ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠮᠠᠩᠯᠠᠢ ᠪᠤᠯᠢᠶᠠᠯᠳᠤᠬᠤ ᠤᠷᠤᠯᠳᠤᠭᠠᠨ ᠤ 3 ᠤᠷᠤᠯᠳᠤᠭᠠᠨ ᠤ ᠵᠦᠢᠯ ᠢ ᠮᠠᠨ ᠤ ᠣᠷᠣᠨ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/11/1
      10 ᠳ᠋ᠤᠭᠠᠷ ᠰᠠᠷ᠎ᠠ ᠶᠢᠨ 30 ᠤ ᠡᠳᠦᠷ᠂ ᠰᠤᠷᠭᠠᠨ ᠬᠥᠮᠦᠵᠢᠯ ᠤᠨ ᠶᠠᠮᠤᠨ ᠵᠡᠷᠭᠡ 35 ᠶᠠᠮᠤᠨ ᠵᠥᠪᠯᠡᠯ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠤ ᠮᠠᠩᠯᠠᠢ ᠪᠤᠯᠢᠶᠠᠯᠳᠤᠬᠤ ᠤᠷᠤᠯᠳᠤᠭᠠᠨ ᠤ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ᠢ ᠵᠠᠭᠪᠤᠷᠯᠠᠬᠤ ᠪᠠ ᠬᠡᠷᠡᠭᠯᠡᠬᠦ᠂ ᠬᠢᠮᠢ ᠶᠢᠨ ᠲᠤᠷᠰᠢᠯᠲᠠ ᠶᠢᠨ ᠮᠡᠷᠭᠡᠵᠢᠯ᠂ ᠠᠵᠤ ᠦᠢᠯᠡᠳᠪᠦᠷᠢ ᠶᠢᠨ ᠰᠦᠯᠵᠢᠶᠡᠨ ᠤ ᠣᠶᠤᠨᠴᠢ ᠡᠵᠡᠮᠳᠡᠯ ᠪᠠ ᠬᠠᠮᠠᠭᠠᠯᠠᠯᠲᠠ ᠵᠡᠷᠭᠡ 3 ᠤᠷᠤᠯᠳᠤᠭᠠᠨ ᠤ ᠵᠦᠢᠯ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 183 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 662 ᠣᠷᠣᠯᠴᠠᠭᠴᠢ ᠤᠷᠤᠯᠳᠤᠭᠠᠨ ᠳᠤ ᠣᠷᠣᠯᠴᠠᠵᠠᠢ᠃ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠤᠰ ᠲᠤᠰ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ᠢ ᠵᠠᠭᠪᠤᠷᠯᠠᠬᠤ ᠪᠠ ᠬᠡᠷᠡᠭᠯᠡᠬᠦ᠂ ᠬᠢᠮᠢ ᠶᠢᠨ ᠲᠤᠷᠰᠢᠯᠲᠠ ᠶᠢᠨ ᠮᠡᠷᠭᠡᠵᠢᠯ᠂ ᠠᠵᠤ ᠦᠢᠯᠡᠳᠪᠦᠷᠢ ᠶᠢᠨ ᠰᠦᠯᠵᠢᠶᠡᠨ ᠤ ᠣᠶᠤᠨᠴᠢ ᠡᠵᠡᠮᠳᠡᠯ ᠪᠠ ᠬᠠᠮᠠᠭᠠᠯᠠᠯᠲᠠ ᠶᠢᠨ ᠤᠷᠤᠯᠳᠤᠭᠠᠨ ᠤ ᠵᠦᠢᠯ ᠤᠨ ᠤᠷᠤᠯᠳᠤᠭᠠᠨ ᠳᠤ ᠠᠯᠲᠠᠨ ᠮᠧᠳᠠᠯ ᠬᠦᠷᠲᠡᠪᠡ᠃

1.jpg

             ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ᠢ ᠵᠠᠭᠪᠤᠷᠯᠠᠬᠤ ᠪᠠ ᠬᠡᠷᠡᠭᠯᠡᠬᠦ ᠤᠷᠤᠯᠳᠤᠭᠠᠨ ᠤ

             ᠵᠦᠢᠯ ᠤᠨ ᠤᠷᠤᠯᠳᠤᠭᠠᠨ ᠳᠤ

2.png

             ᠬᠢᠮᠢ ᠶᠢᠨ ᠲᠤᠷᠰᠢᠯᠲᠠ ᠶᠢᠨ ᠮᠡᠷᠭᠡᠵᠢᠯ ᠤᠨ ᠤᠷᠤᠯᠳᠤᠭᠠᠨ ᠤ ᠵᠦᠢᠯ ᠤᠨ ᠤᠷᠤᠯᠳᠤᠭᠠᠨ ᠳᠤ

3.jpg

            ᠠᠵᠤ ᠦᠢᠯᠡᠳᠪᠦᠷᠢ ᠶᠢᠨ ᠰᠦᠯᠵᠢᠶᠡᠨ ᠤ ᠣᠶᠤᠨᠴᠢ ᠡᠵᠡᠮᠰᠢᠯ ᠪᠠ ᠬᠠᠮᠠᠭᠠᠯᠠᠯᠲᠠ ᠶᠢᠨ

            ᠤᠷᠤᠯᠳᠤᠭᠠᠨ ᠤ ᠵᠦᠢᠯ ᠤᠨ ᠤᠷᠤᠯᠳᠤᠭᠠᠨ

   

      2024 ᠣᠨ ᠳᠤ᠂ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ

ᠴᠢᠳᠠᠪᠤᠷᠢ ᠶᠢᠨ ᠤᠷᠤᠯᠳᠤᠭᠠᠨ ᠢ ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ

ᠴᠢᠳᠠᠪᠤᠷᠢ ᠶᠢᠨ ᠤᠷᠤᠯᠳᠤᠭᠠᠨ ᠪᠣᠯᠭᠠᠨ ᠳᠡᠰ ᠳᠡᠪᠰᠢᠭᠦᠯᠵᠦ᠂ ᠤᠷᠤᠯᠳᠤᠭᠠᠨ ᠨᠢ ᠤᠷᠤᠯᠳᠤᠭᠠᠨ ᠤ ᠳᠣᠭᠲᠠᠯᠴᠠᠭ᠎ᠠ᠂

ᠤᠷᠤᠯᠳᠤᠭᠠᠨ ᠤ ᠲᠥᠷᠥᠯ ᠵᠦᠢᠯ ᠪᠠ ᠳᠦᠷᠢᠮ᠂ ᠦᠨᠡᠯᠡᠬᠦ ᠳᠣᠭᠲᠠᠯᠴᠠᠭ᠎ᠠ᠂ ᠤᠷᠤᠯᠳᠤᠭᠠᠨ ᠳᠤ ᠣᠷᠣᠯᠴᠠᠭᠰᠠᠳ ᠤᠨ

ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ᠂ ᠰᠢᠨ᠎ᠡ ᠶᠢ ᠡᠭᠦᠳᠬᠦ ᠰᠡᠳᠬᠢᠮᠵᠢ ᠵᠢᠴᠢ ᠠᠵᠢᠯ ᠮᠡᠷᠭᠡᠵᠢᠯ ᠤᠨ ᠬᠡᠪ

ᠪᠣᠯᠪᠠᠰᠤᠷᠠᠯ  ᠢ ᠪᠠᠶᠢᠴᠠᠭᠠᠵᠤ᠂ ᠤᠷᠤᠯᠳᠤᠭᠠᠨ ᠳᠤ ᠣᠷᠣᠨ ᠨᠤᠲᠤᠭ ᠤᠨ ᠠᠵᠤ ᠦᠢᠯᠡᠰ ᠤᠨ ᠬᠡᠯᠬᠢᠶ᠎ᠡ ᠶᠢ

ᠲᠣᠬᠢᠷᠠᠭᠤᠯᠬᠤ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠤ ᠦᠢᠯᠡᠰ ᠤᠨ

ᠬᠥᠭᠵᠢᠯᠲᠡ ᠶᠢᠨ ᠭᠦᠨᠵᠡᠭᠡᠢ ᠠᠭᠤᠰᠤᠯᠴᠠᠭ᠎ᠠ ᠶᠢ ᠳᠣᠪᠤᠶᠢᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭᠠᠨ ᠤ ᠳᠡᠭᠡᠭᠰᠢᠯᠡᠯᠲᠡ ᠶᠢ

ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠪᠦᠬᠦ ᠲᠠᠯ᠎ᠠ ᠪᠠᠷ

ᠠᠬᠢᠭᠤᠯᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠶᠢ

ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠴᠢᠩᠭᠠᠳᠬᠠᠵᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠂

ᠪᠠᠭᠰᠢ ᠶᠢᠨ ᠬᠡᠪ ᠴᠢᠨᠠᠷ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠲᠥᠷᠥᠯ ᠤᠨ

ᠬᠠᠨᠳᠤᠰᠢ ᠶᠢ ᠰᠠᠯᠤᠰᠢ ᠦᠭᠡᠢ ᠳᠠᠭᠠᠵᠤ᠂ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠵᠣᠯᠭᠠᠭᠤᠯᠵᠤ᠂ ᠠᠵᠢᠯ ᠤᠨ

ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢᠲᠤ

ᠴᠢᠳᠠᠪᠤᠷᠢᠲᠠᠨ ᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠤᠨ ᠳᠡᠰ ᠳᠡᠪᠰᠢᠬᠦ ᠪᠠ ᠰᠢᠨ᠎ᠡ ᠴᠢᠨᠠᠷ ᠤᠨ ᠦᠢᠯᠡᠳᠪᠦᠷᠢᠯᠡᠯ  ᠤᠨ ᠬᠦᠴᠦᠨ ᠢ ᠪᠤᠶᠢᠵᠢᠭᠤᠯᠤᠨ

ᠬᠥᠭᠵᠢᠭᠦᠯᠬᠦ ᠳᠤ ᠬᠤᠪᠢ ᠨᠡᠮᠡᠷᠢ ᠦᠵᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号