︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ | ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠮᠡᠳᠡᠭᠦᠯᠬᠦ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠭᠠᠳᠠᠭᠠᠳᠤ ᠪᠢᠴᠢᠭ ﹇2024﹈ 210 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠰᠤᠷᠭᠠᠭᠤᠯᠢ ᠠᠴᠠ ᠲᠠᠨᠢᠯᠴᠠᠭᠤᠯᠬᠤ᠂ ᠬᠡᠯᠪᠡᠷᠢ ᠶᠢ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠬᠢᠨᠠᠨ | ᠲᠣᠭᠲᠠᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ | ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ 2024 ᠣᠨ ᠤ 11 ᠰᠠᠷ᠎ᠠ ᠶᠢᠨ 11-11 ᠰᠠᠷ᠎ᠠ ᠶᠢᠨ 15 ᠤ | ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠠᠨᠠᠯ ᠲᠠᠢ ᠪᠣᠯ᠂ ᠨᠢᠭᠡᠴᠢ ᠪᠠ ᠬᠤᠪᠢ ᠬᠥᠮᠦᠨ ᠵᠠᠬᠢᠳᠠᠯ | ᠢᠷᠡᠭᠦᠯᠬᠦ᠂ ᠤᠲᠠᠰᠤ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ | ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠳᠤ | ᠳᠥᠭᠦᠮ ᠤᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠬᠠᠩᠭᠠᠬᠤ ᠪᠤᠶᠤ | ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠠᠵᠢᠯᠯᠠᠵᠤ ᠪᠠᠶᠢᠭ᠎ᠠ ᠨᠢᠭᠡᠴᠢ ᠵᠡᠷᠭᠡ | ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ | ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ | ᠪᠤᠴᠠᠭᠠᠨ᠎ᠠ᠃ | ᠬᠠᠷᠢᠯᠴᠠᠬᠤ ᠤᠲᠠᠰᠤ᠄ 0471 - 2856326᠃ | ᠢᠮᠧᠯ᠄ zbjszxzq@163.com᠃ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ᠃ | | | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ | ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠬᠢᠨᠠᠨ | ᠳᠣᠭᠲᠠᠭᠠᠭᠰᠠᠨ ᠦᠷ᠎ᠡ ᠳ᠋ᠦᠩ ᠤᠨ ᠲᠤᠬᠠᠢ ᠢᠯᠡ ᠨᠡᠶᠢᠲᠡᠯᠡᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 11 ᠰᠠᠷ᠎ᠠ ᠶᠢᠨ 11 ᠤ ᠡᠳᠦᠷ | | | | | | |