2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠡᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠨᠠᠶᠢᠷᠠᠯ ᠳᠠᠭᠤᠨ ᠤ ᠲᠣᠭᠤᠷᠢᠨ ᠲᠣᠭᠯᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/10/28
      ᠣᠶᠢᠷ᠎ᠠ ᠳᠤ᠂ ︽ᠵᠠᠯᠠᠭᠤ ᠨᠠᠰᠤᠨ ᠳᠤ ᠪᠠᠨ ᠬᠤᠷᠠᠨ ᠴᠤᠭᠯᠠᠷᠠᠵᠤ ᠤᠮᠠᠷᠠᠲᠤ ᠬᠢᠯᠢ ᠪᠠᠨ ᠮᠠᠭᠲᠠᠨ           ᠳᠠᠭᠤᠯᠠᠨᠠᠮ︾ ᠭᠡᠬᠦ ᠰᠢᠷᠢᠰ ᠭᠤᠣᠯ ᠰᠡᠳᠦᠪᠲᠦ ᠠᠵᠢᠯᠯᠠᠭᠠᠨ ᠤ ᠨᠢᠭᠡ ᠪᠣᠯᠬᠤ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠶᠢᠷᠠᠯ ᠰᠠᠭᠤᠨ ᠤ ᠲᠣᠭᠤᠷᠢᠨ ᠲᠣᠭᠯᠠᠬᠤ ᠠᠵᠢᠯᠯᠠᠭ᠎ᠠ ᠶᠢ ᠲᠤᠰ ᠲᠤᠰ ᠲᠦᠩᠯᠢᠶᠣᠤ ᠬᠤᠲᠠ ᠪᠠ ᠬᠥᠬᠡᠬᠤᠲᠠ ᠳᠤ ᠶᠠᠪᠤᠭᠳᠠᠭᠤᠯᠪᠠ᠃ ᠪᠦᠬᠦ ᠣᠷᠣᠨ ᠤ 30 ᠭᠠᠷᠤᠢ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠶᠢᠷᠠᠯ ᠳᠠᠭᠤᠨ ᠤ ᠪᠦᠯᠬᠦᠮ ᠢ ᠵᠡᠭᠦᠨ ᠣᠷᠣᠨ ᠪᠠ ᠳᠤᠮᠳᠠ ᠪᠠᠷᠠᠭᠤᠨ ᠣᠷᠣᠨ ᠭᠡᠵᠦ ᠬᠤᠪᠢᠶᠠᠨ ᠲᠣᠭᠤᠷᠢᠨ ᠲᠣᠭᠯᠠᠯᠲᠠ ᠶᠢ ᠥᠷᠨᠢᠭᠦᠯᠪᠡ᠃      ᠵᠡᠭᠦᠨ ᠬᠡᠰᠡᠭ ᠤᠨ ᠭᠠᠵᠠᠷ ᠣᠷᠣᠨ ᠤ 10 ᠨᠠᠶᠢᠷᠠᠯ ᠳᠠᠭᠤᠨ ᠤ ᠪᠦᠯᠬᠦᠮ ᠬᠤᠷᠴᠢᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠴᠤᠭᠯᠠᠷᠠᠵᠤ᠂ ᠣᠮᠤᠭ ᠲᠡᠭᠦᠯᠳᠡᠷ ᠠᠶᠢᠵᠠᠮ ᠴᠣᠬᠢᠯᠭ᠎ᠠ ᠢᠶᠠᠷ ᠲᠡᠮᠡᠴᠡᠯ ᠤᠨ ᠵᠣᠷᠢᠭ ᠢᠶᠠᠨ ᠢᠯᠡᠷᠡᠭᠦᠯᠵᠦ᠂ ᠢᠷᠠᠭᠤ ᠰᠠᠶᠢᠬᠠᠨ ᠬᠥᠭ ᠠᠶᠠᠰ ᠢᠶᠠᠷ ᠰᠡᠳᠬᠢᠯ ᠬᠥᠳᠡᠯᠭᠡᠮ᠎ᠡ ᠦᠯᠢᠭᠡᠷ ᠢ ᠶᠠᠷᠢᠪᠠ︔ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ 23 ᠨᠠᠶᠢᠷᠠᠯ ᠳᠠᠭᠤᠨ ᠤ ᠪᠦᠯᠬᠦᠮ ᠬᠥᠬᠡᠬᠤᠲᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ ᠭᠠᠷᠴᠤ᠂ ᠬᠠᠮᠤᠭ ᠤᠨ ᠭᠤᠶᠣ ᠰᠠᠶᠢᠬᠠᠨ ᠰᠣᠩᠭᠤᠳᠠᠭ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠠᠮᠲᠤ ᠳᠤ ᠪᠠᠨ ᠰᠣᠶᠤᠯ ᠪᠠ ᠭᠤᠸ᠎ᠠ ᠰᠠᠶᠢᠬᠠᠨ ᠢ ᠤᠯᠠᠮᠵᠢᠯᠠᠨ ᠰᠣᠯᠢᠯᠴᠠᠬᠤ ᠨᠠᠶᠢᠷᠠᠯ ᠳᠠᠭᠤᠨ ᠤ ᠠᠶᠠᠯᠠᠯ ᠳᠤ ᠮᠣᠷᠳᠠᠯ᠎ᠠ᠃ ᠲᠣᠭᠤᠷᠢᠨ ᠲᠣᠭᠯᠠᠬᠤ ᠠᠬᠤᠢ ᠲᠠᠯᠠᠪᠠᠢ ᠳᠤ᠂ ᠠᠶ᠎ᠠ ᠳᠠᠭᠤᠤ ᠬᠠᠩᠭᠢᠨᠠᠨ ᠪᠠᠶᠢᠯ᠎ᠠ᠃ ︽ᠮᠤᠨᠢ ᠠᠭᠤᠯᠠ︾᠂ ︽ᠬᠥᠯᠥᠨ ᠪᠤᠶᠢᠷ ᠤᠨ ᠲᠠᠯ᠎ᠠ           ᠨᠤᠲᠤᠭ︾᠂ ︽ᠨᠤᠲᠤᠭ ᠤᠨ ᠵᠠᠮ︾ ᠵᠡᠷᠭᠡ ᠨᠢ ᠤᠮᠠᠷᠠᠲᠤ ᠬᠢᠯᠢ ᠶᠢᠨ ᠬᠥᠪᠡᠭᠦᠳ ᠥᠬᠢᠳ ᠤᠨ ᠨᠤᠲᠤᠭ ᠤᠰᠤ ᠪᠠᠨ ᠬᠠᠶᠢᠷᠠᠯᠠᠭᠰᠠᠨ ᠪᠠ ᠮᠠᠭᠲᠠᠨ ᠳᠠᠭᠤᠯᠠᠭᠰᠠᠨ ᠰᠡᠳᠬᠢᠯᠭᠡ ᠶᠢ ᠢᠯᠡᠳᠬᠡᠵᠡᠢ︔ ︽ᠶᠤᠸᠠᠢ ᠷᠧᠨ           ᠭᠧ︾᠂ ︽ᠬᠤᠸᠠ ᠶᠣᠣ ᠢ ᠰᠢᠤᠸᠠᠨ ︾᠂ ︽ᠳᠤᠮᠳᠠᠳᠤ ᠶᠢᠨ ᠦᠨᠳᠦᠰᠦᠲᠡᠨ ᠨᠢᠭᠡᠨ ᠭᠡᠷ ᠤᠨ ᠬᠢᠨ ᠮᠡᠲᠦ ᠲᠣᠲᠤᠨᠤ︾ ᠵᠡᠷᠭᠡ ᠣᠨᠴᠠᠯᠢᠭ ᠢᠯᠡ ᠲᠣᠳᠣ ᠳᠠᠭᠤᠤ ᠨᠤᠭᠤᠳ ᠳᠤᠮᠳᠠᠳᠤ ᠶᠢᠨ ᠰᠣᠶᠣᠯ ᠤᠨ ᠥᠨᠢᠳᠡ ᠶᠢᠨ ᠷᠢᠳᠢ ᠰᠢᠳᠢ ᠪᠣᠯᠤᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠡᠢ︔ ︽ᠨᠤᠲᠤᠭ ᠤᠨ ᠳᠠᠭᠤᠤ ᠪᠠᠨ ᠨᠠᠮ ᠳᠤ ᠪᠠᠨ ᠡᠷᠭᠦᠨᠡᠮ︾᠂ ︽ᠪᠢ ᠡᠬᠡ ᠤᠯᠤᠰ ᠲᠠᠢ ᠪᠠᠨ︾᠂ ︽ᠵᠠᠮᠴᠢᠯᠠᠭᠴᠢ︾ ᠵᠡᠷᠭᠡ ᠳᠠᠭᠤᠤ ᠶᠢ ᠳᠠᠭᠤᠯᠠᠵᠤ᠂ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠪᠠᠲᠤ ᠢᠲᠡᠭᠡᠯ ᠢ ᠴᠤᠤᠷᠢᠶᠠᠲᠤᠭᠤᠯᠪᠠ᠃ ᠲᠣᠭᠤᠷᠢᠨ ᠲᠣᠭᠯᠠᠯᠲᠠ ᠨᠢ ᠨᠠᠶᠢᠷᠠᠯ ᠳᠠᠭᠤᠨ ᠤ ᠭᠤᠶᠢᠳᠠ ᠰᠠᠶᠢᠬᠠᠨ ᠢ ᠭᠠᠶᠢᠬᠠᠭᠤᠯᠵᠤ᠂ ᠤᠷᠠᠯᠢᠭᠴᠢ ᠴᠢᠨᠠᠷ᠂ ᠰᠤᠷᠭᠠᠨ ᠬᠥᠮᠦᠵᠢᠯ ᠤᠨ ᠴᠢᠨᠠᠷ ᠢ ᠨᠢᠭᠡ ᠴᠣᠭᠴᠠᠵᠢᠭᠤᠯᠵᠤ᠂ ᠤᠮᠠᠷᠠᠲᠤ ᠬᠢᠯᠢ ᠶᠢᠨ ᠬᠥᠪᠡᠭᠦᠳ ᠥᠬᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠪᠡ᠃   

1.webp.png

2.webp.png

3.webp.png

4.webp.png

5.webp.png

6.webp.png

7.webp.png

8.webp.png

9.webp.png

10.webp.png

      ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ

ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠤᠸ᠎ᠠ

ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠣᠯᠤᠨ ᠦᠢᠯᠡᠳᠦᠯᠭᠡ ᠶᠢᠨ ᠵᠢᠯᠣᠭᠤᠳᠬᠤ ᠵᠥᠪᠯᠡᠯ᠂ ᠬᠤᠷᠴᠢᠨ

ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠬᠠᠮᠵᠢᠯᠴᠠᠨ ᠡᠷᠬᠢᠯᠡᠪᠡ᠃ ᠨᠠᠶᠢᠷᠠᠯ ᠳᠠᠭᠤᠨ ᠤ ᠪᠦᠯᠬᠦᠮ ᠨᠢ ᠡᠯ᠎ᠡ ᠭᠠᠵᠠᠷ ᠤᠨ ᠰᠤᠷᠭᠠᠨ

ᠬᠥᠮᠦᠵᠢᠯ ᠤᠨ ᠰᠢᠰᠲ᠋ᠧᠮ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ

ᠵᠢᠴᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠠᠴᠠ ᠪᠥᠷᠢᠯᠳᠦᠪᠡ᠃ ᠲᠣᠭᠤᠷᠢᠨ ᠲᠣᠭᠯᠠᠬᠤ ᠠᠴᠠ

ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠯᠪᠡᠭ ᠪᠠᠶᠠᠯᠢᠭ ᠲᠤᠷᠰᠢᠯᠭ᠎ᠠ ᠲᠠᠢ᠂

ᠥᠨᠳᠦᠷ ᠲᠤᠰᠬᠠᠢ ᠮᠡᠷᠭᠡᠵᠢᠯ ᠤᠨ ᠪᠣᠯᠪᠠᠰᠤᠷᠠᠯ ᠲᠠᠢ ᠨᠠᠶᠢᠷᠠᠯ ᠳᠠᠭᠤᠤ ᠶᠢ ᠵᠢᠯᠣᠭᠤᠳᠬᠤ ᠲᠤᠰᠬᠠᠢ ᠮᠡᠷᠭᠡᠵᠢᠯᠲᠡᠨ ᠢ

ᠰᠣᠩᠭᠤᠨ ᠲᠣᠮᠢᠯᠠᠵᠤ᠂ 12 ᠠᠶᠢᠮᠠᠭ ᠬᠤᠲᠠ ᠪᠣᠯᠤᠨ ᠬᠡᠰᠡᠭ ᠶᠡᠭᠡ ᠳᠡᠭᠡᠳᠦ ᠰᠤᠷᠭᠠᠭᠤᠯᠢ ᠳᠤ ᠬᠦᠷᠴᠦ

ᠵᠢᠯᠣᠭᠤᠳᠤᠨ ᠪᠠᠶᠢᠴᠠᠭᠠᠨ ᠰᠣᠳᠤᠯᠵᠤ᠂ ᠡᠯ᠎ᠡ ᠨᠠᠶᠢᠷᠠᠯ  ᠳᠠᠭᠤᠨ ᠤ ᠪᠦᠯᠬᠦᠮ ᠤᠨ ᠪᠣᠯᠪᠠᠰᠤᠷᠠᠯ ᠤᠨ ᠠᠵᠢᠯ  ᠳᠤ

ᠲᠤᠰᠬᠠᠢ ᠮᠡᠷᠭᠡᠵᠢᠯ ᠤᠨ ᠬᠦᠴᠦᠨ ᠨᠡᠮᠡᠷᠢᠯᠡᠪᠡ᠃

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠷᠢᠳ ᠬᠤᠵᠢᠳ

ᠥᠨᠳᠥᠷ ᠬᠢᠷᠢ ᠲᠦᠪᠰᠢᠨ ᠪᠦᠬᠦᠢ ᠨᠠᠶᠢᠷᠠᠯ ᠳᠠᠭᠤᠨ ᠤ ᠪᠦᠯᠬᠦᠮ ᠢ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ

ᠪᠠᠭᠰᠢ ᠰᠤᠷᠤᠭᠴᠢᠳ ᠤᠨ ᠨᠠᠶᠢᠷᠠᠯ ᠳᠠᠭᠤᠨ ᠤ ᠲᠣᠭᠯᠠᠯᠲᠠ ᠪᠠ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠦᠭᠰᠡᠭᠡᠷ

ᠢᠷᠡᠪᠡ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ︽ᠰᠤᠷᠭᠠᠭᠤᠯᠢ ᠶᠢᠨ ᠭᠤᠸ᠎ᠠ

ᠰᠠᠶᠢᠬᠠᠨ  ᠤ ᠬᠥᠮᠦᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ

ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠪᠦᠬᠦ ᠣᠷᠣᠨ ᠤ ᠶᠡᠭᠡ ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠶᠢᠷᠠᠯ ᠳᠠᠭᠤᠨ ᠤ ᠪᠦᠯᠬᠦᠮ ᠢ ᠵᠣᠬᠢᠶᠠᠨ ᠪᠠᠶᠢᠭᠤᠯᠬᠤ ᠵᠢᠴᠢ

ᠨᠠᠶᠢᠷᠠᠯ ᠳᠠᠭᠤᠨ ᠤ ᠪᠦᠯᠬᠦᠮ ᠤᠨ ᠲᠣᠭᠤᠷᠢᠨ ᠲᠣᠭᠯᠠᠬᠤ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠢ

ᠳᠠᠷᠤᠮᠠᠯᠯᠠᠨ ᠲᠠᠷᠬᠠᠭᠠᠵᠤ᠂ ᠨᠠᠶᠢᠷᠠᠯ ᠳᠠᠭᠤᠨ ᠤ ᠤᠷᠠᠯᠢᠭ ᠤᠨ ᠬᠡᠯᠪᠡᠷᠢ ᠶᠢ ᠰᠤᠷᠭᠠᠭᠤᠯᠢ ᠶᠢᠨ ᠬᠦᠷᠢᠶᠡᠨ ᠳᠤ

ᠲᠦᠭᠡᠮᠡᠯᠵᠢᠭᠦᠯᠬᠦ ᠪᠠ ᠳᠡᠯᠭᠡᠷᠡᠭᠦᠯᠬᠦ ᠶᠢ ᠶᠡᠭᠡ ᠪᠠᠷ ᠠᠬᠢᠭᠤᠯᠵᠤ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠨᠠᠶᠢᠷᠠᠯ ᠳᠠᠭᠤᠨ ᠤ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠪᠠᠭᠰᠢ

ᠰᠤᠷᠤᠭᠴᠢᠳ ᠤᠨ ᠭᠤᠸ᠎ᠠ ᠰᠠᠶᠢᠬᠠᠨ ᠪᠠ ᠰᠣᠶᠣᠯ ᠢᠷᠭᠡᠨᠰᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂

ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ

ᠭᠦᠨᠵᠡᠭᠡᠶᠢᠷᠡᠭᠦᠯᠪᠡ᠃ ᠡᠨᠡ ᠤᠳᠠᠭᠠᠨ ᠤ ᠲᠣᠭᠤᠷᠢᠨ ᠲᠣᠭᠯᠠᠬᠤ ᠠᠵᠢᠯᠯᠠᠭ᠎ᠠ ᠶᠢ ᠥᠷᠨᠢᠭᠦᠯᠦᠭᠰᠡᠨ ᠨᠢ ᠪᠦᠬᠦ

ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠶᠢᠷᠠᠯ ᠳᠠᠭᠤᠨ ᠤ ᠪᠦᠯᠬᠦᠮ ᠳᠤ

ᠳᠡᠯᠭᠡᠨ ᠦᠵᠡᠭᠦᠯᠬᠦ᠂ ᠰᠤᠷᠤᠯᠴᠠᠬᠤ ᠲᠠᠪᠴᠠᠩ ᠢ ᠬᠠᠩᠭᠠᠬᠤ ᠶᠢᠨ ᠬᠠᠮᠲᠤ ᠪᠠᠰᠠ ᠭᠠᠵᠠᠷ ᠣᠷᠣᠨ ᠤ

ᠬᠤᠭᠤᠷᠣᠨᠳᠣᠬᠢ ᠲᠤᠰᠬᠠᠢ ᠮᠡᠷᠭᠡᠵᠢᠯ ᠤᠨ ᠰᠣᠯᠢᠯᠴᠠᠭ᠎ᠠ ᠪᠠ ᠨᠡᠪᠲᠡᠷᠡᠯᠴᠡᠭᠡ ᠶᠢ ᠠᠬᠢᠭᠤᠯᠵᠤ᠂ ᠨᠠᠶᠢᠷᠠᠯ ᠳᠠᠭᠤᠨ ᠤ

ᠤᠷᠠᠯᠢᠭ ᠤᠨ ᠥᠪᠡᠷᠮᠢᠴᠡ ᠬᠥᠮᠦᠨ ᠬᠥᠮᠦᠵᠢᠭᠦᠯᠬᠦ ᠴᠢᠳᠠᠮᠵᠢ ᠳᠤ ᠲᠦᠰᠢᠭᠯᠡᠨ᠂ ᠭᠤᠸ᠎ᠠ ᠰᠠᠶᠢᠬᠠᠨ ᠤ ᠬᠥᠮᠦᠵᠢᠯ ᠢ

ᠨᠡᠪᠴᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号