ᠬᠥᠯᠥᠨ ᠪᠤᠶᠢᠷ ᠬᠤᠲᠠ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠶᠢᠭᠤᠯᠤᠭᠳᠠᠬᠤ ᠶᠡᠭᠡ ᠬᠤᠷᠠᠯ ᠵᠢᠴᠢ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/15
      11 ᠰᠠᠷ᠎ᠠ ᠶᠢᠨ 10 ᠤ ᠡᠳᠦᠷ᠂ ᠬᠥᠯᠥᠨ ᠪᠤᠶᠢᠷ ᠬᠤᠲᠠ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ︵︽ᠬᠤᠯᠪᠣᠭᠠᠲᠤ ᠴᠣᠭᠴᠠ︾ ᠭᠡᠵᠦ ᠳᠦᠭᠦᠮᠴᠢᠯᠡᠨ᠎ᠡ︶ ᠶᠢ ᠪᠠᠶᠢᠭᠤᠯᠬᠤ ᠶᠡᠭᠡ ᠬᠤᠷᠠᠯ ᠵᠢᠴᠢ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃

1.png

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ

ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂

ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋

ᠳᠠᠷᠤᠭ᠎ᠠ ᠰᠦᠨ ᠰᠢᠶᠣᠤ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ

ᠴᠣᠭᠴᠠ ᠶᠢᠨ ᠫᠠᠶᠢᠰᠠ  ᠶᠢ ᠰᠡᠬᠦᠪᠡ᠃ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ

ᠴᠣᠭᠴᠠ ᠪᠠᠶᠢᠭᠤᠯᠤᠭᠳᠠᠭᠰᠠᠨ ᠢ ᠵᠢᠩᠬᠢᠨᠢ ᠪᠠᠷ ᠨᠡᠶᠢᠲᠡᠯᠡᠪᠡ᠃

      ᠬᠤᠯᠪᠣᠭᠠᠲᠤ ᠴᠣᠭᠴᠠ ᠶᠢ ᠪᠠᠶᠢᠭᠤᠯᠤᠭᠰᠠᠨ ᠵᠣᠷᠢᠯᠲᠠ ᠪᠣᠯ ᠬᠤᠲᠠ ᠶᠢᠨ ᠬᠡᠪᠴᠢᠶᠡᠨ ᠤ ᠮᠥᠰᠥ ᠴᠠᠰᠤᠨ ᠤ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠵᠤ᠂ ᠪᠦᠬᠦ ᠬᠤᠲᠠ ᠶᠢᠨ ᠮᠥᠰᠥ

ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠂ ᠮᠥᠰᠥ

ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠠᠵᠤ ᠦᠢᠯᠡᠰ ᠲᠤ ᠬᠡᠷᠡᠭᠰᠡᠬᠦ ᠲᠤᠰᠬᠠᠢ ᠮᠡᠷᠭᠡᠵᠢᠯ ᠤᠨ

ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ

ᠲᠠᠰᠤᠷᠠᠯᠲᠠ ᠥᠬᠡᠶ ᠲᠦᠭᠡᠮᠡᠯᠵᠢᠭᠦᠯᠬᠦ ᠶᠢ ᠠᠬᠢᠭᠤᠯᠤᠨ᠂ ᠮᠥᠰᠥ ᠴᠠᠰᠤᠨ ᠤ ᠠᠵᠤ ᠦᠢᠯᠡᠰ ᠤᠨ ᠡᠷᠡᠭᠦᠯ ᠢᠶᠠᠷ

ᠬᠥᠭᠵᠢᠬᠦ  ᠶᠢ ᠲᠤᠯᠭᠠᠭᠤᠷᠢᠯᠠᠵᠤ᠂ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠤ ᠦᠢᠯᠡᠰ ᠤᠨ ᠠᠵᠤ

ᠠᠬᠤᠢ ᠶᠢᠨ ᠡᠷᠡᠭᠦᠯ ᠢᠶᠠᠷ ᠬᠥᠭᠵᠢᠬᠦ ᠳᠤ ᠥᠨᠳᠥᠷ ᠬᠡᠪ ᠪᠣᠯᠪᠠᠰᠤᠷᠠᠯ ᠪᠠ ᠲᠤᠰᠬᠠᠶᠢᠵᠢᠭᠰᠠᠨ ᠤᠷ᠎ᠠ ᠴᠢᠳᠠᠪᠤᠷᠢᠲᠤ

ᠴᠢᠳᠠᠪᠤᠷᠢᠲᠠᠨ ᠢ ᠶᠡᠭᠡ ᠬᠡᠮᠵᠢᠶ᠎ᠡ ᠪᠠᠷ ᠬᠥᠮᠦᠵᠢᠭᠦᠯᠬᠦ ᠶᠢᠨ ᠲᠥᠯᠥᠭᠡ ᠶᠤᠮ᠃

   

2.jpg

   

      ᠬᠤᠷᠠᠯ ᠤᠨ ᠳᠠᠷᠠᠭ᠎ᠠ᠂ ᠡᠯ᠎ᠡ ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢᠭᠡᠴᠢ ︽ᠬᠥᠯᠥᠨ ᠪᠤᠶᠢᠷ

ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠶᠢ

ᠬᠥᠭᠵᠢᠭᠦᠯᠬᠦ ᠠᠷᠭ᠎ᠠ ᠵᠠᠮ︾ ᠭᠡᠬᠦ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠣᠯᠢᠯᠴᠠᠨ ᠶᠠᠷᠢᠯᠴᠠᠪᠠ᠃

      ᠳᠠᠷᠠᠭ᠎ᠠ ᠠᠯᠬᠤᠮ ᠳᠤ᠂ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠨᠢ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠮᠥᠰᠥ ᠴᠠᠰᠤᠨ ᠤ ᠠᠵᠤ ᠦᠢᠯᠡᠰ ᠤᠨ ᠭᠦᠨᠵᠡᠭᠡᠢ

ᠠᠭᠤᠰᠤᠯᠴᠠᠭ᠎ᠠ ᠶᠢ ᠦᠷᠭᠦᠯᠵᠢᠯᠡᠨ ᠠᠬᠢᠭᠤᠯᠵᠤ᠂ ᠮᠥᠰᠥ ᠴᠠᠰᠤᠨ ᠤ ᠠᠵᠤ ᠦᠢᠯᠡᠰ ᠤᠨ ᠴᠢᠳᠠᠪᠤᠷᠢᠲᠠᠨ ᠢ

ᠬᠥᠮᠦᠵᠢᠭᠦᠯᠬᠦ ᠬᠡᠪᠴᠢᠶ᠎ᠡ ᠪᠣᠯᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠬᠡᠯᠬᠢᠶ᠎ᠡ᠂

ᠴᠢᠳᠠᠪᠤᠷᠢᠲᠠᠨ ᠤ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢ ᠠᠭᠤᠰᠬᠠᠨ

ᠬᠥᠭᠵᠢᠭᠦᠯᠬᠦ ᠶᠢ ᠲᠦᠷᠭᠡᠳᠬᠡᠵᠦ᠂ ᠪᠦᠬᠦ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠡᠷᠡᠭᠦᠯ᠂ ᠦᠷᠭᠦᠯᠵᠢᠯᠡᠬᠦᠶᠢᠴᠡ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠵᠠᠬ᠎ᠠ

ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠠᠵᠤ ᠦᠢᠯᠡᠰ ᠤᠨ ᠪᠦᠲᠦᠴᠡ ᠲᠠᠢ ᠵᠣᠬᠢᠴᠠᠭᠰᠠᠨ

ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃

      ᠡᠨᠡ ᠤᠳᠠᠭᠠᠨ ᠤ ᠠᠵᠢᠯᠯᠠᠭ᠎ᠠ ᠶᠢ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ

ᠭᠤᠣᠯᠯᠠᠨ ᠡᠷᠬᠢᠯᠡᠵᠦ᠂ ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠵᠠᠯᠠᠨ ᠠᠶᠢᠯ ᠬᠤᠲᠠ ᠶᠢᠨ

ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠵᠦ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠤᠨ ᠡᠲᠡᠭᠡᠳ᠂

ᠶᠡᠭᠡ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠠᠵᠢᠯ ᠲᠥᠷᠥᠯ ᠤᠨ

ᠨᠡᠶᠢᠭᠡᠮᠯᠢᠭ ᠠᠴᠠ ᠢᠷᠡᠭᠰᠡᠨ ᠵᠠᠭᠤ ᠭᠠᠷᠤᠢ ᠲᠥᠯᠥᠭᠡᠯᠡᠭᠴᠢ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号