ᠵᠠᠭᠤᠨ ᠠᠵᠤ ᠠᠬᠤᠶᠢᠯᠠᠯ ᠲᠦᠮᠡᠨ ᠠᠵᠢᠯ ᠤᠨ ᠪᠠᠶᠢᠷᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠰᠢᠯᠢᠳᠡᠭ ᠠᠵᠤ ᠠᠬᠤᠶᠢᠯᠠᠯ ᠰᠢᠯᠢᠳᠡᠭ ᠠᠵᠢᠯ ᠤᠨ ᠪᠠᠶᠢᠷᠢ ᠲᠠ ᠨᠠᠷ ᠤᠨ ᠰᠣᠩᠭᠤᠯᠲᠠ ᠶᠢ ᠬᠦᠯᠢᠶᠡᠵᠦ      ᠪᠣᠢ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠵᠠᠯᠭᠠᠭ᠎ᠠ ᠪᠠᠷ ᠬᠤᠶᠠᠷ ᠲᠠᠯᠠᠪᠤᠷ ᠳᠤᠰᠬᠠᠢ ᠠᠵᠢᠯᠲᠠᠨ ᠤᠷᠢᠬᠤ ᠴᠤᠭᠯᠠᠭᠠᠨ ᠢ ᠵᠣᠬᠢᠶᠠᠨ ᠪᠠᠶᠢᠭᠤᠯᠤᠨ ᠡᠷᠬᠢᠯᠡᠪᠡ
ᠨᠡᠶᠢᠲᠡᠯᠡᠭᠰᠡᠨ ᠴᠠᠭ᠄
2024/11/12
      ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠎ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠵᠡᠷᠭᠡ ᠡᠯ᠎ᠡ ᠲᠥᠷᠥᠯ ᠤᠨ ᠨᠡᠶᠢᠭᠡᠮ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠲᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠬᠥᠮᠦᠨ ᠬᠡᠷᠡᠭᠯᠡᠬᠦ ᠨᠢᠭᠡᠴᠢ ᠶᠢ ᠨᠠᠷᠢᠯᠢᠭ ᠣᠨᠣᠴᠠᠲᠠᠢ ᠵᠣᠯᠭᠠᠭᠤᠯᠬᠤ ᠲᠠᠪᠴᠠᠩ ᠢ ᠪᠠᠶᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 9-10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠤᠷᠭᠠᠨ ᠬᠥᠮᠦᠵᠢᠯ ᠤᠨ ᠠᠵᠢᠯ ᠲᠥᠷᠥᠯ᠂ ᠨᠡᠷᠡᠲᠦ ᠰᠢᠯᠢᠳᠡᠭ ᠠᠵᠤ ᠠᠬᠤᠶᠢᠯᠠᠯ ᠤᠨ ᠲᠤᠰᠬᠠᠢ ᠠᠵᠢᠯᠲᠠᠨ ᠤᠷᠢᠬᠤ ᠴᠤᠭᠯᠠᠭᠠᠨ ᠢ ᠵᠣᠬᠢᠶᠠᠨ ᠪᠠᠶᠢᠭᠤᠯᠤᠨ ᠡᠷᠬᠢᠯᠡᠵᠦ᠂ ᠬᠤᠷᠠᠯ ᠳᠤ ᠣᠷᠣᠯᠴᠠᠬᠤ ᠬᠥᠮᠦᠨ ᠬᠡᠷᠡᠭᠯᠡᠬᠦ ᠨᠢᠭᠡᠴᠢ 310᠎ ᠶᠢ ᠤᠷᠢᠵᠤ᠂ ᠠᠵᠢᠯ ᠤᠨ ᠪᠠᠶᠢᠷᠢ 9924᠎ ᠶᠢ ᠬᠠᠩᠭᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 1.3 ᠲᠦᠮᠡᠨ ᠤᠶᠤᠲᠠᠨ ᠠᠬᠤᠢ ᠲᠠᠯᠠᠪᠠᠢ ᠳᠤ ᠤᠷᠢᠯᠲᠠ ᠶᠢ ᠬᠦᠯᠢᠶᠡᠨ ᠠᠪᠤᠭᠰᠠᠨ ᠪᠠ ᠲᠣᠪᠴᠢ ᠨᠠᠮᠲᠠᠷ ᠢᠶᠠᠨ ᠬᠦᠷᠭᠡᠪᠡ᠃     11 ᠰᠠᠷ᠎ᠠ ᠶᠢᠨ 9᠎ ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠎ ᠳᠤ ᠡᠷᠬᠢᠯᠡᠭᠰᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠲᠥᠷᠥᠯ ᠎ ᠤᠨ ᠲᠤᠰᠬᠠᠢ ᠠᠵᠢᠯᠲᠠᠨ ᠤᠷᠢᠬᠤ ᠴᠤᠭᠯᠠᠭᠠᠨ ᠳᠤ ᠪᠦᠬᠦ ᠣᠷᠣᠨ ᠤ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭᠠᠭᠤᠯᠢ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠨᠢᠭᠡᠴᠢ ᠬᠦᠷᠦᠯᠴᠡᠨ ᠢᠷᠡᠵᠦ ᠴᠢᠳᠠᠪᠤᠷᠢᠲᠠᠨ ᠡᠯᠰᠡᠵᠡᠢ᠃ 11 ᠰᠠᠷ᠎ᠠ ᠶᠢᠨ 10᠎ ᠤ ᠡᠳᠦᠷ᠂ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠨᠡᠷᠡᠲᠦ ᠰᠢᠯᠢᠳᠡᠭ ᠠᠵᠤ ᠠᠬᠤᠶᠢᠯᠠᠯ ᠤᠨ ᠲᠤᠰᠬᠠᠢ ᠠᠵᠢᠯᠲᠠᠨ ᠤᠷᠢᠬᠤ ᠴᠤᠭᠯᠠᠭᠠᠨ ᠢ ᠡᠷᠬᠢᠯᠡᠵᠦ᠂ ᠥᠪᠥᠷ ᠮᠣᠩᠭᠤᠯ ᠤᠨ ᠵᠧᠩ ᠳ᠋ᠡ ᠬᠢᠵᠠᠭᠠᠷᠲᠤ ᠺᠣᠮᠫᠠᠨᠢ᠂ ᠸᠠᠨ ᠵᠧᠩ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠵᠦᠩ ᠰᠢᠤᠸᠠᠨ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠲᠣᠮᠣ ᠳᠤᠮᠳᠠ ᠵᠢᠵᠢᠭ ᠠᠵᠤ ᠠᠬᠤᠶᠢᠯᠠᠯ ︽ᠴᠢᠳᠠᠪᠤᠷᠢᠲᠠᠨ ᠪᠤᠯᠢᠶᠠᠯᠳᠤᠬᠤ︾ ᠦᠷᠢᠰᠦᠯᠳᠦᠭᠡᠨ ᠢ ᠡᠬᠢᠯᠡᠭᠦᠯᠪᠡ᠃ ᠡᠯ᠎ᠡ ᠠᠵᠢᠯᠲᠠᠨ ᠤᠷᠢᠬᠤ ᠠᠬᠤᠢ ᠲᠠᠯᠠᠪᠠᠢ ᠳᠤ ᠪᠠᠰᠠ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠤ ᠳᠠᠭᠠᠭᠤᠯᠬᠤ ᠲᠤᠰᠬᠠᠢ ᠲᠣᠭᠤᠷᠢᠭ᠂ ᠠᠵᠢᠯ ᠣᠯᠭᠤᠯᠲᠠ ᠶᠢ ᠵᠠᠮᠴᠢᠯᠠᠬᠤ ᠦᠢᠯᠡᠴᠢᠯᠡᠭᠡ ᠵᠡᠷᠭᠡ ᠶᠢ ᠲᠣᠬᠢᠷᠠᠭᠤᠯᠵᠤ᠂ ᠰᠦᠯᠵᠢᠶᠡᠨ ᠳᠤ ᠪᠠ ᠰᠦᠯᠵᠢᠶᠡᠨ ᠭᠠᠳᠠᠨ᠎ᠠ ᠢᠵᠢᠯ ᠠᠯᠬᠤᠮ ᠢᠶᠠᠷ ᠠᠵᠢᠯ ᠣᠯᠭᠤᠯᠲᠠ ᠶᠢ ᠠᠬᠢᠭᠤᠯᠪᠠ᠃

1.webp.png

   

      11 ᠰᠠᠷ᠎ᠠ ᠶᠢᠨ 9᠎ ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠲᠥᠷᠥᠯ ᠤᠨ ᠲᠤᠰᠬᠠᠢ ᠠᠵᠢᠯᠲᠠᠨ

ᠤᠷᠢᠬᠤ ᠴᠤᠭᠯᠠᠭᠠᠨ︾᠎ ᠶᠢ ᠡᠷᠬᠢᠯᠡᠪᠡ᠃

2.webp.png

      11 ᠰᠠᠷ᠎ᠠ ᠶᠢᠨ 10᠎ ᠤ ᠡᠳᠦᠷ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025

ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠷᠢᠭᠤᠯᠤᠭᠰᠠᠨ ᠨᠡᠷᠡᠲᠦ ᠰᠢᠯᠢᠳᠡᠭ ᠠᠵᠤ ᠠᠬᠤᠶᠢᠯᠠᠯ ᠤᠨ

ᠲᠤᠰᠬᠠᠢ ᠠᠵᠢᠯᠲᠠᠨ ᠤᠷᠢᠬᠤ ᠴᠤᠭᠯᠠᠭᠠᠨ︾ ᠎ ᠢ ᠡᠷᠬᠢᠯᠡᠪᠡ᠃

      ᠡᠨᠡ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠥᠷᠥᠯ ᠪᠠ

ᠡᠵᠡᠩᠨᠡᠯᠲᠡ ᠬᠠᠮᠢᠶᠠᠷᠤᠯᠲᠠ ᠶᠢᠨ ᠲᠥᠷᠥᠯ ᠤᠨ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠳᠤ

ᠠᠩᠬᠠᠷᠤᠯ ᠢᠶᠠᠨ ᠬᠠᠨᠳᠤᠭᠤᠯᠵᠤ᠂ ᠰᠤᠷᠭᠠᠭᠤᠯᠢ ᠶᠢᠨ ᠬᠦᠷᠢᠶᠡᠨ ᠳᠤ ᠠᠵᠢᠯᠲᠠᠨ ᠤᠷᠢᠬᠤ ᠭᠤᠣᠯ ᠠᠷᠭ᠎ᠠ ᠵᠠᠮ ᠤᠨ

ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠮᠦᠨ ᠬᠡᠷᠡᠭᠯᠡᠬᠦ ᠨᠢᠭᠡᠴᠢ ᠵᠢᠴᠢ ᠲᠡᠭᠦᠰᠦᠭᠰᠡᠳ ᠤᠨ ᠬᠠᠩᠭᠠᠯᠭ᠎ᠠ ᠪᠠ

ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃ ᠳᠠᠷᠠᠭ᠎ᠠ ᠠᠯᠬᠤᠮ ᠳᠤ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠎ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ

ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ

ᠪᠠᠶᠢᠷᠢ ᠶᠢ ᠥᠷᠭᠡᠳᠬᠡᠬᠦ᠂ ᠲᠦᠮᠡᠨ ᠠᠵᠤ ᠠᠬᠤᠶᠢᠯᠠᠯ ᠢ ᠰᠤᠷᠭᠠᠭᠤᠯᠢ ᠳᠤ ᠣᠷᠣᠭᠤᠯᠬᠤ᠂ ᠬᠠᠩᠭᠠᠯᠭ᠎ᠠ ᠪᠠ

ᠬᠡᠷᠡᠭᠴᠡᠭᠡ ᠶᠢ ᠵᠣᠯᠭᠠᠭᠤᠯᠬᠤ ᠵᠡᠷᠭᠡ ︽ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ

ᠤᠷᠢᠬᠤ ᠰᠠᠷ᠎ᠠ︾᠎ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯ

ᠣᠯᠭᠤᠯᠲᠠ ᠶᠢᠨ ᠠᠷᠭ᠎ᠠ ᠵᠠᠮ ᠢ ᠶᠡᠭᠡ ᠪᠠᠷ ᠨᠡᠭᠡᠭᠡᠵᠦ᠂ ᠲᠡᠭᠦᠰᠦᠭᠰᠡᠳ ᠰᠣᠷᠣᠭᠰᠠᠨ ᠢᠶᠠᠨ ᠬᠡᠷᠡᠭᠯᠡᠬᠦ ᠠᠵᠢᠯ

ᠣᠯᠭᠤᠯᠲᠠ ᠠᠵᠢᠯ ᠤᠨ ᠪᠠᠶᠢᠷᠢ ᠶᠢ ᠨᠡᠩ ᠣᠯᠠᠨ ᠢᠯᠡᠷᠡᠭᠦᠯᠵᠦ᠂ ᠠᠵᠢᠯ ᠣᠯᠭᠤᠯᠲᠠ ᠶᠢ ᠵᠢᠯᠣᠭᠤᠳᠬᠤ

ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠥᠨ

ᠵᠢᠯᠣᠭᠤᠳᠴᠤ ᠢᠳᠡᠪᠬᠢᠲᠡᠢ ᠮᠥᠷᠲᠡᠭᠡᠨ ᠰᠠᠨᠠᠭᠠᠴᠢᠯᠠᠭ᠎ᠠ ᠠᠴᠠ ᠪᠠᠨ ᠠᠵᠢᠯ ᠡᠷᠢᠬᠦ ᠶᠢ ᠠᠬᠢᠭᠤᠯᠤᠨ᠂ 2025

ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠮᠵᠢᠯᠲᠠᠲᠠᠢ ᠲᠡᠭᠦᠰᠬᠦ᠂ ᠡᠷᠲᠡᠬᠡᠨ ᠠᠵᠢᠯ ᠣᠯᠬᠤ ᠶᠢ

ᠪᠦᠬᠦ ᠬᠦᠴᠦᠨ ᠢᠶᠠᠷ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号