ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠰᠤᠷᠭᠠᠭᠤᠯᠢ ᠶᠢᠨ ᠬᠦᠷᠢᠶ᠎ᠡ ᠶᠢ ︽ᠬᠥᠭᠵᠢᠶᠡᠨᠲᠡᠢ︾ ᠪᠣᠯᠭᠠᠪᠠ — ᠬᠥᠬᠡᠬᠤᠲᠠ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/11/22
      ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠦᠨ ᠲᠥᠭᠡᠮᠡᠯᠵᠢᠭᠦᠯᠵᠦ᠂ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠪᠡᠶ᠎ᠡ  ᠶᠢᠨ ᠲᠠᠮᠢᠷ ᠤᠨ ᠬᠥᠳᠡᠯᠭᠡᠭᠡᠨ ᠤ ᠥᠷᠨᠢᠨ ᠬᠥᠭᠵᠢᠬᠦ ᠶᠢ ᠠᠬᠢᠭᠤᠯᠤᠨ᠂ ᠵᠠᠯᠠᠭᠤ ᠪᠠᠭᠠᠴᠤᠳ  ᠤᠨ ᠪᠡᠶ᠎ᠡ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠪᠥᠯᠬᠦᠮ ᠨᠡᠶᠢᠲᠡ ᠶᠢᠨ ᠬᠤᠷᠰᠢᠶᠠᠯᠠᠬᠤ ᠵᠣᠷᠢᠭ ᠰᠠᠨᠠᠭ᠎ᠠ ᠪᠠ ᠥᠷᠢᠰᠥᠯᠳᠦᠭᠡᠨ ᠤ ᠤᠬᠠᠮᠰᠠᠷ ᠢ ᠬᠥᠮᠦᠵᠢᠭᠦᠯᠬᠦ ᠶᠢᠨ ᠲᠥᠯᠦᠭᠡ᠂ ᠲᠦᠷᠦᠭᠦᠬᠡᠨ᠂ ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠢᠷᠢᠰ ᠡᠯᠪᠡᠭ ᠪᠠᠶᠠᠯᠢᠭ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠬᠠᠮᠲᠤ ᠳᠤ ᠪᠠᠨ ᠦᠵᠡᠵᠡᠭᠡᠶ᠎ᠡ︕   

1.webp.png

2.webp.png

3.webp.png

      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠴᠠᠰᠤᠨ ᠳᠤ

ᠭᠤᠯᠭᠤᠬᠤ ᠬᠥᠳᠡᠯᠭᠡᠭᠡᠨ ᠤ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠬᠢᠴᠢᠶᠡᠯ ᠤᠨ ᠲᠠᠩᠬᠢᠮ ᠳᠤ

ᠣᠷᠣᠭᠤᠯᠵᠤ᠂ ᠴᠠᠰᠤᠨ ᠳᠤ ᠭᠤᠯᠭᠤᠬᠤ ᠬᠡᠷᠡᠭᠰᠡᠯ ᠢ ᠬᠡᠷᠡᠭᠯᠡᠬᠦ ᠠᠷᠭ᠎ᠠ  ᠶᠢ ᠣᠶᠢᠯᠠᠭᠠᠭᠤᠯᠤᠨ᠂ ᠳᠠᠭᠤᠷᠢᠶᠠᠮᠠᠯ

ᠴᠠᠰᠤᠨ ᠳᠤ ᠭᠤᠯᠭᠤᠬᠤ ᠪᠣᠯᠪᠠᠰᠤᠷᠠᠯ ᠬᠢᠯᠭᠡᠬᠦ ᠪᠠᠷ ᠳᠠᠮᠵᠢᠨ᠂ ᠰᠤᠷᠤᠭᠴᠢᠳ ᠰᠤᠷᠤᠯᠴᠠᠬᠤ ᠶᠠᠪᠤᠴᠠ ᠳᠤ

ᠮᠡᠳᠡᠯᠭᠡ ᠪᠠᠨ ᠨᠡᠮᠡᠭᠳᠡᠭᠦᠯᠵᠦ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠤᠨ᠂ ᠴᠤᠭ ᠵᠢᠪᠬᠤᠭ᠎ᠠ ᠪᠠᠨ ᠪᠠᠳᠠᠷᠠᠭᠤᠯᠵᠤ᠂

ᠴᠠᠰᠤᠨ ᠳᠤ ᠭᠤᠯᠭᠤᠬᠤ ᠤᠷᠮ᠎ᠠ ᠪᠠᠬ᠎ᠠ ᠪᠠ ᠷᠢᠳᠢ ᠰᠢᠳᠢ ᠶᠢ ᠭᠦᠢᠴᠡᠳ ᠣᠶᠢᠯᠠᠭᠠᠪᠠ᠃

4.webp.png

5.webp.png

6.webp.png

7.webp.png

8.webp.png

      ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠢᠨ ᠯᠢᠦᠢ ᠳ᠋ᠢ ᠪᠠᠭ᠎ᠠ ᠰᠤᠷᠭᠠᠭᠤᠯᠢ ᠬᠠᠭᠤᠷᠠᠢ ᠭᠠᠵᠠᠷ ᠤᠨ

ᠭᠤᠯᠭᠤᠭᠤᠷ ᠴᠢᠯᠠᠭᠤᠨ ᠪᠥᠮᠪᠦᠭᠡ ᠶᠢᠨ ᠰᠤᠷᠭᠠᠭᠤᠯᠢ ᠶᠢᠨ ᠤᠷᠤᠯᠳᠤᠭᠠᠨ ᠢ ᠡᠷᠬᠢᠯᠡᠵᠦ᠂ ᠳᠥᠷᠪᠡᠳᠦᠭᠡᠷ          

ᠣᠨ ᠪᠠ ᠲᠠᠪᠤᠳᠤᠭᠠᠷ ᠣᠨ ᠤ 30 ᠭᠠᠷᠤᠢ ᠠᠩᠭᠢ ᠶᠢᠨ 210 ᠭᠠᠷᠤᠢ ᠰᠤᠷᠤᠭᠴᠢ ᠤᠷᠤᠯᠳᠤᠭᠠᠨ ᠳᠤ

ᠣᠷᠣᠯᠴᠠᠪᠠ᠃ ᠰᠤᠷᠤᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡᠪᠬᠢᠲᠡᠢ ᠣᠷᠣᠯᠴᠠᠨ᠂ ᠬᠤᠷᠴᠠ

ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠡᠯ᠎ᠡ ᠳᠤᠭᠤᠶᠢᠯᠠᠩ ᠤᠨ ᠡᠮᠦᠨ᠎ᠡ ᠭᠤᠷᠪᠠᠨ ᠨᠡᠷ᠎ᠡ ᠲᠣᠳᠤᠷᠠᠪᠠ᠃

   

9.webp.png

10.webp.png

11.webp.png

12.webp.png

      ᠬᠥᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ

ᠬᠠᠭᠤᠷᠠᠢ ᠭᠠᠵᠠᠷ ᠤᠨ ᠭᠤᠯᠭᠤᠭᠤᠷ ᠴᠢᠯᠠᠭᠤᠨ ᠪᠥᠮᠪᠦᠭᠡ ᠶᠢᠨ ᠰᠢᠯᠭᠠᠷᠠᠭᠤᠯᠬᠤ ᠤᠷᠤᠯᠳᠤᠭᠠᠨ ᠵᠢᠴᠢ ᠬᠤᠶᠠᠳᠤᠭᠠᠷ

ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠭᠤᠯᠭᠤᠭᠤᠷ ᠴᠢᠯᠠᠭᠤᠨ ᠪᠥᠮᠪᠦᠭᠡ ᠶᠢᠨ

ᠤᠷᠤᠯᠳᠤᠭᠠᠨ ᠣᠶᠢᠷ᠎ᠠ ᠳᠤ ᠠᠮᠵᠢᠯᠲᠠ ᠲᠠᠢ ᠥᠨᠳᠦᠷᠯᠡᠪᠡ᠃ ᠡᠨᠡ ᠤᠳᠠᠭᠠᠨ ᠤ ᠤᠷᠤᠯᠳᠤᠭᠠᠨ ᠢ ᠬᠠᠭᠤᠷᠠᠢ

ᠭᠠᠵᠠᠷ ᠤᠨ ᠭᠤᠯᠭᠤᠭᠤᠷ ᠴᠢᠯᠠᠭᠤᠨ ᠪᠥᠮᠪᠦᠭᠡ ᠪᠣᠯᠤᠨ ᠭᠤᠯᠭᠤᠭᠤᠷ ᠴᠢᠯᠠᠭᠤᠨ ᠪᠥᠮᠪᠦᠭᠡ ᠶᠢᠨ ᠤᠷᠤᠯᠳᠤᠭᠠᠨ ᠭᠡᠵᠦ

ᠬᠤᠶᠠᠷ ᠵᠦᠢᠯ ᠬᠤᠪᠢᠶᠠᠵᠤ᠂ ᠪᠦᠬᠦ ᠬᠤᠲᠠ ᠶᠢᠨ 40 ᠭᠠᠷᠤᠢ ᠳᠤᠮᠳᠠᠳᠤ ᠪᠠᠭ᠎ᠠ ᠰᠤᠷᠭᠠᠭᠤᠯᠢ ᠠᠴᠠ ᠢᠷᠡᠭᠰᠡᠨ

400 ᠭᠠᠷᠤᠢ ᠵᠠᠯᠠᠭᠤ ᠪᠠᠭᠠᠴᠤᠳ ᠤᠷᠤᠯᠳᠤᠭᠠᠨ ᠳᠤ ᠣᠷᠣᠯᠴᠠᠪᠠ᠃ ᠬᠤᠶᠠᠷ ᠡᠳᠦᠷ ᠤᠨ ᠬᠤᠷᠴᠠ ᠰᠢᠷᠦᠭᠦᠨ

ᠮᠥᠷᠦᠶᠢᠴᠡᠭᠡᠨ ᠢᠶᠠᠷ ᠳᠠᠮᠵᠢᠨ᠂ ᠪᠢᠴᠢᠬᠠᠨ ᠲᠠᠮᠢᠷᠴᠢᠳ ᠤᠨ ᠰᠢᠨᠲᠠᠷᠠᠰᠢ ᠦᠭᠡᠢ ᠴᠢᠷᠮᠠᠶᠢᠬᠤ ᠵᠣᠷᠢᠭ ᠰᠠᠨᠠᠭ᠎ᠠ ᠪᠠ

ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠮᠯᠡᠬᠦ ᠰᠡᠳᠬᠢᠯ ᠢ ᠢᠯᠡᠷᠡᠭᠦᠯᠪᠡ᠃

   

13.webp.png

      ᠬᠥᠬᠡᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠠᠴᠠ ᠭᠤᠣᠯᠯᠠᠨ

ᠡᠷᠬᠢᠯᠡᠭᠰᠡᠨ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠵᠢᠭᠠᠬᠤ ᠶᠢ ᠰᠤᠳᠤᠯᠬᠤ

ᠠᠵᠢᠯᠯᠠᠭ᠎ᠠ ᠶᠢᠨ ᠮᠥᠰᠥ ᠴᠠᠰᠤᠨ ᠤ ᠲᠥᠷᠥᠯ ᠵᠦᠢᠯ ᠤᠨ ᠪᠣᠯᠪᠠᠰᠤᠷᠠᠯ ᠳᠤ᠂ ᠬᠥᠬᠡᠬᠤᠲᠠ ᠶᠢᠨ ᠨᠢᠭᠡᠳᠦᠭᠡᠷ

ᠳᠤᠮᠳᠠᠳᠤ ᠰᠤᠷᠭᠠᠭᠤᠯᠢ ᠶᠢᠨ ᠪᠠᠭᠰᠢ ᠯᠢ ᠵᠢᠢ ᠴᠢᠩ ᠢ ᠤᠷᠢᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ

ᠬᠥᠳᠡᠯᠭᠡᠭᠡᠨ ᠤ ᠡᠬᠢ ᠡᠭᠦᠰᠦᠯ ᠠᠴᠠ ᠣᠳᠣᠬᠢ ᠬᠥᠭᠵᠢᠯᠲᠡ ᠬᠦᠷᠲᠡᠯ᠎ᠡ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂

ᠲᠠᠶᠢᠯᠤᠮᠵᠢ ᠨᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠡᠦᠬᠡ᠂ ᠬᠥᠭᠵᠢᠯᠲᠡ ᠶᠢᠨ ᠣᠳᠣᠬᠢ

ᠪᠠᠶᠢᠳᠠᠯ᠂ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠪᠠ ᠪᠣᠯᠪᠠᠰᠤᠷᠠᠯ ᠤᠨ ᠠᠷᠭ᠎ᠠ ᠵᠡᠷᠭᠡ ᠶᠢ ᠪᠦᠬᠦ ᠲᠠᠯ᠎ᠠ ᠪᠠᠷ

ᠭᠦᠨᠵᠡᠭᠡᠢ ᠵᠢᠯᠣᠭᠤᠳᠴᠤ᠂ ᠪᠡᠶ᠎ᠡ ᠶᠢᠨ ᠲᠠᠮᠢᠷ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠮᠥᠰᠥ

ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ  ᠤ ᠮᠡᠳᠡᠯᠭᠡ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃

   

14.webp.png

      ᠮᠥᠰᠥ ᠴᠠᠰᠤᠨ ᠤ ᠪᠡᠶ᠎ᠡ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ᠂

ᠵᠠᠯᠠᠭᠤᠴᠤᠳ ᠪᠠᠭᠠᠴᠤᠳ ᠲᠤ ᠥᠪᠡᠷ ᠢ ᠪᠠᠨ ᠭᠠᠶᠢᠬᠠᠭᠤᠯᠬᠤ ᠲᠠᠪᠴᠠᠩ ᠢ ᠬᠠᠩᠭᠠᠵᠤ᠂ ᠮᠥᠰᠥ ᠴᠠᠰᠤᠨ ᠤ

ᠪᠡᠶ᠎ᠡ ᠶᠢᠨ ᠲᠠᠮᠢᠷ ᠤᠨ ᠬᠥᠳᠡᠯᠭᠡᠭᠡᠨ ᠢ ᠲᠥᠭᠡᠮᠡᠯᠵᠢᠬᠦᠯᠦᠨ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠤᠨ᠂

ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ

ᠨᠡᠮᠡᠷᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号