2024 ᠣᠨ ᠤ ᠳᠣᠣᠷ᠎ᠠ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ | ᠭᠡᠮ ᠤᠨ ᠰᠢᠯᠭᠠᠯᠲᠠ ᠶᠢᠨ ᠨᠢᠭᠤᠷᠳᠠᠨ ᠰᠢᠯᠭᠠᠯᠲᠠ ︵ᠳᠣᠷᠣᠭᠰᠢ ᠨᠢᠭᠤᠷᠳᠠᠨ ᠰᠢᠯᠭᠠᠯᠲᠠ ᠭᠡᠵᠦ ᠳᠦᠭᠦᠮᠴᠢᠯᠡᠨ᠎ᠡ︶ ᠶᠢ | 12 ᠳ᠋ᠤᠭᠠᠷ ᠰᠠᠷ᠎ᠠ ᠶᠢᠨ 7 - 8 ᠤ ᠡᠳᠦᠷ ︵ᠬᠡᠰᠡᠭ ᠰᠢᠯᠭᠠᠯᠲᠠ ᠶᠢᠨ ᠴᠡᠭ ᠪᠣᠳᠠᠲᠠᠢ ᠪᠠᠶᠢᠳᠠᠯ ᠢᠶᠠᠨ | ᠦᠨᠳᠦᠰᠦᠯᠡᠨ ᠵᠣᠬᠢᠰᠲᠠᠢ ᠤᠷᠲᠤᠳᠬᠠᠵᠤ ᠪᠣᠯᠤᠨ᠎ᠠ︶ ᠶᠠᠪᠤᠭᠳᠠᠭᠤᠯᠤᠨ᠎ᠠ᠃ ᠡᠳᠦᠭᠡ ᠨᠢᠭᠤᠷᠳᠠᠨ ᠰᠢᠯᠭᠠᠯᠲᠠ ᠳᠤ | ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠢᠯᠡ ᠨᠡᠶᠢᠲᠡᠯᠡᠪᠡ᠄ | ᠨᠢᠭᠡ᠂ ᠴᠠᠭ ᠬᠤᠭᠤᠴᠠᠭᠠᠨ ᠤ ᠲᠣᠬᠢᠷᠠᠭᠤᠯᠤᠯᠲᠠ | 1. ᠰᠦᠯᠵᠢᠶᠡᠨ ᠳᠤ ᠨᠡᠷ᠎ᠡ ᠮᠡᠳᠡᠭᠦᠯᠬᠦ | 11 ᠳ᠋ᠦ᠋ᠭᠡᠷ ᠰᠠᠷ᠎ᠠ ᠶᠢᠨ 8 ᠤ ᠡᠳᠦᠷ ᠤᠨ 10᠄ 00 - 11 ᠤ ᠡᠳᠦᠷ ᠤᠨ 17᠄ 00 | 2. ᠰᠦᠯᠵᠢᠶᠡᠨ ᠳᠤ ᠬᠢᠨᠠᠨ ᠪᠠᠶᠢᠴᠠᠭᠠᠬᠤ | 11 ᠳ᠋ᠦ᠋ᠭᠡᠷ ᠰᠠᠷ᠎ᠠ ᠶᠢᠨ 8 ᠤ ᠡᠳᠦᠷ ᠤᠨ 10᠄ 00 - 13 ᠤ ᠡᠳᠦᠷ ᠤᠨ 12᠄ 00 ︵ᠬᠢᠨᠠᠨ | ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠰᠢᠯᠭᠠᠭᠤᠯᠤᠭᠴᠢ ᠶᠢᠨ ᠳᠠᠬᠢᠨ ᠨᠡᠷ᠎ᠡ ᠮᠡᠳᠡᠭᠦᠯᠵᠦ ᠮᠡᠳᠡᠭᠡ ᠵᠠᠩᠭᠢ ᠪᠠᠨ | ᠳᠤᠰᠢᠶᠠᠬᠤ ᠪᠠ ᠬᠢᠨᠠᠨ ᠪᠠᠶᠢᠴᠠᠭᠠᠵᠤ ᠳᠠᠭᠤᠰᠬᠤ ᠴᠠᠭ᠄ 11 ᠳ᠋ᠦ᠋ᠭᠡᠷ ᠰᠠᠷ᠎ᠠ ᠶᠢᠨ 13 ᠤ ᠡᠳᠦᠷ ᠤᠨ 12᠄ 00︶ | 3. ᠰᠦᠯᠵᠢᠶᠡᠨ ᠳᠤ ᠰᠦᠢᠳᠬᠡᠯ ᠳᠤᠰᠢᠶᠠᠬᠤ | 11 ᠰᠠᠷ᠎ᠠ ᠶᠢᠨ 8 ᠤ ᠡᠳᠦᠷ ᠤᠨ 10:00-13᠄ 00 | 4. ᠰᠢᠯᠭᠠᠬᠤ ᠲᠡᠮᠳᠡᠭ ᠢ ᠳᠠᠷᠤᠮᠠᠯᠯᠠᠬᠤ | 12 ᠰᠠᠷ᠎ᠠ ᠶᠢᠨ 3 - 8 ᠤ ᠡᠳᠦᠷ | 5. ᠨᠢᠭᠤᠷᠳᠠᠨ ᠰᠢᠯᠭᠠᠬᠤ | 12 ᠳ᠋ᠤᠭᠠᠷ ᠰᠠᠷ᠎ᠠ ᠶᠢᠨ 7- 8 ᠤ ᠡᠳᠦᠷ ︵ᠣᠨᠴᠠ ᠵᠠᠷᠢᠮ ᠰᠢᠯᠭᠠᠯᠲᠠ ᠶᠢᠨ ᠲᠣᠭᠤᠷᠢᠭ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠰᠢᠯᠭᠠᠯᠲᠠ ᠶᠢᠨ ᠴᠠᠭ ᠢ ᠨᠡᠮᠡᠵᠦ ᠪᠣᠯᠤᠨ᠎ᠠ᠂ ᠪᠣᠳᠠᠲᠠᠢ ᠴᠠᠭ᠂ ᠭᠠᠵᠠᠷ ᠢ ᠰᠢᠯᠭᠠᠬᠤ | ᠲᠡᠮᠳᠡᠭ ᠢᠶᠠᠷ ᠪᠠᠷᠢᠮᠵᠢᠶ᠎ᠠ ᠪᠣᠯᠭᠠᠨ᠎ᠠ︶ | 6. ᠬᠢᠷᠢ ᠪᠦᠲᠦᠮᠵᠢ ᠶᠢ ᠨᠡᠶᠢᠲᠡᠯᠡᠬᠦ ᠴᠠᠭ | 2025 ᠣᠨ ᠤ 1 ᠰᠠᠷ᠎ᠠ ᠶᠢᠨ 7 ᠤ ᠡᠳᠦᠷ | ᠬᠤᠶᠠᠷ᠂ ᠨᠡᠷ᠎ᠡ ᠮᠡᠳᠡᠭᠦᠯᠬᠦ ᠱᠠᠭᠠᠷᠳᠠᠯᠭ᠎ᠠ | ᠰᠢᠯᠭᠠᠭᠤᠯᠤᠭᠴᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ | ᠰᠦᠯᠵᠢᠶ᠎ᠡ ︵ᠰᠦᠯᠵᠢᠶᠡᠨ ᠬᠠᠶ᠋ᠢᠭ᠄ https://ntce.neea.edu.cn︶ ᠳᠤ ᠣᠷᠣᠵᠤ᠂ ᠲᠣᠭᠲᠠᠭᠰᠠᠨ | ᠴᠠᠭ ᠲᠤ ᠰᠦᠯᠵᠢᠶᠡᠨ ᠳᠤ ᠨᠡᠷ᠎ᠡ ᠮᠡᠳᠡᠭᠦᠯᠦᠨ ᠪᠠ ᠰᠦᠢᠳᠬᠡᠯ ᠳᠤᠰᠢᠶᠠᠨ᠎ᠠ᠃ ᠰᠢᠯᠭᠠᠭᠤᠯᠤᠭᠴᠢ ᠥᠪᠡᠷ ᠤᠨ | ᠰᠤᠷᠤᠭᠰᠠᠨ ᠲᠤᠰᠬᠠᠢ ᠮᠡᠷᠭᠡᠵᠢᠯ ᠢᠶᠠᠨ ᠦᠨᠳᠦᠰᠦᠯᠡᠨ ᠰᠢᠯᠭᠠᠯᠲᠠ ᠳᠤ ᠨᠡᠷ᠎ᠡ ᠮᠡᠳᠡᠭᠦᠯᠬᠦ ᠶᠢᠨ ᠬᠠᠮᠲᠤ ᠪᠢᠴᠢᠭ ᠤᠨ | ᠰᠢᠯᠭᠠᠯᠲᠠ ᠲᠠᠢ ᠬᠠᠷᠠᠭᠠᠯᠵᠠᠭᠰᠠᠨ ᠨᠢᠭᠤᠷᠳᠠᠨ ᠰᠢᠯᠭᠠᠯᠲᠠ ᠶᠢᠨ ᠰᠤᠷᠤᠯᠭ᠎ᠠ ᠶᠢᠨ ᠱᠠᠲᠤᠨ ᠤ ᠲᠥᠷᠥᠯ ᠪᠠ ᠬᠢᠴᠢᠶᠡᠯ | ᠲᠥᠷᠦᠯ ᠢ ᠰᠣᠩᠭᠤᠨ᠎ᠠ᠃ ᠨᠡᠷ᠎ᠡ ᠮᠡᠳᠡᠭᠦᠯᠬᠦ ᠨᠥᠬᠦᠴᠡᠯ᠂ ᠨᠡᠷ᠎ᠡ ᠮᠡᠳᠡᠭᠦᠯᠬᠦ ᠴᠤᠪᠤᠷᠠᠯ ᠵᠡᠷᠭᠡ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ - | ︽ᠪᠠᠭᠰᠢ ᠶᠢᠨ ᠬᠢᠷᠢ ᠭᠡᠮ ᠤᠨ ᠰᠢᠯᠭᠠᠯᠲᠠ︾ ᠭᠡᠬᠦ ᠪᠤᠯᠤᠩ ᠤᠨ ᠬᠠᠮᠢᠶ᠎ᠠ ᠪᠦᠬᠦᠢ ᠠᠯᠪᠠᠨ ᠵᠠᠷᠯᠠᠯ ︵https: | //www.nm.zsks.cn/kszs/jszgks/︶ ᠠᠴᠠ ᠪᠠᠶᠢᠴᠠᠭᠠᠨ ᠯᠠᠪᠯᠠᠨ᠎ᠠ᠃ ᠣᠨᠴᠠᠭᠠᠶᠢᠯᠠᠨ | ᠰᠠᠨᠠᠭᠤᠯᠬᠤ ᠨᠢ᠂ ᠳᠣᠣᠷᠠᠬᠢ ᠬᠥᠮᠦᠰ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠄ ᠪᠠᠭᠰᠢ ᠶᠢᠨ ᠬᠢᠷᠢ | ᠭᠡᠮ ᠢᠶᠠᠨ ᠬᠠᠰᠤᠭᠤᠯᠤᠭᠰᠠᠨ ᠬᠥᠮᠦᠰ᠂ 5 ᠵᠢᠯ ᠤᠨ ᠳᠣᠲᠣᠷ᠎ᠠ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ | ᠪᠣᠯᠬᠤ ᠦᠭᠡᠢ︔ ᠤᠯᠤᠰ ᠲᠥᠷᠥ ᠶᠢᠨ ᠡᠷᠬᠡ ᠪᠠᠨ ᠬᠠᠰᠤᠭᠤᠯᠤᠭᠰᠠᠨ᠂ ᠡᠰᠡᠬᠦᠯ᠎ᠡ ᠵᠣᠷᠢᠭᠤᠳᠠ ᠶᠠᠯ᠎ᠠ ᠬᠢᠵᠦ | ᠬᠤᠭᠤᠴᠠᠭ᠎ᠠ ᠲᠠᠢ ᠬᠤᠷᠢᠬᠤ ᠠᠴᠠ ᠳᠡᠭᠡᠭᠰᠢᠬᠢ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ ᠬᠥᠮᠦᠰ ᠰᠢᠯᠭᠠᠯᠲᠠ | ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠦᠭᠡᠢ︔ ᠥᠩᠭᠡᠷᠡᠭᠰᠡᠨ ᠳᠤ ᠪᠠᠭᠰᠢ ᠶᠢᠨ ᠬᠢᠷᠢ ᠭᠡᠮ ᠤᠨ | ᠰᠢᠯᠭᠠᠯᠲᠠ ᠳᠤ ᠣᠷᠣᠯᠴᠠᠬᠤ ᠳᠤ ᠪᠠᠨ ᠭᠡᠮ ᠬᠢᠭᠰᠡᠨ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠷᠡᠭᠦᠦ ᠶᠢᠨ ᠬᠠᠤᠯᠢ ᠶᠢᠨ ᠵᠠᠰᠠᠪᠤᠷᠢ ᠣᠷᠣᠭᠤᠯᠤᠭᠰᠠᠨ ᠲᠥᠰᠦᠯ ︵ᠶᠢᠰᠦ︶︾᠂ ︽ᠪᠠᠭᠰᠢ ᠶᠢᠨ ᠬᠢᠷᠢ ᠭᠡᠮ ᠤᠨ | ᠳᠦᠷᠢᠮ︾᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢ | ᠰᠢᠢᠳᠪᠦᠷᠢᠯᠡᠬᠦ ᠠᠷᠭ᠎ᠠ︾᠂ ︽ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠰᠢᠯᠭᠠᠯᠲᠠ ᠳᠤ ᠭᠡᠮ ᠬᠢᠬᠦ ᠶᠢ ᠵᠣᠬᠢᠶᠠᠨ ᠪᠠᠶᠢᠭᠤᠯᠬᠤ ᠵᠡᠷᠭᠡ ᠡᠷᠡᠭᠦᠦ ᠶᠢᠨ ᠬᠡᠷᠡᠭ ᠢ | ᠰᠢᠢᠳᠪᠦᠷᠢᠯᠡᠬᠦ ᠳᠤ ᠳᠣᠬᠢᠷᠠᠬᠤ ᠬᠠᠤᠯᠢ ᠴᠠᠭᠠᠵᠠ ᠶᠢᠨ ᠵᠠᠷᠢᠮ ᠠᠰᠠᠭᠤᠳᠠᠯ ᠤᠨ ᠲᠤᠬᠠᠢ ᠲᠠᠶᠢᠯᠪᠤᠷᠢ︾ ᠵᠡᠷᠭᠡ ᠬᠠᠮᠢᠶ᠎ᠠ | ᠪᠥᠬᠦᠢ ᠳᠣᠭᠲᠠᠭᠠᠯ ᠶᠣᠰᠤᠭᠠᠷ᠂ 3 ᠵᠢᠯ ᠰᠢᠯᠭᠠᠯᠲᠠ ᠳᠤ ᠣᠷᠣᠯᠴᠠᠬᠤ ᠶᠢ ᠵᠣᠭᠰᠤᠭᠠᠭᠰᠠᠨ ᠪᠤᠶᠤ ᠰᠢᠯᠭᠠᠯᠲᠠ ᠳᠤ | ᠨᠡᠷ᠎ᠡ ᠮᠡᠳᠡᠭᠦᠯᠬᠦ ᠬᠢᠷᠢ ᠭᠡᠮ ᠢᠶᠠᠨ ᠬᠠᠰᠤᠭᠤᠯᠤᠭᠰᠠᠨ ᠬᠥᠮᠦᠰ ᠰᠢᠯᠭᠠᠯᠲᠠ ᠳᠤ ᠣᠷᠣᠯᠴᠠᠵᠤ ᠪᠣᠯᠬᠤ ᠦᠭᠡᠢ᠃ | ᠭᠤᠷᠪᠠ᠂ ᠰᠢᠯᠭᠠᠯᠲᠠ ᠶᠢᠨ ᠲᠣᠭᠤᠷᠢᠭ ᠤᠨ ᠪᠠᠶᠢᠷᠢᠯᠠᠭᠤᠯᠤᠯᠲᠠ | ᠡᠨᠡ ᠤᠳᠠᠭᠠᠨ ᠤ ᠨᠢᠭᠤᠷᠳᠠᠨ ᠰᠢᠯᠭᠠᠯᠲᠠ ᠳᠤ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ | ᠤᠯᠠᠭᠠᠨᠬᠠᠳᠠ ᠬᠤᠲᠠ᠂ ᠲᠦᠩᠯᠢᠶᠣᠤ ᠬᠤᠲᠠ ᠪᠠ ᠬᠥᠯᠥᠨ ᠪᠤᠶᠢᠷ ᠬᠤᠲᠠ ᠵᠡᠷᠭᠡ 6 ᠰᠢᠯᠭᠠᠯᠲᠠ ᠶᠢᠨ ᠲᠣᠭᠤᠷᠢᠭ | ᠢ ᠳᠣᠭᠢᠷᠠᠭᠤᠯᠵᠤ᠂ ᠰᠢᠯᠭᠠᠭᠤᠯᠤᠭᠴᠢ ᠣᠶᠢᠷ᠎ᠠ ᠬᠠᠪᠢ ᠶᠢᠨ ᠰᠢᠯᠭᠠᠯᠲᠠ ᠶᠢᠨ ᠲᠣᠭᠤᠷᠢᠭ ᠢ ᠰᠣᠩᠭᠤᠨ᠎ᠠ᠃ ᠪᠣᠳᠠᠲᠠᠢ | ᠨᠢᠭᠤᠷᠳᠠᠨ ᠰᠢᠯᠭᠠᠬᠤ ᠴᠡᠭ ᠢ ᠰᠢᠯᠭᠠᠬᠤ ᠲᠡᠮᠳᠡᠭ ᠲᠤ ᠨᠡᠶᠢᠲᠡᠯᠡᠭᠰᠡᠨ ᠮᠡᠳᠡᠭᠡ ᠵᠠᠩᠭᠢ ᠪᠠᠷ ᠪᠠᠷᠢᠮᠵᠢᠶ᠎ᠠ | ᠪᠣᠯᠭᠠᠨ᠎ᠠ᠃ ᠳᠣᠣᠷᠠᠬᠢ ᠬᠢᠴᠢᠶᠡᠯ ᠲᠥᠷᠥᠯ ᠨᠢ ᠵᠥᠪᠬᠡᠨ ᠬᠥᠬᠡᠬᠤᠲᠠ ᠪᠠ ᠲᠦᠩᠯᠢᠶᠣᠤ ᠬᠤᠲᠠ ᠳᠤ | ᠰᠢᠯᠭᠠᠯᠲᠠ ᠶᠢᠨ ᠲᠣᠭᠤᠷᠢᠭ ᠭᠠᠷᠭᠠᠨ᠎ᠠ᠄ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠱᠠᠲᠤᠨ ᠤ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ᠂ ᠮᠡᠳᠡᠭᠡ ᠵᠠᠩᠭᠢ ᠶᠢᠨ ᠮᠡᠷᠭᠡᠵᠢᠯ᠂ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ | ᠬᠢᠴᠢᠶᠡᠯ ᠲᠥᠷᠦᠯ᠂ ᠣᠨᠴᠠᠭᠠᠢ ᠰᠤᠷᠭᠠᠨ ᠬᠥᠮᠦᠵᠢᠯ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯ᠎ᠡ | ᠰᠤᠷᠤᠯᠭ᠎ᠠ ᠶᠢᠨ ᠱᠠᠲᠤᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠶᠠᠫᠣᠨ ᠬᠡᠯᠡ᠂ ᠣᠷᠣᠰ ᠬᠡᠯᠡ᠂ | ᠣᠨᠴᠠᠭᠠᠢ ᠰᠤᠷᠭᠠᠨ ᠬᠥᠮᠦᠵᠢᠯ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠰᠬᠠᠢ ᠮᠡᠷᠭᠡᠵᠢᠯ | ᠤᠨ ᠬᠢᠴᠢᠶᠡᠯ ᠪᠠ ᠳᠠᠳᠤᠯᠭ᠎ᠠ ᠶᠢ ᠵᠢᠯᠣᠭᠤᠳᠬᠤ ᠬᠢᠴᠢᠶᠡᠯ ᠪᠣᠯᠤᠨ᠎ᠠ᠃ | ᠳᠥᠷᠪᠡ᠂ ᠠᠩᠬᠠᠷᠬᠤ ᠵᠦᠢᠯ | 01. ᠰᠢᠯᠭᠠᠭᠤᠯᠤᠭᠴᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠ ᠭᠡᠷᠡᠯ ᠵᠢᠷᠤᠭ ᠤᠨ | ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠨ᠎ᠠ᠃ ᠬᠡᠷᠪᠡ ᠲᠤᠰ ᠬᠥᠮᠦᠨ ᠲᠠᠭᠯᠠᠭᠰᠠᠨ ᠦᠭᠡᠢ | ᠪᠤᠶᠤ ᠱᠠᠭᠠᠷᠳᠠᠯᠭ᠎ᠠ ᠶᠣᠰᠣᠭᠠᠷ ᠲᠠᠭᠯᠠᠨ ᠮᠡᠳᠡᠭᠦᠯᠦᠭᠰᠡᠨ ᠦᠭᠡᠢ᠂ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ | ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠡᠷᠭᠡ ᠳᠤ ᠠᠯᠳᠠᠭ᠎ᠠ ᠭᠠᠷᠤᠭᠰᠠᠨ ᠪᠤᠶᠤ ᠭᠡᠷᠡᠯ ᠵᠢᠷᠤᠭ ᠨᠢ ᠱᠠᠭᠠᠷᠳᠠᠯᠭ᠎ᠠ ᠳᠤ | ᠨᠡᠶᠢᠴᠡᠭᠰᠡᠨ ᠦᠭᠡᠢ ᠠᠴᠠ ᠪᠣᠯᠵᠤ ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ ᠨᠢᠭᠤᠷᠳᠠᠨ ᠰᠢᠯᠭᠠᠯᠲᠠ ᠳᠤ | ᠬᠡᠪ ᠤᠨ ᠶᠣᠰᠤᠭᠠᠷ ᠣᠷᠣᠵᠤ ᠳᠡᠶᠢᠯᠬᠦ ᠦᠭᠡᠢ ᠪᠣᠯᠤᠭᠰᠠᠨ ᠪᠤᠶᠤ ᠪᠠᠭᠰᠢ ᠶᠢᠨ ᠬᠢᠷᠢ ᠬᠡᠮ ᠢ ᠨᠣᠲᠠᠯᠠᠵᠤ ᠳᠡᠶᠢᠯᠬᠦ | ᠦᠭᠡᠢ ᠪᠣᠯᠤᠭᠰᠠᠨ︔ ᠡᠰᠡᠬᠦᠯ᠎ᠡ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠷ ᠵᠣᠷᠢᠭᠤᠳᠠ ᠬᠤᠳᠠᠯ ᠢᠶᠠᠷ | ᠵᠣᠬᠢᠶᠠᠨ ᠨᠢᠭᠤᠷᠳᠠᠨ ᠰᠢᠯᠭᠠᠯᠲᠠ ᠳᠤ ᠣᠷᠣᠯᠴᠠᠬᠤ ᠬᠢᠷᠢ ᠭᠡᠮ ᠢ ᠣᠯᠤᠭᠰᠠᠨ ᠠᠴᠠ ᠪᠣᠯᠤᠭᠰᠠᠨ ᠦᠷ᠎ᠡ ᠳ᠋ᠦᠩ ᠢ | ᠴᠥᠮ ᠰᠢᠯᠭᠠᠭᠤᠯᠤᠭᠴᠢ ᠥᠪᠡᠰᠦᠪᠡᠨ ᠬᠠᠷᠢᠭᠤᠴᠠᠨ᠎ᠠ᠃ | 02. ᠰᠢᠯᠭᠠᠭᠤᠯᠤᠭᠴᠢ ᠨᠡᠷ᠎ᠡ ᠮᠡᠳᠡᠭᠦᠯᠬᠦ ᠦᠶ᠎ᠡ ᠳᠤ ᠳᠡᠭᠡᠭᠰᠢ ᠳᠠᠮᠵᠢᠭᠤᠯᠬᠤ ᠭᠡᠷᠡᠯ ᠵᠢᠷᠤᠭ ᠨᠢ ᠵᠢᠰᠦ | ᠭᠤᠶᠣᠯᠠᠬᠤ ᠴᠢᠳᠠᠮᠵᠢ ᠶᠢ ᠬᠡᠷᠡᠭᠯᠡᠵᠦ ᠵᠠᠰᠠᠯᠲᠠ ᠣᠷᠣᠭᠤᠯᠵᠤ ᠪᠣᠯᠬᠤ ᠦᠭᠡᠢ᠂ ᠬᠡᠷᠪᠡ ᠬᠠᠷᠭᠤᠭᠤᠯᠤᠭᠠᠳ ᠠᠳᠠᠯᠢ | ᠦᠭᠡᠢ ᠪᠣᠯ᠂ ᠬᠢᠨᠠᠨ ᠪᠠᠶᠢᠴᠠᠭᠠᠬᠤ ᠳᠤ ᠬᠢᠷᠢ ᠲᠡᠩᠴᠡᠬᠦ ᠦᠭᠡᠢ᠂ ᠰᠢᠯᠭᠠᠯᠲᠠ ᠶᠢᠨ ᠲᠠᠯᠠᠪᠠᠢ ᠳᠤ ᠣᠷᠣᠬᠤ ᠦᠶ᠎ᠡ ᠳᠤ | ᠨᠢᠭᠤᠷ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ ᠳᠡᠶᠢᠯᠬᠦ ᠦᠭᠡᠢ ᠪᠣᠯᠤᠨ᠎ᠠ᠃ | 03. ᠡᠯ᠎ᠡ ᠰᠢᠯᠭᠠᠯᠲᠠ ᠶᠢᠨ ᠲᠣᠭᠤᠷᠢᠭ ᠬᠢᠨᠠᠨ ᠪᠠᠶᠢᠴᠠᠭᠠᠬᠤ ᠠᠴᠠ ᠡᠮᠦᠨ᠎ᠡ᠂ ᠰᠢᠯᠭᠠᠭᠤᠯᠤᠭᠴᠢ ᠥᠪᠡᠷ ᠤᠨ | ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠳᠤ ᠪᠠᠨ ᠵᠠᠰᠠᠪᠤᠷᠢ ᠣᠷᠣᠭᠤᠯᠵᠤ ᠪᠣᠯᠤᠨ᠎ᠠ᠂ ᠬᠢᠨᠠᠨ ᠪᠠᠶᠢᠴᠠᠭᠠᠬᠤ ᠪᠠᠷ | ᠳᠠᠮᠵᠢᠨ ᠬᠢᠷᠢ ᠲᠡᠩᠴᠡᠭᠰᠡᠨ ᠤ ᠳᠠᠷᠠᠭ᠎ᠠ᠂ ᠪᠥᠬᠦ ᠮᠡᠳᠡᠭᠡ ᠵᠠᠩᠭᠢ ᠳᠤ ᠵᠠᠰᠠᠪᠤᠷᠢ ᠣᠷᠣᠭᠤᠯᠵᠤ ᠪᠣᠯᠬᠤ ᠦᠭᠡᠢ᠃ | 04. ᠲᠣᠭᠲᠠᠭᠰᠠᠨ ᠬᠤᠭᠤᠴᠠᠭᠠᠨ ᠳᠤ ᠰᠦᠯᠵᠢᠶᠡᠨ ᠳᠤ ᠰᠢᠯᠭᠠᠯᠲᠠ ᠶᠢᠨ ᠰᠦᠢᠳᠬᠡᠯ ᠢᠶᠠᠨ | ᠳᠤᠰᠢᠶᠠᠭᠰᠠᠨ ᠦᠭᠡᠢ ᠰᠢᠯᠭᠠᠭᠤᠯᠤᠭᠰᠠᠳ ᠢ ᠨᠡᠷ᠎ᠡ ᠮᠡᠳᠡᠭᠦᠯᠬᠦ ᠰᠢᠰᠲ᠋ᠧᠮ ᠰᠢᠯᠭᠠᠯᠲᠠ ᠶᠢ ᠲᠠᠶᠠᠭᠳᠠᠭᠰᠠᠨ ᠢᠶᠠᠷ | ᠪᠣᠳᠣᠨ᠎ᠠ᠃ ᠰᠦᠢᠳᠬᠡᠯ ᠲᠤᠰᠢᠶᠠᠵᠤ ᠪᠠᠷᠠᠪᠠᠯ ᠰᠠᠶ᠋ᠢ ᠨᠡᠷ᠎ᠡ ᠮᠡᠳᠡᠭᠦᠯᠵᠦ ᠳᠠᠭᠤᠰᠤᠨ᠎ᠠ᠂ ᠨᠡᠷ᠎ᠡ ᠮᠡᠳᠡᠭᠦᠯᠦᠭᠰᠡᠨ ᠤ | ᠳᠠᠷᠠᠭ᠎ᠠ ᠰᠢᠯᠭᠠᠯᠲᠠ ᠳᠤ ᠣᠷᠣᠯᠴᠠᠬᠤ ᠦᠭᠡᠢ ᠪᠣᠯ ᠰᠢᠯᠭᠠᠯᠲᠠ ᠶᠢᠨ ᠵᠠᠷᠤᠳᠠᠯ ᠢ ᠪᠤᠴᠠᠭᠠᠬᠤ ᠦᠭᠡᠢ᠃ | ᠲᠠᠪᠤ᠂ ᠡᠯ᠎ᠡ ᠰᠢᠯᠭᠠᠯᠲᠠ ᠶᠢᠨ ᠲᠣᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ | ᠪᠠᠶᠢᠭᠤᠯᠤᠮᠵᠢ ᠶᠢᠨ ᠬᠠᠶ᠋ᠢᠭ ᠵᠢᠴᠢ ᠵᠦᠪᠯᠡᠯᠭᠡ ᠥᠭᠬᠦ ᠤᠲᠠᠰᠤ | 1. ᠬᠥᠬᠡᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 9 ᠳ᠋ᠦ᠋ᠭᠡᠷ ᠨᠣᠮᠧᠷ | ᠤᠲᠠᠰᠤ᠄ 0471 - 3390486 | 2. ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | ᠬᠠᠶ᠋ᠢᠭ᠄ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠥᠳᠡᠯᠮᠦᠷᠢ ᠶᠡᠭᠡ ᠵᠡᠭᠡᠯᠢ ᠶᠢᠨ 28 ᠳ᠋ᠤᠭᠠᠷ | ᠨᠣᠮᠧᠷ | ᠤᠲᠠᠰᠤ᠄ 0472 - 5154401 5102131 | 3. ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | ᠬᠠᠶ᠋ᠢᠭ᠄ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠶᠢᠨ ᠱᠠ ᠵᠠᠮ ᠤᠨ ᠰᠤᠷᠭᠠᠨ ᠬᠥᠮᠦᠵᠢᠯ ᠤᠨ | ᠲᠣᠮᠣ ᠠᠰᠠᠷ ︵ᠳ᠋ᠦᠩ ᠮᠧᠨ︶ ᠤᠨ ᠬᠤᠶᠠᠳᠤᠭᠠᠷ ᠳᠠᠪᠬᠤᠷ | ᠤᠲᠠᠰᠤ᠄ 0478 - 7909952 | 4. ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ | ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ ᠬᠤᠶᠢᠲᠤ | ᠰᠠᠯᠪᠤᠷᠢ ᠬᠤᠶᠠᠳᠤᠭᠠᠷ ᠵᠠᠮ ᠤᠨ ᠪᠠᠷᠠᠭᠤᠨ ᠲᠠᠯ᠎ᠠ | ᠤᠲᠠᠰᠤ᠄ 0476 - 8330204 | 5. ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | ᠬᠠᠶ᠋ᠢᠭ᠄ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠾᠧ ᠫᠢᠩ ᠵᠠᠮ ᠤᠨ 31 ᠳ᠋ᠦ᠋ᠭᠡᠷ ᠨᠣᠮᠧᠷ | ᠠᠵᠢᠯᠴᠢᠨ ᠤ ᠡᠪᠯᠡᠯ ᠤᠨ ᠲᠣᠮᠣ ᠠᠰᠠᠷ 14 ᠳ᠋ᠦ᠋ᠭᠡᠷ ᠳᠠᠪᠬᠤᠷ | ᠤᠲᠠᠰᠤ᠄ 0475 - 8212578 | 6. ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | ᠬᠠᠶ᠋ᠢᠭ᠄ ᠬᠥᠯᠥᠨ ᠪᠤᠶᠢᠷ ᠬᠤᠲᠠ ᠶᠢᠨ ᠡᠸᠡᠩᠬᠢ ᠬᠤᠰᠢᠭᠤᠨ ᠤ ᠪᠠᠶᠠᠨᠲᠣᠬᠤᠢ ᠪᠠᠯᠭᠠᠰᠤᠨ ᠤ ᠾᠧ ᠰᠢ | ᠰᠢᠨ᠎ᠡ ᠲᠣᠭᠤᠷᠢᠭ ᠤᠨ ᠠᠨᠳᠠ ᠶᠡᠭᠡ ᠵᠡᠭᠡᠯᠢ ᠶᠢᠨ 8 ᠳ᠋ᠤᠭᠠᠷ ᠨᠣᠮᠧᠷ | ᠤᠲᠠᠰᠤ᠄ 0470 - 8314788 | | |