ᠪᠡᠭᠡᠵᠢᠩ ᠥᠪᠥᠷ ᠮᠣᠩᠭᠤᠯ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠯᠠᠭᠤ ᠪᠠᠭᠰᠢ ᠨᠠᠷ ᠡᠵᠡᠨ᠎ᠡ ᠬᠤᠰᠢᠭᠤᠨ ᠳᠤ ᠰᠤᠳᠤᠯᠤᠨ ᠰᠤᠷᠤᠯᠴᠠᠬᠤ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/11/4
      10 ᠰᠠᠷ᠎ᠠ ᠶᠢᠨ 28᠎ ᠤ ᠡᠳᠦᠷ᠂  ᠪᠡᠭᠡᠵᠢᠩ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ            ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠯᠠᠭᠤ ᠪᠠᠭᠰᠢ ᠨᠠᠷ ᠡᠵᠡᠨ᠎ᠡ ᠬᠤᠰᠢᠭᠤᠨ ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠡᠶᠡᠴᠢᠯᠡᠨ ᠣᠶᠢᠯᠠᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠣᠳᠤᠯᠤᠨ ᠰᠤᠷᠤᠯᠴᠠᠬᠤ ᠠᠵᠢᠯᠯᠠᠭ᠎ᠠ ᠶᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠭᠦᠯᠵᠦ᠂ ᠪᠡᠭᠡᠵᠢᠩ ᠥᠪᠥᠷ ᠮᠣᠩᠭᠤᠯ ᠠᠴᠠ ᠢᠷᠡᠭᠰᠡᠨ 40 ᠭᠠᠷᠤᠢ ᠵᠠᠯᠠᠭᠤ ᠪᠠᠭᠰᠢ ᠡᠵᠡᠨ᠎ᠡ ᠬᠤᠰᠢᠭᠤᠨ ᠳᠤ ᠬᠦᠷᠴᠦ 6 ᠡᠳᠦᠷ ᠤᠨ ᠰᠤᠳᠤᠯᠤᠨ ᠰᠤᠷᠤᠯᠴᠠᠬᠤ ᠠᠶᠠᠯᠠᠯ ᠢᠶᠠᠨ ᠡᠬᠢᠯᠡᠭᠦᠯᠬᠦ ᠪᠣᠯᠤᠨ᠎ᠠ᠃      ᠡᠨᠡ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠠᠮᠲᠤ ᠳᠤ ᠪᠠᠨ ᠭᠤᠣᠯᠯᠠᠨ ᠡᠷᠬᠢᠯᠡᠵᠦ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾᠎ ᠶᠢᠨ ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠎ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠯᠠᠭᠤ ᠪᠠᠭᠰᠢ ᠶᠢᠨ ᠰᠤᠷᠤᠯᠴᠠᠵᠤ ᠰᠣᠯᠢᠯᠴᠠᠬᠤ ᠲᠠᠪᠴᠠᠩ ᠢ ᠢᠳᠡᠪᠬᠢᠲᠡᠢ ᠪᠠᠶᠢᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠯᠠᠭᠤ ᠪᠠᠭᠰᠢ ᠨᠠᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠵᠤ ᠡᠵᠡᠮᠰᠢᠬᠦ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾᠎ ᠪᠠᠨ ᠨᠠᠩ ᠪᠠᠲᠤᠳᠬᠠᠬᠤ ᠶᠢᠨ ᠲᠥᠯᠥᠭᠡ ᠶᠤᠮ᠃      ᠠᠵᠢᠯᠯᠠᠭᠠᠨ ᠤ ᠬᠤᠭᠤᠴᠠᠭᠠᠨ ᠳᠤ᠂ ᠵᠠᠯᠠᠭᠤ ᠪᠠᠭᠰᠢ ᠨᠠᠷ ᠡᠵᠡᠨ᠎ᠡ ᠬᠤᠰᠢᠭᠤᠨ ᠤ ︽ᠬᠠᠮᠤᠭ ᠤᠨ ᠭᠤᠶᠣ ᠮᠠᠯᠵᠢᠯ ᠤᠨ ᠲᠠᠯᠠᠪᠠᠢ ᠰᠠᠨᠰᠠᠷ ᠤᠨ ᠠᠶᠠᠯᠠᠯ ᠳᠤ ᠬᠤᠪᠢ ᠨᠡᠮᠡᠷᠢ ᠪᠠᠨ ᠦᠵᠡᠭᠦᠯᠦᠭᠰᠡᠨ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠡᠷᠭᠢᠴᠡᠭᠦᠯᠵᠦ᠂ ᠠᠬᠤᠢ ᠲᠠᠯᠠᠪᠠᠢ ᠳᠤ ︽ᠬᠤᠪᠢᠯᠭᠠᠨ ᠣᠩᠭᠤᠴᠠ ᠠᠷᠪᠠ ᠶᠢᠰᠦᠳᠦᠭᠡᠷ︾᠎ ᠤᠨ ᠬᠠᠷᠪᠤᠯᠲᠠ ᠶᠢ ᠰᠣᠨᠢᠷᠬᠠᠨ ᠦᠵᠡᠵᠦ᠂ ᠳ᠋ᠦᠩᠹᠧᠩ ᠰᠠᠨᠰᠠᠷ ᠤᠨ ᠬᠤᠲᠠ ᠳᠤ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠣᠶᠢᠯᠠᠭᠠᠭᠰᠠᠨ ᠪᠥᠭᠡᠳ ᠬᠠᠷ᠎ᠠ ᠬᠤᠲᠠ ᠶᠢᠨ ᠪᠠᠭᠤᠷᠢ᠂ ᠴᠡᠭᠡ ᠪᠣᠭᠤᠮᠲᠠ ᠶᠢ ᠲᠤᠬᠠᠢ ᠶᠢᠨ ᠭᠠᠵᠠᠷ ᠲᠤ ᠨᠢ ᠰᠤᠷᠪᠤᠯᠵᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠠᠨ ᠤ ᠭᠦᠨ ᠵᠤᠵᠠᠭᠠᠨ ᠲᠡᠦᠬᠡ ᠎ ᠶᠢ ᠣᠶᠢᠯᠠᠭᠠᠨ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠨᠠᠮ ᠤᠨ ᠤᠳᠤᠷᠢᠳᠤᠯᠭ᠎ᠠ ᠳᠣᠣᠷ᠎ᠠ ᠣᠯᠤᠭᠰᠠᠨ ᠬᠥᠭᠵᠢᠯᠲᠡ ᠶᠢᠨ ᠠᠮᠵᠢᠯᠲᠠ ᠶᠢ ᠭᠦᠨᠵᠡᠭᠡᠢ ᠣᠶᠢᠯᠠᠭᠠᠪᠠ᠃

1.webp.png

      ︽ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠢ ᠡᠬᠡ ᠤᠯᠤᠰ ᠤᠨ ᠬᠢᠯᠢ ᠬᠢᠵᠠᠭᠠᠷ ᠎ ᠤᠨ ᠡᠯᠡᠰᠦᠨ

ᠴᠥᠯ ᠤᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠲᠡᠦᠬᠡ ᠪᠠ ᠬᠤᠪᠢᠰᠬᠠᠯ ᠤᠨ ᠦᠯᠢᠭᠡᠷ ᠢ ᠪᠡᠶᠡᠴᠢᠯᠡᠨ

ᠣᠶᠢᠯᠠᠭᠠᠵᠤ ᠡᠵᠡᠮᠰᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠥᠮᠦᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠦᠵᠡᠵᠦ

ᠲᠥᠷᠦᠭᠳᠡᠭᠰᠡᠨ ᠢᠶᠠᠨ ᠵᠢᠭᠠᠨ ᠰᠤᠷᠭᠠᠯᠲᠠ ᠶᠢᠨ ᠠᠮᠢᠳᠤᠯᠢᠭ ᠬᠡᠷᠡᠭ ᠤᠨ ᠵᠢᠱᠢᠶ᠎ᠡ ᠪᠣᠯᠭᠠᠨ ᠬᠤᠪᠢᠷᠠᠭᠤᠯᠵᠤ᠂ ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠠᠭᠤᠰᠬᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ

ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠦᠨ᠎ᠡ︾ ᠭᠡᠵᠦ ᠪᠡᠭᠡᠵᠢᠩ ᠤᠨ

ᠵᠢᠩ ᠱᠠᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠯᠢᠦ ᠽᠢ ᠵᠢᠶᠠᠨ ᠶᠠᠷᠢᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号