11 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ | ᠡᠬᠢᠯᠡᠭᠰᠡᠨ ᠪᠥᠭᠡᠳ ᠠᠩᠬᠠᠳᠤᠭᠠᠷ ᠪᠦᠭᠦᠳᠡ ᠬᠤᠷᠠᠯ ᠬᠢᠪᠡ᠃ | | | | | | 11 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ | ᠡᠬᠢᠯᠡᠭᠰᠡᠨ ᠪᠥᠭᠡᠳ ᠠᠩᠬᠠᠳᠤᠭᠠᠷ ᠪᠦᠭᠦᠳᠡ ᠬᠤᠷᠠᠯ ᠬᠢᠪᠡ᠃ | ᠲᠤᠰ ᠬᠤᠷᠢᠶᠠᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | | | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 71 ᠬᠥᠮᠥᠨ ᠪᠤᠶ᠂ | ᠲᠣᠰ ᠤᠳᠠᠭ᠎ᠠ ᠶᠢᠨ ᠬᠤᠷᠠᠯ ᠳᠤ 61 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ | ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠳ᠋ᠤᠸᠠᠨ ᡁᠢ ᠴᠢᠶᠠᠩ᠂ ᠯᠢ ᠪᠢᠩ ᠷᠦᠩ᠂ ᠦ᠋ | ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠸᠠᠨ ᠴᠤᠤ ᠴᠢ ᠬᠤᠷᠠᠯ ᠳᠤ ᠰᠤᠯᠠ ᠣᠷᠣᠯᠴᠠᠵᠠᠢ᠃ | ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠴᠢ᠊ ᠪᠠᠲᠤ᠂ ᠶᠠᠩ ᠽᠥᠩ ᠷᠧᠨ᠂ | ᠯᠢ ᠶᠦᠩ ᠵᠢᠶᠦ᠋ᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ | ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ︵ᠲᠥᠰᠥᠯ︶︾ ᠢ ᠬᠢᠨᠠᠨ | ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ | ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ | ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ | ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠳᠡᠳ᠋ ᠳᠠᠷᠤᠭ᠎ᠠ ᠯᠧᠦ ᠪᠦᠸᠧ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ | ᠭᠠᠵᠠᠷ ᠤᠨ ᠬᠠᠮᠠᠭᠠᠯᠠᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ | ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠭᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾ ᠪᠣᠯᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ | ᠪᠠᠶᠢᠴᠠᠭᠠᠭᠰᠠᠨ ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢ᠊ ᠪᠠᠲᠤ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ | ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠵᠥᠪᠯᠡᠯ ᠤᠨ ᠡᠷᠭᠢᠯᠡᠭᠴᠢ ᠭᠡᠰᠢᠭᠦᠨ ᠯᠢᠦ ᠶᠦᠩ ᡁᠢ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠢ ᠬᠡᠷᠡᠭᠵᠢᠭᠦᠯᠦᠭᠰᠡᠨ | ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ | ᠵᠥᠪᠯᠡᠯ ᠤᠨ ᠡᠷᠭᠢᠯᠡᠭᠴᠢ ᠭᠡᠰᠢᠭᠦᠨ ᠹᠧᠩ ᠷᠧᠨ ᠹᠧᠢ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ | ᠠᠮᠠᠷᠠᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ︔ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠤᠨ | ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ | ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ | ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤ᠋ ᠶᠢᠩ ᠹᠧᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ | ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠮᠠ ᠪᠦᠦ | ᠭᠦᠸᠧ ᠶᠢᠨ ᠬᠢᠭᠰᠡᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠵᠠᠩ ᠸᠧᠨ ᠲᠤᠤ ᠶᠢᠨ ᠬᠢᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ | ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ | ᠰᠢᠶᠣᠣ ᠶᠢᠤ ᠶᠢᠨ ᠬᠢᠭᠰᠡᠨ ᠤᠰᠤᠨ ᠤ ᠡᠬᠢ ᠪᠠᠶᠠᠯᠢᠭ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠶᠢᠨ ᠪᠠᠶᠢᠳᠠᠯ ᠤᠨ | ᠲᠤᠬᠠᠢ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠳᠠᠷᠤᠭ᠎ᠠ ᠵᠧᠩ ᠳ᠋ᠦᠩ ᠪᠦᠸᠧ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠠᠵᠢᠯ ᠤᠨ ᠵᠥᠪᠯᠡᠯ ᠤᠨ ᠡᠷᠭᠢᠯᠡᠭᠴᠢ᠂ | ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ ᠤ | ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠣᠨᠴᠠ ᠵᠠᠷᠢᠮ | ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠲᠣᠰ ᠲᠣᠰ ᠰᠣᠨᠣᠰᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢᠳ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ | ᠵᠥᠪᠯᠡᠯ ᠤᠨ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ | ᠲᠣᠳᠣᠷᠬᠠᠶᠢᠯᠠᠯᠲᠠ᠂ ︽ᠮᠠᠨᠵᠤᠤᠷ ᠤᠨ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ | ᠬᠠᠮᠢᠶᠠᠷᠤᠯᠲᠠ ᠶᠢᠨ ᠳᠦᠷᠢᠮ︾ ᠢ ᠬᠦᠴᠦᠨ ᠦᠭᠡᠢ ᠪᠤᠯᠭᠠᠬᠤ ᠪᠠᠷ ᠳᠡᠪᠰᠢᠭᠦᠯᠬᠦ ᠲᠤᠬᠠᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠳᠣᠷᠬᠠᠶᠢᠯᠠᠯᠲᠠ᠂ ᠬᠡᠰᠡᠭ ᠲᠣᠭᠤᠷᠢᠭ ᠪᠠᠶᠢᠭᠤᠯᠤᠭᠰᠠᠨ ᠬᠤᠲᠠ | ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠪᠦᠭᠦ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ 2023 ᠣᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ᠂ 2024 ᠣᠨ ᠤ | ᠡᠨᠧᠷᠭᠢ ᠠᠷᠪᠢᠯᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ 2024 ᠣᠨ ᠤ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠬᠤᠶᠠᠳᠤᠭᠠᠷ ᠤᠳᠠᠭᠠᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠤᠨ | ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ | ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠵᠥᠪᠯᠡᠯ ᠤᠨ | ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠲᠠ᠂ ᠮᠠᠨᠵᠤᠤᠷ ᠬᠤᠲᠠ᠂ ᠡᠷᠢᠶᠡᠨ ᠬᠤᠲᠠ᠂ | ᠥᠪᠡᠷᠲᠡᠭᠡᠨ ᠵᠠᠰᠠᠬᠤ ᠬᠤᠰᠢᠭᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | | | |