ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠬᠠᠮᠲᠤ ᠶᠢᠨ ᠴᠣᠭᠴᠠ ᠶᠢᠨ ᠠᠬᠤᠢ ᠲᠠᠯᠠᠪᠠᠢ ᠶᠢᠨ ᠵᠢᠭᠠᠨ ᠰᠤᠷᠭᠠᠯᠲᠠ᠂ ᠰᠣᠨᠣᠰᠴᠤ ᠦᠨᠡᠯᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ
ᠨᠡᠶᠢᠲᠡᠯᠡᠭᠰᠡᠨ ᠴᠠᠭ᠄
2024/10/9
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ 2024 ᠣᠨ ᠤ 9 ᠰᠠᠷ᠎ᠠ ᠶᠢᠨ 26-27᠎ ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠥᠨᠢᠳ ᠵᠡᠭᠦᠨ ᠬᠤᠰᠢᠭᠤ᠂ ᠰᠢᠯᠢ ᠶᠢᠨ ᠬᠤᠲᠠ ᠳᠤ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠬᠠᠮᠲᠤ ᠶᠢᠨ ᠴᠣᠭᠴᠠ ᠶᠢᠨ ᠠᠬᠤᠢ ᠲᠠᠯᠠᠪᠠᠶ ᠶᠢᠨ ᠵᠢᠭᠠᠨ ᠰᠤᠷᠭᠠᠯᠲᠠ᠂ ᠰᠣᠨᠣᠰᠴᠤ ᠦᠨᠡᠯᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠠᠩᠭᠢ ᠶᠢ           ᠡᠷᠭᠢᠯᠡᠪᠡ᠃ ᠡᠨᠡ ᠤᠳᠠᠭᠠᠨ ᠤ ᠪᠣᠯᠪᠠᠰᠤᠷᠠᠯ ᠎ ᠳᠤ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠮᠠᠷᠺᠰ ᠎ ᠤᠨ ᠦᠵᠡᠯ ᠤᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ᠂ ᠳᠡᠳ᠋ ᠵᠠᠬᠢᠷᠤᠯ ᠿᠧᠨ ᠬᠠᠶ ᠰᠢᠶᠠ ᠨᠠᠷ ᠢ ᠣᠷᠢᠵᠤ᠂ ᠠᠬᠤᠢ ᠲᠠᠯᠠᠪᠠᠶ ᠳᠤ ᠰᠤᠳᠤᠯᠤᠨ ᠰᠤᠷᠤᠯᠴᠠᠬᠤ᠂ ᠬᠠᠮᠲᠤ ᠎ ᠳᠤ ᠪᠠᠨ ᠬᠢᠴᠢᠶᠡᠯ ᠪᠡᠯᠡᠳᠬᠡᠬᠦ᠂ ᠵᠢᠭᠠᠬᠤ ᠶᠢ ᠰᠣᠳᠤᠯᠬᠤ ᠬᠤᠯᠪᠤᠯᠳᠤᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠲᠤ ᠨᠢ ᠵᠢᠭᠠᠨ ᠵᠢᠯᠣᠭᠤᠳᠴᠤ᠂ ᠰᠤᠷᠭᠠᠨ ᠬᠥᠮᠦᠵᠢᠯ ᠤᠨ ᠴᠢᠨᠠᠷᠯᠢᠭ ᠡᠬᠢ ᠪᠠᠶᠠᠯᠢᠭ ᠢ ᠦᠨᠡᠨ ᠬᠦ ᠬᠠᠮᠲᠤ ᠳᠤ ᠪᠠᠨ ᠬᠤᠪᠢᠶᠠᠯᠴᠠᠨ ᠡᠳ᠋ᠯᠡᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃

1.jpg

      ᠲᠣᠭᠤᠷᠢᠨ ᠦᠵᠡᠬᠦ ᠶᠠᠪᠤᠴᠠ ᠳᠤ᠂ ᠪᠥᠬᠦ ᠪᠠᠭᠰᠢ ᠰᠥᠨᠢᠳ ᠵᠡᠭᠦᠨ ᠬᠤᠰᠢᠭᠤᠨ ᠤ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠦᠵᠡᠭᠦᠯᠭᠡ ᠎ ᠶᠢᠨ ᠣᠷᠳᠣᠨ ᠤ ︽ᠤᠯᠤᠰ ᠤᠨ

ᠬᠡᠦᠬᠡᠳ︾ ᠭᠡᠬᠦ ᠭᠤᠤᠯ ᠰᠡᠳᠦᠪᠲᠦ ᠦᠵᠡᠭᠦᠯᠭᠡ ᠶᠢᠨ ᠲᠣᠭᠤᠷᠢᠭ ᠲᠤ ᠬᠦᠷᠴᠦ᠂ ︽ᠶᠠᠪᠤᠵᠤ ᠰᠤᠷᠤᠯᠴᠠᠬᠤ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ︾᠎ ᠤᠨ ᠪᠠᠭᠰᠢ ᠠᠴᠠ ᠰᠤᠳᠤᠯᠤᠨ ᠰᠤᠷᠤᠯᠴᠠᠬᠤ ᠦᠢᠯᠡᠳᠦᠯᠭᠡ ᠶᠢᠨ

ᠠᠵᠢᠯᠯᠠᠭ᠎ᠠ ᠥᠷᠨᠢᠭᠦᠯᠵᠦ᠂ ᠰᠥᠨᠢᠳ ᠵᠡᠭᠦᠨ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠲᠤ ᠲᠦᠰᠢᠭᠯᠡᠨ᠂

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠥᠮᠦᠨ ᠬᠥᠮᠦᠵᠢᠭᠦᠯᠬᠦ ᠡᠯᠪᠡᠭ ᠪᠠᠶᠠᠯᠢᠭ ᠪᠣᠷᠣ ᠮᠠᠲ᠋ᠧᠷᠢᠶᠠᠯ ᠢ

ᠪᠠᠭᠰᠢ ᠨᠠᠷ ᠲᠤ ᠳᠡᠯᠭᠡᠨ ᠦᠵᠡᠭᠦᠯᠵᠦ᠂ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠬᠠᠮᠲᠤ ᠶᠢᠨ

ᠴᠣᠭᠴᠠ ᠶᠢᠨ ᠪᠣᠯᠪᠠᠰᠤᠷᠠᠯ ᠢ ᠡᠬᠢᠯᠡᠭᠦᠯᠪᠡ᠃

2.jpg

3.jpg

      ᠠᠬᠤᠢ ᠲᠠᠯᠠᠪᠠᠶ ᠶᠢᠨ ᠵᠢᠭᠠᠨ ᠰᠤᠷᠭᠠᠯᠲᠠ ᠪᠠ ︽ᠭᠠᠷ ᠬᠤᠯᠪᠣᠨ︾ ᠬᠠᠮᠲᠤ ᠳᠤ ᠪᠠᠨ ᠬᠢᠴᠢᠶᠡᠯ ᠪᠡᠯᠡᠳᠬᠡᠬᠦ

ᠭᠤᠭᠴᠤᠭ᠎ᠠ ᠳᠤ᠂ ᠡᠯ᠎ᠡ ᠭᠠᠵᠠᠷ ᠠᠴᠠ ᠰᠣᠩᠭᠤᠨ ᠲᠣᠮᠢᠯᠠᠭᠰᠠᠨ ᠪᠠᠭᠰᠢ ᠨᠠᠷ ᠶᠡᠭᠡ ᠳᠡᠭᠡᠳᠦ ᠰᠤᠷᠭᠠᠭᠤᠯᠢ᠂

ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤᠨ ᠤ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠠᠭᠤᠯᠭ᠎ᠠ ᠪᠠ ᠵᠢᠭᠠᠨ ᠰᠤᠷᠭᠠᠯᠲᠠ ᠶᠢᠨ ᠲᠥᠯᠥᠪᠯᠡᠭᠡ ᠶᠢ ᠲᠠᠰ ᠳᠠᠷᠠᠭᠠᠯᠠᠨ ᠳᠡᠯᠭᠡᠨ ᠦᠵᠡᠭᠦᠯᠵᠦ᠂

ᠬᠢᠴᠢᠶᠡᠯ ᠤᠨ ᠬᠠᠷᠠᠯᠲᠠ ᠲᠣᠳᠣᠷᠬᠠᠶ᠂ ᠬᠢᠴᠢᠶᠡᠯᠯᠡᠬᠦ ᠠᠷᠭ᠎ᠠ ᠬᠡᠯᠪᠡᠷᠢ ᠣᠯᠠᠨ ᠶᠠᠩᠵᠤ ᠶᠢᠨ ᠪᠠᠶᠢᠵᠤ᠂ ︽ᠭᠤᠷᠪᠠᠨ

ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠤᠭᠰᠠᠨ︾᠂ ᠪᠥᠬᠦ ᠤᠯᠤᠰ ᠤᠨ ᠬᠥᠳᠡᠯᠮᠦᠷᠢ ᠶᠢᠨ

ᠵᠢᠱᠢᠶᠡᠴᠢ᠂ ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ︽ᠲᠤᠯᠤᠭᠠᠨ ᠰᠠᠷ᠎ᠠ ᠶᠢᠨ ᠨᠢᠭᠡᠨ ᠤ

ᠭᠠᠪᠢᠶᠠᠨ ᠲᠡᠮᠳᠡᠭ︾ ᠬᠦᠷᠲᠡᠭᠴᠢ ᠲᠢᠩ ᠪᠠᠭᠠᠲᠤᠷ᠂ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ

ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠵᠡᠷᠭᠡ ᠰᠢᠯᠢ ᠶᠢᠨ ᠭᠤᠤᠯ ᠠᠶᠢᠮᠠᠭ ᠤᠨ

ᠬᠤᠪᠢᠰᠬᠠᠯ ᠤᠨ ᠡᠬᠢ ᠪᠠᠶᠠᠯᠢᠭ ᠲᠤ ᠪᠦᠲᠦᠮᠵᠢᠲᠡᠶ ᠠᠭᠤᠰᠴᠤ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠣᠨᠴᠠᠯᠢᠭ ᠢ

ᠬᠠᠷᠠᠭᠤᠯᠪᠠ᠃ ᠦᠵᠡᠭᠦᠯᠭᠡ ᠶᠢᠨ ᠳᠠᠷᠠᠭ᠎ᠠ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ

ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠨᠠᠷᠢᠨ ᠨᠢᠮᠪᠠᠢ ᠦᠨᠡᠯᠡᠪᠡ᠃

4.jpg

5.jpg

      ᠰᠣᠨᠣᠰᠴᠤ ᠦᠨᠡᠯᠡᠬᠦ ᠬᠢᠴᠢᠶᠡᠯ ᠤᠨ ᠵᠢᠭᠠᠨ ᠰᠤᠷᠭᠠᠯᠲᠠ ᠶᠢᠨ ᠭᠤᠭᠴᠤᠭ᠎ᠠ ᠳᠤ᠂ ᠰᠢᠯᠢ ᠎ ᠶᠢᠨ ᠭᠤᠣᠯ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ᠂ ᠰᠢᠯᠢ ᠶᠢᠨ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ

ᠰᠢᠯᠢ ᠶᠢᠨ ᠬᠤᠲᠠ ᠶᠢᠨ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠦᠷᠦ ᠶᠢᠨ ᠬᠢᠴᠢᠶᠡᠯ ᠤᠨ ᠭᠤᠷᠪᠠᠨ ᠪᠠᠭᠰᠢ ᠲᠤᠰ ᠲᠤᠰ ᠶᠡᠭᠡ ᠳᠡᠭᠡᠳᠦ ᠰᠤᠷᠭᠠᠭᠤᠯᠢ ᠶᠢᠨ ᠤᠯᠠᠨ ᠨᠡᠶᠢᠲᠡ ᠶᠢᠨ

ᠬᠢᠴᠢᠶᠡᠯ ︽ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ

ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ︾᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ︽ᠳᠤᠮᠳᠠᠳᠤ ᠶᠢᠨ ᠦᠨᠳᠦᠰᠦᠲᠡᠨ ᠤ ᠠᠭᠤᠤ

ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠲᠡᠷᠭᠡᠯᠰᠢᠭᠦᠯᠦᠶ᠎ᠡ︾᠂ ᠪᠠᠭ᠎ᠠ ᠰᠤᠷᠭᠠᠭᠤᠯᠢ ᠶᠢᠨ ᠶᠣᠰᠣ

ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠶᠢᠨ ᠬᠢᠴᠢᠶᠡᠯ ᠤᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ

᠎ ᠬᠢᠨ ᠮᠡᠲᠦ ᠳᠣᠲᠣᠨᠣ︾᠎ ᠶᠢ ᠳᠡᠯᠭᠡᠨ ᠦᠵᠡᠭᠦᠯᠵᠦ᠂ ᠰᠤᠷᠤᠭᠴᠢᠳ ᠢ ᠬᠦᠲᠦᠯᠦᠨ ᠵᠢᠯᠣᠭᠤᠳᠴᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠢ ᠤᠢᠢᠯᠠᠭᠠᠭᠤᠯᠵᠤ᠂ ᠰᠤᠷᠤᠭᠴᠢᠳ ᠤᠨ

ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠪᠣᠯᠤᠨ ᠡᠬᠡ ᠣᠷᠣᠨᠴᠢ  ᠰᠡᠳᠬᠢᠯᠭᠡ ᠶᠢ ᠬᠥᠭᠵᠢᠭᠡᠪᠡ᠃

6.jpg

7.jpg

      ᠪᠣᠯᠪᠠᠰᠤᠷᠠᠯ ᠤᠨ ᠶᠠᠪᠤᠴᠠ ᠳᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ

ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ᠤᠨ ᠣᠶᠢᠷ᠎ᠠ ᠦᠶ᠎ᠡ ᠶᠢᠨ

ᠲᠡᠦᠬᠡ ᠶᠢᠨ ᠬᠥᠲᠥᠯᠪᠦᠷᠢ ᠶᠢᠨ ᠵᠢᠭᠠᠬᠤ ᠶᠢ ᠰᠤᠳᠤᠯᠬᠤ ᠲᠠᠰᠤᠭ ᠤᠨ ᠳᠡᠳ᠋ ᠫᠷᠤᠹᠧᠰᠰᠤᠷ᠂ ᠳ᠋ᠣᠺᠲ᠋ᠣᠷ ᠴᠢᠦ ᠰᠢᠤᠸᠠᠢ

ᠵᠢᠩ ᠪᠣᠯᠤᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠭᠠᠬᠤ ᠶᠢ ᠰᠤᠳᠤᠯᠬᠤ ᠲᠠᠰᠤᠭ ᠤᠨ ᠫᠷᠤᠹᠧᠰᠰᠤᠷ᠂ ᠳ᠋ᠣᠺᠲ᠋ᠣᠷ

ᠪᠣᠯᠣᠷ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ

ᠵᠣᠷᠢᠭ ᠰᠠᠨᠠᠭ᠎ᠠ︾ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠤᠯ ᠰᠡᠳᠦᠪ ᠪᠣᠯᠭᠠᠨ ᠲᠤᠰᠬᠠᠶ ᠰᠡᠳᠦᠪᠲᠦ ᠪᠣᠯᠪᠠᠰᠤᠷᠠᠯ ᠬᠢᠭᠰᠡᠨ ᠪᠥᠭᠡᠳ ᠰᠢᠯᠢ ᠶᠢᠨ ᠭᠤᠤᠯ

ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂

ᠬᠠᠨᠳᠤᠯᠭᠠᠲᠤ ᠴᠢᠨᠠᠷᠲᠠᠶ ᠰᠠᠨᠠᠭᠤᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠳᠤᠷᠠᠳᠴᠤ᠂ ᠪᠣᠯᠪᠠᠰᠤᠷᠠᠯ ᠳᠤ

ᠣᠷᠣᠯᠴᠠᠭᠰᠠᠨ ᠪᠠᠭᠰᠢ ᠶᠢᠨ ᠬᠠᠷᠠᠭᠠᠰᠤ ᠶᠢ ᠥᠷᠭᠡᠳᠬᠡᠪᠡ᠃

8.jpg

      ᠪᠣᠯᠪᠠᠰᠤᠷᠠᠯ ᠤᠨ ᠬᠤᠭᠤᠴᠠᠭᠠᠨ ᠳᠤ᠂ ᠰᠥᠨᠢᠳ ᠵᠡᠭᠦᠨ ᠬᠤᠰᠢᠭᠤᠨ ᠳᠤ ︽ᠰᠤᠷᠭᠠᠨ ᠬᠥᠮᠥᠵᠢᠯᠲᠡᠨ ᠤ

ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ

ᠪᠠᠶᠢᠭᠤᠯᠬᠤ︾ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢᠨ ᠮᠣᠷᠠᠯ ᠰᠤᠷᠲᠠᠯ ᠤᠨ

ᠲᠡᠷᠢᠭᠦᠨ ᠤ ᠦᠢᠯᠡ ᠠᠵᠢᠯᠯᠠᠭ᠎ᠠ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠵᠦ᠂

ᠰᠢᠯᠢ ᠶᠢᠨ ᠭᠤᠤᠯ ᠠᠶᠢᠮᠠᠭ ᠤᠨ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ

ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠣᠪᠤᠶᠢᠮ᠎ᠠ ᠠᠮᠵᠢᠯᠲᠠ ᠪᠦᠲᠦᠮᠵᠢ ᠪᠠ ᠥᠷᠭᠡᠨ ᠣᠯᠠᠨ ᠪᠠᠭᠰᠢ ᠶᠢᠨ

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ᠂ ᠥᠪᠡᠷ ᠢ ᠪᠠᠨ ᠢᠲᠡᠭᠡᠬᠦ ᠥᠪᠡᠷ ᠢ ᠪᠠᠨ

ᠬᠦᠴᠦᠷᠬᠡᠭᠵᠢᠭᠦᠯᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃

9.jpg

      ᠳᠠᠷᠠᠭ᠎ᠠ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠥᠪᠥᠷ

ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ

ᠰᠤᠷᠭᠠᠭᠤᠯᠢ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠣᠳᠣᠬᠠᠨ ᠤ ᠪᠥᠬᠦ

ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠣᠳᠣᠬᠢ ᠪᠠᠶᠢᠳᠠᠯ ᠢ ᠣᠨᠣᠪᠴᠢᠲᠠᠶ ᠡᠵᠡᠮᠳᠡᠨ᠂

ᠦᠵᠡᠯ ᠰᠠᠨᠠᠭ᠎ᠠ ᠤᠯᠤᠰ ᠲᠥᠷᠥ ᠶᠢᠨ ᠪᠢᠴᠢᠯ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠲᠣᠮᠤ ᠬᠢᠴᠢᠶᠡᠯ ᠎ ᠤᠨ

ᠲᠠᠩᠬᠢᠮ ᠢ ᠬᠠᠷᠢᠯᠴᠠᠨ ᠤᠶᠠᠯᠳᠤᠭᠤᠯᠬᠤ ᠶᠢ ᠬᠦᠴᠦᠯᠡᠨ ᠠᠬᠢᠭᠤᠯᠵᠤ᠂ ᠨᠢᠭᠡ ᠴᠣᠭᠴᠠᠵᠢᠭᠤᠯᠤᠭᠰᠠᠨ ᠪᠠᠭᠰᠢ ᠶᠢᠨ

ᠡᠩᠨᠡᠭᠡ ᠶᠢ ᠪᠠᠶᠢᠭᠤᠯᠬᠤ᠂ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ ᠬᠢᠴᠢᠶᠡᠯ ᠢ ᠪᠠᠶᠢᠭᠤᠯᠬᠤ᠂ ᠨᠢᠭᠡ

ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠪᠠᠶᠢᠷᠢᠰᠢᠯᠠᠭᠤᠯᠤᠯᠲᠠ ᠶᠢ ᠪᠦᠷᠢᠯᠳᠦᠭᠦᠯᠬᠦ ᠳᠡᠭᠡᠷ᠎ᠡ ᠬᠦᠴᠦ ᠲᠠᠯᠪᠢᠨ᠂

ᠰᠢᠯᠢ ᠶᠢᠨ ᠭᠤᠤᠯ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠨᠠᠷᠯᠢᠭ ᠠᠬᠢᠭᠤᠯᠵᠤ᠂ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠦᠭ ᠢ ᠱᠤᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ

ᠪᠦᠲᠦᠮᠵᠢ ᠶᠢ ᠳᠡᠭᠡᠭᠰᠢᠯᠡᠭᠦᠯᠦᠨ᠎ᠡ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号