ᠥᠪᠥᠷ ᠮᠣᠩᠭᠤᠯ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ᠤᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ — ᠰᠤᠷᠭᠠᠭᠤᠯᠢ ᠶᠢᠨ ᠬᠦᠷᠢᠶᠡᠨ ᠳᠠᠬᠢ ᠴᠤᠭ ᠵᠢᠪᠬᠤᠭᠠᠲᠤ ᠪᠡᠶ᠎ᠡ ᠶᠢᠨ ᠲᠠᠮᠢᠷ ᠤᠨ ᠦᠵᠡᠭᠦᠯᠭᠡ
ᠨᠡᠶᠢᠲᠡᠯᠡᠭᠰᠡᠨ ᠴᠠᠭ᠄
2024/11/12
      ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠤᠯᠠᠮ ᠴᠠᠭᠠᠰᠢᠲᠠ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ ᠎ ᠶᠢ ᠠᠬᠢᠭᠤᠯᠤᠨ᠂ ᠰᠤᠷᠤᠭᠴᠢᠳ ᠤᠨ ᠪᠡᠶ᠎ᠡ ᠮᠠᠬᠠᠪᠣᠳ ᠢ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ︽ᠰᠤᠷᠭᠠᠭᠤᠯᠢ ᠎ ᠶᠢᠨ ᠬᠦᠷᠢᠶᠡᠨ ᠳᠠᠬᠢ ᠴᠤᠭ ᠵᠢᠪᠬᠤᠭᠠᠲᠤ ᠪᠡᠶ᠎ᠡ ᠶᠢᠨ ᠲᠠᠮᠢᠷ ᠤᠨ ᠦᠵᠡᠭᠦᠯᠭᠡ︾ ᠭᠡᠬᠦ ᠲᠤᠰᠬᠠᠢ ᠪᠤᠯᠤᠩ ᠭᠠᠷᠭᠠᠵᠤ᠂ ᠰᠤᠷᠭᠠᠭᠤᠯᠢ ᠶᠢᠨ ᠬᠦᠷᠢᠶᠡᠨ ᠳᠠᠬᠢ ᠡᠯᠪᠡᠭ ᠪᠠᠶᠠᠯᠢᠭ ᠠᠭᠤᠯᠭ᠎ᠠ ᠪᠥᠬᠦᠢ ᠪᠡᠶ᠎ᠡ ᠶᠢᠨ ᠲᠠᠮᠢᠷ ᠤᠨ ᠠᠮᠢᠳᠤᠷᠠᠯ ᠪᠠ ᠪᠦᠬᠦ ᠣᠷᠣᠨ ᠤ  ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠢᠳᠡᠪᠬᠢᠲᠡᠢ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃      ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ  ᠰᠤᠷᠤᠭᠴᠢᠳ ᠤᠨ ᠨᠠᠰᠤᠨ ᠤ ᠣᠨᠴᠠᠯᠢᠭ ᠪᠠ ᠳᠤᠷ᠎ᠠ ᠰᠣᠨᠢᠷᠬᠠᠯ ᠢ ᠦᠨᠳᠦᠰᠦᠯᠡᠨ᠂ ᠣᠯᠠᠨ ᠵᠦᠢᠯ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠲᠥᠯᠦᠪᠯᠡᠵᠦ᠂ ᠲᠡᠭᠦᠨ ᠳᠤ ᠨᠢᠭᠡᠳᠦᠭᠡᠷ ᠣᠨ ᠤ  ᠰᠠᠭᠠᠳ ᠲᠠᠢ ᠪᠤᠤᠬᠢᠶ᠎ᠠ ᠤᠷᠤᠯᠳᠤᠭᠠᠨ᠂ ᠬᠤᠶᠠᠳᠤᠭᠠᠷ ᠣᠨ ᠎ ᠤ ᠳᠡᠭᠡᠰᠦ ᠦᠰᠦᠷᠬᠦ ᠤᠷᠤᠯᠳᠤᠭᠠᠨ᠂ ᠭᠤᠷᠪᠠᠳᠤᠭᠠᠷ ᠣᠨ ᠤ ᠰᠠᠭᠰᠤᠨ ᠪᠥᠮᠪᠦᠭᠡ ᠰᠠᠭᠰᠤᠯᠠᠬᠤ᠂ ᠳᠥᠷᠪᠡᠳᠦᠭᠡᠷ ᠣᠨ ᠤ ᠬᠥᠯ ᠪᠥᠮᠪᠦᠭᠡ ᠶᠢ ᠡᠭᠦᠳᠡ ᠤᠷᠤᠭᠤ ᠢᠰᠭᠦᠯᠬᠦ ᠵᠢᠴᠢ ᠲᠠᠪᠤ ᠵᠢᠷᠭᠤᠳᠤᠭᠠᠷ ᠣᠨ ᠤ ᠳᠡᠭᠡᠰᠦ ᠲᠠᠲᠠᠬᠤ ᠤᠷᠤᠯᠳᠤᠭᠠᠨ ᠵᠡᠷᠭᠡ ᠪᠣᠢ᠃   

1.jpg

2.jpg

3.jpg

      ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠣᠭᠤᠷᠢᠭ ᠤᠨ

ᠬᠠᠷᠢᠶ᠎ᠠ ᠰᠤᠷᠭᠠᠭᠤᠯᠢ ᠶᠢᠨ ᠪᠤᠶᠢᠺᠤ ᠪᠥᠮᠪᠦᠭᠡ ᠶᠢ ᠬᠥᠭᠵᠢᠭᠦᠯᠬᠦ ᠬᠥᠳᠡᠯᠭᠡᠭᠡᠨ ᠢ ᠶᠡᠭᠡ ᠪᠠᠷ ᠥᠷᠨᠢᠭᠦᠯᠵᠦ᠂ ᠨᠡᠩ

ᠣᠯᠠᠨ ᠬᠡᠦᠬᠡᠳ ᠪᠤᠶᠢᠺᠤ ᠪᠥᠮᠪᠦᠭᠡ ᠶᠢ ᠰᠤᠷᠤᠯᠴᠠᠵᠤ᠂ ᠪᠤᠶᠢᠺᠤ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠨ᠂

ᠰᠤᠷᠤᠭᠴᠢᠳ ᠤᠨ ᠪᠤᠶᠢᠺᠤ ᠪᠥᠮᠪᠥᠭᠡᠨ ᠤ ᠳᠤᠷ᠎ᠠ ᠰᠣᠨᠢᠷᠬᠠᠯ ᠢ ᠬᠥᠮᠦᠵᠢᠭᠦᠯᠵᠦ᠂ ᠰᠤᠷᠭᠠᠭᠤᠯᠢ ᠶᠢᠨ ᠬᠦᠷᠢᠶᠡᠨ ᠤ

ᠪᠡᠶ᠎ᠡ ᠶᠢᠨ ᠲᠠᠮᠢᠷ ᠤᠨ ᠬᠥᠳᠡᠯᠭᠡᠭᠡᠨ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠪᠤᠶᠢᠺᠤ ᠪᠥᠮᠪᠦᠭᠡ ᠶᠢᠨ

ᠴᠢᠳᠠᠪᠤᠷᠢᠲᠠᠨ ᠪᠠ ᠬᠥᠮᠦᠵᠢᠭᠦᠯᠬᠦ ᠳᠣᠭᠲᠠᠯᠴᠠᠭ᠎ᠠ ᠶᠢ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠣᠷᠣᠨ ᠤ

ᠳᠣᠲᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠤᠶᠢᠺᠤ

ᠪᠥᠮᠪᠦᠭᠡ ᠶᠢᠨ ᠪᠣᠯᠪᠠᠰᠤᠷᠠᠯ ᠤᠨ ᠲᠠᠯᠠᠪᠤᠷ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠪᠤᠶᠢᠺᠤ ᠪᠥᠮᠪᠦᠭᠡ ᠶᠢᠨ

ᠠᠩᠭᠢ ᠶᠢ ᠨᠡᠩ ᠣᠯᠠᠨ ᠵᠣᠬᠢᠶᠠᠨ ᠪᠠᠶᠢᠭᠤᠯᠵᠤ᠂ ᠪᠤᠶᠢᠺᠤ ᠪᠥᠮᠪᠦᠭᠡ ᠶᠢᠨ ᠴᠢᠳᠠᠪᠤᠷᠢᠲᠠᠨ ᠢ ᠦᠷᠭᠦᠯᠵᠢᠯᠡᠬᠦ ᠴᠢᠨᠠᠷ

᠎ ᠲᠠᠢ᠂ ᠰᠢᠰᠲ᠋ᠧᠮ ᠲᠠᠢ ᠬᠥᠮᠦᠵᠢᠭᠦᠯᠬᠦ ᠶᠢ ᠪᠡᠶᠡᠯᠡᠭᠦᠯᠪᠡ᠃

   

4.jpg

5.jpg

6.jpg

      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠰᠤᠷᠭᠠᠭᠤᠯᠢ ᠶᠢᠨ ᠬᠢᠴᠢᠶᠡᠯ ᠤᠨ ᠵᠠᠪᠰᠠᠷ ᠤᠨ

ᠬᠥᠳᠡᠯᠭᠡᠭᠡᠨ ᠤ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠵᠦ᠂ ᠬᠢᠴᠢᠶᠡᠯ ᠤᠨ ᠵᠠᠪᠰᠠᠷ ᠤᠨ                

︽10 ᠮᠢᠨᠦ᠋ᠲ︾᠎ ᠶᠢ ︽ᠬᠢᠴᠢᠶᠡᠯ ᠤᠨ ᠵᠠᠪᠰᠠᠷ ᠤᠨ 15 ᠮᠢᠨᠦ᠋ᠲ︾ ᠬᠦᠷᠲᠡᠯ᠎ᠡ ᠤᠷᠲᠤᠳᠬᠠᠵᠤ᠂ ᠬᠡᠦᠬᠡᠳ ᠡᠳᠦᠷ

ᠪᠦᠷᠢ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠶᠢ ᠦᠨᠡᠨ ᠬᠦ ᠪᠠᠲᠤᠯᠠᠨ᠂ ᠬᠡᠦᠬᠡᠳ ᠢ ︽ᠬᠢᠴᠢᠶᠡᠯ ᠤᠨ ᠭᠡᠷ ᠠᠴᠠ

ᠭᠠᠷᠭᠠᠨ᠂ ᠪᠡᠶ᠎ᠡ ᠶᠢᠨ ᠲᠠᠮᠢᠷ ᠎ ᠤᠨ ᠲᠠᠯᠠᠪᠠᠢ ᠳᠤ ᠬᠦᠷᠴᠦ ᠲᠣᠭᠯᠠᠭᠤᠯᠪᠠ︾᠃ ᠳ᠋ᠦᠩ ᠾᠧ ᠲᠣᠭᠤᠷᠢᠭ

ᠰᠤᠷᠭᠠᠭᠤᠯᠢ ᠠᠴᠠ ᠬᠠᠩᠭᠠᠬᠤ᠂ ᠰᠤᠷᠤᠭᠴᠢᠳ ᠤᠨ ᠥᠪᠡᠷ ᠢᠶᠠᠨ ᠠᠪᠴᠢᠷᠠᠬᠤ ᠪᠠ ᠪᠠᠭᠰᠢ ᠰᠤᠷᠤᠭᠴᠢᠳ ᠥᠪᠡᠷ 

᠎ ᠢᠶᠠᠨ ᠬᠢᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠠᠵᠢᠯᠯᠠᠭ᠎ᠠ ᠶᠢᠨ ᠪᠠᠭᠠᠵᠢ ᠬᠡᠷᠡᠭᠰᠡᠯ ᠢ ᠪᠠᠶᠠᠯᠢᠭᠵᠢᠭᠤᠯᠵᠤ᠂

︽ᠵᠢᠵᠢᠭ ᠲᠠᠯᠠᠪᠤᠷ ᠭᠠᠵᠠᠷ︾᠂ ︽ᠪᠠᠭ᠎ᠠ ᠪᠡᠯᠡ ᠣᠷᠣᠭᠤᠯᠤᠯᠲᠠ︾᠎ ᠶᠢ ᠭᠦᠢᠴᠡᠳ ᠠᠰᠢᠭᠯᠠᠨ ︽ᠶᠡᠭᠡ ᠬᠢᠴᠢᠶᠡᠯ ᠤᠨ

ᠵᠠᠪᠰᠠᠷᠯᠠᠭ᠎ᠠ︾᠎ ᠶᠢ ᠥᠨᠳᠥᠷ ᠪᠦᠲᠦᠮᠵᠢᠲᠡᠢ ᠵᠣᠬᠢᠶᠠᠨ ᠪᠠᠶᠢᠭᠤᠯᠵᠤ᠂ ᠰᠣᠨᠢᠷᠬᠠᠯᠲᠠᠢ ᠬᠢᠴᠢᠶᠡᠯ ᠤᠨ ᠵᠠᠪᠰᠠᠷᠯᠠᠭ᠎ᠠ ᠶᠢ

ᠪᠦᠲᠦᠮᠵᠢᠲᠡᠢ ᠥᠷᠨᠢᠭᠦᠯᠬᠦ ᠶᠢ ᠪᠠᠲᠤᠯᠠᠪᠠ᠃ ᠡᠭᠦᠨ ᠤ ᠬᠠᠮᠲᠤ ᠡᠯ᠎ᠡ ᠰᠤᠷᠭᠠᠭᠤᠯᠢ ᠶᠢᠨ ᠬᠢᠨ ︽ᠵᠠᠬᠢᠶᠠᠯᠠᠭ᠎ᠠ ᠶᠢᠨ

ᠬᠡᠯᠪᠡᠷᠢ︾᠎ ᠶᠢᠨ ᠠᠵᠢᠯᠯᠠᠭᠠᠨ ᠤ ᠲᠥᠰᠦᠯ ᠭᠠᠷᠭᠠᠬᠤ ᠶᠢ ᠵᠣᠷᠢᠭᠵᠢᠭᠤᠯᠵᠤ᠂ ︽ᠬᠢᠴᠢᠶᠡᠯ ᠤᠨ ᠵᠠᠪᠰᠠᠷ ᠲᠠᠬᠢ 15

ᠮᠢᠨᠦ᠋ᠲ︾᠎ ᠢ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠲᠥᠯᠥᠪᠯᠡᠭᠡ ᠎ ᠳᠤ ᠣᠷᠣᠭᠤᠯᠤᠨ᠂ ︽ᠪᠡᠶ᠎ᠡ ᠶᠢᠨ

ᠲᠠᠮᠢᠷ +︾ ᠬᠢᠴᠢᠶᠡᠯ ᠲᠥᠷᠥᠯ ᠠᠯᠤᠰᠯᠠᠭᠰᠠᠨ ᠵᠢᠭᠠᠨ ᠰᠤᠷᠭᠠᠯᠲᠠ ᠶᠢ ᠰᠦᠪᠡᠭᠴᠢᠯᠡᠵᠦ᠂ ᠪᠡᠶ᠎ᠡ ᠶᠢᠨ ᠲᠠᠮᠢᠷ ᠪᠠ

ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠪᠡ᠂ ᠡᠭᠦᠨ ᠠᠴᠠ ᠭᠠᠳᠠᠨ᠎ᠠ᠂ ᠠᠳᠠᠯᠢ ᠪᠤᠰᠤ

ᠨᠠᠰᠤᠨ ᠤ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠢ ᠦᠨᠳᠦᠰᠦᠯᠡᠨ᠂ ᠱᠠᠲᠤᠯᠢᠭ ᠵᠢᠭᠠᠨ ᠰᠤᠷᠭᠠᠯᠲᠠ ᠶᠢᠨ

ᠠᠷᠭ᠎ᠠ ᠬᠡᠯᠪᠡᠷᠢ ᠶᠢ ᠤᠷᠠᠨ ᠢᠶᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠠᠪᠢᠶᠠᠰ

᠎ ᠲᠤ ᠨᠢ ᠲᠣᠬᠢᠷᠠᠭᠤᠯᠤᠨ ᠵᠢᠭᠠᠵᠤ᠂ ᠳᠡᠰ ᠬᠤᠪᠢᠶᠠᠭᠰᠠᠨ ᠵᠢᠭᠠᠨ ᠰᠤᠷᠭᠠᠯᠲᠠ ᠎ ᠶᠢ ᠥᠷᠨᠢᠭᠦᠯᠪᠡ᠃ ᠡᠯ᠎ᠡ ᠰᠤᠷᠭᠠᠭᠤᠯᠢ

ᠰᠤᠷᠤᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠨ᠂

ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ᠂ ᠠᠷᠠᠳ ᠤᠨ ᠪᠡᠶ᠎ᠡ ᠶᠢᠨ ᠲᠠᠮᠢᠷ᠂ ᠣᠶᠤᠨ ᠤ

ᠰᠣᠨᠢᠷᠬᠠᠯᠲᠤ ᠲᠣᠭᠯᠠᠭᠠᠮ᠂ ᠭᠠᠵᠠᠷ ᠳᠡᠭᠡᠷᠡᠬᠢ ᠵᠢᠵᠢᠭ ᠲᠣᠭᠯᠠᠭᠠᠮ ᠵᠡᠷᠭᠡ ᠴᠢᠨᠠᠷᠯᠢᠭ ᠬᠥᠳᠡᠯᠭᠡᠭᠡᠨ ᠢ ᠢᠳᠡᠪᠬᠢᠲᠡᠢ

ᠪᠡᠯᠡᠳᠬᠡᠵᠦ᠂ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠢ ᠪᠠᠶᠠᠯᠢᠭᠵᠢᠭᠤᠯᠪᠠ᠃

   

7.png

8.jpg

9.jpg

10.png

      ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠪᠤᠭᠤᠲᠤ ᠳᠠᠬᠢ ᠬᠠᠷᠢᠶᠠᠲᠤ ᠰᠤᠷᠭᠠᠭᠤᠯᠢ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ  ᠰᠤᠷᠤᠯᠭ᠎ᠠ ᠶᠢᠨ ᠱᠠᠲᠤ ᠪᠠᠷ ᠰᠠᠭᠤᠷᠢ ᠪᠣᠯᠭᠠᠨ ᠬᠥᠭᠵᠢᠶᠡᠨᠲᠦ ᠪᠡᠶ᠎ᠡ ᠶᠢᠨ

ᠲᠠᠮᠢᠷ ᠤᠨ ᠠᠩᠭᠢ ᠶᠢ ᠵᠣᠬᠢᠶᠠᠨ ᠪᠠᠶᠢᠭᠤᠯᠵᠤ᠂ ᠬᠡᠳᠦᠨ ᠵᠢᠯ ᠎ ᠤᠨ ᠲᠤᠷᠰᠢ ᠪᠤᠭᠤᠲᠤ ᠬᠤᠲᠠ᠂ ᠥᠪᠡᠷᠲᠡᠭᠡᠨ ᠵᠠᠰᠠᠬᠤ

ᠣᠷᠣᠨ ᠵᠢᠴᠢ ᠪᠦᠬᠦ ᠤᠯᠤᠰ ᠤᠨ ᠤᠷᠤᠯᠳᠤᠭᠠᠨ ᠤ ᠮᠠᠩᠯᠠᠢ ᠶᠢ ᠣᠯᠠᠨ ᠤᠳᠠᠭ᠎ᠠ ᠭᠥᠷᠳᠡᠪᠡ᠃ ᠬᠥᠭᠵᠢᠶᠡᠨᠲᠦ

ᠪᠡᠶ᠎ᠡ ᠶᠢᠨ ᠲᠠᠮᠢᠷ ᠢ ᠰᠤᠷᠬᠤ ᠪᠠᠷ ᠳᠠᠮᠵᠢᠨ᠂ ᠰᠤᠷᠤᠭᠴᠢᠳ ᠶᠠᠪᠤᠬᠤ ᠲᠤᠲᠤᠮ ᠢᠲᠡᠭᠡᠯ ᠵᠣᠷᠢᠭ ᠢᠶᠠᠨ ᠬᠥᠪᠴᠢᠯᠡᠵᠦ᠂

ᠵᠣᠷᠢᠭᠲᠠᠢ ᠪᠠᠷ ᠥᠪᠡᠷ ᠢ ᠪᠠᠨ ᠮᠡᠳᠡᠷᠡᠭᠦᠯᠪᠡ᠃

   

11.jpg

12.png

13.png

      ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠲᠠᠬᠢ ᠬᠤᠶᠠᠳᠤᠭᠠᠷ ᠬᠠᠷᠢᠶᠠᠲᠤ ᠰᠤᠷᠭᠠᠭᠤᠯᠢ 

ᠰᠤᠷᠭᠠᠭᠤᠯᠢ ᠳᠤ ᠪᠠᠨ ᠨᠢᠳᠤᠷᠭᠠᠨ ᠡᠷᠳᠡᠮ ᠤᠨ ᠬᠢᠴᠢᠶᠡᠯ ᠤᠨ ᠬᠢᠴᠢᠶᠡᠯᠯᠡᠬᠦ ᠬᠡᠯᠪᠡᠷᠢ ᠶᠢ ᠠᠪᠴᠤ᠂ ᠡᠭᠦᠨ ᠳᠤ

ᠠᠩᠭᠢ ᠰᠢᠯᠵᠢᠬᠦ ᠵᠢᠭᠠᠨ ᠰᠤᠷᠭᠠᠯᠲᠠ ᠶᠢᠨ ᠬᠢᠴᠢᠶᠡᠯ᠂ ᠨᠡᠶᠢᠭᠡᠮ ᠤᠨ ᠪᠦᠯᠬᠦᠮ ᠤᠨ ᠬᠢᠴᠢᠶᠡᠯ ᠪᠠ ᠰᠤᠷᠭᠠᠭᠤᠯᠢ ᠶᠢᠨ

ᠠᠩᠭᠢ ᠶᠢᠨ ᠣᠷᠦ᠋ᠢᠯᠠᠭᠰᠠᠨ ᠴᠢᠳᠠᠪᠤᠷᠢᠲᠠᠨ ᠬᠥᠮᠦᠵᠢᠭᠦᠯᠬᠦ ᠬᠢᠴᠢᠶᠡᠯ ᠢ ᠪᠠᠭᠲᠠᠭᠠᠵᠤ᠂ ᠵᠢᠭᠠᠵᠤ ᠰᠤᠷᠭᠠᠬᠤ᠂

ᠰᠢᠷᠭᠠᠭᠤ ᠪᠣᠯᠪᠠᠰᠤᠷᠠᠬᠤ᠂ ᠪᠠᠶᠢᠩᠭᠤ ᠤᠷᠤᠯᠳᠤᠬᠤ ᠶᠢ ᠨᠠᠶᠢᠳᠠᠪᠤᠷᠢᠵᠢᠭᠤᠯᠤᠨ᠂ ᠭᠤᠷᠪᠠᠨ ᠵᠢᠯ ᠤᠨ ᠦᠢᠯᠡᠳᠦᠯᠭᠡ

ᠪᠠ ᠰᠥᠪᠡᠭᠴᠢᠯᠡᠯᠲᠡ ᠪᠠᠷ ᠳᠠᠮᠵᠢᠨ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ ᠠᠩᠬ᠎ᠠ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠶᠢᠰᠦᠳᠦᠭᠡᠷ ᠣᠨ ᠬᠦᠷᠲᠡᠯᠡᠬᠢ ᠬᠢᠴᠢᠶᠡᠯ ᠤᠨ ᠳᠣᠭᠲᠠᠯᠴᠠᠭ᠎ᠠ ᠎ ᠶᠢ ᠪᠠᠶᠢᠭᠤᠯᠵᠤ᠂

ᠬᠢᠴᠢᠶᠡᠯ ᠤᠨ ᠠᠭᠤᠯᠭ᠎ᠠ᠂ ᠬᠢᠴᠢᠶᠡᠯ ᠤᠨ ᠬᠠᠷᠠᠯᠲᠠ᠂ ᠬᠡᠷᠡᠭᠵᠢᠭᠦᠯᠬᠦ ᠠᠷᠭ᠎ᠠ᠂ ᠦᠨᠡᠯᠡᠬᠦ ᠠᠷᠭ᠎ᠠ ᠵᠡᠷᠭᠡ ᠶᠢ

ᠦᠨᠳᠦᠰᠦᠨ ᠳᠤ ᠪᠠᠨ ᠲᠡᠭᠦᠯᠳᠡᠷᠵᠢᠭᠦᠯᠪᠡ᠃

   

14.jpg

15.jpg

16.jpg

      ᠬᠢᠶ᠎ᠠ ᠪᠠᠭᠰᠢ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ︵ᠬᠤᠶᠢᠲᠤ ᠰᠤᠷᠭᠠᠭᠤᠯᠢ ᠎ ᠶᠢᠨ          

ᠲᠣᠭᠤᠷᠢᠭ︶᠎  ᠵᠥᠭᠡᠯᠡᠨ ᠮᠠᠶ᠋ᠢᠭ ᠤᠨ ᠰᠢᠳᠠᠮ ᠪᠠᠬᠢᠯᠡᠯᠲᠡ ᠶᠢᠨ ᠪᠥᠮᠪᠦᠭᠡ ᠶᠢᠨ ᠲᠥᠷᠥᠯ ᠵᠦᠢᠯ ᠢ ᠵᠢᠷᠭᠤᠭᠠᠨ

ᠵᠢᠯ ᠰᠦᠪᠡᠭᠴᠢᠯᠡᠨ ᠬᠥᠭᠵᠢᠭᠦᠯᠵᠦ᠂ ᠣᠳᠣ ᠨᠢᠭᠡᠨᠲᠡ ︽3+2+1︾ ᠬᠢᠴᠢᠶᠡᠯ ᠤᠨ ᠬᠥᠭᠵᠢᠯᠲᠡ ᠶᠢᠨ ᠳᠣᠭᠲᠠᠯᠴᠠᠭ᠎ᠠ

᠎ ᠶᠢ ᠪᠦᠷᠢᠯᠳᠦᠭᠦᠯᠪᠡ᠂ ᠲᠤᠬᠠᠶᠢᠯᠠᠪᠠᠯ᠂ 3 ᠬᠢᠴᠢᠶᠡᠯ ᠨᠢ ᠡᠩ ᠤᠨ ᠪᠡᠶ᠎ᠡ ᠶᠢᠨ ᠲᠠᠮᠢᠷ ᠤᠨ ᠬᠢᠴᠢᠶᠡᠯ᠂ ᠰᠣᠩᠭᠤᠯᠲᠠᠲᠤ

ᠠᠩᠭᠢ ᠰᠢᠯᠵᠢᠬᠦ ᠪᠡᠶ᠎ᠡ ᠶᠢᠨ ᠲᠠᠮᠢᠷ ᠤᠨ ᠬᠢᠴᠢᠶᠡᠯ᠂ ᠰᠤᠷᠭᠠᠭᠤᠯᠢ ᠶᠢᠨ ᠬᠢᠴᠢᠶᠡᠯ ᠪᠣᠯᠤᠨ᠎ᠠ᠂ ᠡᠭᠦᠨ ᠤ ᠬᠠᠮᠲᠤ

ᠭᠠᠷᠠᠭ ᠪᠦᠷᠢ 2 ᠤᠳᠠᠭᠠᠨ ᠤ ᠰᠢᠳᠠᠮ ᠪᠠᠬᠢᠯᠡᠯᠲᠡ ᠶᠢᠨ ᠪᠥᠮᠪᠦᠭᠡ ᠶᠢᠨ ᠰᠤᠷᠭᠠᠭᠤᠯᠢ ᠶᠢᠨ ᠠᠩᠭᠢ ᠶᠢᠨ ᠪᠣᠯᠪᠠᠰᠤᠷᠠᠯ

ᠪᠠ ᠰᠤᠷᠤᠯᠭ᠎ᠠ ᠶᠢᠨ ᠬᠤᠭᠤᠴᠠᠭ᠎ᠠ ᠪᠦᠷᠢ 1 ᠤᠳᠠᠭ᠎ᠠ ᠶᠢᠨ ᠰᠤᠷᠭᠠᠭᠤᠯᠢ ᠶᠢᠨ ᠬᠦᠷᠢᠶᠡᠨ ᠤ ᠵᠥᠭᠡᠯᠡᠨ ᠮᠠᠶ᠋ᠢᠭ ᠤᠨ

ᠰᠢᠳᠠᠮ ᠪᠥᠮᠪᠦᠭᠡ ᠶᠢᠨ ᠲᠠᠮᠢᠷ ᠤᠨ ᠨᠠᠶᠢᠷ ᠪᠣᠢ᠃ ᠵᠥᠭᠡᠯᠡᠨ ᠮᠠᠶ᠋ᠢᠭ ᠤᠨ ᠰᠢᠳᠠᠮ ᠪᠥᠮᠪᠦᠭᠡ ᠶᠢᠨ ᠲᠥᠪᠯᠡᠷᠡᠭᠦᠯᠦᠨ

ᠭᠦᠶᠦᠬᠦ᠂ ᠦᠰᠦᠷᠬᠦ᠂ ᠰᠢᠳᠡᠬᠦ᠂ ᠴᠣᠬᠢᠬᠤ ᠶᠢ ᠨᠢᠭᠡ ᠴᠣᠭᠴᠠᠵᠢᠭᠤᠯᠤᠭᠰᠠᠨ ᠨᠢ ᠰᠤᠷᠤᠭᠴᠢᠳ ᠤᠨ ᠪᠡᠶ᠎ᠡ

ᠮᠠᠬᠠᠪᠣᠳ ᠤᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠬᠤ ᠪᠠᠷ ᠪᠠᠷᠠᠬᠤ ᠦᠭᠡᠢ᠂ ᠲᠠᠷᠢᠬᠢ ᠶᠢ ᠨᠢ ᠬᠥᠳᠡᠯᠭᠡᠨ

ᠰᠤᠷᠤᠭᠴᠢᠳ ᠤᠨ ᠬᠤᠷᠴᠠ ᠰᠣᠷᠭᠤᠭ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠩ ᠴᠤ ᠰᠤᠷᠤᠭᠴᠢᠳ ᠤᠨ

ᠬᠤᠭᠤᠷᠣᠨᠳᠣᠬᠢ ᠬᠠᠮᠵᠢᠯᠴᠠᠬᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠬᠥᠮᠥᠵᠢᠭᠦᠯᠪᠡ᠃   

 

17.jpg

18.jpg

19.jpg

      ᠮᠠᠨᠵᠤᠤᠷ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ  ᠪᠥᠷᠢᠨ ᠲᠡᠭᠦᠯᠳᠡᠷ ᠪᠦᠬᠦᠯᠢ ᠴᠣᠭᠴᠠᠲᠤ ᠵᠢᠭᠠᠨ

ᠰᠤᠷᠭᠠᠯᠲᠠ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠥᠭᠡᠷᠡᠴᠢᠯᠡᠯᠲᠡ ᠶᠢ ᠥᠷᠨᠢᠭᠦᠯᠵᠦ᠂ ᠰᠤᠷᠤᠭᠴᠢ ᠪᠠᠷ ᠭᠤᠣᠯ

ᠪᠣᠯᠭᠠᠨ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠪᠣᠷᠣ ᠲᠥᠯᠥᠪ ᠢ ᠡᠪᠳᠡᠵᠦ᠂ ᠪᠠᠭ᠎ᠠ

ᠰᠤᠷᠭᠠᠭᠤᠯᠢ ᠶᠢᠨ ᠰᠤᠷᠤᠭᠴᠢ ᠶᠢᠨ ᠪᠡᠶ᠎ᠡ ᠶᠢᠨ ᠲᠠᠮᠢᠷ ᠤᠨ ᠰᠢᠯᠭᠠᠨ ᠪᠠᠶᠢᠴᠠᠭᠠᠬᠤ ᠲᠥᠷᠥᠯ ᠵᠦᠢᠯ ᠪᠣᠯᠤᠨ ᠳᠤᠷ᠎ᠠ

ᠰᠣᠨᠢᠷᠬᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠬᠠᠷᠢᠯᠴᠠᠨ ᠤᠶᠠᠯᠳᠤᠭᠤᠯᠵᠤ᠂ ᠰᠤᠷᠤᠭᠴᠢᠳ ᠲᠤ

ᠲᠣᠬᠢᠷᠠᠬᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠣᠩᠭᠤᠵᠤ᠂ ᠬᠥᠳᠡᠯᠭᠡᠭᠡᠨ ᠤ ᠶᠠᠪᠤᠴᠠ ᠳᠤ ᠪᠠᠶᠠᠷ ᠪᠠᠶᠠᠰᠤᠯ ᠢ

ᠪᠡᠶᠡᠴᠢᠯᠡᠨ ᠣᠶᠢᠯᠠᠭᠠᠵᠤ᠂ ᠥᠰᠦᠨ ᠪᠣᠶᠢᠵᠢᠪᠠ᠃ ᠰᠤᠷᠭᠠᠭᠤᠯᠢ ᠠᠴᠠ ᠬᠥᠯ ᠪᠥᠮᠪᠦᠭᠡ᠂ ᠰᠠᠭᠰᠤᠨ ᠪᠥᠮᠪᠦᠭᠡ᠂

ᠫᠢᠡᠭᠫᠠᠨᠭ᠌ ᠪᠥᠮᠪᠦᠭᠡ᠂ ᠭᠤᠯᠭᠤᠭᠤᠷ ᠬᠦᠷᠳᠦ᠂ ᠳᠡᠭᠡᠰᠦ ᠦᠰᠦᠷᠬᠦ ᠵᠡᠷᠭᠡ ᠪᠡᠶ᠎ᠡ ᠶᠢᠨ ᠲᠠᠮᠢᠷ ᠤᠨ ᠬᠢᠴᠢᠶᠡᠯ ᠢ

ᠨᠡᠭᠡᠭᠡᠵᠦ᠂ ᠬᠡᠦᠬᠡᠳ ᠴᠢᠯᠥᠭᠡᠲᠡᠢ ᠰᠣᠩᠭᠤᠨ᠎ᠠ᠃ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠡᠭᠦᠯᠴᠢ ᠳᠤ᠂

ᠰᠤᠷᠤᠭᠴᠢᠳ ᠳᠠᠷᠠᠭ᠎ᠠ ᠰᠤᠷᠤᠯᠭ᠎ᠠ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠶᠢᠨ ᠲᠥᠷᠥᠯ

ᠵᠦᠢᠯ ᠢ ᠰᠣᠩᠭᠤᠵᠤ᠂ ᠬᠢᠴᠢᠶᠡᠯ ᠣᠷᠣᠬᠤ ᠬᠡᠯᠪᠡᠷᠢ ᠨᠢ ᠠᠳᠠᠯᠢ ᠴᠠᠭ᠂ ᠠᠳᠠᠯᠢ ᠣᠨ ᠶᠣᠰᠤᠭᠠᠷ ᠰᠤᠷᠤᠭᠴᠢᠳ

ᠠᠩᠭᠢ ᠰᠢᠯᠵᠢᠨ ᠬᠢᠴᠢᠶᠡᠯᠯᠡᠬᠦ ᠳᠦᠷᠢᠮ ᠢ ᠬᠡᠷᠡᠭᠵᠢᠭᠦᠯᠦᠨ᠎ᠡ᠃ ᠲᠤᠰ ᠬᠢᠴᠢᠶᠡᠯ ᠤᠨ ᠥᠭᠡᠷᠡᠴᠢᠯᠡᠯᠲᠡ ᠨᠢ

ᠰᠤᠷᠤᠭᠴᠢ ᠪᠠᠷ ᠭᠤᠣᠯ ᠴᠣᠭᠴᠠ ᠪᠣᠯᠭᠠᠵᠤ᠂ ᠰᠤᠷᠤᠭᠴᠢᠳ ᠤᠨ ᠥᠪᠡᠷᠮᠢᠴᠡ ᠰᠣᠩᠭᠤᠯᠲᠠ ᠶᠢ ᠭᠦᠢᠴᠡᠳ

ᠬᠦᠨᠳᠦᠳᠬᠡᠵᠦ᠂ ᠬᠡᠦᠬᠡᠳ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃

   

20.jpg

21.jpg

22.jpg

23.jpg

      ᠮᠠᠨᠵᠤᠤᠷ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ  ᠪᠡᠶ᠎ᠡ ᠶᠢᠨ ᠲᠠᠮᠢᠷ ᠢᠶᠠᠷ ᠰᠠᠭᠤᠷᠢ ᠶᠢ

ᠬᠦᠴᠦᠷᠬᠡᠭᠵᠢᠭᠦᠯᠬᠦ ᠢᠨᠵᠧᠨᠧᠷᠢᠩ ᠪᠣᠯᠭᠠᠵᠤ᠂ ᠰᠤᠷᠭᠠᠭᠤᠯᠢ ᠶᠢᠨ ᠵᠢᠭᠠᠬᠤ ᠶᠢ ᠰᠣᠳᠤᠯᠬᠤ ᠪᠠᠷ ᠥᠨᠳᠥᠷ

ᠪᠦᠲᠦᠮᠵᠢᠲᠡᠢ ᠬᠢᠴᠢᠶᠡᠯ ᠤᠨ ᠲᠠᠩᠬᠢᠮ ᠢ ᠪᠠᠶᠢᠭᠤᠯᠬᠤ ᠬᠦᠴᠦᠨ ᠨᠡᠮᠡᠷᠢᠯᠡᠪᠡ᠃ ᠣᠯᠠᠨ ᠵᠢᠯ ᠤᠨ ᠦᠢᠯᠡᠳᠦᠯᠭᠡ ᠪᠠ

ᠰᠥᠪᠡᠭᠴᠢᠯᠡᠯᠲᠡ ᠪᠠᠷ ᠳᠠᠮᠵᠢᠨ᠂ ᠰᠤᠷᠭᠠᠭᠤᠯᠢ ︽ᠭᠤᠷᠪᠠᠨ ᠬᠢᠴᠢᠶᠡᠯ ᠬᠤᠶᠠᠷ ᠣᠨᠴᠠᠯᠢᠭ ᠨᠢᠭᠡ          

ᠬᠥᠳᠡᠯᠭᠡᠭᠡᠨ︾ ᠭᠡᠬᠦ ᠬᠢᠴᠢᠶᠡᠯ ᠤᠨ ᠬᠥᠭᠵᠢᠭᠦᠯᠦᠯᠲᠡ ᠶᠢᠨ ᠲᠣᠭᠲᠠᠯᠴᠠᠭ᠎ᠠ᠄ ᠲᠤᠬᠠᠶᠢᠯᠠᠪᠠᠯ᠂ ᠡᠩ ᠤᠨ ᠪᠥᠷᠢᠨ

ᠲᠡᠭᠦᠯᠳᠡᠷ ᠪᠡᠶ᠎ᠡ ᠶᠢᠨ ᠲᠠᠮᠢᠷ ᠤᠨ ᠬᠢᠴᠢᠶᠡᠯ᠂ ᠰᠣᠩᠭᠤᠯᠲᠠᠲᠤ ᠠᠩᠭᠢ ᠰᠢᠯᠵᠢᠬᠦ ᠵᠠᠭᠪᠤᠷ ᠤᠨ ᠬᠢᠴᠢᠶᠡᠯ᠂

ᠰᠤᠷᠭᠠᠭᠤᠯᠢ ᠶᠢᠨ ᠬᠢᠴᠢᠶᠡᠯ ᠪᠣᠯᠤᠨ᠎ᠠ᠂ ᠡᠳᠦᠷ ᠪᠦᠷᠢ ᠶᠢᠨ ᠬᠢᠴᠢᠶᠡᠯ ᠤᠨ ᠵᠠᠪᠰᠠᠷᠯᠠᠭ᠎ᠠ ᠪᠠ ᠬᠢᠴᠢᠶᠡᠯ ᠤᠨ ᠳᠠᠷᠠᠭᠠᠬᠢ

ᠪᠣᠯᠪᠠᠰᠤᠷᠠᠯ ᠤᠨ ᠬᠢᠴᠢᠶᠡᠯ ᠪᠠ ᠵᠢᠯ ᠪᠦᠷᠢ ᠨᠢᠭᠡ ᠤᠳᠠᠭ᠎ᠠ ᠶᠢᠨ ᠠᠩᠭᠢ ᠶᠢᠨ ᠠᠯᠠᠭᠠᠳᠠᠬᠤ ᠪᠥᠮᠪᠦᠭᠡ ᠶᠢᠨ

ᠬᠤᠯᠪᠣᠭᠠᠲᠤ ᠤᠷᠤᠯᠳᠤᠭᠠᠨ ᠤ ᠠᠵᠢᠯᠯᠠᠭ᠎ᠠ ᠪᠣᠢ᠃ ᠣᠳᠣ ᠰᠤᠷᠭᠠᠭᠤᠯᠢ ᠶᠢᠨ ᠬᠦᠷᠢᠶᠡᠨ ᠤ ᠠᠯᠠᠭᠠᠳᠠᠬᠤ

ᠪᠥᠮᠪᠦᠭᠡ ᠶᠢᠨ ᠬᠥᠳᠡᠯᠭᠡᠭᠡᠨ ᠤ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠪᠡᠶ᠎ᠡ ᠶᠢᠨ ᠲᠠᠮᠢᠷ ᠤᠨ ᠲᠠᠯᠠᠪᠠᠢ

ᠣᠷᠳᠣᠨ ᠤ ᠭᠠᠵᠠᠷ ᠪᠣᠯᠭᠠᠨ ᠳᠤ ᠰᠤᠷᠤᠭᠴᠢᠳ ᠥᠪᠡᠰᠦᠪᠡᠨ ᠪᠣᠯᠪᠠᠰᠤᠷᠠᠬᠤ᠂ ᠬᠤᠶᠠᠷ ᠬᠥᠮᠦᠨ ᠬᠠᠮᠲᠤ ᠳᠤ ᠪᠠᠨ

ᠪᠣᠯᠪᠠᠰᠤᠷᠠᠬᠤ᠂ ᠳᠤᠭᠤᠶᠢᠯᠠᠩ ᠬᠤᠪᠢᠶᠠᠨ ᠤᠷᠤᠯᠳᠤᠬᠤ ᠵᠢᠴᠢ ᠰᠤᠷᠤᠭᠴᠢᠳ ᠬᠤᠭᠤᠷᠤᠨᠳᠤ ᠪᠠᠨ ᠬᠠᠷᠢᠯᠴᠠᠨ ᠤᠷ᠎ᠠ

ᠴᠢᠳᠠᠪᠤᠷᠢ ᠎ ᠶᠢ ᠤᠯᠠᠮᠵᠢᠯᠠᠵᠤ᠂ ᠬᠥᠳᠡᠯᠭᠡᠭᠡᠨ ᠢᠶᠠᠨ ᠵᠠᠯᠠᠷᠠᠭᠤᠯᠬᠤ ᠪᠠᠶᠢᠳᠠᠯ ᠬᠠᠷᠠᠭᠳᠠᠨ᠎ᠠ᠃

   

24.jpg

25.jpg

26.jpg

27.jpg

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号