2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠶᠢᠨ ᠰᠢᠯᠢᠳᠡᠭᠴᠦᠦᠯ ᠤᠨ ᠤᠷᠤᠯᠳᠤᠭᠠᠨ ᠥᠨᠳᠥᠷᠯᠡᠪᠡ
ᠨᠡᠶᠢᠲᠡᠯᠡᠭᠰᠡᠨ ᠴᠠᠭ᠄
2024/11/5
      10 ᠳ᠋ᠤᠭᠠᠷ ᠰᠠᠷ᠎ᠠ ᠶᠢᠨ 26᠎ - 31᠎ ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠶᠢᠨ ᠰᠢᠯᠢᠳᠡᠭᠴᠦᠦᠯ ᠤᠨ ᠤᠷᠤᠯᠳᠤᠭᠠᠨ ᠣᠷᠳᠣᠰ ᠬᠤᠲᠠ ᠳᠤ           ᠶᠠᠪᠤᠭᠳᠠᠪᠠ᠃ ᠡᠨᠡ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 30 ᠠᠩᠭᠢ ᠶᠢᠨ 584 ᠪᠢᠴᠢᠬᠠᠨ ᠬᠥᠯ ᠪᠥᠮᠪᠦᠭᠡᠴᠢᠨ ᠣᠷᠣᠯᠴᠠᠵᠠᠢ᠃

1.webp.png

      ᠡᠨᠡ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ

ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ

ᠨᠡᠶᠢᠭᠡᠮᠯᠢᠭ ᠬᠡᠷᠡᠭᠵᠢᠭᠦᠯᠦᠨ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ

ᠳᠠᠭᠠᠭᠠᠴᠢᠯᠠᠨ ᠡᠷᠬᠢᠯᠡᠵᠦ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠭᠦᠯᠦᠯᠲᠡ ᠶᠢᠨ

ᠲᠥᠪ ᠬᠠᠮᠵᠢᠯᠴᠠᠨ ᠡᠷᠬᠢᠯᠡᠪᠡ᠃ 6 ᠡᠳᠦᠷ ᠤᠨ 85 ᠲᠠᠯᠠᠪᠤᠷ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂

ᠬᠥᠯ ᠪᠥᠮᠪᠦᠭᠡ ᠶᠢᠨ ᠪᠠᠭᠤᠴᠠ ᠶᠢᠨ ᠪᠢᠴᠢᠬᠠᠨ ᠪᠥᠮᠪᠦᠭᠡᠴᠢᠳ ᠡᠷᠡᠰ ᠬᠠᠲᠠᠭᠤ ᠵᠣᠷᠢᠭ ᠢᠶᠠᠷ ᠮᠥᠷᠦᠶᠢᠴᠡᠭᠡᠨ ᠪᠠ

ᠨᠥᠬᠦᠷᠯᠡᠯ ᠤᠨ ᠳᠤᠮᠳᠠ ᠬᠥᠯ ᠪᠥᠮᠪᠦᠭᠡ ᠶᠢᠨ ᠷᠢᠳᠢ ᠰᠢᠳᠢ ᠶᠢ ᠭᠠᠶᠢᠬᠠᠭᠤᠯᠵᠤ᠂ ᠰᠥᠰᠥ ᠵᠣᠷᠢᠭ ᠪᠠ ᠤᠷ᠎ᠠ

ᠮᠡᠷᠭᠡᠵᠢᠯ ᠢᠶᠠᠷ ᠢᠯᠠᠯᠲᠠ ᠶᠢ ᠲᠡᠮᠡᠴᠡᠨ ᠣᠯᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠬᠥᠯ

ᠪᠥᠮᠪᠦᠭᠡ ᠶᠢᠨ ᠬᠡᠪ ᠪᠣᠯᠪᠠᠰᠤᠷᠠᠯ ᠪᠠ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ ᠡᠴᠦᠰ ᠲᠤ᠂

ᠣᠷᠳᠣᠰ ᠬᠤᠲᠠ ᠶᠢᠨ ᠳᠠᠯᠠᠳ ᠬᠤᠰᠢᠭᠤᠨ ᠤ ᠲᠥᠯᠥᠭᠡᠯᠡᠭᠴᠢᠳ ᠤᠨ ᠠᠩᠭᠢ᠂ ᠬᠥᠬᠡᠬᠤᠲᠠ ᠶᠢᠨ ᠰᠢᠨ᠎ᠡ ᠬᠤᠲᠠ

ᠲᠣᠭᠤᠷᠢᠭ ᠤᠨ ᠲᠥᠯᠥᠭᠡᠯᠡᠭᠴᠢᠳ ᠤᠨ ᠠᠩᠭᠢ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ

ᠲᠥᠯᠥᠭᠡᠯᠡᠭᠴᠢᠳ ᠤᠨ ᠠᠩᠭᠢ ᠲᠤᠰ ᠲᠤᠰ ᠡᠮᠡᠭᠲᠡᠢ ᠶᠢᠨ ᠳᠤᠭᠤᠶᠢᠯᠠᠩ ᠤᠨ ᠨᠢᠭᠡᠳᠦᠭᠡᠷ᠂ ᠬᠤᠶᠠᠳᠤᠭᠠᠷ᠂

ᠭᠤᠳᠠᠭᠠᠷ ᠲᠤ ᠲᠣᠳᠤᠷᠠᠪᠠ︔ ᠣᠷᠳᠣᠰ ᠬᠤᠲᠠ ᠶᠢᠨ ᠳᠠᠯᠠᠳ ᠬᠤᠰᠢᠭᠤᠨ ᠤ ᠲᠥᠯᠥᠭᠡᠯᠡᠭᠴᠢᠳ ᠤᠨ ᠠᠩᠭᠢ᠂

ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠠᠩᠭᠢ᠂ ᠬᠥᠬᠡᠬᠤᠲᠠ ᠶᠢᠨ ᠰᠠᠶᠢᠬᠠᠨ

ᠲᠣᠭᠤᠷᠢᠭ ᠤᠨ ᠲᠥᠯᠥᠭᠡᠯᠡᠭᠴᠢᠳ ᠤᠨ ᠠᠩᠭᠢ ᠲᠤᠰ ᠲᠤᠰ ᠡᠷᠡᠭᠲᠡᠢ ᠶᠢᠨ ᠳᠤᠭᠤᠶᠢᠯᠠᠩ ᠤᠨ ᠨᠢᠭᠡᠳᠦᠭᠡᠷ᠂

ᠬᠤᠶᠠᠳᠤᠭᠠᠷ᠂ ᠭᠤᠲᠠᠭᠠᠷ ᠲᠤ ᠲᠣᠳᠤᠷᠠᠪᠠ᠃

2.webp.png

3.webp.png

      ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠰᠣᠶᠣᠯ ᠢ ᠪᠣᠶᠢᠵᠢᠭᠤᠯᠵᠤ᠂

ᠣᠷᠣᠨ ᠪᠦᠰᠡ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠤᠯᠳᠤᠨ ᠬᠥᠳᠡᠯᠦᠯᠴᠡᠬᠦ

ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ

ᠴᠢᠳᠠᠪᠤᠷᠢᠲᠠᠨ ᠢ ᠬᠥᠮᠦᠵᠢᠭᠦᠯᠬᠦ ᠳᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠦᠭᠡ᠂ ᠮᠠᠨ ᠤ

ᠣᠷᠣᠨ ᠤᠯᠤᠰ ᠤᠨ ᠳᠡᠰ ᠤᠨ ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠪᠠᠷ

ᠬᠥᠲᠦᠯᠦᠮᠵᠢ ᠪᠣᠯᠭᠠᠨ᠂ 12 ᠠᠶᠢᠮᠠᠭ ᠬᠤᠲᠠ ᠶᠢ ᠬᠠᠮᠤᠷᠤᠭᠰᠠᠨ ᠥᠪᠡᠷᠲᠡᠭᠡᠨ ᠵᠠᠰᠠᠬᠤ ᠣᠷᠣᠨ ᠤ ᠳᠡᠰ ᠤᠨ

︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠶᠢ ᠰᠦᠪᠡᠭᠴᠢᠯᠡᠨ ᠪᠠᠶᠢᠭᠤᠯᠵᠤ᠂ ᠡᠨᠡ

ᠵᠢᠯ ᠠᠩᠬ᠎ᠠ ᠤᠳᠠᠭ᠎ᠠ ︽ᠣᠭᠲᠠᠷᠭᠤᠢ ᠳᠦᠭᠦᠷᠡᠩ ᠣᠳᠣᠨ ᠮᠡᠴᠢᠳ︾᠎  ᠪᠣᠯᠪᠠᠰᠤᠷᠠᠯ ᠤᠨ ᠪᠠᠭᠤᠴᠠ ᠶᠢᠨ

ᠰᠢᠯᠢᠳᠡᠭᠴᠦᠦᠯ ᠤᠨ ᠤᠷᠤᠯᠳᠤᠭᠠᠨ ᠢ ᠡᠷᠬᠢᠯᠡᠭᠰᠡᠨ ᠪᠠᠶᠢᠨ᠎ᠠ᠃ ᠣᠶᠢᠷ᠎ᠠ ᠶᠢᠨ ᠵᠢᠯ᠂ ᠮᠠᠨ ᠤ ᠣᠷᠣᠨ ᠰᠤᠷᠭᠠᠭᠤᠯᠢ

᠎ ᠶᠢᠨ ᠬᠦᠷᠢᠶᠡᠨ ᠤ ᠬᠥᠯ ᠪᠥᠮᠪᠦᠭᠡ ᠶᠢᠨ ᠰᠢᠷᠢᠰ ᠤᠷᠤᠯᠳᠤᠭᠠᠨ ᠪᠠ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂

ᠤᠷᠤᠯᠳᠤᠭᠠᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ 2023-2024 ᠣᠨ ᠤ ᠪᠦᠬᠦ

ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ

ᠤᠷᠤᠯᠳᠤᠭᠠᠨ ᠤ ᠣᠯᠠᠨ ᠳᠤᠭᠤᠶᠢᠯᠠᠩ ᠤᠷᠤᠯᠳᠤᠭᠠᠨ ᠳᠤ ᠲᠣᠪᠤᠶᠢᠮ᠎ᠠ ᠠᠮᠵᠢᠯᠲᠠ ᠣᠯᠵᠤ᠂ ᠲᠡᠦᠬᠡ ᠶᠢᠨ

ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠬᠤᠶᠢᠰᠢᠳᠠ᠂ ᠮᠠᠨ ᠤ ᠣᠷᠣᠨ ︽ᠵᠢᠭᠠᠵᠤ ᠰᠤᠷᠭᠠᠬᠤ᠂

ᠰᠢᠷᠭᠠᠭᠤ ᠪᠣᠯᠪᠠᠰᠤᠷᠠᠬᠤ᠂ ᠪᠠᠶᠢᠩᠭᠤ ᠤᠷᠤᠯᠳᠤᠬᠤ︾ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ ᠬᠦᠯ

ᠪᠥᠮᠪᠦᠭᠡ ᠶᠢᠨ ᠬᠥᠮᠦᠨ ᠬᠥᠮᠦᠵᠢᠭᠦᠯᠬᠦ ᠴᠢᠳᠠᠮᠵᠢ ᠶᠢ ᠢᠳᠡᠪᠬᠢᠲᠡᠢ ᠪᠠᠳᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡ ᠶᠢ ᠥᠷᠭᠡᠨ ᠎ ᠢᠶᠠᠷ ᠲᠦᠭᠡᠮᠡᠯᠵᠢᠭᠦᠯᠬᠦ ᠪᠠ ᠡᠷᠡᠭᠦᠯ ᠢᠶᠠᠷ ᠬᠥᠭᠵᠢᠭᠦᠯᠬᠦ ᠶᠢ ᠤᠯᠠᠮ ᠨᠢᠭᠡ ᠠᠯᠬᠤᠮ

ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号