ᠴᠠᠭ ᠦᠶ᠎ᠡ ᠶᠢᠨ ᠶᠡᠷᠦᠩᠬᠡᠢ ᠬᠠᠨᠳᠤᠰᠢ ᠶᠢ ᠡᠵᠡᠮᠳᠡᠵᠦ ᠳᠡᠯᠡᠬᠡᠢ ᠶᠢᠨ ᠬᠥᠭᠵᠢᠯ ᠴᠡᠴᠡᠭᠯᠡᠯ ᠢ ᠬᠠᠮᠲᠤ ᠪᠠᠷ | ᠠᠬᠢᠭᠤᠯᠤᠶ᠎ᠠ — | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠥᠰ ᠤᠨ ᠲᠦᠷᠦᠭᠦᠴᠦᠳ ᠤᠨ | ᠬᠤᠷᠠᠯ ᠳᠡᠭᠡᠷᠡᠬᠢ ᠪᠢᠴᠢᠭ ᠤᠨ ᠶᠠᠷᠢᠶ᠎ᠠ ᠢᠯᠡᠳᠬᠡᠯ | ︵2024 ᠣᠨ ᠤ 11 ᠰᠠᠷ᠎ᠠ ᠶᠢᠨ 15 ᠤ ᠡᠳᠦᠷ᠂ ᠫᠧᠷᠦ᠋ ᠶᠢᠨ ᠯᠢᠮᠠ ᠳᠤ ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠠ᠋᠂ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠦᠵᠡᠰᠬᠦᠯᠡᠩᠲᠦ ᠰᠠᠶᠢᠬᠠᠨ ᠯᠢᠮᠠ ᠬᠤᠲᠠ ᠳᠤ ᠢᠷᠡᠵᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ | ᠪᠠᠶᠢᠨ᠎ᠠ᠃ 8 ᠵᠢᠯ ᠤᠨ ᠳᠠᠷᠠᠭ᠎ᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠡᠨᠡ ᠬᠠᠯᠠᠭᠤᠨ ᠬᠥᠷᠥᠰᠥᠨ ᠳᠤ | ᠳᠠᠬᠢᠨᠲᠠ ᠬᠦᠷᠴᠦ ᠢᠷᠡᠬᠦ ᠳᠤ ᠲᠦᠢᠯ ᠤᠨ ᠳᠣᠲᠣᠨᠣ ᠰᠠᠨᠠᠭᠳᠠᠵᠤ ᠪᠠᠶᠢᠨ᠎ᠠ᠃ | ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠬᠡᠳᠦ᠋ᠢᠪᠡᠷ ᠲᠦᠮᠡᠨ ᠭᠠᠵᠠᠷ ᠠᠯᠤᠰᠯᠠᠵᠤ ᠪᠠᠶᠢᠭ᠎ᠠ ᠪᠤᠯᠪᠠᠴᠤ | ᠨᠡᠯᠦᠭᠡᠷ ᠶᠡᠭᠡ ᠨᠣᠮᠣᠬᠠᠨ ᠲᠠᠯᠠᠢ ᠪᠢᠳᠡᠨ ᠤ ᠰᠣᠯᠢᠯᠴᠠᠭ᠎ᠠ ᠶᠢ ᠲᠠᠰᠤᠯᠵᠤ ᠴᠢᠳᠠᠬᠤ ᠦᠭᠡᠢ᠃ ᠠᠯᠢ ᠡᠷᠲᠡ 16 | ᠳ᠋ᠤᠭᠠᠷ ᠵᠠᠭᠤᠨ ᠤ ᠳᠣᠣᠷ᠎ᠠ ᠬᠠᠭᠠᠰ ᠢᠶᠠᠷ ᠲᠣᠷᠭ᠎ᠠ ᠳᠤᠷᠳᠤᠩ ᠪᠣᠯᠣᠨ ᠱᠠᠭᠠᠵᠠᠩ ᠰᠠᠪᠠ ᠶᠢ ᠳᠦᠭᠦᠷᠲᠡᠯ᠎ᠡ | ᠲᠡᠭᠡᠭᠡᠭᠰᠡᠨ ︽ᠳᠤᠮᠳᠠᠳᠤ ᠤᠯᠤᠰ ᠤᠨ ᠣᠩᠭᠤᠴᠠ︾ ᠯᠠᠲ᠋ᠢᠨ ᠠᠮᠧᠷᠢᠺᠠ ᠳᠤ ᠠᠶᠠᠯᠠᠨ ᠢᠷᠠᠵᠤ᠂ ᠳᠤᠮᠳᠠᠳᠤ ᠯᠠᠲ᠋ᠢᠨ | ᠠᠮᠧᠷᠢᠺᠠ ᠶᠢᠨ ᠨᠥᠭᠦᠷᠰᠡᠭ ᠶᠠᠪᠤᠯᠴᠠᠭᠠᠨ ᠤ ᠵᠠᠮ ᠢ ᠨᠡᠭᠡᠭᠡᠭᠰᠡᠨ ᠶᠤᠮ᠃ | ᠬᠡᠳᠦᠨ ᠵᠠᠭᠤᠨ ᠵᠢᠯ ᠤᠨ ᠳᠠᠷᠠᠭᠠᠬᠢ ᠥᠨᠥᠳᠥᠷ ᠳᠤᠮᠳᠠᠳᠤ ᠯᠠᠲ᠋ᠢᠨ ᠠᠮᠧᠷᠢᠺᠠ ᠶᠢ ᠪᠠᠭᠲᠠᠭᠠᠭᠰᠠᠨ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠤ ᠤᠯᠤᠰ ᠤᠳ ᠨᠢᠭᠡᠨᠲᠡ ᠠᠵᠤ ᠠᠬᠤᠢ ᠶᠢᠨ ᠳᠡᠯᠡᠬᠡᠶᠢᠵᠢᠯᠲᠡ ᠳᠤ ᠭᠦᠨᠵᠡᠭᠡᠢ | ᠠᠭᠤᠰᠤᠯᠴᠠᠵᠤ᠂ ᠨᠢᠭᠡ ᠨᠢ ᠬᠥᠭᠵᠢᠪᠡᠯ ᠪᠦᠭᠦᠳᠡᠭᠡᠷ ᠬᠥᠭᠵᠢᠵᠦ᠂ ᠨᠢᠭᠡ ᠨᠢ ᠬᠤᠬᠢᠷᠠᠪᠠᠯ ᠪᠦᠭᠦᠳᠡᠭᠡᠷ ᠬᠤᠬᠢᠷᠠᠬᠤ | ᠠᠰᠢᠭ ᠲᠤᠰᠠ ᠶᠢᠨ ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠪᠠ᠃ ᠡᠭᠦᠨ ᠤ | ᠵᠡᠷᠭᠡ ᠪᠠᠷ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠭᠠᠭᠴᠠ | ᠲᠠᠯᠠᠲᠤ ᠦᠵᠡᠯ᠂ ᠬᠠᠮᠠᠭᠠᠯᠠᠬᠤ ᠦᠵᠡᠯ ᠲᠡᠯᠡᠷᠡᠵᠦ᠂ ᠳᠡᠯᠡᠬᠡᠢ ᠶᠢᠨ ᠠᠵᠤ ᠠᠬᠤᠢ ᠶᠢᠨ ᠭᠡᠰᠡᠭᠵᠢᠯᠲᠡ ᠰᠢᠷᠦᠭᠦᠰᠴᠦ᠂ | ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠤᠷᠤᠰᠬᠠᠯ ᠰᠥᠷᠦᠨ ᠣᠩᠭᠤᠴᠠ | ᠰᠡᠯᠢᠬᠦ᠂ ᠤᠷᠤᠭᠰᠢᠯᠠᠬᠤ ᠦᠭᠡᠢ ᠪᠣᠯ ᠤᠬᠤᠷᠢᠬᠤ ᠬᠠᠲᠠᠭᠤ ᠰᠢᠯᠭᠠᠯᠲᠠ ᠳᠤ ᠲᠤᠯᠭᠠᠷᠠᠪᠠ᠃ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠠᠭᠠᠬᠢᠵᠤ ᠬᠥᠭᠵᠢᠬᠦ ᠪᠤᠢ᠂ ᠪᠢᠳᠡ ᠰᠣᠩᠭᠤᠯᠲᠠ ᠬᠢᠬᠦ ᠴᠢᠬᠤᠯᠠᠲᠠᠢ | ᠪᠠᠶᠢᠨ᠎ᠠ᠃ | ᠠᠵᠤ ᠠᠬᠤᠢ ᠶᠢᠨ ᠳᠡᠯᠡᠬᠡᠶᠢᠵᠢᠯᠲᠡ ᠪᠣᠯ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ | ᠪᠤᠰᠤᠳᠴᠢ ᠱᠠᠭᠠᠷᠳᠠᠯᠭ᠎ᠠ ᠮᠥᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠪᠰᠢᠯᠲᠠ ᠶᠢᠨ ᠵᠠᠶᠢᠯᠠᠰᠢ ᠦᠭᠡᠢ | ᠦᠷ᠎ᠡ ᠳ᠋ᠦᠩ ᠮᠥᠨ᠂ ᠰᠦᠷ ᠳᠠᠯᠠᠶᠢᠴᠠᠲᠠᠢ ᠲᠡᠦᠬᠡ ᠶᠢᠨ ᠤᠷᠤᠰᠬᠠᠯ ᠮᠥᠨ᠂ ᠬᠡᠳᠦ᠋ᠢᠪᠡᠷ ᠰᠢᠷᠦᠭᠦᠨ ᠰᠠᠯᠬᠢ ᠪᠠ | ᠭᠡᠳᠡᠷᠭᠦ ᠢᠷᠡᠬᠦ ᠳᠠᠪᠠᠯᠭᠠᠨ ᠳᠤ ᠤᠴᠠᠷᠠᠵᠤ ᠥᠩᠭᠡᠷᠡᠭᠰᠡᠨ ᠪᠤᠯᠪᠠᠴᠤ ᠲᠡᠭᠦᠨ ᠤ ᠬᠥᠭᠵᠢᠯᠲᠡ ᠶᠢᠨ ᠶᠡᠷᠦᠩᠬᠡᠢ | ᠬᠠᠨᠳᠤᠰᠢ ᠶᠡᠷᠦ ᠠᠴᠠ ᠬᠤᠪᠢᠷᠠᠭᠰᠠᠨ ᠦᠭᠡᠢ ᠶᠤᠮ᠃ ᠡᠯ᠎ᠡ ᠵᠦᠢᠯ ᠤᠨ ᠨᠡᠷ᠎ᠡ ᠪᠠᠷ ᠠᠵᠤ ᠠᠬᠤᠢ ᠶᠢᠨ | ᠬᠠᠮᠲᠤᠷᠠᠯᠴᠠᠭ᠎ᠠ ᠶᠢ ᠬᠠᠷᠰᠢᠯᠠᠵᠤ᠂ ᠬᠠᠷᠢᠯᠴᠠᠨ ᠲᠦᠰᠢᠯᠴᠡᠨ ᠣᠷᠣᠰᠢᠬᠤ ᠳᠡᠯᠡᠬᠡᠢ ᠶᠢᠷᠲᠢᠨᠴᠦ ᠶᠢ ᠲᠠᠰᠤᠳᠠᠨ | ᠬᠠᠭᠠᠴᠠᠭᠤᠯᠬᠤ ᠨᠢ ᠲᠡᠦᠬᠡ ᠶᠢ ᠤᠬᠤᠷᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ | ᠣᠳᠣᠬᠠᠨ ᠳᠤ ᠠᠵᠤ ᠠᠬᠤᠢ ᠶᠢᠨ ᠳᠡᠯᠡᠬᠡᠶᠢᠵᠢᠯᠲᠡ ᠶᠢᠨ ᠬᠥᠳᠡᠯᠭᠡᠬᠦ ᠬᠦᠴᠦᠨ ᠪᠣᠯᠣᠨ ᠰᠠᠭᠠᠲᠠᠭᠤᠯᠬᠤ | ᠬᠦᠴᠦᠨ ᠥᠷᠢᠰᠦᠯᠳᠦᠨ ᠲᠡᠮᠡᠴᠡᠵᠦ ᠪᠠᠶᠢᠭ᠎ᠠ ᠪᠤᠯᠪᠠᠴᠤ ᠬᠥᠳᠡᠯᠭᠡᠬᠦ ᠬᠦᠴᠦᠨ ᠮᠥᠨ ᠬᠦ ᠰᠠᠭᠠᠲᠠᠭᠤᠯᠬᠤ | ᠬᠦᠴᠦᠨ ᠠᠴᠠ ᠳᠠᠪᠠᠵᠤ ᠪᠠᠶᠢᠨ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠳᠡᠯᠡᠬᠡᠢ ᠶᠢᠨ ᠠᠵᠤ ᠠᠬᠤᠢ ᠶᠢᠨ | ᠲᠣᠭᠠᠴᠢᠯᠠᠯᠲᠠ᠂ ᠪᠣᠬᠢᠷᠳᠤᠯ ᠦᠭᠡᠶᠢᠵᠢᠯᠳᠡ᠂ ᠣᠶᠤᠨᠴᠢᠯᠠᠯᠲᠠ ᠶᠢᠨ ᠠᠬᠢᠴᠠ ᠲᠠᠰᠤᠷᠠᠯᠳᠠ ᠦᠭᠡᠢ ᠲᠦᠷᠭᠡᠳᠴᠦ᠂ | ᠠᠵᠤ ᠠᠬᠤᠢ ᠶᠢᠨ ᠳᠡᠯᠡᠬᠡᠶᠢᠵᠢᠯᠲᠡ ᠶᠢᠨ ᠲᠠᠭᠢᠨ ᠬᠤᠷᠳᠤ ᠨᠡᠮᠡᠨ ᠤᠷᠤᠭᠰᠢᠯᠠᠬᠤ ᠳᠤ ᠬᠦᠴᠦᠷᠬᠡᠭ ᠶᠡᠭᠡ ᠬᠥᠳᠡᠯᠭᠡᠬᠦ | ᠡᠨᠧᠷᠭᠢ ᠶᠢ ᠬᠤᠷᠠᠮᠳᠤᠭᠤᠯᠪᠠ᠃ | ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠴᠢᠭᠯᠡᠯ ᠢ ᠵᠥᠪ ᠴᠢᠭᠯᠡᠯ ᠲᠡᠶᠢᠰᠢ ᠬᠥᠲᠥᠯᠥᠨ ᠵᠢᠯᠤᠭᠤᠳᠴᠤ᠂ | ᠴᠥᠭᠡᠨ ᠲᠣᠭᠠᠨ ᠤ ᠤᠯᠤᠰ ᠤᠨ ᠭᠠᠭᠴᠠᠭᠠᠷ ᠡᠵᠡᠷᠬᠡᠬᠦ ᠬᠠᠭᠤᠴᠢᠨ ᠵᠠᠮ ᠢᠶᠠᠷ ᠵᠠᠮᠨᠠᠵᠤ ᠪᠤᠯᠬᠤ ᠦᠭᠡᠢ᠃ ᠪᠢᠳᠡ | ᠠᠵᠤ ᠠᠬᠤᠢ ᠶᠢᠨ ᠳᠡᠯᠡᠬᠡᠶᠢᠵᠢᠯᠲᠡ ᠨᠡᠩ ᠢᠯᠡᠭᠦᠦ ᠵᠥᠪ ᠲᠠᠯ᠎ᠠ ᠶᠢᠨ ᠦᠢᠯᠡᠳᠦᠯ ᠢᠶᠠᠨ ᠪᠠᠳᠠᠷᠠᠭᠤᠯᠬᠤ ᠶᠢ | ᠠᠬᠢᠭᠤᠯᠵᠤ᠂ ᠨᠡᠩ ᠠᠮᠢᠵᠢᠷᠠᠯ ᠤᠨ ᠬᠦᠴᠦᠨ ᠲᠠᠢ᠂ ᠨᠡᠩ ᠪᠠᠭᠲᠠᠭᠠᠮᠵᠢᠲᠠᠢ᠂ ᠨᠡᠩ ᠦᠷᠭᠦᠯᠵᠢᠯᠡᠬᠦ ᠰᠢᠨ᠎ᠡ | ᠱᠠᠲᠤᠨ ᠳᠤ ᠣᠷᠣᠶ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠬᠦᠴᠢᠷ ᠪᠡᠷᠬᠡᠰᠢᠶᠡᠯ ᠲᠠᠢ ᠴᠠᠭ ᠮᠥᠴᠡ ᠪᠤᠯᠬᠤ ᠲᠤᠳᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠬᠤ | ᠬᠡᠷᠡᠭᠲᠡᠢ᠃ ᠪᠢᠳᠡ ᠭᠠᠷ ᠬᠤᠯᠪᠣᠯᠴᠠᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠵᠤ᠂ ᠠᠳᠠᠯᠢ ᠪᠤᠰᠤ ᠤᠯᠤᠰ᠂ ᠠᠳᠠᠯᠢ ᠪᠤᠰᠤ ᠬᠥᠮᠥᠰ ᠲᠤ ᠨᠡᠩ ᠰᠠᠶᠢᠲᠤᠷ ᠠᠰᠢᠭ | ᠬᠦᠷᠲᠡᠭᠡᠬᠦ ᠬᠡᠷᠡᠭᠲᠡᠢ᠃ | ᠨᠢᠭᠡ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ ᠳᠡᠯᠡᠬᠡᠢ ᠶᠢᠨ ᠠᠵᠤ | ᠠᠬᠤᠢ ᠶᠢᠨ ᠬᠦᠴᠦᠲᠡᠢ ᠨᠡᠮᠡᠭᠳᠡᠯ ᠢ ᠠᠬᠢᠭᠤᠯᠤᠶ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠴᠠ ᠦᠢᠯᠡᠳᠪᠦᠷᠢᠯᠡᠯ ᠤᠨ ᠬᠦᠴᠦᠨ ᠢ ᠣᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ | ᠮᠠᠨᠳᠤᠭᠰᠠᠨ ᠮᠡᠷᠭᠡᠵᠢᠯ ᠤᠨ ᠬᠦᠴᠦᠨ ᠣᠯᠭᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠢᠶᠠᠷ ᠳᠡᠯᠡᠬᠡᠢ ᠶᠢᠨ ᠠᠵᠤ ᠠᠬᠤᠢ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ | ᠪᠦᠲᠦᠭᠡᠯ ᠢᠶᠠᠷ ᠪᠦᠭᠦ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠣᠶᠢᠯᠠᠭᠠᠭᠳᠠᠬᠤᠨ ᠢ ᠪᠠᠷᠢᠮᠲᠠᠯᠠᠵᠤ᠂ | ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠪᠠ ᠮᠡᠷᠭᠡᠵᠢᠯ ᠤᠨ ᠪᠦᠭᠦ ᠪᠥᠮᠪᠥᠷᠴᠡᠭ ᠤᠨ ᠰᠢᠯᠵᠢᠯᠲᠡ ᠳᠤ ᠬᠦᠴᠦᠨ | ᠨᠡᠮᠡᠷᠢᠯᠡᠶ᠎ᠡ᠃ | ᠬᠤᠶᠠᠷ ᠲᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠠᠵᠤ | ᠠᠬᠤᠢ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠤᠶ᠎ᠠ᠃ ᠬᠠᠮᠲᠤ ᠪᠠᠷ ᠵᠥᠪᠳᠡᠬᠦ ᠬᠠᠮᠲᠤ ᠪᠠᠷ | ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠠᠵᠤ ᠠᠬᠤᠢ ᠶᠢᠨ | ᠵᠠᠰᠠᠯᠲᠠ ᠶᠢᠨ ᠰᠢᠰᠲ᠋ᠧᠮ ᠤᠨ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠰᠢᠨ᠎ᠡ ᠪᠣᠳᠠᠲᠤ ᠪᠠᠶᠢᠳᠠᠯ ᠢ ᠨᠡᠩ | ᠰᠠᠶᠢᠲᠤᠷ ᠲᠤᠰᠬᠠᠬᠤ ᠶᠢ ᠠᠬᠢᠭᠤᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ | ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠤᠯᠤᠰ ᠤᠨ | ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤᠮᠳᠠ ᠡᠷᠬᠡ ᠠᠰᠢᠭ ᠡᠷᠬᠡ ᠲᠡᠭᠰᠢ᠂ ᠠᠵᠠ ᠲᠣᠭᠢᠶᠠᠯ | ᠡᠷᠬᠡ ᠲᠡᠭᠰᠢ᠂ ᠳᠦᠷᠢᠮ ᠡᠷᠬᠡ ᠲᠡᠭᠰᠢ ᠪᠠᠶᠢᠬᠤ ᠶᠢ ᠪᠠᠲᠤᠯᠠᠶ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ᠂ ᠨᠡᠭᠡᠭᠡᠯᠲᠡᠲᠤ | ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ | ᠬᠠᠮᠠᠭᠠᠯᠠᠶ᠎ᠠ᠃ | ᠭᠤᠷᠪᠠ ᠳᠤ᠂ ᠬᠥᠮᠥᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠲᠡᠩᠴᠡᠭᠦᠷᠢ ᠪᠠᠨ | ᠠᠯᠳᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠶ᠎ᠠ᠃ ᠳᠡᠯᠡᠬᠡᠢ ᠶᠢᠨ ᠴᠡᠴᠡᠭᠯᠡᠯ ᠬᠥᠭᠵᠢᠯ ᠪᠠ | ᠲᠣᠭᠲᠠᠭᠤᠨ ᠨᠢ ᠶᠠᠳᠠᠭᠤ ᠨᠢ ᠶᠠᠪᠤᠬᠤ ᠲᠤᠳᠤᠮ ᠶᠠᠳᠠᠭᠤᠷᠠᠬᠤ᠂ ᠪᠠᠶᠠᠨ ᠨᠢ ᠶᠠᠪᠤᠬᠤ ᠲᠤᠳᠤᠮ ᠪᠠᠶᠠᠵᠢᠬᠤ ᠰᠠᠭᠤᠷᠢᠨ | ᠳᠡᠭᠡᠷ᠎ᠡ ᠪᠠᠶᠢᠭᠤᠯᠤᠭᠳᠠᠬᠤ ᠪᠣᠯᠣᠯᠴᠠᠭ᠎ᠠ ᠦᠭᠡᠢ ᠶᠤᠮ᠂ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠪᠣᠯ ᠰᠠᠶ᠋ᠢ | ᠵᠢᠩᠬᠢᠨᠢ ᠬᠥᠭᠵᠢᠯᠲᠡ ᠮᠥᠨ᠃ ᠠᠵᠤ ᠠᠬᠤᠢ ᠶᠢᠨ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ | ᠪᠠᠲᠤᠯᠠᠬᠤ ᠶᠢ ᠴᠢᠬᠤᠯᠠᠴᠢᠯᠠᠵᠤ᠂ ᠪᠠᠭᠲᠠᠭᠠᠮᠵᠢᠲᠠᠢ ᠲᠦᠭᠡᠮᠡᠯ ᠬᠠᠷᠠᠭᠠᠯᠵᠠᠯᠲᠤ ᠬᠥᠭᠵᠢᠯᠲᠡ ᠶᠢᠨ ᠣᠷᠴᠢᠨ ᠨᠥᠬᠦᠴᠡᠯ ᠢ | ᠡᠭᠦᠳᠦᠶ᠎ᠡ᠃ ᠬᠥᠮᠥᠨ ᠢᠶᠠᠷ ᠦᠨᠳᠦᠰᠦ ᠪᠤᠯᠭᠠᠬᠤ᠂ ᠬᠥᠭᠵᠢᠯᠲᠡ ᠶᠢ ᠨᠡᠩ ᠲᠡᠩᠴᠡᠭᠦᠷᠢᠲᠡᠢ᠂ ᠠᠵᠠ ᠲᠣᠭᠢᠶᠠᠯ ᠢ ᠨᠡᠩ | ᠲᠡᠩᠴᠡᠭᠦᠷᠢᠲᠡᠢ ᠪᠤᠯᠭᠠᠬᠤ ᠠᠵᠤ ᠠᠬᠤᠢ ᠶᠢᠨ ᠳᠡᠯᠡᠬᠡᠶᠢᠵᠢᠯᠲᠡ ᠶᠢᠨ ᠵᠠᠮ ᠢᠶᠠᠷ ᠵᠠᠮᠨᠠᠵᠤ᠂ ᠠᠳᠠᠯᠢ ᠪᠤᠰᠤ ᠤᠯᠤᠰ᠂ | ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠥᠮᠥᠰ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠭᠦᠯᠦᠶ᠎ᠡ᠃ ᠳᠤᠮᠳᠠᠳᠤ ᠤᠯᠤᠰ ᠡᠯ᠎ᠡ ᠲᠠᠯ᠎ᠠ ᠶᠢᠨ ᠬᠢᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 | ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠡᠯ᠎ᠡ ᠤᠯᠤᠰ ᠤᠨ | ᠲᠡᠩᠴᠡᠭᠦᠷᠢᠲᠡᠢ ᠭᠦᠢᠴᠡᠳ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠨᠢ ᠬᠦᠢᠲᠡᠨ ᠲᠠᠶᠢᠨ ᠳᠠᠭᠤᠰᠬᠤ ᠠᠴᠠ ᠡᠮᠦᠨᠡᠬᠡᠨ ᠪᠠ ᠰᠢᠨ᠎ᠡ ᠨᠢᠭᠡ ᠡᠭᠡᠯᠵᠢ ᠶᠢᠨ ᠠᠵᠤ ᠠᠬᠤᠢ ᠶᠢᠨ | ᠳᠡᠯᠡᠬᠡᠶᠢᠵᠢᠯᠲᠡ ᠠᠭᠠᠵᠢᠮ ᠢᠶᠠᠷ ᠥᠷᠨᠢᠨ ᠬᠥᠭᠵᠢᠬᠦ ᠦᠶ᠎ᠡ ᠳᠤ ᠮᠡᠨᠳᠦᠯᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢ | ᠠᠬᠢᠭᠤᠯᠬᠤ ᠪᠠᠷ ᠥᠪᠡᠷ ᠤᠨ ᠡᠭᠦᠷᠭᠡ ᠪᠠᠨ ᠪᠤᠯᠭᠠᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠷᠠᠯᠵᠢᠶ᠎ᠠ | ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠪᠠ ᠨᠠᠩ ᠳᠥᠭᠦᠮ ᠪᠤᠯᠬᠤ ᠶᠢ ᠠᠬᠢᠭᠤᠯᠬᠤ᠂ ᠪᠦᠷᠢᠯᠳᠦᠭᠦᠨ ᠤ | ᠠᠵᠤ ᠠᠬᠤᠢ ᠶᠢᠨ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠲᠡᠭᠡᠬᠦ ᠶᠢ ᠠᠬᠢᠭᠤᠯᠬᠤ᠂ ᠲᠤᠰ ᠭᠠᠵᠠᠷ | ᠣᠷᠣᠨ ᠤ ᠠᠷᠠᠳ ᠲᠦᠮᠡᠨ ᠤ ᠠᠰᠢᠭ ᠲᠤᠰᠠ ᠪᠤᠶᠠᠨ ᠵᠢᠷᠭᠠᠯ ᠢ ᠨᠡᠮᠡᠭᠳᠡᠭᠦᠯᠬᠦ ᠳᠤ ᠯᠤᠲᠤ ᠶᠡᠭᠡ ᠬᠤᠪᠢ ᠨᠡᠮᠡᠷᠢ | ᠦᠵᠡᠭᠦᠯᠵᠡᠢ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠬᠦᠴᠦᠲᠡᠢ ᠨᠡᠮᠡᠭᠳᠡᠯ ᠢᠶᠠᠨ | ᠪᠠᠲᠤᠯᠠᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ︽ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠭᠠᠶᠢᠬᠠᠮᠰᠢᠭ︾ ᠢ ᠡᠭᠦᠳᠪᠡ᠃ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠮᠵᠢᠯᠲᠠ ᠨᠢ ᠪᠢᠳᠡᠨ ᠤ ᠭᠠᠵᠠᠷ ᠣᠷᠣᠨ ᠤ ᠡᠩᠬᠡ | ᠲᠠᠶᠢᠪᠤᠩ ᠲᠣᠭᠲᠠᠭᠤᠨ ᠢ ᠬᠠᠮᠠᠭᠠᠯᠠᠬᠤ ᠪᠠᠷ ᠢᠮᠠᠭᠲᠠ ᠴᠢᠷᠮᠠᠶᠢᠭᠰᠠᠨ ᠠᠴᠠ ᠰᠢᠯᠲᠠᠭᠠᠯᠠᠭᠳᠠᠭᠰᠠᠨ ᠶᠤᠮ᠂ ᠪᠢᠳᠡᠨ ᠤ | ᠵᠢᠩᠬᠢᠨᠢ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠣᠷᠣᠨ ᠪᠦᠰᠡ ᠶᠢᠨ ᠦᠵᠡᠯ ᠢ ᠢᠮᠠᠭᠲᠠ | ᠪᠠᠷᠢᠮᠲᠠᠯᠠᠭᠰᠠᠨ ᠠᠴᠠ ᠰᠢᠯᠲᠠᠭᠠᠯᠠᠭᠳᠠᠭᠰᠠᠨ ᠶᠤᠮ᠂ ᠪᠢᠳᠡᠨ ᠤ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠷᠦᠩᠬᠡᠢ | ᠬᠠᠨᠳᠤᠰᠢ ᠳᠤ ᠢᠮᠠᠭᠲᠠ ᠵᠣᠬᠢᠴᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠠ ᠬᠠᠷᠢᠯᠴᠠᠨ | ᠠᠮᠵᠢᠯᠲᠠ ᠣᠯᠬᠤ ᠶᠢ ᠪᠠᠷᠢᠮᠲᠠᠯᠠᠭᠰᠠᠨ ᠠᠴᠠ ᠰᠢᠯᠲᠠᠭᠠᠯᠠᠭᠳᠠᠭᠰᠠᠨ ᠶᠤᠮ᠃ | ᠢᠷᠡᠭᠡᠳᠦᠢ ᠶᠢ ᠪᠠᠷᠠᠯᠠᠬᠤᠶ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠦᠷᠭᠦᠯᠵᠢᠯᠡᠨ ᠠᠵᠤ | ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠪᠤᠬ᠎ᠠ ᠲᠡᠷᠭᠡ ᠪᠤᠯᠬᠤ ᠬᠡᠷᠡᠭᠲᠡᠢ᠃ ᠪᠢᠳᠡ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠨᠡᠭᠡᠭᠡᠯᠲᠡᠲᠡᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ᠂ ᠪᠠᠭᠲᠠᠭᠠᠮᠵᠢᠲᠠᠢ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠯᠲᠠᠨ ᠦᠰᠦᠭᠲᠦ ᠫᠠᠶᠢᠰᠠ ᠶᠢ ᠭᠢᠯᠠᠯᠵᠠᠭᠤᠯᠵᠤ᠂ ᠪᠣᠬᠢᠷᠳᠤᠯ | ᠦᠭᠡᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ᠂ ᠲᠣᠭᠠᠴᠢᠯᠠᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ | ᠣᠷᠣᠨ ᠤ ᠰᠢᠨ᠎ᠡ ᠫᠠᠶᠢᠰᠠ ᠶᠢ ᠴᠣᠭᠴᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠬᠥᠭᠵᠢᠯᠲᠡ ᠶᠢᠨ ᠳᠠᠷᠠᠭᠠᠴᠢ ᠶᠢᠨ ︽ᠰᠢᠵᠢᠷ ᠠᠯᠲᠠᠨ ᠭᠤᠴᠢᠨ ᠵᠢᠯ︾ ᠢ ᠴᠣᠭᠴᠠᠯᠠᠶ᠎ᠠ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠡᠨᠡ ᠵᠢᠯ ᠤᠨ 7 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠪᠦᠭᠦᠳᠡ ᠬᠤᠷᠠᠯ ᠠᠴᠠ 5 ᠵᠢᠯ ᠤᠨ ᠳᠣᠲᠣᠷ᠎ᠠ | 300 ᠭᠠᠷᠤᠢ ᠵᠦᠢᠯ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠡᠶᠡᠯᠡᠭᠦᠯᠦᠨ᠎ᠡ ᠭᠡᠵᠦ ᠳᠤᠷᠠᠳᠴᠠᠢ᠂ | ᠡᠨᠡ ᠨᠢ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠪᠥᠭᠡᠳ ᠳᠡᠯᠡᠬᠡᠢ ᠶᠢᠨ ᠬᠥᠭᠵᠢᠯᠲᠡ ᠳᠤ ᠨᠡᠩ ᠤᠯᠠᠨ ᠰᠢᠨ᠎ᠡ ᠠᠵᠠ ᠲᠣᠭᠢᠶᠠᠯ ᠢ ᠡᠭᠦᠳᠬᠦ | ᠪᠣᠯᠣᠨ᠎ᠠ᠃ | — ᠳᠤᠮᠳᠠᠳᠤ ᠤᠯᠤᠰ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠷᠭᠦᠯᠵᠢᠯᠡᠨ ᠪᠦᠭᠦ | ᠪᠥᠮᠪᠥᠷᠴᠡᠭ ᠤᠨ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ᠃ ᠳᠤᠮᠳᠠᠳᠤ ᠤᠯᠤᠰ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ | ᠪᠠᠶᠢᠭᠤᠯᠵᠤ᠂ ᠨᠡᠩ ᠡᠷᠬᠡ ᠲᠡᠭᠰᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠬᠠᠮᠤᠭ ᠤᠨ ᠰᠢᠯᠢᠳᠡᠭᠵᠢᠭᠰᠡᠨ | ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠳᠤᠮᠳᠠᠳᠤ ᠤᠯᠤᠰ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠪᠠᠶᠢᠭᠤᠯᠬᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠪᠣᠭᠤᠮᠲᠠ | ᠰᠢᠪᠲᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ | ᠠᠪᠴᠤ ᠬᠡᠷᠡᠭᠯᠡᠭᠡ ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠥᠭᠡᠷᠡᠴᠢᠯᠡᠯᠲᠡ ᠶᠢᠨ ᠦᠷ᠎ᠡ | ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠳᠤᠮᠳᠠᠳᠤ ᠤᠯᠤᠰ ᠠᠯᠢ ᠤᠯᠠᠨ ᠴᠢᠬᠤᠯᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠡᠶᠢᠲᠡᠯᠡᠵᠦ᠂ ᠠᠵᠤ ᠠᠬᠤᠢ ᠶᠢᠨ ᠦᠷᠭᠦᠯᠵᠢᠯᠡᠨ ᠨᠡᠮᠡᠭᠳᠡᠨ ᠰᠠᠶᠢᠵᠢᠷᠠᠬᠤ ᠶᠢ | ᠬᠦᠴᠦᠲᠡᠢ ᠠᠬᠢᠭᠤᠯᠵᠤ᠂ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠵᠦ᠂ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠠᠮᠤᠭ ᠤᠨ ᠶᠡᠭᠡ ᠬᠥᠳᠡᠯᠭᠡᠭᠦᠷ ᠤᠨ ᠦᠢᠯᠡᠳᠦᠯ ᠢ ᠦᠷᠭᠦᠯᠵᠢᠯᠡᠨ | ᠪᠠᠳᠠᠷᠠᠭᠤᠯᠬᠤ ᠢᠲᠡᠭᠡᠯ ᠭᠦᠢᠴᠡᠳ ᠪᠠᠶᠢᠨ᠎ᠠ᠃ | — ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ | ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠬᠥᠲᠥᠯᠥᠨ | ᠳᠠᠭᠠᠭᠤᠯᠤᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤᠮᠳᠠᠳᠤ ᠤᠯᠤᠰ ᠤᠨ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠪᠠ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠪᠦᠷ ᠬᠤᠶᠠᠷ ᠣᠷᠣᠨᠲᠤ ᠲᠤᠭ᠎ᠠ ᠠᠴᠠ ᠳᠡᠭᠡᠭᠰᠢ ᠪᠣᠯᠵᠤ᠂ ᠠᠵᠤ ᠠᠬᠤᠢ ᠶᠢᠨ ᠪᠦᠲᠦᠴᠡ ᠪᠠ | ᠨᠡᠮᠡᠭᠳᠡᠯ ᠤᠨ ᠵᠠᠭᠪᠤᠷ ᠲᠠᠰᠤᠷᠠᠯᠲᠠ ᠦᠭᠡᠢ ᠰᠢᠯᠢᠳᠡᠭᠵᠢᠪᠡ᠃ ᠳᠤᠮᠳᠠᠳᠤ ᠤᠯᠤᠰ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ | ᠠᠬᠤᠢ ᠪᠣᠯᠣᠨ ᠲᠣᠭᠠᠴᠢᠯᠠᠭᠰᠠᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠢᠯᠡᠴᠢᠯᠡᠭᠡᠨ ᠤ | ᠦᠢᠯᠡᠰ ᠢ ᠢᠳᠡᠪᠬᠢᠲᠡᠢ ᠬᠥᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ | ᠴᠢᠨᠠᠷ ᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠵᠤ᠂ ᠡᠯ᠎ᠡ ᠣᠷᠣᠯᠴᠠᠬᠰᠠᠨ ᠲᠠᠯ᠎ᠠ ᠶᠢᠨ ᠬᠢᠨ ᠲᠠᠢ ᠬᠠᠮᠲᠤ ᠪᠠᠷ | ᠡᠬᠡ ᠬᠠᠭᠤᠷᠠᠢ ᠳᠠᠯᠠᠢ ᠲᠠᠩᠭᠢᠰ ᠲᠠᠢ ᠬᠤᠯᠪᠤᠭᠠᠯᠠᠨ ᠬᠥᠳᠡᠯᠦᠯᠴᠡᠬᠦ ᠪᠠ ᠬᠠᠮᠵᠢᠯᠴᠠᠨ ᠬᠥᠭᠵᠢᠬᠦ ᠬᠤᠯᠪᠣᠯᠳᠤᠨ | ᠨᠡᠪᠲᠡᠷᠡᠯᠴᠡᠬᠦ ᠲᠣᠣᠷ ᠢ ᠬᠠᠮᠲᠤ ᠪᠠᠷ ᠪᠠᠶᠢᠭᠤᠯᠬᠤ ᠪᠠᠷ ᠴᠢᠷᠮᠠᠶᠢᠨ᠎ᠠ᠃ | — ᠳᠤᠮᠳᠠᠳᠤ ᠤᠯᠤᠰ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠴᠢᠬᠤᠯᠠ ᠬᠥᠳᠡᠯᠭᠡᠬᠦ | ᠬᠦᠴᠦᠨ ᠬᠠᠩᠭᠠᠨ᠎ᠠ᠃ ᠣᠶᠢᠷ᠎ᠠ ᠶᠢᠨ ᠵᠢᠯ ᠤᠨ ᠲᠤᠷᠰᠢ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ︽ᠪᠣᠬᠢᠷᠳᠤᠯ ᠦᠭᠡᠢ ᠶᠢᠨ ᠠᠭᠤᠯᠤᠭᠳᠠᠴᠠ︾ ᠦᠷᠭᠦᠯᠵᠢᠯᠡᠨ ᠳᠡᠭᠡᠭᠰᠢᠯᠡᠵᠦ᠂ ᠳᠡᠯᠡᠬᠡᠢ ᠶᠢᠨ | ᠬᠡᠪᠴᠢᠶᠡᠨ ᠳᠤ ᠭᠠᠵᠠᠷ ᠰᠢᠷᠣᠢ ᠮᠠᠭᠤᠳᠠᠯ ᠤᠨ ᠪᠠᠶᠢᠳᠠᠯ ︽ᠨᠡᠮᠡᠭᠳᠡᠯ ᠦᠭᠡᠢ︾ ᠪᠠᠶᠢᠬᠤ ᠶᠢ ᠡᠩ ᠲᠡᠷᠢᠭᠦᠨ ᠳᠤ | ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠶ ᠪᠦᠭᠦ ᠪᠥᠮᠪᠥᠷᠴᠡᠭ ᠤᠨ ᠳᠥᠷᠪᠡᠨ ᠤ | ᠨᠢᠭᠡ ᠬᠤᠪᠢ ᠶᠢ ᠡᠵᠡᠯᠡᠪᠡ᠃ ᠳᠤᠮᠳᠠᠳᠤ ᠤᠯᠤᠰ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ | ᠢᠳᠡᠪᠬᠢᠲᠡᠢ ᠠᠬᠢᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ | ᠨᠢᠭᠡᠨᠲᠡ ᠳᠡᠯᠡᠬᠡᠢ ᠶᠢᠨ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠬᠠᠮᠤᠭ ᠤᠨ ᠲᠦᠷᠭᠡᠨ ᠪᠠᠭᠤᠷᠠᠭᠰᠠᠨ ᠤᠯᠤᠰ ᠤᠨ | ᠨᠢᠭᠡ ᠪᠣᠯᠵᠠᠢ᠃ ᠵᠦᠪᠭᠡᠨ 2023 ᠣᠨ ᠳᠤ ᠳᠤᠮᠳᠠᠳᠤ ᠤᠯᠤᠰ ᠤᠨ ᠰᠠᠯᠬᠢᠨ ᠬᠦᠴᠦᠨ ᠤ ᠴᠠᠭᠢᠯᠭᠠᠨ ᠪᠠ | ᠭᠡᠷᠡᠯᠴᠢ ᠴᠡᠨᠡᠭ ᠤᠨ ᠦᠢᠯᠡᠳᠬᠦᠨ ᠨᠢ ᠪᠤᠰᠤᠳ ᠤᠯᠤᠰ ᠢ ᠬᠠᠪᠰᠤᠷᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠪᠠᠷᠤᠭ 8.1 ᠳ᠋ᠦᠩᠰᠢᠭᠤᠷ ᠲᠣᠨ ᠪᠠᠭᠠᠰᠬᠠᠵᠤ᠂ ᠡᠯ᠎ᠡ ᠤᠯᠤᠰ ᠤᠨ ᠴᠡᠪᠡᠷ᠂ ᠨᠠᠶᠢᠳᠠᠪᠤᠷᠢᠲᠠᠢ᠂ | ᠬᠡᠷᠡᠭᠯᠡᠵᠦ ᠳᠡᠶᠢᠯᠭᠦ ᠡᠨᠧᠷᠭᠢ ᠣᠯᠬᠤ ᠳᠤ ᠬᠦᠴᠦᠨ ᠨᠡᠮᠡᠷᠢᠯᠡᠵᠦ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | — ᠳᠤᠮᠳᠠᠳᠤ ᠤᠯᠤᠰ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ | ᠰᠢᠨ᠎ᠡ ᠪᠠᠶᠢᠭᠤᠯᠤᠯ ᠢ ᠪᠠᠶᠢᠭᠤᠯᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠦᠷᠭᠦᠯᠵᠢᠯᠡᠨ | ᠳᠡᠯᠡᠬᠡᠢ ᠳ᠋ᠠᠬᠢᠨ ᠲᠠᠢ ᠬᠤᠪᠢᠶᠠᠯᠴᠠᠨ᠎ᠠ᠃ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡ ᠲᠣᠳᠣ ᠲᠡᠮᠳᠡᠭ ᠢᠯᠡᠳᠬᠡᠮᠵᠢ ᠮᠥᠨ᠃ ᠡᠨᠡ ᠵᠢᠯ ᠠᠴᠠ ᠨᠠᠭᠠᠰᠢ᠂ ᠳᠤᠮᠳᠠᠳᠤ ᠤᠯᠤᠰ | ᠦᠢᠯᠡᠳᠬᠦ ᠦᠢᠯᠡᠰ ᠤᠨ ᠬᠦᠷᠢᠶᠡᠨ ᠳᠤ ᠭᠠᠳᠠᠭᠠᠳᠤ ᠪᠡᠯᠡ ᠶᠢ ᠤᠷᠤᠭᠤᠯᠬᠤ ᠶᠢ ᠵᠥᠪᠰᠢᠶᠡᠷᠡᠬᠦ ᠲᠠᠯ᠎ᠠ ᠶᠢᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠠᠩᠬ᠎ᠠ ᠤᠳᠠᠭ᠎ᠠ ᠪᠦᠭᠦ | ᠤᠯᠤᠰ ᠤᠨ ᠬᠡᠪᠴᠢᠶᠡᠨ ᠳᠤ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠳᠤ ᠨᠠᠵᠠᠭᠠᠢ ᠲᠠᠯ᠎ᠠ ᠶᠢᠨ ᠨᠠᠷᠢᠨ | ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠴᠠᠭᠢᠯᠭᠠᠨ ᠴᠢᠮᠡᠭᠡ ᠬᠤᠯᠪᠤᠭ᠎ᠠ᠂ ᠢᠨᠲ᠋ᠧᠷ ᠰᠦᠯᠵᠢᠶ᠎ᠡ᠂ | ᠰᠤᠷᠭᠠᠨ ᠬᠥᠮᠦᠵᠢᠯ᠂ ᠰᠣᠶᠣᠯ᠂ ᠡᠮᠴᠢᠯᠡᠭᠡ ᠵᠡᠷᠭᠡ ᠬᠦᠷᠢᠶᠡᠨ ᠳᠠᠬᠢ ᠨᠡᠭᠡᠭᠡᠯᠲᠡ ᠪᠠᠨ ᠡᠮᠬᠢ ᠵᠢᠷᠤᠮ ᠲᠠᠢ ᠪᠠᠷ | ᠥᠷᠭᠡᠳᠬᠡᠬᠦ ᠶᠢ ᠠᠬᠢᠭᠤᠯᠵᠤ᠂ ︽ᠪᠦᠭᠦ ᠲᠠᠯ᠎ᠠ ᠶᠢᠨ ᠬᠢᠭᠡᠳ ᠳᠠᠪᠰᠢᠯᠲᠠ ᠲᠠᠢ ᠨᠣᠮᠣᠬᠠᠨ ᠲᠡᠯᠡᠶ ᠠᠯᠤᠰᠯᠠᠭᠰᠠᠨ | ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠪᠣᠯᠣᠨ ︽ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠵᠥᠪᠳᠡᠯᠴᠡᠭᠡᠷ︾ ᠵᠡᠷᠭᠡ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ | ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ | ᠥᠷᠭᠡᠳᠬᠡᠪᠡ᠃ ᠳᠤᠮᠳᠠᠳᠤ ᠤᠯᠤᠰ 144 ᠴᠠᠭ ᠤᠨ ᠳᠣᠲᠣᠷ᠎ᠠ ᠬᠢᠯᠢ ᠪᠠᠷ ᠥᠩᠭᠡᠷᠡᠬᠦ ᠳᠤ ᠸᠢᠰᠠᠯᠡᠭᠦ ᠠᠴᠠ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠳᠤᠮᠳᠠᠳᠤ ᠭᠠᠳᠠᠭᠠᠳᠤ ᠶᠢᠨ ᠬᠥᠮᠥᠰ ᠤᠨ | ᠶᠠᠪᠤᠯᠴᠠᠭ᠎ᠠ ᠳᠤ ᠤᠯᠠᠮ ᠨᠢᠭᠡ ᠠᠯᠬᠤᠮ ᠲᠥᠭᠦᠮ ᠦᠵᠡᠭᠦᠯᠵᠦ᠂ ︽ᠳᠤᠮᠳᠠᠳᠤ ᠤᠯᠤᠰ ᠤᠨ ᠵᠢᠭᠤᠯᠴᠢᠯᠠᠯ︾ ᠢ | ᠬᠥᠭᠵᠢᠶᠡᠨ ᠲᠠᠢ ᠪᠣᠯᠭᠠᠪᠠ᠃ ᠲᠠᠷᠠᠭᠠᠴᠢ ᠪᠠᠷ᠂ ᠳᠤᠮᠳᠠᠳᠤ ᠤᠯᠤᠰ ᠨᠠᠩ ᠣᠯᠠᠨ ᠪᠡᠶ᠎ᠡ ᠪᠠᠨ ᠳᠠᠭᠠᠭᠠᠵᠤ ᠨᠡᠭᠡᠭᠡᠯᠲᠡ | ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠦᠭᠦ ᠪᠥᠮᠪᠥᠷᠴᠡᠭ ᠲᠤ | ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠰᠦᠯᠵᠢᠶ᠎ᠡ ᠶᠢ | ᠥᠷᠭᠡᠳᠬᠡᠵᠦ᠂ ᠳᠤᠮᠳᠠᠳᠤ ᠤᠯᠤᠰ ᠤᠨ ᠨᠡᠭᠡᠭᠡᠯᠲᠡ ᠬᠢᠬᠦ ᠲᠣᠮᠣ ᠡᠭᠦᠳᠡ ᠶᠢ ᠶᠠᠪᠤᠬᠤ ᠲᠤᠲᠤᠮ ᠶᠡᠭᠡ ᠨᠡᠭᠡᠭᠡᠨ᠎ᠡ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠳᠤᠮᠳᠠᠳᠤ ᠤᠯᠤᠰ ᠤᠨ ᠡᠷᠲᠡᠨ ᠤ ᠦᠭᠡᠨ ᠳᠤ᠄ ︽ᠵᠢᠮᠢᠰ ᠢ ᠢᠨᠦ ᠢᠳᠡᠬᠦᠢ ᠳᠤᠷ ᠮᠣᠳᠣ ᠶᠢ ᠠᠨᠤ | ᠰᠠᠨᠠᠭᠠᠯᠵᠠᠮᠤᠢ᠂ ᠤᠰᠤ ᠶᠢ ᠠᠨᠤ ᠤᠤᠭᠤᠬᠤᠢ ᠳᠤᠷ ᠡᠬᠢ ᠶᠢ ᠢᠨᠦ ᠳᠤᠷᠠᠰᠤᠮᠤᠢ︾ ᠭᠡᠵᠦ ᠰᠡᠴᠡᠯᠡᠭᠰᠡᠨ | ᠪᠠᠶᠢᠳᠠᠭ᠃ ᠳᠤᠮᠳᠠᠳᠤ ᠤᠯᠤᠰ ᠤᠨ ᠬᠥᠭᠵᠢᠯᠲᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠠᠴᠠ ᠰᠠᠯᠵᠤ | ᠴᠢᠳᠠᠬᠤ ᠦᠭᠡᠢ᠂ ᠮᠥᠨ ᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠳᠤ ᠤᠯᠠᠮ ᠨᠢᠭᠡ ᠠᠯᠬᠤᠮ ᠪᠤᠶᠠᠨ | ᠦᠢᠯᠡᠳᠬᠦ ᠪᠣᠯᠣᠨ᠎ᠠ᠃ ᠯᠠᠲ᠋ᠢᠨ ᠠᠮᠧᠷᠢᠺᠠ ᠳᠤ ︽ᠣᠩᠭᠤᠴᠠᠨ ᠤ ᠬᠦᠴᠦᠨ ᠳᠠᠷᠪᠠᠭᠤᠯ ᠳᠤ ᠪᠤᠢ᠂ ᠬᠥᠮᠥᠨ ᠤ | ᠬᠦᠴᠦᠨ ᠰᠡᠳᠬᠢᠯ ᠳᠤ ᠪᠤᠢ︾ ᠭᠡᠬᠦ ᠵᠦᠢᠷ ᠰᠡᠴᠡᠨ ᠦᠭᠡ ᠪᠠᠶᠢᠳᠠᠭ᠃ ᠣᠳᠣᠬᠠᠨ ᠳᠤ ︽ ᠴᠢᠶᠠᠨᠺᠠᠢ ᠠᠴᠠ ᠱᠠᠩᠬᠠᠢ | ᠬᠦᠷᠬᠦ︾ ᠨᠢ ᠨᠢᠭᠡᠨᠲᠡ ᠫᠧᠷᠦ᠋ ᠶᠢᠨ ᠳᠡᠯᠭᠡᠷᠡᠮᠡᠯ ᠦᠭᠡ ᠪᠣᠯᠵᠤ᠂ ︽ᠳᠤᠮᠳᠠᠳᠤ ᠤᠯᠤᠰ ᠤᠨ ᠣᠩᠭᠤᠴᠠ︾ ᠶᠢᠨ | ᠲᠤᠬᠠᠢ 500 ᠵᠢᠯ ᠢ ᠠᠯᠤᠰᠯᠠᠭᠰᠠᠨ ᠴᠤᠤᠷᠢᠶ᠎ᠠ ᠪᠣᠯᠵᠤ ᠬᠠᠩᠭᠢᠨᠠᠭᠰᠠᠨ ᠪᠠᠶᠢᠨ᠎ᠠ᠃ ᠡᠨᠡ ᠨᠢ ᠪᠢᠳᠡ ᠨᠡᠭᠡᠭᠡᠯᠲᠡ | ᠬᠢᠵᠦ ᠬᠤᠯᠪᠣᠯᠳᠤᠨ ᠨᠡᠪᠲᠡᠷᠡᠯᠴᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠳᠡᠭ ᠯᠡ ᠶᠤᠮ ᠪᠣᠯ ᠨᠣᠮᠣᠬᠠᠨ ᠲᠡᠯᠡᠶ | ᠳᠠᠷᠤᠢ ᠴᠡᠴᠡᠭᠯᠡᠯ ᠬᠥᠭᠵᠢᠯ ᠢ ᠠᠬᠢᠭᠤᠯᠬᠤ ᠵᠠᠮ ᠪᠣᠯᠵᠤ ᠬᠤᠪᠢᠷᠠᠨ᠎ᠠ ᠭᠡᠳᠡᠭ ᠢ ᠭᠦᠨᠵᠡᠭᠡᠢ ᠬᠠᠷᠠᠭᠤᠯᠵᠤ | ᠪᠠᠶᠢᠨ᠎ᠠ᠃ ᠪᠢᠳᠡ ᠪᠦᠯᠬᠦᠮᠳᠡᠨ ᠬᠠᠮᠲᠤᠷᠠᠯᠴᠠᠬᠤ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠠᠮᠲᠤ ᠪᠠᠷ ᠤᠭᠲᠤᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠵᠤ᠂ ᠳᠡᠯᠡᠬᠡᠢ ᠶᠢᠨ ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠬᠤ᠂ ᠬᠥᠮᠥᠨ | ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠳᠤ ᠨᠡᠩ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠤᠶ᠎ᠠ᠃ | ᠣᠯᠠᠨ ᠳᠤ ᠪᠠᠶᠠᠷᠯᠠᠯ᠎ᠠ᠃ | ︵ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ︶ | |