ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠣᠳᠣᠬᠠᠨ ᠤ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠵᠠᠳᠠᠯᠵᠤ ᠰᠣᠳᠤᠯᠤᠨ ᠮᠠᠭᠠᠳᠯᠠᠵᠤ᠂ | ᠡᠪᠦᠯ ᠤᠨ ᠤᠯᠠᠷᠢᠯ ᠤᠨ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢ ᠪᠠᠶᠢᠷᠢᠯᠠᠭᠤᠯᠵᠤ᠂ | ᠡᠯ᠎ᠡ ᠲᠥᠷᠥᠯ ᠤᠨ ᠠᠮᠤᠷ ᠲᠦᠪᠰᠢᠨ ᠤ ᠬᠡᠷᠡᠭ ᠡᠭᠦᠰᠬᠦ ᠶᠢ ᠬᠠᠮᠤᠭ ᠤᠨ ᠶᠡᠭᠡ ᠴᠢᠷᠮᠠᠶᠢᠯᠭ᠎ᠠ ᠪᠠᠷ ᠰᠡᠷᠭᠡᠶᠢᠯᠡᠨ | ᠬᠤᠷᠢᠭᠯᠠᠬᠤ ᠶᠢᠨ ᠲᠥᠯᠥᠭᠡ᠂ 11 ᠰᠠᠷ᠎ᠠ ᠶᠢᠨ 21 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠭᠤᠣᠯᠳᠠᠯᠭ᠎ᠠ ᠲᠠᠢ ᠠᠵᠢᠯ ᠤᠨ ᠬᠤᠷᠠᠯ ᠢ ᠬᠤᠷᠠᠯᠳᠤᠭᠤᠯᠵᠤ᠂ ᠡᠯ᠎ᠡ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ᠂ ᠳᠣᠪᠴᠢᠶᠠᠨ ᠤ ᠰᠢᠭᠤᠳ ᠬᠠᠷᠢᠶ᠎ᠠ ᠡᠯ᠎ᠡ | ᠰᠤᠷᠭᠠᠭᠤᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | | | | | | ᠬᠤᠷᠠᠯ ᠠᠴᠠ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ | ᠲᠦᠪᠰᠢᠨ ᠤ ᠠᠵᠢᠯ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠢ ᠭᠦᠢᠴᠡᠳ ᠲᠠᠨᠢᠵᠤ᠂ ᠨᠡᠩ | ᠬᠦᠴᠦᠲᠡᠢ᠂ ᠨᠡᠩ ᠬᠠᠨᠳᠤᠯᠭᠠᠲᠠᠢ ᠠᠷᠭ᠎ᠠ ᠬᠡᠮᠵᠢᠶ᠎ᠡ ᠶᠢ ᠢᠳᠡᠪᠬᠢᠲᠡᠢ ᠠᠪᠴᠤ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠭᠡᠵᠦ | ᠴᠢᠬᠤᠯᠠᠴᠢᠯᠠᠪᠠ᠃ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠲᠣᠭᠤᠷᠢᠭ | ᠡᠯ᠎ᠡ ᠰᠤᠷᠭᠠᠭᠤᠯᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠣᠪᠤᠶᠢᠮ᠎ᠠ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠠᠮᠤᠷ ᠲᠦᠪᠰᠢᠨ ᠤ ᠠᠵᠢᠯ ᠤᠨ ᠨᠠᠷᠢᠨ ᠳᠠᠩᠰᠠᠵᠢᠭᠤᠯᠤᠭᠰᠠᠨ᠂ | ᠴᠤᠪᠤᠷᠠᠯᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠬᠠᠮᠵᠢᠯᠴᠠᠬᠤ ᠤᠬᠠᠮᠰᠠᠷ ᠢᠶᠠᠨ | ᠴᠢᠩᠭᠠᠳᠬᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ | ᠵᠥᠪᠳᠡᠯᠴᠡᠨ ᠰᠤᠳᠤᠯᠤᠨ ᠮᠠᠭᠠᠳᠯᠠᠵᠤ᠂ ᠬᠠᠮᠲᠤᠷᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠮᠲᠤᠷᠠᠨ | ᠬᠥᠳᠡᠯᠦᠯᠴᠡᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠨ᠎ᠡ᠃ ︽ᠰᠤᠷᠤᠭᠴᠢ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠢ ᠬᠠᠮᠠᠭᠠᠯᠠᠬᠤ ᠠᠵᠢᠯ ᠤᠨ ᠪᠠᠶᠢᠷᠢ︾ ︽ᠵᠠᠮ ᠬᠠᠷᠢᠯᠴᠠᠭᠠᠨ ᠤ ᠣᠷᠭᠢᠯ ᠦᠶ᠎ᠡ ᠳᠤ ᠵᠢᠵᠢᠭᠦᠷᠯᠡᠬᠦ︾ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠰᠤᠷᠭᠠᠭᠤᠯᠢ ᠳᠤ ᠬᠤᠯᠪᠣᠭᠳᠠᠭᠰᠠᠨ ᠰᠤᠷᠤᠭᠴᠢ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ | ᠬᠠᠮᠵᠢᠯᠴᠠᠨ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠪᠡᠯᠡᠳᠬᠡᠮᠵᠢ ᠪᠠ ᠬᠠᠮᠢᠶᠠᠷᠤᠯᠲᠠ ᠶᠢᠨ ᠪᠡᠯᠡᠳᠬᠡᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠰᠤᠷᠭᠠᠭᠤᠯᠢ ᠶᠢᠨ | ᠡᠷᠭᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠰᠤᠷᠭᠠᠭᠤᠯᠢ ᠶᠢᠨ ᠡᠭᠦᠳᠡ ᠵᠢᠴᠢ ᠡᠷᠭᠢᠨ | ᠲᠣᠭᠤᠷᠢᠨ ᠤ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠲᠤ ᠳᠤ ᠪᠠᠨ ᠰᠠᠶᠢᠲᠤᠷ ᠬᠠᠮᠠᠭᠠᠯᠠᠨ᠎ᠠ᠃ ᠭᠤᠷᠪᠠ ᠳᠤ᠂ | ᠤᠬᠠᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠤᠬᠠᠭᠤᠯᠬᠤ ᠶᠢ | ᠴᠢᠩᠭᠠᠳᠬᠠᠵᠤ᠂ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠵᠤ᠂ ᠠᠮᠤᠷ ᠲᠦᠪᠰᠢᠨ ᠤ ᠦᠯᠢᠭᠡᠷ ᠢ ᠰᠠᠶᠢᠲᠤᠷ | ᠶᠠᠷᠢᠨ᠎ᠠ᠃ ᠪᠠᠭᠰᠢ ᠰᠤᠷᠤᠭᠴᠢ᠂ ᠭᠡᠷ ᠤᠨ ᠠᠬᠠᠮᠠᠳ ᠲᠤ ᠬᠠᠨᠳᠤᠭᠤᠯᠤᠨ ᠬᠠᠤᠯᠢ ᠪᠠᠷ ᠵᠠᠰᠠᠬᠤ ᠬᠥᠮᠦᠵᠢᠯ᠂ ᠠᠮᠤᠷ | ᠲᠦᠪᠰᠢᠨ ᠤ ᠬᠥᠮᠦᠵᠢᠯ ᠪᠠ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠶᠢ ᠪᠠᠶᠢᠩᠭᠤ ᠥᠷᠨᠢᠭᠦᠯᠵᠦ᠂ ᠥᠷᠭᠡᠨ ᠣᠯᠠᠨ | ᠰᠤᠷᠤᠭᠴᠢ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠠᠶᠤᠯ ᠲᠦᠭᠰᠢᠭᠦᠷᠢ ᠶᠢ ᠰᠡᠷᠡᠵᠦ᠂ ᠠᠶᠤᠯ ᠠᠴᠠ | ᠵᠠᠶᠢᠯᠠᠵᠤ ᠴᠢᠳᠠᠬᠤ ᠪᠣᠯᠭᠠᠨ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ | ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠤᠳᠠᠭᠠᠨ | ᠳᠠᠭᠠᠭᠠᠮᠠᠭᠠᠢ ᠪᠦᠲᠦᠮᠵᠢᠲᠡᠢ ᠵᠠᠰᠠᠬᠤ ᠲᠣᠭᠲᠠᠴᠠ ᠶᠢ ᠪᠠᠶᠢᠭᠤᠯᠤᠨ᠎ᠠ᠃ ᠳᠥᠷᠪᠡ ᠳᠤ᠂ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠲᠥᠬᠦᠭᠡᠷᠦᠮᠵᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠭ ᠲᠤᠬᠠᠢ ᠳᠤ ᠨᠢ ᠰᠢᠨᠡᠳᠬᠡᠨ ᠨᠥᠬᠦᠪᠥᠷᠢᠯᠡᠵᠦ᠂ | ᠠᠮᠤᠷ ᠢ ᠬᠠᠮᠠᠭᠠᠯᠠᠬᠤ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠢᠵᠢᠭᠦᠷᠯᠡᠨ ᠰᠠᠬᠢᠬᠤ ᠠᠵᠢᠯ ᠢ | ᠰᠠᠶᠢᠲᠤᠷ ᠬᠢᠵᠦ᠂ ︽ᠭᠤᠷᠪᠠ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠪᠠᠲᠤᠯᠠᠨ᠎ᠠ᠃ | | | |