︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠴᠢᠳᠠᠪᠤᠷᠢᠲᠠᠨ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ | ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ ᠢ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ | ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ | ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠣᠷᠣᠭᠤᠯᠤᠨ | ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢᠶᠠᠷ 1 ᠬᠥᠮᠦᠨ ᠢ ᠳᠣᠭᠲᠠᠭᠠᠪᠠ᠂ ᠡᠳᠦᠭᠡ ᠣᠷᠣᠭᠤᠯᠤᠨ ᠠᠪᠴᠢᠷᠠᠬᠤ ᠪᠠᠷ | ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ | ᠨᠡᠶᠢᠲᠡᠯᠡᠪᠡ᠃ | ᠨᠢᠭᠡ᠂ ᠢᠯᠡ ᠨᠡᠶᠢᠲᠡᠯᠡᠬᠦ ᠡᠲᠡᠭᠡᠳ | ᠯᠢ ᠯᠢ ᠮᠢᠩ᠂ ᠡᠷᠡᠭᠲᠡᠢ᠂ 1978 ᠣᠨ ᠤ 12 ᠰᠠᠷ᠎ᠠ ᠳᠤ ᠲᠦᠷᠦᠵᠠᠢ᠂ ᠳ᠋ᠣᠺᠲ᠋ᠣᠷᠠᠨᠲ᠂ ᠥᠪᠥᠷ | ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠺᠣᠮᠫᠢᠦ᠋ᠲ᠋ᠧᠷ | ᠪᠣᠯᠤᠨ ᠰᠦᠯᠵᠢᠶᠡᠨ ᠤ ᠠᠮᠤᠷ ᠲᠦᠪᠰᠢᠨ ᠤ ᠰᠠᠯᠪᠤᠷᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ | ᠤᠷᠢᠬᠤ ᠪᠠᠷ ᠲᠥᠯᠥᠪᠯᠡᠵᠦ ᠪᠣᠢ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 11 ᠰᠠᠷ᠎ᠠ ᠶᠢᠨ 7- 2024 ᠣᠨ ᠤ 11 ᠰᠠᠷ᠎ᠠ ᠶᠢᠨ 13 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ | ᠲᠤᠰᠬᠠᠬᠤ ᠮᠠᠲ᠋ᠧᠷᠢᠶᠠᠯ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠦᠨᠡᠨ | ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃ | ᠤᠲᠠᠰᠤ ᠵᠢᠴᠢ ᠢᠮᠧᠯ᠄ 0471 - 2857005︔ nmgjytjsgzc@126.com᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 11 ᠰᠠᠷ᠎ᠠ ᠶᠢᠨ 7 ᠤ ᠡᠳᠦᠷ | |