ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠶᠡᠭᠡ ᠳᠡᠭᠡᠳᠦ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/5
      10 ᠳ᠋ᠤᠭᠠᠷ ᠰᠠᠷ᠎ᠠ ᠶᠢᠨ 31᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠲᠠᠢ ᠬᠠᠮᠲᠤᠷᠠᠨ ᠭᠤᠣᠯᠯᠠᠨ ᠡᠷᠬᠢᠯᠡᠭᠰᠡᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠬᠥᠬᠡᠬᠤᠲᠠ ᠶᠢᠨ ᠦᠨᠳᠦᠰᠦᠲᠡᠨ ᠎ ᠤ ᠳᠡᠭᠡᠳᠦ ᠰᠤᠷᠭᠠᠭᠤᠯᠢ ᠳᠤ ᠶᠠᠪᠤᠭᠳᠠᠭᠤᠯᠪᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠤ ᠲᠥᠯᠥᠭᠡᠯᠡᠭᠴᠢ ᠪᠠ ᠵᠢᠱᠢᠶᠡᠴᠢ ᠬᠠᠮᠲᠤ ᠨᠠᠶᠢᠲᠡ ᠶᠢᠨ ᠲᠥᠯᠥᠭᠡᠯᠡᠭᠴᠢ 6 ᠬᠥᠮᠦᠨ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠪᠠᠭᠰᠢ ᠰᠤᠷᠤᠭᠴᠢᠳ ᠢ ᠦᠯᠢᠭᠡᠷ ᠳᠠᠭᠤᠷᠢᠶᠠᠯ ᠤᠨ ᠬᠦᠴᠦᠨ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠢ ᠤᠷᠢᠶᠠᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠰᠠᠭᠤᠭ᠎ᠠ ᠡᠯ᠎ᠡ ᠶᠡᠭᠡ ᠳᠡᠭᠡᠳᠦ ᠰᠤᠷᠭᠠᠭᠤᠯᠢ ᠶᠢᠨ 600 ᠣᠷᠴᠢᠮ ᠪᠠᠭᠰᠢ ᠰᠤᠷᠤᠭᠴᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃   

1.webp.png

      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ

ᠵᠢᠱᠢᠶᠡᠴᠢ ᠬᠤᠪᠢ ᠬᠥᠮᠦᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ

ᠬᠤᠷᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ

ᠲᠥᠪ ᠤᠨ ᠡᠷᠬᠢᠯᠡᠭᠴᠢ ᠴᠢ ᠰᠢᠶᠣᠤ ᠵᠢᠩ ᠡᠯ᠎ᠡ ᠦᠨᠳᠦᠰᠦᠲᠡᠨ ᠤ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ

ᠨᠡᠮᠡᠭᠳᠡᠭᠦᠯᠦᠨ ᠪᠠᠶᠠᠵᠢᠭᠤᠯᠤᠭᠰᠠᠨ ᠥᠩᠭᠡᠷᠡᠯᠲᠡ ᠪᠠᠨ ᠬᠤᠪᠢᠶᠠᠯᠴᠠᠪᠠ︔ ᠪᠦᠬᠦ ᠤᠯᠤᠰ ᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠵᠢᠱᠢᠶᠡᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠣᠳᠤᠯᠭᠠᠨ ᠤ ᠲᠥᠪ ᠤᠨ ᠫᠷᠣᠹᠧᠰᠰᠤᠷ ᠾᠧ ᠱᠧᠩ ᠬᠠᠢ

︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢ ᠪᠠᠲᠤ ᠴᠣᠭᠴᠠᠯᠠᠬᠤ ᠳᠠᠭᠠᠭᠤᠯᠤᠭᠴᠢ

ᠪᠣᠯᠬᠤ ᠪᠠᠷ ᠡᠷᠡᠮᠡᠬᠡᠶᠢᠯᠡᠶ᠎ᠡ︾᠎ ᠪᠠᠷ ᠭᠤᠣᠯ ᠰᠡᠳᠦᠪ ᠪᠣᠯᠭᠠᠨ ᠤᠬᠠᠭᠤᠯᠤᠨ ᠲᠠᠶᠢᠯᠪᠤᠷᠢᠯᠠᠪᠠ᠃ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ

ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠤᠬᠠᠦ᠋ᠨᠳᠦᠷ ᠪᠠᠯᠭᠠᠰᠤᠨ ᠤ ᠲᠣᠮᠢᠯᠠᠭᠰᠠᠨ

ᠰᠠᠯᠪᠤᠷᠢ ᠶᠢᠨ ᠵᠢᠭᠠᠨ ᠵᠢᠯᠣᠭᠤᠳᠣᠭᠴᠢ ᠪᠤᠶᠠᠨᠳᠡᠯᠭᠡᠷ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ

ᠭᠦᠨᠵᠡᠭᠡᠶᠢᠷᠡᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠵᠦ᠂ ᠬᠢᠯᠢ ᠬᠢᠵᠠᠭᠠᠷ ᠣᠷᠣᠨ ᠤ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠪᠠ︔

ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠲᠠᠮᠰᠤᠭᠪᠤᠯᠠᠭ ᠰᠤᠮᠤ ᠶᠢᠨ ᠬᠢᠯᠢ ᠶᠢᠨ ᠲᠣᠮᠢᠯᠠᠭᠰᠠᠨ

ᠰᠠᠯᠪᠤᠷᠢ ᠶᠢᠨ ᠲᠤᠰᠠᠯᠠᠬᠤ ᠴᠠᠭᠳᠠᠭ᠎ᠠ ᠪᠦᠦ ᠴᠢᠦᠸᠡᠨ ᠲᠡᠭᠦᠨ ᠤ ᠡᠮᠡᠭᠡ᠂ ᠪᠦᠬᠦ ᠤᠯᠤᠰ ᠤᠨ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠮ᠎ᠠ ᠨᠠᠰᠤᠲᠠᠨ ᠤ ᠬᠡᠳᠦᠨ ᠠᠷᠪᠠᠨ ᠵᠢᠯ ᠨᠢᠭᠡ ᠯᠡ ᠬᠡᠪ ᠢᠶᠠᠷ ᠬᠢᠯᠢ

ᠬᠢᠵᠠᠭᠠᠷ ᠢ ᠰᠠᠬᠢᠵᠤ ᠪᠠᠶᠢᠭ᠎ᠠ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠪᠠ︔ ᠪᠦᠬᠦ

ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠶᠢᠨ ᠲᠥᠯᠥᠭᠡᠯᠡᠭᠴᠢ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ

ᠳᠠᠷᠤᠭ᠎ᠠ ᠵᠣᠣ ᠶᠥᠩ ᠭᠤᠸᠠᠩ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ

ᠨᠡᠶᠢᠲᠡ ᠶᠢᠨ ᠲᠥᠯᠥᠭᠡᠯᠡᠭᠴᠢ᠂ ᠣᠷᠳᠣᠰ ᠬᠤᠲᠠ ᠶᠢᠨ ᠦᠦᠰᠢᠨ ᠬᠤᠰᠢᠭᠤᠨ ᠤ ᠨᠣᠭᠤᠭᠠᠷᠠᠭᠤᠯᠤᠯᠲᠠ ᠶᠢᠨ

ᠵᠥᠪᠯᠡᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠸᠠᠩ ᠶᠢᠨ ᠢᠦᠢ᠂ ᠨᠠᠮ ᠤᠨ ᠠᠷᠪᠠᠨ

ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠦᠦᠰᠢᠨ ᠬᠤᠰᠢᠭᠤᠨ ᠤ ᠣᠶᠢᠵᠢᠭᠤᠯᠵᠤ ᠨᠣᠭᠤᠭᠠᠷᠠᠭᠤᠯᠬᠤ ᠳᠤ

ᠣᠯᠤᠭᠰᠠᠨ ᠠᠮᠵᠢᠯᠲᠠ ᠪᠦᠲᠦᠮᠵᠢ ᠪᠠ ᠲᠤᠷᠰᠢᠯᠭ᠎ᠠ ᠶᠢ ᠬᠤᠪᠢᠶᠠᠯᠴᠠᠪᠠ᠃

2.webp.png

            ᠴᠢ ᠰᠢᠶᠣᠤ ᠵᠢᠩ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭ᠎ᠠ ᠨᠢ

3.webp.png

            ᠾᠧ ᠱᠧᠩ ᠬᠠᠢ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭ᠎ᠠ ᠨᠢ

4.webp.png

            ᠪᠤᠶᠠᠨᠳᠡᠯᠭᠡᠷ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭ᠎ᠠ ᠨᠢ

5.webp.png

            ᠪᠦᠦ ᠴᠢᠦᠸᠡᠨ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭ᠎ᠠ ᠨᠢ

6.webp.png

            ᠵᠤᠤ ᠶᠥᠩ ᠭᠤᠸᠠᠩ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭ᠎ᠠ ᠨᠢ

7.webp.png

            ᠸᠠᠩ ᠶᠢᠨ ᠢᠦᠢ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭ᠎ᠠ ᠨᠢ

        

      ᠡᠨᠡ ᠤᠳᠠᠭ᠎ᠠ ᠶᠢᠨ ᠠᠵᠢᠯᠯᠠᠭ᠎ᠠ ᠶᠢᠨ ᠵᠣᠷᠢᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠦᠬᠦ

ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ

ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠢᠱᠢᠶᠡᠴᠢ ᠶᠢᠨ ᠨᠡᠶᠢᠲᠡᠯᠢᠭ

ᠬᠡᠷᠡᠭ ᠤᠨ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠬᠦ ᠤᠯᠤᠰ ᠤᠨ

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠤ

ᠦᠢᠯᠡ ᠠᠵᠢᠯᠯᠠᠭ᠎ᠠ ᠪᠠ ᠬᠤᠪᠢ ᠨᠡᠮᠡᠷᠢ ᠶᠢ ᠶᠡᠭᠡ ᠪᠠᠷ ᠤᠬᠠᠭᠤᠯᠵᠤ᠂ ᠰᠢᠨ᠎ᠡ ᠴᠠᠭ ᠦᠶ᠎ᠡ ᠶᠢᠨ ᠥᠪᠥᠷ

ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠠᠮᠢᠳᠤᠯᠢᠭ ᠎ ᠢᠶᠠᠷ ᠰᠠᠶᠢᠲᠤᠷ ᠶᠠᠷᠢᠵᠤ᠂

ᠶᠡᠭᠡ ᠳᠡᠭᠡᠳᠦ ᠰᠤᠷᠭᠠᠭᠤᠯᠢ ᠶᠢᠨ ᠦᠨᠳᠦᠰᠦᠲᠡᠨ ᠨᠦᠭᠦᠳ ᠤᠨ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ

ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ

ᠡᠪ ᠬᠠᠮᠲᠤ ᠨᠠᠮ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶ᠎ᠡ ᠪᠠᠷ

ᠮᠡᠳᠡᠷᠡᠬᠦ ᠶᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ ᠶᠤᠮ᠃

 

8.webp.png

  

9.webp.png

      ︽6 ᠪᠠᠭᠰᠢ ᠠᠮᠢᠳᠤ ᠰᠣᠷᠭᠤᠭ ᠬᠡᠷᠡᠭ ᠤᠨ ᠵᠢᠱᠢᠶ᠎ᠡ ᠪᠠ ᠥᠪᠡᠷ ᠪᠡᠶ᠎ᠡ ᠶᠢᠨ ᠥᠩᠭᠡᠷᠡᠭᠡᠯᠲᠡ ᠪᠠᠷ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ         

ᠪᠠᠶᠠᠯᠢᠭ ᠠᠭᠤᠯᠤᠭᠳᠠᠬᠤᠨ᠂ ᠴᠠᠭ ᠦᠶ᠎ᠡ ᠶᠢᠨ ᠦᠨ᠎ᠡ ᠥᠷᠲᠡᠭ ᠪᠠ ᠴᠢᠬᠤᠯᠠ ᠶᠡᠭᠡ ᠠᠴᠢ ᠬᠤᠯᠪᠣᠭᠳᠠᠯ ᠤᠨ

ᠲᠤᠬᠠᠢ ᠮᠠᠰᠢ ᠭᠦᠨ ᠭᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃ ᠰᠤᠷᠤᠭᠴᠢ ᠪᠣᠯᠤᠭᠰᠠᠨ ᠤ ᠬᠤᠪᠢ ᠳᠤ᠂ ᠮᠠᠨ ᠤ

ᠦᠨᠳᠦᠰᠦᠲᠡᠨ ᠨᠦᠭᠦᠳ ᠤᠨ ᠰᠤᠷᠤᠭᠴᠢᠳ ᠬᠠᠷᠢᠯᠴᠠᠨ ᠬᠠᠪᠰᠤᠷᠴᠤ᠂ ᠪᠦᠯᠬᠦᠮᠳᠡᠨ ᠨᠢᠭᠲᠠᠷᠠᠵᠤ᠂ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠵᠢᠱᠢᠶᠡᠴᠢ ᠠᠴᠠ ᠢᠳᠡᠪᠬᠢᠲᠡᠢ ᠰᠤᠷᠤᠯᠴᠠᠵᠤ᠂ ᠰᠤᠷᠤᠯᠴᠠᠬᠤ ᠪᠠ ᠦᠢᠯᠡᠳᠦᠯᠭᠡᠵᠢᠭᠦᠯᠬᠦ

ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢ ᠤᠯᠠᠮ ᠨᠢᠭᠡ ᠠᠯᠬᠤᠮ

ᠪᠠᠲᠤ ᠴᠣᠭᠴᠠᠯᠠᠵᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ ᠬᠡᠷᠡᠭᠲᠡᠢ︾ ᠭᠡᠵᠦ

ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠎ ᠶᠢᠨ ᠰᠤᠷᠤᠭᠴᠢ ᠸᠠᠩ ᡁᠢ ᠾᠦᠢ ᠶᠠᠷᠢᠪᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号