᠳᠤ ᠬᠤᠰᠢᠭᠤᠨ ᠤ 

                               ᠲᠤᠷᠰᠢᠯᠳᠠ ᠶᠢᠨ ᠰᠤᠷᠭᠠᠭᠤᠯᠢ

                               ︵ᠮᠦᠡᠭᠭᠦᠨᠴᠢᠮᠡᠭ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号