ᠰᠠᠷᠠᠨ᠎ᠠ | | | | | | ᠲᠣᠭᠠᠨ ᠤ ᠤᠬᠠᠭᠠᠨ ᠪᠣᠯ ᠪᠠᠭ᠎ᠠ ᠰᠤᠷᠭᠠᠭᠤᠯᠢ ᠶᠢᠨ ᠬᠢᠴᠢᠶᠡᠯ ᠲᠦᠷᠤᠯ ᠲᠤᠳᠤᠷᠠᠬᠢ ᠬᠠᠮᠤᠭ ᠤᠨ ᠴᠢᠬᠤᠯᠠ | ᠮᠥᠷᠲᠡᠭᠡᠨ ᠬᠠᠮᠤᠭ ᠤᠨ ᠬᠦᠴᠢᠷ ᠲᠠᠢ ᠨᠢᠭᠡ ᠲᠥᠷᠥᠯ ᠭᠡᠬᠦ ᠳᠤ ᠠᠬᠠᠳᠠᠬᠤ ᠦᠭᠡᠢ ᠶᠤᠮ᠃ ᠣᠨᠴᠠᠭᠠᠶᠢᠯᠠᠨ ᠮᠠᠨ ᠤ | ᠣᠷᠣᠨ ᠤ ᠪᠠᠶᠢᠳᠠᠯ ᠢᠶᠠᠷ ᠠᠪᠴᠤ ᠦᠵᠡᠬᠦ ᠳᠤ ᠰᠤᠷᠤᠭᠴᠢᠳ ᠤᠨ ᠲᠣᠭᠠᠨ ᠤ ᠤᠬᠠᠭᠠᠨ ᠤ ᠬᠢᠷᠢ ᠬᠡᠮᠵᠢᠶ᠎ᠡ ᠶᠢ | ᠪᠤᠰᠤᠳ ᠬᠢᠴᠢᠶᠡᠯ ᠲᠥᠷᠥᠯ ᠲᠠᠢ ᠬᠠᠷᠢᠴᠠᠭᠤᠯᠪᠠᠯ ᠵᠣᠬᠢᠬᠤ ᠵᠥᠷᠢᠶ᠎ᠡ ᠲᠠᠢ ᠪᠠᠶᠢᠳᠠᠬ᠃ ᠡᠨᠡ ᠨᠢ ᠲᠡᠦᠬᠡ ᠰᠣᠶᠣᠯ᠂ | ᠤᠷᠴᠢᠨ ᠲᠤᠭᠤᠷᠢᠨ ᠤ ᠣᠯᠠᠨ ᠲᠠᠯ᠎ᠠ ᠶᠢᠨ ᠰᠢᠯᠲᠠᠭᠠᠨ ᠲᠠᠢ ᠪᠠᠶᠢᠳᠠᠬ ᠪᠣᠯᠪᠠᠴᠤ ᠬᠠᠮᠤᠭ ᠤᠨ ᠦᠨᠳᠦᠰᠦᠨ | ᠰᠢᠯᠲᠠᠭᠠᠨ ᠪᠣᠯ ᠬᠠᠰᠢ ᠯᠠ ᠵᠢᠭᠠᠨ ᠰᠤᠷᠭᠠᠯᠲᠠ ᠲᠠᠢ ᠬᠤᠯᠪᠤᠭ᠎ᠠ ᠲᠠᠢ ᠶᠤᠮ᠃ ᠡ᠊ᠨᠡ ᠭᠦ ᠤᠯᠳᠤᠢ ᠥᠭᠦᠯᠡᠯ ᠢᠶᠠᠷ | ᠳᠠᠮᠵᠢᠭᠤᠯᠤᠨ ᠪᠢ ᠲᠣᠭᠠᠨ ᠤ ᠤᠬᠠᠭᠠᠨ ᠤ ᠵᠢᠭᠠᠨ ᠰᠤᠷᠭᠠᠯᠲᠠ ᠶᠢᠨ ᠲᠤᠬᠠᠢ ᠬᠤᠶᠠᠷ ᠰᠠᠨᠠᠯ ᠢᠶᠠᠨ ᠳᠡᠪᠰᠢᠭᠦᠯᠦᠶ᠎ᠡ᠃ | ᠨᠢᠭᠡ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠬᠢᠴᠢᠶᠡᠯᠯᠡᠭᠡ ᠳᠤ ᠠᠩᠬᠠᠷᠤᠭᠤᠰᠢᠳᠠᠢ ᠬᠡᠳᠦᠨ | ᠠᠰᠠᠭᠤᠳᠠᠯ | ᠬᠢᠴᠢᠶᠡᠯᠯᠡᠭᠡ ᠪᠣᠯ ᠵᠢᠭᠠᠨ ᠰᠤᠷᠭᠠᠯᠲᠠ ᠶᠢᠨ ᠬᠠᠮᠤᠭ ᠤᠨ ᠦᠨᠳᠦᠰᠦᠨ ᠶᠠᠪᠤᠴᠠ ᠮᠥᠨ᠃ ᠠᠯᠢᠪᠠ ᠵᠢᠭᠠᠨ | ᠰᠤᠷᠭᠠᠯᠲᠠ ᠨᠢ ᠪᠦᠷ ᠬᠢᠴᠢᠶᠡᠯᠯᠡᠭᠡ ᠪᠠᠷ ᠲᠠᠮᠵᠢᠨ ᠶᠠᠪᠤᠭᠳᠠᠨ᠎ᠠ᠂ ᠲᠣᠭᠠᠨ ᠤ ᠤᠬᠠᠭᠠᠨ ᠴᠤ ᠠᠳᠠᠯᠢᠬᠠᠨ | ᠶᠤᠮ᠃ ᠡᠶᠢᠮᠦ ᠤᠴᠢᠷ ᠠᠴᠠ ᠬᠢᠴᠢᠶᠡᠯᠯᠡᠭᠡ ᠶᠢᠨ ᠦᠷ᠎ᠡ ᠪᠦᠲᠦᠮᠵᠢ ᠰᠠᠶᠢᠨ ᠡᠰᠡᠬᠦ ᠨᠢ ᠵᠢᠭᠠᠨ ᠰᠤᠷᠭᠠᠯᠲᠠ ᠶᠢᠨ | ᠶᠠᠰᠤ ᠴᠢᠨᠠᠷ ᠲᠠᠢ ᠰᠢᠭᠤᠳ ᠬᠤᠯᠪᠣᠭᠳᠠᠬᠤ ᠶᠤᠮ᠃ ᠨᠢᠭᠡ ᠴᠠᠭ ᠤᠨ ᠬᠢᠴᠢᠶᠡᠯᠯᠡᠭᠡ ᠶᠢᠨ ᠦᠷ᠎ᠡ ᠪᠦᠲᠦᠮᠵᠢ ᠨᠢ | ᠣᠯᠠᠨ ᠵᠦᠢᠯ ᠤᠨ ᠡᠯᠧᠮᠧᠨ᠋ᠲ ᠠᠴᠠ ᠲᠣᠭᠲᠠᠭᠠᠭᠳᠠᠨ᠎ᠠ᠃ ᠪᠠᠭᠰᠢ ᠪᠣᠯ ᠵᠢᠭᠠᠨ ᠰᠤᠷᠭᠠᠭᠴᠢ᠂ ᠪᠤᠰᠤᠳᠴᠢ ᠪᠡᠶ᠎ᠡ ᠳᠤ | ᠬᠠᠷᠢᠶᠠᠯᠠᠭᠳᠠᠨ᠎ᠠ᠃ ᠰᠤᠷᠤᠭᠴᠢ ᠪᠣᠯ ᠰᠤᠷᠭᠠᠨ ᠬᠥᠮᠥᠵᠢᠯ ᠢ ᠬᠦᠷᠲᠡᠭᠴᠢ ᠤᠴᠢᠷ ᠠᠴᠠ ᠪᠡᠶᠡᠴᠢ ᠴᠣᠭᠴᠠ ᠳᠤ | ᠬᠠᠷᠢᠶᠠᠯᠠᠭᠳᠠᠵᠤ ᠬᠠᠮᠤᠭ ᠤᠨ ᠴᠢᠬᠤᠯᠠ ᠦᠢᠯᠡᠳᠦᠯ ᠢ ᠭᠠᠷᠭᠠᠨ᠎ᠠ᠃ ᠭᠡᠪᠡᠴᠦ ᠪᠢᠳᠡ ᠥᠨᠥᠳᠥᠷ ᠵᠥᠪᠬᠡᠨ ᠵᠢᠭᠠᠨ | ᠰᠤᠷᠭᠠᠭᠴᠢ ᠶᠢᠨ ᠲᠠᠯ᠎ᠠ ᠠᠴᠠ ᠣᠴᠢᠵᠤ ᠲᠠᠶᠢᠯᠪᠤᠷᠢᠯᠠᠨ᠎ᠠ᠃ ᠮᠢᠨᠤ ᠦᠵᠡᠬᠦ ᠪᠠᠷ ᠬᠢᠴᠢᠶᠡᠯᠯᠡᠭᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠳᠤ ᠵᠢᠭᠠᠨ ᠰᠤᠷᠭᠠᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠬᠢᠴᠢᠶᠡᠯᠯᠡᠬᠦ | ᠴᠠᠭ ᠢᠶᠠᠨ ᠲᠣᠬᠢᠷᠠᠮᠵᠢᠲᠠᠢ ᠬᠤᠪᠢᠶᠠᠷᠢᠯᠠᠬᠤ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠨ ᠰᠢᠨᠵᠢᠯᠡᠬᠦ | ᠣᠬᠠᠭᠠᠨᠴᠢᠯᠠᠬᠤ᠂ ᠰᠤᠷᠤᠭᠴᠢᠳ ᠤᠨ ᠤᠷᠮ᠎ᠠ ᠶᠢ ᠳᠠᠶᠢᠴᠢᠯᠠᠵᠤ ᠴᠢᠳᠠᠬᠤ ᠵᠡᠷᠭᠡ ᠲᠠᠯ᠎ᠠ ᠪᠠᠭᠲᠠᠨ᠎ᠠ᠃ ᠡᠳᠡᠭᠡᠷ | ᠡᠯᠧᠮᠧᠨ᠋ᠲ ᠢ ᠬᠡᠷᠬᠢᠨ ᠵᠦᠢ ᠵᠣᠬᠢᠰᠲᠠᠢ ᠲᠣᠬᠢᠷᠠᠭᠤᠯᠬᠤ ᠪᠣᠢ ᠭᠡᠪᠡᠯ᠄ | 1. ᠬᠢᠴᠢᠶᠡᠯ ᠤᠨ ᠠᠭᠤᠯᠭ᠎ᠠ ᠶᠢ ᠶᠠᠷᠢᠬᠤ ᠶᠢᠨ ᠤᠷᠢᠳ ᠰᠠᠭᠤᠷᠢ ᠪᠤᠯᠪᠠᠰᠤᠷᠠᠯ ᠢ ᠬᠢᠬᠦ᠃ ᠪᠠᠭᠰᠢ ᠠᠴᠠ | ᠬᠢᠴᠢᠶᠡᠯ ᠡᠬᠢᠯᠡᠮᠡᠭᠴᠡ ᠪᠠᠨ ᠭᠤᠤᠯ ᠠᠭᠤᠯᠭ᠎ᠠ ᠳᠤ ᠪᠠᠨ ᠰᠢᠭᠤᠳ ᠤᠷᠤᠵᠤ ᠪᠤᠯᠬᠤ ᠦᠬᠡᠢ᠃ ᠮᠠᠨ ᠤ ᠡ᠊ᠨᠳᠠ | ᠶᠠᠷᠢᠵᠦ ᠪᠠᠶᠢᠭ᠎ᠠ ᠰᠠᠭᠤᠷᠢ ᠪᠤᠯᠪᠠᠰᠤᠷᠠᠯ ᠬᠡᠳᠡᠭ ᠨᠢ ᠨᠢᠬᠡ ᠵᠦᠢᠯ ᠤᠨ ᠵᠤᠷᠢᠯᠭ᠎ᠠ ᠲᠠᠢ᠂ ᠰᠠᠨᠠᠭᠠᠴᠢᠯᠠᠭ᠎ᠠ ᠲᠠᠢ | ᠪᠤᠯᠪᠠᠰᠤᠷᠠᠯ ᠶᠤᠮ᠃ ᠵᠤᠷᠢᠯᠭ᠎ᠠ ᠨᠢ ᠬᠡᠪᠡᠯ᠂ ᠬᠢᠴᠢᠶᠡᠯ ᠤᠨ ᠭᠤᠤᠯᠳᠠᠯᠭ᠎ᠠ ᠪᠠᠨ ᠲᠤᠪᠤᠶᠢᠯᠭᠠᠵᠤ᠂ ᠬᠦᠴᠢᠷᠳᠡᠯᠬᠡ ᠶᠢ | ᠵᠤᠬᠢᠬᠤ ᠬᠡᠮᠵᠢᠶᠡᠨ ᠳᠤ ᠪᠠᠭᠠᠰᠬᠠᠬᠤ ᠪᠤᠯᠪᠠᠰᠤᠷᠠᠯ ᠢ ᠵᠢᠭᠠᠨ᠎ᠠ᠃ ᠡᠶᠢᠮᠦ ᠤᠴᠢᠷ ᠠᠴᠠ ᠬᠢᠴᠢᠶᠡᠯ ᠡᠬᠢᠯᠡᠮᠡᠭᠴᠡ | ᠪᠠᠭᠰᠢ ᠠᠴᠠ ᠬᠢᠴᠢᠶᠡᠯ ᠤᠨ ᠭᠤᠤᠯ ᠠᠭᠤᠯᠭ᠎ᠠ ᠳᠤ ᠬᠠᠨᠳᠤᠭᠤᠯᠤᠭᠰᠠᠨ ᠰᠠᠭᠤᠷᠢ ᠪᠤᠯᠪᠠᠰᠤᠷᠠᠯ ᠢ ᠬᠢᠯᠬᠡᠬᠦ | ᠬᠡᠷᠡᠭᠳᠡᠢ᠃ ᠡᠨᠡ ᠨᠢ ᠬᠤᠶᠠᠷ ᠴᠢᠬᠤᠯᠠ ᠦᠢᠯᠡᠳᠦᠯ ᠲᠠᠢ ᠪᠠᠶᠢᠳᠠᠬ᠃ ᠶᠠᠭᠤᠨ ᠤ ᠡᠮᠦᠨ᠎ᠡ ᠲᠤᠰ ᠠᠯᠬᠤᠮ ᠢᠶᠠᠷ | ᠲᠠᠮᠵᠢᠨ ᠵᠢᠭᠠᠨ ᠰᠤᠷᠭᠠᠬᠤ ᠠᠵᠢᠯ ᠢ ᠵᠤᠬᠢᠶᠠᠨ ᠪᠠᠶᠢᠭᠤᠯᠵᠤ ᠰᠤᠷᠤᠭᠴᠢᠳ ᠤᠨ ᠤᠷᠮ᠎ᠠ ᠰᠡᠳᠬᠢᠯᠬᠡ ᠶᠢ ᠲᠠᠶᠢᠴᠢᠯᠠᠬᠤ | ᠪᠤᠯᠤᠨ᠎ᠠ᠃ ᠪᠠᠰᠠ ᠨᠢᠬᠡ ᠲᠠᠯ᠎ᠠ ᠪᠠᠷ ᠰᠢᠨ᠎ᠡ ᠰᠤᠷᠬᠤ ᠠᠭᠤᠯᠭ᠎ᠠ ᠳᠤ ᠪᠠᠨ ᠵᠠᠮ ᠲᠡᠪᠢᠰᠬᠦ ᠦᠢᠯᠡᠳᠦᠯ ᠲᠠᠢ | ᠶᠤᠮ᠃ ᠡᠬᠦᠨ ᠤ ᠡᠰᠡᠷᠬᠦ ᠪᠠᠷ ᠬᠢᠴᠢᠶᠡᠯ ᠡᠬᠢᠯᠡᠮᠡᠭᠴᠡ ᠭᠤᠤᠯ ᠠᠭᠤᠯᠭ᠎ᠠ ᠳᠤ ᠪᠠᠨ ᠰᠢᠭᠤᠳ ᠤᠷᠤᠬᠤ ᠨᠢ | ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠲᠠᠶᠢᠴᠢᠯᠠᠵᠤ ᠲᠡᠶᠢᠯᠬᠦ ᠦᠬᠡᠢ ᠮᠦᠷᠳᠡᠬᠡᠨ ᠠᠩᠬᠠᠷᠤᠯ ᠰᠠᠶᠢᠨ | ᠲᠦᠪᠯᠡᠷᠡᠬᠡᠳᠦᠢ ᠤᠴᠢᠷ ᠰᠤᠷᠤᠭᠴᠢᠳ ᠬᠦᠯᠢᠶᠡᠨ ᠠᠪᠴᠤ ᠳᠡᠶᠢᠯᠬᠦ ᠦᠭᠡᠢ ᠪᠣᠯᠵᠤ ᠦᠷ᠎ᠡ ᠪᠦᠲᠦᠮᠵᠢ ᠪᠠᠷ ᠠᠨᠠᠢ | ᠪᠣᠯᠣᠨ᠎ᠠ᠃ | 2. ᠰᠢᠨ᠎ᠡ ᠠᠭᠤᠯᠭ᠎ᠠ ᠪᠠᠨ ᠰᠦᠪᠡᠭᠴᠢᠯᠡᠭᠦ ᠪᠣᠯ ᠭᠤᠣᠯᠳᠠᠯᠭ᠎ᠠ ᠮᠥᠨ᠃ ᠰᠠᠭᠤᠷᠢ ᠪᠣᠯᠪᠠᠰᠤᠷᠠᠯ ᠢ | ᠪᠦᠲᠦᠮᠵᠢᠲᠡᠢ ᠵᠣᠬᠢᠶᠠᠨ ᠪᠠᠶᠢᠭᠤᠯᠤᠭᠰᠠᠨ ᠰᠠᠭᠤᠷᠢᠨ ᠳᠡᠭᠡᠷ᠎ᠡ ᠰᠢᠨ᠎ᠡ ᠠᠭᠤᠯᠭ᠎ᠠ ᠳᠤ ᠪᠠᠨ ᠰᠢᠯᠵᠢᠬᠦ | ᠬᠡᠷᠡᠭᠲᠡᠢ᠃ ᠲᠤᠰ ᠶᠠᠪᠤᠴᠠ ᠳᠤ ᠬᠡᠲᠦᠷᠬᠡᠢ ᠶᠠᠭᠠᠷᠠᠵᠤ ᠪᠣᠯᠬᠤ ᠦᠭᠡᠢ᠂ ᠨᠠᠷᠢᠯᠢᠬ ᠪᠠᠶᠢᠬᠤ ᠶᠢ ᠡᠷᠬᠢᠮᠯᠡᠨ᠎ᠡ᠃ ᠵᠢᠭᠠᠨ | ᠰᠤᠷᠭᠠᠬᠤ ᠠᠭᠤᠯᠭ᠎ᠠ ᠪᠠᠨ ᠭᠦᠢᠴᠡᠳ ᠳᠡᠯᠭᠡᠭᠰᠡᠨ ᠤ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠵᠢᠭᠠᠬᠤ ᠠᠷᠭ᠎ᠠ | ᠮᠠᠶ᠋ᠢᠭ ᠢ ᠬᠡᠷᠡᠭᠯᠡᠨ ᠲᠡᠰ ᠳᠠᠷᠠᠭ᠎ᠠ᠂ ᠪᠦᠲᠦᠴᠡ ᠠᠯᠬᠤᠮ ᠢ ᠲᠣᠳᠣᠷᠬᠠᠢ ᠪᠠᠶᠢᠯᠭᠠᠵᠤ᠂ ᠭᠦᠢᠬᠡᠨ ᠠᠴᠠ ᠭᠦᠨ | ᠲᠡᠶᠢᠰᠢ᠂ ᠬᠢᠯᠪᠠᠷ ᠠᠴᠠ ᠪᠣᠳᠣᠯᠢᠶᠠᠨᠲᠠᠢ ᠵᠦᠭ ᠬᠥᠲᠥᠯᠬᠦ ᠬᠡᠷᠡᠭᠲᠡᠢ᠃ ᠰᠤᠷᠤᠭᠴᠢᠳ ᠢ ᠪᠦᠬᠦᠶ ᠯᠡ ᠲᠠᠨᠢᠯᠲᠠ ᠶᠢᠨ | ᠶᠠᠪᠤᠴᠠ ᠳᠤ ᠣᠷᠣᠯᠴᠠᠭᠤᠯᠤᠨ᠂ ᠪᠠᠭᠰᠢ ᠠᠴᠠ ᠰᠡᠭᠡᠭᠡᠷᠡᠭᠦᠯᠦᠨ ᠵᠢᠯᠣᠭᠤᠳᠬᠤ ᠪᠠᠷ ᠭᠤᠣᠯ ᠪᠣᠯᠭᠠᠨ | ᠰᠤᠷᠤᠭᠴᠢᠳ ᠤᠨ ᠣᠶᠣᠨ ᠤ ᠴᠢᠳᠠᠪᠤᠷᠢ ᠶᠢ ᠬᠥᠭᠵᠢᠭᠦᠯᠬᠦ ᠪᠠᠷ ᠵᠣᠷᠢᠯᠭ᠎ᠠ ᠪᠣᠯᠭᠠᠨ᠎ᠠ᠃ ᠡᠨᠡ ᠶᠠᠪᠤᠴᠠ ᠳᠤ ᠬᠡᠲᠦᠷᠬᠡᠢ | ᠶᠠᠭᠠᠷᠠᠵᠤ ᠰᠠᠨᠳᠤᠷᠪᠠᠯ ᠵᠢᠭᠠᠨ ᠰᠤᠷᠭᠠᠯᠲᠠ ᠶᠢᠨ ᠵᠢᠮ᠎ᠡ ᠶᠣᠰᠣ ᠠᠴᠠ ᠵᠥᠷᠢᠴᠡᠵᠦ ᠦᠷ᠎ᠡ ᠪᠦᠲᠦᠮᠵᠢ ᠶᠢ | ᠳᠣᠷᠣᠭᠰᠢᠯᠠᠭᠤᠯᠤᠨ᠎ᠠ᠃ | 3. ᠠᠰᠠᠭᠤᠯᠲᠠ ᠳᠤᠷᠠᠳᠤᠨ ᠵᠢᠯᠣᠭᠤᠳᠬᠤ᠃ ᠡᠨᠡ ᠠᠯᠬᠤᠮ ᠲᠦᠢᠯ ᠤᠨ ᠴᠢᠬᠤᠯᠠ ᠤᠴᠢᠷ ᠠᠴᠠ | ᠠᠰᠠᠭᠤᠯᠲᠠ ᠠᠰᠠᠭᠤᠬᠤ ᠳᠤ ᠪᠠᠨ ᠣᠨᠴᠠᠭᠠᠶᠢᠯᠠᠨ ᠨᠠᠷᠢᠨ ᠰᠡᠳᠬᠢᠬᠦ ᠬᠡᠷᠡᠭᠲᠡᠢ᠃ ᠠᠰᠠᠭᠤᠯᠲᠠ ᠠᠰᠠᠭᠤᠬᠤ ᠳᠤ ᠪᠠᠨ | ᠵᠠᠪᠠᠯ ᠵᠢᠭᠠᠨ ᠰᠤᠷᠭᠠᠬᠤ ᠭᠤᠣᠯᠳᠠᠯᠭ᠎ᠠ ᠬᠢᠭᠡᠳ ᠬᠦᠴᠢᠷᠳᠡᠯᠭᠡ ᠪᠠᠨ ᠦᠨᠳᠦᠰᠦᠯᠡᠵᠦ᠂ ᠵᠠᠩᠭᠢᠯᠠᠭ᠎ᠠ ᠶᠢᠨ ᠦᠶ᠎ᠡ ᠳᠤ | ᠰᠡᠳᠬᠢᠨ ᠪᠣᠳᠣᠭᠤᠰᠢᠲᠠᠢ᠂ ᠰᠡᠭᠡᠬᠡᠷᠡᠭᠦᠯᠬᠦ ᠴᠢᠨᠠᠷ ᠲᠠᠢ ᠠᠰᠠᠭᠤᠯᠲᠠ ᠶᠢ ᠠᠰᠠᠭᠤᠨ ᠵᠢᠯᠣᠭᠤᠳᠬᠤ ᠳᠡᠭᠡᠷ᠎ᠡ | ᠢᠯᠡᠷᠡᠨ᠎ᠡ᠃ ᠡᠨᠡ ᠶᠠᠪᠤᠴᠠ ᠳᠤ ᠣᠨᠴᠠ ᠠᠩᠬᠠᠷᠬᠤ ᠨᠢ ᠵᠠᠪᠠᠯ ᠪᠦᠬᠦ ᠰᠤᠷᠤᠭᠴᠢ ᠶᠢ ᠬᠠᠷᠠᠭᠠᠯᠵᠠᠬᠤ | ᠬᠡᠷᠡᠭᠲᠡᠢ᠃ ᠠᠰᠠᠭᠤᠯᠳᠠ ᠠᠰᠠᠭᠤᠬᠤ ᠳᠤ ᠪᠠᠨ ᠣᠯᠠᠩᠬᠢ ᠰᠤᠷᠤᠭᠴᠢ ᠳᠤ ᠪᠣᠳᠣᠯᠬᠢᠯᠠᠬᠤ ᠴᠠᠭ ᠵᠠᠪᠰᠢᠶᠠᠨ ᠢ | ᠣᠯᠭᠤᠵᠤ ᠥᠭᠬᠦ ᠶᠢᠨ ᠬᠠᠮᠲᠤ ᠪᠠᠭᠰᠢ ᠶᠢᠨ ᠰᠡᠩᠬᠡᠷᠡᠭᠦᠯᠬᠦ᠂ ᠵᠢᠭᠠᠬᠤ᠂ ᠳᠣᠬᠢᠬᠤ᠂ ᠰᠡᠳᠬᠢᠭᠦᠯᠬᠦ ᠪᠠᠷ ᠳᠠᠮᠵᠢᠨ | ᠰᠤᠷᠤᠭᠴᠢ ᠳᠤ ᠰᠡᠳᠬᠢᠬᠦ ᠠᠷᠭ᠎ᠠ ᠵᠠᠮ ᠣᠯᠭᠤᠵᠤ᠂ ᠤᠯᠠᠮ ᠨᠢᠭᠡ ᠠᠯᠬᠤᠮ ᠭᠦᠨᠵᠡᠭᠡᠢ ᠰᠡᠳᠬᠢᠭᠦᠯᠣᠨᠠ᠃ | 4. ᠬᠢᠴᠢᠶᠡᠯ ᠤᠨ ᠲᠤᠬᠠᠢ ᠬᠤᠷᠢᠶᠠᠩᠭᠤᠶᠢᠯᠠᠯ ᠬᠢᠬᠦ᠃ ᠲᠤᠰ ᠶᠠᠪᠤᠴᠠ ᠮᠥᠨ ᠲᠤᠩ ᠴᠢᠬᠤᠯᠠ | ᠶᠤᠮ᠃ ᠡᠨᠡ ᠨᠢ ᠨᠢᠭᠡ ᠬᠢᠴᠢᠶᠡᠯ ᠤᠨ ᠵᠢᠭᠠᠨ ᠰᠤᠷᠭᠠᠯᠲᠠ ᠳᠤ ᠬᠡᠷᠬᠢᠨ ᠪᠦᠲᠦᠮᠵᠢᠲᠡᠢ ᠪᠠᠷ ᠳᠠᠪᠬᠤᠷ ᠴᠡᠭ ᠲᠠᠯᠪᠢᠬᠤ | ᠠᠰᠠᠭᠤᠳᠠᠯ ᠪᠣᠯᠣᠨ᠎ᠠ᠃ ᠪᠦᠬᠦ ᠰᠤᠷᠤᠭᠴᠢ ᠳᠤ ᠬᠢᠴᠢᠶᠡᠯᠯᠡᠭᠡ ᠶᠢᠨ ᠶᠠᠪᠤᠴᠠ ᠳᠠᠬᠢ ᠲᠤᠰᠬᠠᠯ ᠢ ᠦᠨᠳᠦᠰᠦᠯᠡᠵᠦ᠂ | ᠴᠠᠭ ᠢ ᠠᠮᠵᠢᠨ ᠶᠣᠰᠣ ᠤᠴᠢᠷ ᠢ ᠣᠶᠢᠯᠠᠭᠠᠭᠤᠯᠵᠤ ᠠᠷᠭ᠎ᠠ ᠮᠠᠶ᠋ᠢᠭ ᠢ ᠡᠵᠡᠮᠰᠢᠭᠦᠯᠦᠨ᠎ᠡ᠃ ᠬᠢᠴᠢᠶᠡᠯ ᠤᠨ ᠰᠡᠭᠦᠯ ᠳᠤ | ᠦᠨᠡᠯᠡᠯᠲᠡ ᠬᠢᠬᠦ ᠨᠢ ᠬᠢᠴᠢᠶᠡᠯ ᠤᠨ ᠭᠤᠣᠯᠳᠠᠯᠭ᠎ᠠ ᠪᠠᠨ ᠳᠣᠪᠤᠶᠢᠯᠭᠠᠵᠤ ᠴᠢᠳᠠᠬᠤ ᠪᠠᠷ ᠪᠠᠷᠠᠬᠤ ᠦᠭᠡᠢ | ᠰᠤᠷᠤᠭᠴᠢᠳ ᠲᠤ ᠭᠦᠨᠵᠡᠭᠡᠢ ᠰᠠᠭᠤᠭᠳᠠᠯ ᠦᠯᠡᠳᠡᠭᠡᠵᠦ ᠰᠤᠷᠤᠭᠴᠢᠳ ᠤᠨ ᠰᠡᠳᠬᠢᠬᠦᠢ ᠶᠢᠨ ᠵᠠᠮ ᠢ ᠵᠢᠯᠣᠭᠤᠳᠴᠤ᠂ | ᠬᠤᠶᠢᠰᠢᠳᠠ ᠶᠢᠨ ᠡᠷᠭᠢᠴᠡᠭᠦᠯᠦᠨ ᠪᠣᠳᠣᠬᠤ ᠳᠤ ᠣᠷᠣ ᠮᠥᠷ ᠦᠯᠡᠳᠡᠭᠡᠵᠦ ᠳᠡᠶᠢᠯᠦᠨ᠎ᠡ᠃ ᠨᠢᠭᠡᠨ ᠤᠳᠠᠭᠠᠨ ᠤ | ᠪᠦᠲᠦᠮᠵᠢᠲᠡᠢ ᠬᠢᠴᠢᠶᠡᠯᠯᠡᠭᠡ ᠶᠢ ᠳᠡᠭᠡᠷᠡᠬᠢ ᠬᠡᠳᠦᠨ ᠠᠯᠬᠤᠮ ᠢᠶᠠᠷ ᠶᠠᠪᠤᠭᠳᠠᠭᠤᠯᠵᠤ ᠪᠣᠯᠬᠤ ᠶᠤᠮ᠃ | ᠬᠤᠶᠠᠷ᠂ ᠬᠢᠴᠢᠶᠡᠯ ᠤᠨ ᠭᠠᠳᠠᠨᠠᠬᠢ ᠪᠣᠯᠪᠠᠰᠤᠷᠠᠯ ᠳᠠᠪᠲᠠᠯᠭ᠎ᠠ ᠶᠢ ᠴᠢᠬᠤᠯᠠᠴᠢᠯᠠᠬᠤ ᠬᠡᠷᠡᠭᠲᠡᠢ | ᠬᠢᠴᠢᠶᠡᠯᠯᠡᠭᠡ ᠪᠣᠯ ᠵᠢᠭᠠᠨ ᠰᠤᠷᠭᠠᠯᠲᠠ ᠶᠢᠨ ᠴᠢᠬᠤᠯᠠ ᠲᠠᠯᠠᠪᠤᠷ ᠪᠣᠯᠬᠤ ᠶᠢᠨ ᠠᠳᠠᠯᠢ ᠪᠠᠷ ᠪᠣᠯᠪᠠᠰᠤᠷᠠᠯ | ᠳᠠᠪᠲᠠᠯᠭ᠎ᠠ ᠪᠣᠯ ᠮᠥᠨ ᠴᠦ ᠵᠢᠭᠠᠨ ᠰᠤᠷᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠰᠤᠷᠤᠭᠴᠢᠳ | ᠮᠡᠳᠡᠯᠭᠡ ᠶᠢ ᠦᠨᠡᠨ ᠬᠦ ᠡᠵᠡᠮᠰᠢᠵᠦ ᠪᠠᠲᠤᠳᠬᠠᠶ᠎ᠠ ᠭᠡᠪᠡᠯ ᠡᠷᠬᠡᠪᠰᠢ ᠲᠣᠭᠲᠠᠭᠰᠠᠨ ᠬᠡᠮᠵᠢᠶᠠᠨ ᠤ ᠪᠣᠯᠪᠠᠰᠤᠷᠠᠯ | ᠳᠠᠪᠲᠠᠯᠭ᠎ᠠ ᠶᠢ ᠥᠩᠭᠡᠷᠡᠭᠦᠯᠬᠦ ᠴᠢᠬᠤᠯᠠᠲᠠᠢ ᠶᠤᠮ᠃ ᠰᠤᠷᠤᠭᠴᠢᠳ ᠲᠤ ᠮᠡᠳᠡᠯᠭᠡ ᠤᠯᠠᠮᠵᠢᠯᠠᠬᠤ ᠳᠤ | ᠰᠤᠷᠤᠭᠴᠢᠳ ᠤᠨ ᠮᠡᠳᠡᠯᠭᠡ ᠬᠦᠷᠲᠡᠬᠦ ᠵᠣᠷᠢᠯᠲᠠ᠂ ᠰᠡᠷᠡᠨ ᠮᠡᠳᠡᠬᠦ᠂ ᠳᠦᠷᠢ ᠢᠯᠡᠷᠡᠮᠵᠢ᠂ ᠰᠡᠳᠬᠢᠬᠦᠢ ᠶᠢ | ᠴᠢᠬᠤᠯᠠᠴᠢᠯᠠᠨ᠎ᠠ᠃ ᠮᠡᠳᠡᠯᠭᠡ ᠶᠢ ᠡᠵᠡᠮᠰᠢᠨ ᠪᠠᠲᠤᠳᠬᠠᠬᠤ ᠳᠤ ᠪᠣᠯᠪᠠᠰᠤᠷᠠᠯ ᠪᠠᠲᠤᠳᠬᠠᠯ᠂ ᠬᠡᠷᠡᠭᠯᠡᠬᠦ᠂ ᠦᠨᠡᠯᠡᠬᠦ᠂ | ᠬᠠᠷᠢᠭᠤ ᠪᠤᠴᠠᠯᠲᠠ ᠵᠡᠷᠭᠡ ᠠᠯᠬᠤᠮ ᠶᠠᠪᠤᠴᠠ ᠶᠢ ᠴᠢᠩᠭᠠᠳᠬᠠᠬᠤ ᠬᠡᠷᠡᠭᠲᠡᠢ᠃ ᠵᠢᠱᠢᠶᠡᠯᠡᠪᠡᠯ᠂ 20 ᠳᠣᠲᠣᠷᠠᠬᠢ | ᠲᠣᠭᠠᠨ ᠤ ᠨᠡᠮᠡᠬᠦ ᠬᠠᠰᠤᠬᠤ ᠦᠢᠯᠡᠳᠦᠯ ᠢ ᠰᠤᠷᠤᠭᠴᠢᠳ ᠲᠤ ᠰᠢᠭᠤᠳ ᠦᠵᠡᠭᠦᠯᠭᠡ ᠶᠢᠨ ᠵᠢᠭᠠᠨ ᠰᠤᠷᠭᠠᠯᠲᠠ ᠪᠠᠷ | ᠣᠶᠢᠯᠠᠭᠠᠭᠤᠯᠤᠭᠰᠠᠨ ᠤ ᠳᠠᠷᠠᠭ᠎ᠠ ᠦᠨᠡᠨ ᠬᠦ ᠡᠵᠡᠮᠰᠢᠭᠦᠯᠦᠶᠡ ᠭᠡᠪᠡᠯ ᠮᠢᠩᠭ᠎ᠠ ᠭᠠᠷᠤᠢ ᠤᠳᠠᠭᠠᠨ ᠤ ᠪᠣᠯᠪᠠᠰᠤᠷᠠᠯ | ᠳᠠᠪᠲᠠᠯᠭ᠎ᠠ ᠶᠢ ᠥᠩᠭᠡᠷᠡᠭᠡᠬᠦ ᠬᠡᠷᠡᠭᠲᠡᠢ ᠭᠡᠵᠦ ᠵᠠᠷᠢᠮ ᠲᠤᠷᠰᠢᠯᠭ᠎ᠠ ᠪᠦᠬᠦᠢ ᠰᠤᠳᠤᠯᠤᠭᠴᠢ ᠬᠡᠯᠡᠭᠰᠡᠨ ᠢ | ᠦᠨᠡᠮᠰᠢᠬᠦᠰᠢᠲᠡᠢ ᠶᠤᠮ᠃ ᠡ᠊ᠨᠳᠠ ᠶᠠᠷᠢᠵᠤ ᠡᠵᠡᠮᠰᠢᠭᠦᠯᠬᠦ ᠭᠡᠳᠡᠭ ᠨᠢ ᠰᠤᠷᠤᠭᠴᠢᠳ ᠤᠨ ᠰᠡᠳᠦᠪ ᠢᠶᠠᠨ ᠦᠵᠡᠮᠡᠭᠴᠡ | ᠳ᠋ᠦᠩ ᠢ ᠵᠥᠪ ᠲᠦᠷᠭᠡᠨ ᠭᠠᠷᠭᠠᠬᠤ ᠶᠢ ᠵᠢᠭᠠᠵᠤ ᠪᠣᠢ᠃ ᠡ᠊ᠨᠡ ᠭᠦ ᠳ᠋ᠦᠩ ᠢ ᠣᠯᠬᠤ ᠳᠤ ᠪᠣᠯᠪᠠᠰᠤᠷᠠᠯ | ᠳᠠᠪᠲᠠᠯᠭ᠎ᠠ ᠶᠢ ᠡᠷᠬᠡᠪᠰᠢ ᠳᠠᠮᠵᠢᠬᠤ ᠬᠡᠷᠡᠭᠲᠡᠢ᠃ ᠤᠴᠢᠷ ᠨᠢ ᠪᠣᠯᠪᠠᠰᠤᠷᠠᠯ ᠳᠠᠪᠲᠠᠯᠭ᠎ᠠ ᠨᠢ ᠰᠤᠷᠴᠤ ᠥᠩᠭᠡᠷᠡᠭᠰᠡᠨ | ᠮᠡᠳᠡᠯᠭᠡ ᠪᠠᠨ ᠪᠠᠲᠤᠳᠬᠠᠬᠤ᠂ ᠡᠭᠦᠨ ᠤ ᠤᠯᠠᠮ ᠠᠴᠠ ᠰᠢᠨ᠎ᠡ ᠮᠡᠳᠡᠯᠭᠡ ᠶᠢ ᠡᠵᠡᠮᠰᠢᠬᠦ ᠳᠤ ᠨᠥᠬᠦᠴᠡᠯ ᠪᠣᠯᠳᠠᠭ | ᠶᠤᠮ᠃ ᠡᠨᠡ ᠪᠣᠯ ᠤᠷᠲᠤ ᠤᠳᠠᠭᠠᠨ ᠤ ᠵᠢᠭᠠᠨ ᠰᠤᠷᠭᠠᠯᠲᠠ ᠶᠢᠨ ᠶᠠᠪᠤᠴᠠ ᠳᠤ ᠪᠠᠲᠤᠲᠠᠢ ᠭᠡᠷᠡᠴᠢᠯᠡᠭᠳᠡᠭᠰᠡᠨ ᠦᠨᠡᠨ | ᠶᠣᠰᠣ ᠮᠥᠨ᠃ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ | ᠵᠢᠭᠠᠬᠤ ᠫᠷᠣᠭ᠍ᠷᠠᠮ ᠳᠤ ︽ᠪᠣᠯᠪᠠᠰᠤᠷᠠᠯ ᠪᠠ ᠳᠠᠪᠲᠠᠯᠭ᠎ᠠ ᠶᠢ ᠪᠦᠲᠦᠮᠵᠢᠲᠡᠢ ᠵᠣᠬᠢᠶᠠᠨ ᠪᠠᠶᠢᠭᠤᠯᠬᠤ ᠬᠡᠷᠡᠭᠲᠡᠢ︾ ᠭᠡᠳᠡᠭ | ᠵᠤᠷᠪᠤᠰ ᠢ ᠨᠡᠮᠡᠨ ᠪᠢᠴᠢᠭᠰᠡᠨ ᠪᠥᠭᠡᠳ ︽ᠪᠣᠯᠪᠠᠰᠤᠷᠠᠯ ᠪᠣᠯ ᠰᠤᠷᠤᠭᠴᠢᠳ ᠤᠨ ᠮᠡᠳᠡᠯᠭᠡ ᠡᠵᠡᠮᠰᠢᠬᠦ᠂ ᠮᠡᠷᠭᠡᠵᠢᠯ | ᠴᠢᠳᠠᠪᠤᠷᠢ ᠪᠦᠷᠢᠯᠳᠦᠭᠦᠯᠬᠦ᠂ ᠣᠶᠣᠨ ᠠᠪᠢᠶᠠᠰ ᠢᠶᠠᠨ ᠬᠥᠭᠵᠢᠭᠦᠯᠬᠦ ᠴᠢᠬᠤᠯᠠ ᠠᠷᠭ᠎ᠠ ᠠᠪᠴᠠᠯ ᠮᠥᠨ︾ ᠭᠡᠵᠦ | ᠵᠢᠭᠠᠵᠤ ᠭᠠᠷᠭᠠᠪᠠ᠃ ᠪᠣᠯᠪᠠᠰᠤᠷᠠᠯ ᠳᠠᠪᠲᠠᠯᠭ᠎ᠠ ᠶᠢᠨ ᠴᠢᠬᠤᠯᠠ ᠴᠢᠨᠠᠷ ᠢ ᠡᠨᠡ ᠲᠣᠭᠲᠠᠭᠠᠯ ᠠᠴᠠ ᠪᠢᠳᠡ ᠦᠵᠡᠵᠦ | ᠭᠠᠷᠴᠤ ᠪᠣᠯᠣᠨ᠎ᠠ᠃ | ᠪᠢᠳᠡ ᠡ᠊ᠨᠳᠠ ᠭᠤᠣᠯᠳᠠᠭᠤ ᠬᠢᠴᠢᠶᠡᠯ ᠤᠨ ᠭᠠᠳᠠᠨᠠᠬᠢ ᠪᠣᠯᠪᠠᠰᠤᠷᠠᠯ ᠳᠠᠪᠲᠠᠯᠭ᠎ᠠ ᠶᠢ ᠶᠠᠷᠢᠬᠤ | ᠪᠣᠯᠣᠨ᠎ᠠ᠃ ᠬᠢᠴᠢᠶᠡᠯ ᠤᠨ ᠭᠠᠳᠠᠨᠠᠬᠢ ᠳᠠᠪᠲᠠᠯᠭ᠎ᠠ ᠪᠣᠯᠪᠠᠰᠤᠷᠠᠯ ᠢ ᠬᠥᠩᠭᠡᠨ ᠬᠠᠭᠤᠳᠠᠮ ᠢᠶᠠᠷ ᠦᠵᠡᠵᠦ ᠪᠣᠯᠬᠤ | ᠦᠭᠡᠢ᠂ ᠵᠥᠪᠬᠡᠨ ᠪᠣᠯᠪᠠᠰᠤᠷᠠᠬᠤ᠂ ᠰᠡᠳᠦᠪ ᠪᠣᠳᠣᠭᠤᠯᠬᠤ ᠲᠡᠳᠦᠢ ᠪᠠᠷ ᠦᠵᠡᠵᠦ ᠪᠣᠯᠬᠤ ᠦᠭᠡᠢ᠂ ᠰᠡᠳᠦᠪ | ᠬᠡᠳᠦᠢ ᠠᠷᠪᠢᠨ ᠬᠢᠯᠭᠡᠪᠡᠯ ᠲᠡᠳᠦᠢ ᠰᠠᠶᠢᠨ ᠭᠡᠵᠦ ᠦᠵᠡᠵᠦ ᠪᠣᠯᠬᠤ ᠦᠭᠡᠢ ᠶᠤᠮ᠃ ᠮᠥᠨ ᠴᠤ ᠬᠢᠴᠢᠶᠡᠯᠯᠡᠭᠡ ᠲᠠᠢ | ᠠᠳᠠᠯᠢ ᠨᠠᠷᠢᠯᠢᠬ ᠪᠦᠲᠦᠴᠡ ᠲᠠᠢ᠂ ᠭᠦᠢᠴᠡᠳ ᠪᠡᠯᠡᠳᠬᠡᠯ ᠬᠢᠵᠦ᠂ ᠨᠠᠷᠢᠨ ᠬᠢᠨᠠᠮᠠᠭᠠᠢ ᠬᠢᠬᠦ ᠪᠠᠷ ᠤᠷᠢᠳᠠᠯ | ᠪᠣᠯᠭᠠᠨ᠎ᠠ᠃ ᠪᠣᠯᠪᠠᠰᠤᠷᠠᠯ ᠬᠢᠬᠦ ᠳᠤ ᠰᠢᠨᠵᠢᠯᠡᠬᠦ ᠤᠬᠠᠭᠠᠨᠴᠢ ᠵᠠᠷᠴᠢᠮ ᠢ ᠪᠠᠷᠢᠮᠲᠠᠯᠠᠵᠤ᠂ ᠠᠯᠬᠤᠮ ᠳᠠᠷᠠᠭ᠎ᠠ ᠵᠦᠢ | ᠵᠣᠬᠢᠰᠲᠠᠢ᠂ ᠰᠤᠷᠤᠭᠴᠢ ᠪᠦᠬᠦᠨ ᠳᠤ ᠬᠠᠨᠳᠤᠭᠤᠯᠤᠭᠰᠠᠨ ᠪᠠᠶᠢᠬᠤ ᠶᠢ ᠣᠨᠴᠠ ᠴᠢᠬᠤᠯᠠᠴᠢᠯᠠᠨ᠎ᠠ᠃ ᠡᠭᠦᠨ ᠳᠤ | ᠵᠣᠬᠢᠰᠲᠠᠢ ᠬᠤᠪᠢᠶᠠᠷᠢᠯᠠᠬᠤ᠂ ᠠᠷᠭ᠎ᠠ ᠠᠪᠴᠠᠯ ᠢ ᠠᠩᠬᠠᠷᠬᠤ᠂ ᠦᠷ᠎ᠡ ᠪᠦᠲᠦᠭᠡᠯ ᠢ ᠴᠢᠬᠤᠯᠠᠴᠢᠯᠠᠬᠤ ᠬᠡᠷᠡᠭᠲᠡᠢ | ᠶᠤᠮ᠃ ᠴᠢᠩᠭ᠎ᠠ ᠱᠠᠭᠠᠷᠳᠠᠬᠤ᠂ ᠴᠠᠭ ᠲᠤᠬᠠᠢ ᠳᠤ ᠨᠢ ᠪᠠᠶᠢᠴᠠᠭᠠᠨ ᠵᠠᠰᠠᠵᠤ᠂ ᠰᠢᠯᠲᠠᠭᠠᠨ ᠢ ᠡᠷᠢᠨ ᠵᠣᠬᠢᠰᠲᠠᠢ | ᠵᠢᠯᠣᠭᠤᠳᠬᠤ᠂ ᠰᠤᠷᠤᠭᠴᠢᠳ ᠤᠨ ᠪᠦᠲᠦᠭᠡᠯᠴᠢ ᠴᠢᠳᠠᠪᠤᠷᠢ᠂ ᠪᠡᠶ᠎ᠡ ᠪᠠᠨ ᠳᠠᠭᠠᠭᠠᠬᠤ ᠴᠢᠳᠠᠪᠤᠷᠢ ᠶᠢ | ᠬᠥᠭᠵᠢᠭᠦᠯᠬᠦ ᠳᠤ ᠭᠤᠣᠯᠳᠠᠯᠭ᠎ᠠ ᠪᠠᠨ ᠲᠠᠯᠪᠢᠬᠤ ᠬᠡᠷᠡᠭᠲᠡᠢ᠃ | ᠪᠣᠯᠪᠠᠰᠤᠷᠠᠯ ᠳᠠᠪᠲᠠᠯᠭ᠎ᠠ ᠭᠡᠵᠦ ᠶᠠᠷᠢᠬᠤ ᠳᠤ ᠨᠢᠭᠡ ᠯᠡ ᠶᠠᠭᠤᠮ᠎ᠠ ᠰᠢᠬ ᠪᠣᠯᠪᠠᠴᠤ ᠬᠤᠭᠤᠷᠣᠨᠳᠤ ᠪᠠᠨ ᠪᠠᠰᠠ | ᠲᠤᠩ ᠢᠯᠭᠠᠭ᠎ᠠ ᠲᠠᠢ ᠶᠤᠮ᠃ ᠪᠣᠯᠪᠠᠰᠤᠷᠠᠯ ᠨᠢ ᠳᠠᠪᠲᠠᠯᠭ᠎ᠠ ᠶᠢ ᠪᠣᠳᠣᠪᠠᠯ ᠨᠡᠩ ᠭᠦᠢᠬᠡᠨ ᠰᠢᠭ ᠠᠭᠤᠯᠭ᠎ᠠ | ᠶᠤᠮ᠃ ᠡᠭᠦᠨ ᠤ ᠶᠣᠰᠣᠭᠠᠷ ᠳᠠᠪᠲᠠᠯᠭ᠎ᠠ ᠪᠣᠯ ᠪᠣᠯᠪᠠᠰᠤᠷᠠᠯ ᠠᠴᠠ ᠪᠤᠳᠤᠯᠢᠶᠠᠨᠲᠠᠢ᠂ ᠨᠡᠩ ᠥᠨᠳᠥᠷ | ᠱᠠᠭᠠᠷᠳᠠᠯᠭ᠎ᠠ ᠲᠠᠢ ᠶᠤᠮ᠃ ᠡᠳᠦᠷ ᠲᠤ ᠪᠠᠨ ᠰᠡᠳᠦᠪ ᠬᠢᠵᠦ᠂ ᠳᠠᠬᠢᠨ ᠳᠠᠪᠲᠠᠨ ᠬᠢᠬᠦ ᠶᠢ ᠳᠠᠪᠲᠠᠯᠭ᠎ᠠ ᠭᠡᠬᠦ ᠦᠭᠡᠢ | ᠶᠤᠮ᠃ ᠲᠠᠭᠦᠨ ᠢ ᠪᠣᠯᠪᠠᠰᠤᠷᠠᠯ ᠭᠡᠵᠦ ᠳᠥᠭᠦᠮ ᠣᠶᠢᠯᠠᠭᠠᠵᠤ ᠪᠣᠯᠣᠨ᠎ᠠ᠃ ᠡᠶᠢᠮᠦ ᠳᠠᠪᠲᠠᠯᠭ᠎ᠠ ᠶᠢᠨ ᠱᠠᠭᠠᠷᠳᠠᠯᠭ᠎ᠠ | ᠨᠡᠩ ᠥᠨᠳᠥᠷ ᠶᠤᠮ᠃ ᠪᠣᠯᠪᠠᠰᠤᠷᠠᠯ ᠤᠨ ᠬᠢᠴᠢᠶᠡᠯ ᠯᠦᠭᠡ ᠢᠯᠭᠠᠭᠳᠠᠬᠤ ᠲᠠᠯ᠎ᠠ ᠭᠡᠪᠡᠯ᠂ ᠰᠢᠨ᠎ᠡ ᠬᠠᠭᠤᠴᠢᠨ | ᠮᠡᠳᠡᠯᠭᠡ ᠶᠢᠨ ᠬᠤᠭᠤᠷᠣᠨᠳᠤᠬᠢ ᠬᠤᠯᠪᠣᠭᠳᠠᠯ ᠢ ᠨᠡᠪᠲᠡᠷᠡᠭᠦᠯᠬᠦ᠂ ᠰᠤᠷᠤᠭᠰᠠᠨ ᠠᠭᠤᠯᠭ᠎ᠠ ᠪᠠᠨ ᠰᠢᠰᠲ᠋ᠧᠮ ᠲᠠᠢ | ᠡᠮᠬᠢᠳᠬᠡᠬᠦ ᠪᠦᠭᠡᠳ ᠲᠣᠪᠴᠢ ᠳ᠋ᠦᠩᠨᠡᠯᠲᠡ ᠬᠢᠬᠦ᠂ ᠰᠤᠷᠤᠭᠴᠢᠳ ᠢ ᠬᠠᠪᠰᠤᠷᠤᠨ ᠮᠡᠳᠡᠯᠭᠡ ᠶᠢᠨ ᠮᠥᠴᠢᠳ ᠲᠠᠯ᠎ᠠ ᠶᠢ | ᠨᠥᠬᠦᠪᠦᠷᠢᠯᠡᠬᠦ ᠵᠡᠷᠭᠡ ᠪᠣᠯᠣᠨ᠎ᠠ᠃ ᠪᠠᠭᠰᠢ ᠪᠣᠯᠣᠭᠰᠠᠳ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢᠨ ᠲᠤᠯᠠᠳᠠ ᠳᠠᠪᠲᠠᠯᠭ᠎ᠠ ᠶᠢ ᠵᠣᠬᠢᠶᠠᠨ ᠪᠠᠶᠢᠭᠤᠯᠬᠤ ᠳᠤ ᠪᠠᠨ ᠳᠣᠣᠷᠠᠬᠢ ᠬᠡᠳᠦᠨ ᠠᠯᠬᠤᠮ ᠢ | ᠠᠪᠴᠤ ᠪᠣᠯᠣᠨ᠎ᠠ᠃ | 1. ᠨᠢᠭᠡᠨᠲᠡ ᠰᠤᠷᠤᠭᠰᠠᠨ ᠮᠡᠳᠡᠯᠭᠡ ᠪᠠᠨ ᠡᠷᠭᠢᠴᠡᠭᠦᠯᠬᠦ ᠶᠢᠨ ᠵᠣᠷᠢᠯᠭ᠎ᠠ ᠠᠴᠠ ᠪᠣᠯᠪᠠᠰᠤᠷᠠᠯ ᠬᠢᠯᠭᠡᠨ᠎ᠡ᠃ | 2. ᠪᠣᠯᠪᠠᠰᠤᠷᠠᠯ ᠳᠠᠪᠲᠠᠯᠭ᠎ᠠ ᠬᠢᠬᠦ ᠠᠴᠠ ᠡᠮᠦᠨ᠎ᠡ ᠬᠤᠯᠪᠣᠭᠳᠠᠯ ᠪᠦᠬᠦᠢ ᠳᠠᠪᠲᠠᠬᠤ ᠠᠭᠤᠯᠭ᠎ᠠ ᠪᠠᠨ | ᠲᠣᠳᠣᠷᠬᠠᠶᠢᠯᠠᠵᠤ᠂ ᠵᠣᠷᠢᠯᠭᠠᠲᠤ ᠴᠢᠨᠠᠷ ᠲᠠᠢ ᠪᠣᠯᠭᠠᠨ᠎ᠠ᠃ ᠵᠥᠪᠬᠡᠨ ᠶᠠᠮᠠᠷ ᠴᠤ ᠲᠣᠳᠣᠷᠬᠠᠶᠢᠯᠠᠯ ᠦᠭᠡᠢ ᠪᠠᠷ | ᠰᠡᠳᠦᠪ ᠢᠶᠠᠨ ᠠᠪᠴᠢᠷᠠᠨ ᠬᠢᠵᠦ ᠪᠣᠯᠬᠤ ᠦᠭᠡᠢ᠂ ᠢᠩᠭᠢᠪᠡᠯ ᠠᠭᠤᠯᠭ᠎ᠠ ᠨᠢ ᠲᠣᠳᠣᠷᠬᠠᠢ ᠦᠭᠡᠢ ᠪᠣᠯᠵᠤ ᠳᠠᠪᠲᠠᠬᠤ | ᠵᠣᠷᠢᠯᠭ᠎ᠠ ᠳᠤ ᠪᠠᠨ ᠬᠦᠷᠴᠦ ᠳᠡᠶᠢᠯᠬᠦ ᠦᠭᠡᠢ ᠪᠣᠯᠣᠨ᠎ᠠ᠃ | 3. ᠪᠠᠭᠰᠢ ᠠᠴᠠ ᠵᠢᠭᠠᠨ ᠵᠢᠯᠣᠭᠤᠳᠬᠤ᠂ ᠰᠡᠩᠬᠡᠷᠡᠭᠦᠯᠬᠦ ᠦᠢᠯᠡᠳᠦᠯ ᠦᠵᠡᠭᠦᠯᠬᠦ ᠪᠠᠷ ᠭᠤᠣᠯ ᠪᠣᠯᠭᠠᠵᠤ᠂ | ᠵᠢᠱᠢᠶ᠎ᠡ ᠰᠡᠳᠦᠪ ᠬᠢᠵᠦ ᠥᠭᠬᠦ᠂ ᠡᠭᠦᠨ ᠤ ᠤᠯᠠᠮ ᠢᠶᠠᠷ ᠰᠤᠷᠤᠭᠴᠢᠳ ᠢ ᠪᠣᠯᠪᠠᠰᠤᠷᠠᠭᠤᠯᠵᠤ ᠵᠠᠮ ᠳᠤ ᠨᠢ | ᠣᠷᠣᠭᠤᠯᠬᠤ᠂ ᠰᠡᠳᠬᠢᠬᠦᠢ ᠶᠢ ᠬᠥᠭᠵᠢᠭᠦᠯᠬᠦ ᠦᠢᠯᠡᠳᠦᠯ ᠢ ᠴᠢᠬᠤᠯᠠᠴᠢᠯᠠᠨ᠎ᠠ᠃ | 4. ᠵᠢᠵᠢᠭ ᠳ᠋ᠦᠩᠨᠡᠯᠲᠡ ᠬᠢᠬᠦ᠃ ᠪᠣᠯᠪᠠᠰᠤᠷᠠᠯ ᠤᠨ ᠳᠤᠮᠳᠠᠬᠢ ᠡᠯ᠎ᠡ ᠵᠦᠢᠯ ᠤᠨ ᠢᠳᠡᠪᠬᠢ᠂ ᠨᠠᠵᠠᠭᠠᠢ | ᠠᠰᠠᠭᠤᠳᠠᠯ ᠢ ᠡᠷᠢᠨ ᠰᠤᠳᠤᠯᠵᠤ᠂ ᠬᠠᠮᠲᠤ ᠪᠠᠷ ᠶᠠᠷᠢᠯᠴᠠᠨ᠂ ᠰᠢᠢᠳᠪᠦᠷᠢᠯᠡᠵᠦ᠂ ᠶᠠᠷᠢᠯᠴᠠᠭᠠᠨ ᠤ ᠳᠤᠮᠳᠠ ᠠᠴᠠ | ᠵᠢᠮ᠎ᠡ ᠶᠣᠰᠣ ᠶᠢ ᠡᠷᠢᠯᠬᠢᠯᠡᠨ ᠠᠰᠠᠭᠤᠯᠲᠠ ᠳᠤ ᠵᠠᠳᠠᠯᠤᠯᠲᠠ ᠬᠢᠬᠦ ᠪᠠᠷ ᠳᠠᠮᠵᠢᠨ ᠦᠷᠭᠦᠯᠵᠢᠯᠡᠨ ᠪᠣᠯᠪᠠᠰᠤᠷᠠᠭᠤᠯᠬᠤ ᠳᠤ | ᠰᠠᠭᠤᠷᠢ ᠲᠠᠯᠪᠢᠨ᠎ᠠ᠃ | 5. ᠳᠠᠰᠬᠠᠯ ᠦᠯᠡᠳᠡᠭᠡᠵᠦ ᠪᠣᠯᠣᠨ᠎ᠠ᠃ ᠪᠣᠯᠪᠠᠰᠤᠷᠠᠯ ᠳᠠᠪᠲᠠᠯᠭ᠎ᠠ ᠬᠢᠬᠦ ᠳᠤ ᠪᠠᠨ ᠪᠣᠳᠠᠳᠤ ᠪᠠᠶᠢᠳᠠᠯ ᠢ | ᠦᠨᠳᠦᠰᠦᠯᠡᠨ ᠨᠢᠭᠡᠴᠢ ᠶᠢᠨ ᠪᠣᠯᠪᠠᠰᠤᠷᠠᠯ᠂ ᠶᠡᠷᠦᠩᠬᠡᠢ ᠪᠣᠯᠪᠠᠰᠤᠷᠠᠯ ᠭᠡᠵᠦ ᠬᠤᠪᠢᠶᠠᠨ ᠬᠢᠵᠦ ᠪᠣᠯᠣᠨ᠎ᠠ᠃ ᠢᠩᠭᠢᠵᠦ | ᠬᠢᠬᠦ ᠨᠢ ᠰᠠᠶᠢᠨ ᠪᠦᠲᠦᠮᠵᠢ ᠶᠢ ᠣᠯᠵᠤ ᠪᠣᠯᠣᠨ᠎ᠠ᠃ ᠨᠢᠭᠡᠴᠢ ᠶᠢᠨ ᠪᠣᠯᠪᠠᠰᠤᠷᠠᠯ ᠢᠶᠠᠷ ᠳᠠᠮᠵᠢᠨ ᠠᠭᠤᠯᠭ᠎ᠠ ᠪᠠᠨ | ᠪᠠᠲᠤᠳᠬᠠᠵᠤ᠂ ᠶᠡᠷᠦᠩᠬᠡᠢ ᠪᠣᠯᠪᠠᠰᠤᠷᠠᠯ ᠢᠶᠠᠷ ᠳᠠᠮᠵᠢᠨ ᠮᠡᠳᠡᠯᠭᠡ ᠶᠢᠨ ᠬᠤᠯᠪᠣᠭᠳᠠᠯ᠂ ᠬᠠᠷᠢᠯᠴᠠᠨ ᠬᠤᠯᠪᠣᠯᠳᠤᠬᠤ ᠴᠢᠨᠠᠷ | ᠢ ᠡᠷᠢᠨ ᠭᠠᠷᠭᠠᠵᠤ᠂ ᠮᠡᠳᠡᠯᠭᠡ ᠶᠢ ᠨᠡᠩ ᠰᠢᠰᠲ᠋ᠧᠮ ᠲᠠᠢ ᠪᠦᠬᠦ ᠲᠠᠯ᠎ᠠ ᠪᠠᠷ ᠡᠵᠡᠮᠰᠢᠵᠦ ᠪᠣᠯᠣᠨ᠎ᠠ᠃ ᠢᠩᠭᠢᠬᠦ ᠨᠢ ᠪᠠᠰᠠ | ᠨᠢᠭᠡ ᠬᠥᠮᠥᠨ ᠤ ᠬᠤᠷᠢᠶᠠᠩᠭᠤᠶᠢᠯᠠᠬᠤ᠂ ᠶᠡᠷᠦᠩᠬᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠡᠳᠬᠢᠬᠦ ᠲᠠᠯ᠎ᠠ ᠪᠠᠷ ᠵᠠᠮ | ᠪᠡᠯᠡᠨ ᠪᠣᠯᠵᠤ᠂ ᠵᠠᠳᠠᠯᠬᠤ ᠠᠷᠭ᠎ᠠ ᠶᠢ ᠣᠯᠠᠨ ᠲᠠᠯ᠎ᠠ ᠪᠠᠷ ᠡᠵᠡᠮᠰᠢᠬᠦ ᠳᠤ ᠲᠤᠩ ᠴᠢᠬᠤᠯᠠ ᠦᠢᠯᠡᠳᠦᠯ | ᠦᠵᠡᠭᠦᠯᠦᠨ᠎ᠡ᠃ ᠢᠩᠭᠢᠵᠦ ᠬᠢᠬᠦ ᠳᠤ ᠠᠩᠬᠠᠷᠬᠤ ᠵᠦᠢᠯ ᠭᠡᠪᠡᠯ᠄ ᠪᠣᠯᠪᠠᠰᠤᠷᠠᠯ ᠤᠨ ᠠᠭᠤᠯᠭ᠎ᠠ ᠮᠡᠳᠡᠯᠭᠡ ᠪᠦᠬᠦ | ᠲᠠᠯ᠎ᠠ ᠶᠢᠨ ᠪᠠᠶᠢᠬᠤ᠂ ᠨᠢᠭᠡᠴᠢ ᠶᠢᠨ ᠠᠭᠤᠯᠭ᠎ᠠ ᠶᠢ ᠵᠥᠪ ᠣᠨᠣᠪᠴᠢᠲᠠᠢ ᠪᠦᠬᠦᠨ ᠢ ᠡᠵᠡᠮᠰᠢᠬᠦ ᠶᠢ ᠱᠠᠭᠠᠷᠳᠠᠨ᠎ᠠ᠃ ᠡᠰᠡ | ᠲᠡᠭᠡᠪᠡᠯ ᠦᠷᠦᠭᠡᠰᠦᠯ ᠬᠥᠭᠵᠢᠯᠲᠡ ᠲᠠᠢ ᠪᠣᠯᠵᠤ ᠰᠤᠷᠤᠭᠴᠢᠳ ᠤᠨ ᠬᠤᠵᠢᠮ ᠤᠨ ᠰᠤᠷᠤᠯᠭ᠎ᠠ ᠳᠤ ᠨᠢ ᠠᠰᠢᠭ ᠦᠭᠡᠢ | ᠪᠣᠯᠣᠨ᠎ᠠ᠃ | ᠪᠣᠯᠪᠠᠰᠤᠷᠠᠯ ᠳᠠᠪᠲᠠᠯᠭ᠎ᠠ ᠬᠢᠬᠦ ᠳᠤ ᠪᠠᠰᠠ ᠨᠢᠭᠡᠨ ᠠᠩᠬᠠᠷᠬᠤ ᠴᠢᠬᠤᠯᠠ ᠠᠰᠠᠭᠤᠳᠠᠯ ᠨᠢ ᠴᠠᠭ ᠤᠨ ᠲᠠᠯ᠎ᠠ | ᠪᠠᠷ ᠵᠣᠬᠢᠰᠲᠠᠢ ᠲᠣᠬᠢᠷᠠᠭᠤᠯᠬᠤ ᠪᠣᠯᠣᠨ᠎ᠠ᠃ ᠡᠨᠡ ᠨᠢ ᠶᠠᠷᠢᠶᠠᠨ ᠦᠭᠡᠢ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ | ᠲᠠᠢ ᠬᠤᠯᠪᠣᠭᠳᠠᠬᠤ ᠶᠤᠮ᠃ ᠮᠥᠨ ᠴᠦ ᠦᠷ᠎ᠡ ᠪᠦᠲᠦᠮᠵᠢ ᠶᠢ ᠲᠡᠭᠡᠭᠰᠢᠯᠠᠭᠦᠯᠭᠦ ᠳᠤ ᠳᠤᠲᠠᠭᠳᠠᠵᠤ ᠪᠣᠯᠣᠰᠢ | ᠦᠭᠡᠢ ᠨᠥᠬᠦᠴᠡᠯ ᠶᠤᠮ᠃ ᠴᠠᠭ ᠨᠢ ᠬᠡᠲᠦᠷᠬᠡᠢ ᠤᠷᠲᠤ ᠪᠣᠯᠪᠠᠯ᠂ ᠰᠤᠨᠵᠢᠷᠠᠭᠠᠳ ᠰᠤᠷᠤᠭᠴᠢᠳ ᠤᠨ | ᠠᠩᠬᠠᠷᠤᠯ ᠬᠤᠪᠢᠶᠠᠭᠳᠠᠵᠤ᠂ ᠤᠷᠮ᠎ᠠ ᠬᠠᠷᠢᠬᠤ᠂ ᠶᠠᠳᠠᠷᠠᠬᠤ ᠵᠡᠷᠭᠡ ᠦᠵᠡᠭᠳᠡᠯ ᠭᠠᠷᠴᠤ ᠨᠠᠵᠠᠭᠠᠢ ᠨᠥᠯᠥᠭᠡ | ᠠᠪᠴᠢᠷᠠᠨ᠎ᠠ᠃ ᠡᠶᠢᠮᠦ ᠠᠴᠠ ᠤᠬᠤᠷ ᠡᠷᠴᠢᠮᠳᠡᠢ᠂ ᠦᠨᠳᠦᠷ ᠪᠦᠳᠤᠮᠵᠢᠳᠡᠢ ᠪᠠᠶᠢᠬᠤ ᠶᠢ ᠡᠷᠬᠢᠮᠯᠡᠬᠦ | ᠬᠡᠷᠡᠭᠳᠡᠢ᠃ ᠡᠬᠦᠨᠳᠤ ᠰᠡᠳᠦᠪ ᠤᠨ ᠬᠦᠨᠳᠦᠴᠡ ᠪᠤᠯ ᠮᠦᠨ ᠴᠢᠬᠤᠯᠠ ᠠᠰᠠᠭᠤᠳᠠᠯ ᠪᠤᠯᠤᠨ᠎ᠠ᠃ ᠬᠡᠳᠦᠷᠬᠡᠢ ᠬᠦᠩᠬᠡᠨ᠂ | ᠬᠡᠳᠦᠷᠬᠡᠢ ᠬᠦᠨᠳᠦ ᠪᠠᠶᠢᠬᠤ ᠨᠢ ᠪᠦᠷ ᠵᠤᠬᠢᠰ ᠦᠬᠡᠢ ᠶᠤᠮ᠃ | ᠬᠢᠴᠢᠶᠡᠯᠯᠡᠭᠡ ᠪᠤᠯᠤᠨ ᠪᠤᠯᠪᠠᠰᠤᠷᠠᠯ ᠲᠠᠪᠳᠠᠯᠭ᠎ᠠ ᠪᠤᠯ ᠲᠤᠭᠠᠨ ᠤ ᠤᠬᠠᠭᠠᠨ ᠤ ᠵᠢᠭᠠᠨ ᠰᠤᠷᠭᠠᠯᠳᠠ ᠳᠤ | ᠲᠤᠳᠠᠭᠳᠠᠵᠤ ᠪᠤᠯᠤᠰᠢ ᠦᠬᠡᠢ ᠬᠤᠶᠠᠷ ᠲᠠᠯ᠎ᠠ ᠪᠤᠯᠵᠤ᠂ ᠡᠷᠴᠢᠮᠲᠠᠢ ᠶᠠᠪᠤᠭᠳᠠᠵᠤ᠂ ᠵᠤᠬᠢᠰᠳᠠᠢ ᠠᠭᠤᠰᠤᠯᠴᠠᠬᠤ ᠨᠢ | ᠵᠢᠭᠠᠨ ᠰᠤᠷᠭᠠᠯᠳᠠ ᠶᠢᠨ ᠬᠢᠷᠢ ᠵᠡᠷᠬᠡ ᠪᠤᠯᠬᠤ ᠲᠠᠢ ᠰᠢᠭᠤᠳ ᠬᠤᠯᠪᠤᠭ᠎ᠠ ᠲᠠᠢ᠃ ᠵᠦᠪᠬᠡᠨ ᠬᠢᠴᠢᠶᠡᠯᠯᠡᠭᠡ ᠶᠢ | ᠠᠩᠬᠠᠷᠤᠨ ᠪᠤᠯᠪᠠᠰᠤᠷᠠᠯ ᠲᠠᠪᠳᠠᠯᠭ᠎ᠠ ᠶᠢ ᠤᠮᠳᠤᠭᠠᠶᠢᠯᠠᠬᠤ ᠨᠢ ᠵᠢᠭᠠᠨ ᠰᠤᠷᠭᠠᠯᠳᠠ ᠶᠢᠨ ᠬᠢᠷᠢ ᠲᠦᠪᠰᠢᠨ ᠢ | ᠲᠡᠬᠡᠭᠰᠢᠯᠡᠬᠦᠯᠵᠦ ᠲᠡᠶᠢᠯᠬᠦ ᠦᠬᠡᠢ ᠶᠤᠮ᠃ ᠪᠠᠭ᠎ᠠ ᠰᠤᠷᠭᠠᠭᠤᠯᠢ ᠶᠢᠨ ᠲᠤᠭᠠᠨ ᠤ ᠤᠬᠠᠭᠠᠨ ᠤ ᠴᠢᠬᠤᠯᠠ ᠴᠢᠨᠠᠷ ᠢ | ᠬᠦᠢᠴᠡᠳ ᠲᠠᠨᠢᠵᠤ᠂ ᠵᠢᠭᠠᠨ ᠰᠤᠷᠭᠠᠯᠳᠠ ᠶᠢᠨ ᠦᠷ᠎ᠡ ᠪᠦᠳᠦᠮᠵᠢ ᠶᠢ ᠲᠡᠬᠡᠭᠰᠢᠯᠡᠬᠦᠯᠬᠦ ᠳᠤ ᠲᠤᠰ ᠬᠤᠶᠠᠷ ᠲᠠᠯ᠎ᠠ ᠶᠢ | ᠤᠷᠭᠠᠨᠢᠭ ᠢᠶᠠᠷ ᠠᠪᠴᠠᠯᠳᠤᠭᠤᠯᠬᠤ ᠬᠡᠷᠡᠭᠳᠡᠢ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠣᠩᠨᠢᠭᠤᠳ ᠬᠤᠰᠢᠭᠤᠨ ᠤ ᠬᠠᠶᠢᠯᠠᠰᠤ | ᠮᠣᠩᠭᠤᠯ ᠦᠨᠳᠦᠰᠦᠲᠡᠨ ᠤ ᠰᠤᠷᠭᠠᠭᠤᠯᠢ | ︵ᠠᠯᠳᠠᠨᠰᠦ᠋ᠭᠡ ᠨᠠᠶᠢᠷᠠᠭᠤᠯᠪᠠ︶ | | | |