5 ᠲᠦᠮᠡᠨ ᠤᠶᠤᠲᠠᠳ ᠢ ᠬᠥᠬᠡᠬᠤᠲᠠᠨ᠎ᠠ ᠬᠤᠴᠤᠷᠭᠠᠵᠤ ᠠᠵᠢᠯᠯᠠᠭᠤᠯᠬᠤ ᠳᠤ ᠬᠦᠴᠦᠨ ᠨᠡᠮᠡᠷᠢᠯᠡᠪᠡ ᠬᠥᠬᠡᠬᠤᠲᠠ ᠶᠢᠨ ᠡᠪᠯᠡᠯ ᠤᠨ ᠬᠤᠷᠢᠶᠠᠨ ᠤ ᠬᠢᠨ ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/11/21
      ᠣᠶᠢᠷ᠎ᠠ ᠳᠤ᠂ ᠬᠥᠬᠡᠬᠤᠲᠠ ᠶᠢᠨ ᠡᠪᠯᠡᠯ ᠤᠨ ᠬᠤᠷᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ︽ᠬᠦᠬᠡᠬᠤᠲᠠᠨ᠎ᠠ ᠴᠤᠭᠯᠠᠷᠠᠬᠤ︾᠎ ᠪᠠᠷ ︽ᠲᠠᠪᠤᠨ ᠲᠦᠮᠡᠨ ᠣᠶᠣᠲᠠᠳ ᠢ ᠬᠦᠬᠡᠬᠤᠲᠠᠨ᠎ᠠ ᠬᠤᠴᠤᠷᠭᠠᠵᠤ ᠠᠵᠢᠯᠯᠠᠭᠤᠯᠬᠤ︾᠎ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 200 ᠭᠠᠷᠤᠢ ᠰᠢᠯᠢᠳᠡᠭ ᠵᠠᠯᠠᠭᠤ ᠰᠤᠷᠤᠭᠴᠢᠳ ᠤᠨ ᠲᠦᠯᠦᠭᠡᠯᠡᠭᠴᠢᠳ ᠲᠤᠰ ᠠᠵᠢᠯᠯᠠᠭ᠎ᠠ ᠳᠤ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠲᠠᠯᠠᠪᠤᠷ ᠤᠨ ᠠᠵᠢᠯᠯᠠᠭ᠎ᠠ ᠨᠢ ᠪᠣᠯ ᠬᠥᠬᠡᠬᠤᠲᠠ ᠶᠢᠨ ᠡᠪᠯᠡᠯ ᠤᠨ ᠬᠤᠷᠢᠶᠠᠨ ᠤ ᠶᠡᠭᠡ ᠳᠡᠭᠡᠳᠦ ᠰᠤᠷᠭᠠᠭᠤᠯᠢ ᠳᠠᠬᠢ ᠠᠩᠬᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠬᠤ ᠪᠦᠭᠡᠳ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠰᠤᠷᠤᠭᠴᠢᠳ ᠤᠨ ᠵᠦᠪ ᠣᠨᠤᠪᠴᠢᠲᠠᠢ ᠠᠵᠢᠯ ᠮᠡᠷᠭᠡᠵᠢᠯ ᠤᠨ ᠬᠦᠰᠡᠯᠡᠩ ᠪᠠ ᠠᠵᠢᠯ ᠮᠡᠷᠭᠡᠵᠢᠯ ᠤᠨ ᠦᠵᠡᠯᠲᠡ ᠲᠠᠢ ᠪᠣᠯᠵᠤ᠂ ᠠᠵᠢᠯ ᠰᠣᠩᠭᠤᠬᠤ ᠰᠢᠢᠳᠪᠦᠷᠢᠲᠦ ᠪᠣᠳᠣᠯᠭ᠎ᠠ ᠵᠢᠴᠢ ᠠᠵᠢᠯ ᠮᠡᠷᠭᠡᠵᠢᠯ ᠤᠨ ᠬᠦᠰᠡᠯ ᠬᠦᠭᠡᠭᠡᠴᠡᠯᠳᠦᠯ ᠲᠥᠯᠥᠪᠵᠢᠭᠦᠯᠭᠡ ᠪᠠᠨ ᠰᠠᠶᠢᠲᠤᠷ ᠬᠢᠬᠦ ᠳᠤ ᠨᠢ ᠬᠠᠪᠰᠤᠷᠤᠮᠵᠢ ᠦᠵᠡᠭᠦᠯᠬᠦ ᠪᠠᠷ ᠬᠥᠬᠡᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠯᠤᠭ᠎ᠠ ᠤᠶᠠᠯᠳᠤᠭᠤᠯᠤᠨ᠂ ᠱᠠᠲᠤ ᠦᠶ᠎ᠡ ᠶᠢᠨ ᠦᠷ᠎ᠡ ᠪᠦᠲᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ ᠦᠢᠯᠡᠴᠢᠯᠡᠭᠡ ᠪᠠᠨ ᠴᠢᠩᠭᠠᠳᠬᠠᠬᠤ ᠵᠡᠷᠭᠡ ᠠᠴᠠ ︽ᠲᠠᠪᠤᠨ ᠲᠦᠮᠡᠨ ᠤᠶᠤᠲᠠᠳ ᠢ ᠬᠥᠬᠡᠬᠤᠲᠠ ᠳᠤ ᠬᠤᠴᠤᠷᠭᠠᠬᠤ ᠢᠨᠵᠧᠨᠧᠷᠢᠩ︾᠎ ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠤᠶᠤᠲᠠᠳ ᠤᠨ ᠠᠵᠢᠯ ᠤᠯᠬᠤ᠂ ᠠᠳᠠᠯ ᠦᠢᠯᠡᠰ ᠴᠣᠭᠴᠠᠯᠠᠬᠤ ᠶᠢ ᠨᠢ ᠳᠠᠮᠵᠢᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠳ ᠠᠴᠠ ᠤᠶᠤᠲᠠᠳ ᠢ ᠰᠤᠷᠭᠠᠭᠤᠯᠢ ᠲᠡᠭᠦᠰᠦᠭᠰᠡᠨ ᠤ ᠳᠠᠷᠠᠭ᠎ᠠ ᠣᠷᠣᠨ ᠤ ᠲᠥᠪ ᠲᠤ ᠰᠠᠨᠠᠭ᠎ᠠ ᠠᠮᠤᠷ ᠠᠵᠢᠯᠯᠠᠵᠤ ᠠᠮᠢᠳᠤᠷᠠᠭᠤᠯᠬᠤ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠶ ︽ᠵᠠᠯᠠᠭᠤᠴᠤᠳ ᠲᠤ ᠠᠰᠢᠭ ᠬᠦᠷᠲᠡᠭᠡᠬᠦ︾ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠶᠢ ᠬᠠᠮᠲᠦ ᠳᠤ ᠪᠠᠨ ᠬᠤᠪᠢᠶᠠᠯᠴᠠᠨ᠂ ᠤᠶᠤᠲᠠᠳ ᠤᠨ ᠬᠡᠷ ᠳᠦᠷᠢᠶᠡᠰᠦᠯᠡᠬᠦ ᠪᠠ ᠬᠤᠳᠠᠯᠳᠤᠨ ᠠᠪᠬᠤ ᠭᠤᠶᠤᠴᠢᠯᠠᠯ ᠤᠨ ᠨᠥᠬᠦᠴᠡᠯ᠂ ᠲᠥᠷᠥ ᠶᠢᠨ ᠪᠣᠳᠣᠯᠭ᠎ᠠ ᠶᠢᠨ ᠨᠡᠮᠡᠭᠦᠷᠢ ᠵᠡᠷᠭᠡ ᠲᠠᠯ᠎ᠠ ᠪᠠᠷ ᠨᠠᠷᠢᠨ ᠲᠠᠶᠢᠯᠪᠤᠷᠢ ᠬᠢᠪᠡ᠃      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠯᠠᠭᠤ ᠯᠧᠺᠲ᠋ᠣᠷ ᠨᠢᠶᠧ ᠱᠣ᠋᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠶ ᠮᠡᠷᠭᠡᠵᠢᠯ ᠤᠨ ᠳᠠᠭᠠᠭᠠᠮᠠᠯ ᠵᠠᠩ ᠺᠠᠶ ᠱᠤᠸᠠᠢ ᠨᠠᠷ ᠬᠥᠬᠡᠬᠤᠲᠠ ᠳᠤ ᠴᠢᠷᠮᠠᠶᠢᠨ ᠠᠵᠢᠯᠯᠠᠵᠤ ᠰᠤᠷᠤᠯᠴᠠᠵᠤ ᠪᠠᠶᠢᠭᠰᠠᠨ ᠦᠩᠭᠡᠷᠡᠯᠲᠡ ᠪᠠᠨ ᠶᠠᠷᠢᠪᠠ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠡᠪᠯᠡᠯ ᠤᠨ ᠬᠤᠷᠢᠶ᠎ᠠ ︽ᠬᠦᠬᠡᠬᠤᠲᠠᠨ᠎ᠠ ᠴᠤᠭᠯᠠᠷᠠᠬᠤ︾᠎ ᠪᠠᠷ ︽ᠲᠠᠪᠤᠨ ᠲᠦᠮᠡᠨ ᠤᠶᠤᠲᠠᠳ ᠢ ᠬᠦᠬᠡᠬᠤᠲᠠᠨ᠎ᠠ ᠬᠤᠴᠤᠷᠭᠠᠵᠤ ᠠᠵᠢᠯᠯᠠᠭᠤᠯᠬᠤ︾᠎ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠎ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ᠵᠠᠯᠠᠭᠤᠴᠤᠳ ᠤᠨ ᠬᠥᠭᠵᠢᠯᠲᠡ ᠳᠤ ᠠᠰᠢᠭᠲᠠᠢ ᠬᠤᠲᠠ ᠶᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠰᠠᠷ︾ ᠠᠷᠭ᠎ᠠ ᠬᠡᠮᠵᠢᠶ᠎ᠡ ᠪᠠᠷ ᠵᠠᠯᠠᠭᠤᠴᠤᠳ ᠤᠨ ᠬᠥᠭᠵᠢᠯᠲᠡ ᠶᠢᠨ ︽ᠬᠠᠮ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠯᠠᠭᠤ ᠴᠢᠳᠠᠪᠤᠷᠢᠲᠠᠨ ᠢ ᠬᠤᠲᠠ ᠶᠢᠨ ᠬᠥᠭᠵᠢᠯᠲᠡ ᠶᠢᠨ ᠭᠤᠤᠯ ᠪᠠᠶᠢᠷᠢᠨ ᠳᠤ ᠲᠠᠯᠪᠢᠵᠦ᠂ ᠬᠤᠲᠠ ᠶᠢᠨ ᠰᠦᠷ ᠳᠠᠯᠠᠶᠢᠴᠠᠲᠠᠢ ᠠᠮᠢᠵᠢᠷᠠᠯ ᠬᠦᠴᠦᠨ ᠢ ᠬᠦᠭᠵᠢᠭᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号