ᠬᠤᠯᠪᠤᠭᠠᠯᠠᠨ ᠲᠥᠪᠯᠡᠷᠡᠭᠦᠯᠦᠨ ᠪᠣᠯᠪᠠᠰᠤᠷᠠᠭᠤᠯᠵᠤ ᠤᠯᠤᠰ ᠤᠨ ᠣᠶᠤᠨᠴᠢ ᠲᠠᠪᠴᠠᠩ ᠤᠨ ᠬᠡᠷᠡᠭᠯᠡᠯᠲᠡ ᠶᠢ ᠠᠬᠢᠭᠤᠯᠤᠨᠠᠮ — ᠥᠪᠥᠷ ᠮᠣᠩᠭᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠥᠬᠦ  ᠴᠠᠷᠠᠭᠠᠨ ᠳᠤ ᠬᠡᠷᠡᠭᠯᠡᠬᠦ ᠶᠢ ᠲᠣᠭᠤᠷᠢᠨ ᠵᠢᠯᠣᠭᠤᠳᠬᠤ ᠭᠤᠷᠪᠠᠨ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/11/8
      ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠥᠪᠥᠷ ᠮᠣᠩᠭᠤᠯ ᠪᠦᠬᠦ ᠴᠠᠷᠠᠭᠠᠨ ᠳᠤ ᠬᠡᠷᠡᠭᠯᠡᠬᠦ ᠲᠤᠷᠰᠢᠯᠲᠠ ᠶᠢᠨ ᠴᠡᠭ ᠤᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠪᠠᠭᠰᠢ ᠶᠢᠨ ᠲᠣᠭᠠᠵᠢᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠲᠣᠭᠠᠵᠢᠭᠰᠠᠨ ᠮᠡᠷᠭᠡᠵᠢᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠭ᠎ᠠ ᠶᠢ ᠳᠡᠮᠵᠢᠬᠦ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠭᠦᠨ ᠳᠤᠮᠳᠠ ᠪᠠᠷᠠᠭᠤᠨ ᠭᠤᠷᠪᠠᠨ ᠬᠡᠰᠡᠭ ᠬᠤᠪᠢᠶᠠᠨ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠥᠬᠦ ᠴᠠᠷᠠᠭᠠᠨ ᠳᠤ ᠬᠡᠷᠡᠭᠯᠡᠬᠦ ᠶᠢ ᠲᠣᠭᠤᠷᠢᠨ ᠵᠢᠯᠣᠭᠤᠳᠬᠤ ᠪᠣᠯᠪᠠᠰᠤᠷᠠᠯ ᠤᠨ ᠠᠩᠭᠢ ᠶᠢ ᠡᠷᠬᠢᠯᠡᠪᠡ᠃   

1.webp.png

      ᠡᠨᠡ ᠤᠳᠠᠭ᠎ᠠ ᠶᠢᠨ ᠲᠣᠭᠤᠷᠢᠨ ᠵᠢᠯᠣᠭᠤᠳᠬᠤ ᠳᠤ ᠰᠤᠷᠭᠠᠨ ᠬᠥᠮᠦᠵᠢᠯ ᠤᠨ ᠶᠠᠮᠤᠨ ᠤ ᠰᠤᠷᠭᠠᠨ

ᠬᠥᠮᠦᠵᠢᠯ ᠤᠨ ᠮᠡᠷᠭᠡᠵᠢᠯ ᠪᠣᠯᠤᠨ ᠡᠬᠢ ᠪᠠᠶᠠᠯᠢᠭ ᠤᠨ ᠬᠥᠭᠵᠢᠭᠦᠯᠦᠯᠲᠡ ᠶᠢᠨ ᠲᠥᠪ ︵ᠴᠠᠬᠢᠯᠭᠠᠨᠵᠢᠭᠤᠯᠤᠭᠰᠠᠨ ᠵᠢᠭᠠᠨ

ᠰᠤᠷᠭᠠᠯᠲᠠ ᠶᠢᠨ ᠣᠷᠳᠣᠨ︶᠎ ᠤᠨ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠣᠨᠤᠭᠯᠠᠯ ᠮᠡᠷᠭᠡᠵᠢᠯ ᠤᠨ ᠲᠥᠪ ︵ᠴᠠᠬᠢᠯᠭᠠᠨᠵᠢᠭᠤᠯᠤᠭᠰᠠᠨ ᠵᠢᠭᠠᠨ ᠰᠤᠷᠭᠠᠯᠲᠠ ᠶᠢᠨ ᠣᠷᠳᠣᠨ︶᠎ ᠤᠨ ᠤᠯᠤᠰ ᠤᠨ

ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠬᠡᠷᠡᠭᠯᠡᠯᠲᠡ ᠶᠢᠨ

ᠬᠠᠷᠢᠭᠤᠴᠠᠯᠭᠠᠲᠠᠨ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ

ᠲᠠᠪᠴᠠᠩ ᠤᠨ ᠬᠡᠷᠡᠭᠯᠡᠯᠲᠡ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠨ ᠵᠢᠯᠣᠭᠤᠳᠬᠤ ᠪᠠᠭᠰᠢ ᠶᠢ ᠤᠷᠢᠨ᠂ ᠲᠤᠰ

ᠲᠤᠰ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠨᠣᠮ ᠤᠩᠰᠢᠬᠤ ᠲᠠᠪᠴᠠᠩ ᠪᠣᠯᠤᠨ ᠳᠤᠮᠳᠠᠳᠤ ᠤᠯᠤᠰ ᠤᠨ

ᠦᠭᠡ ᠬᠡᠯᠡ ᠦᠰᠦᠭ ᠪᠢᠴᠢᠭ ᠤᠨ ᠲᠣᠭᠠᠵᠢᠭᠰᠠᠨ ᠮᠦᠽᠧᠢ ᠶᠢᠨ ᠬᠡᠷᠡᠭᠯᠡᠯᠲᠡ᠂ ᠤᠯᠤᠰ ᠤᠨ ᠳᠤᠮᠳᠠᠳᠤ ᠪᠠᠭ᠎ᠠ

ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠰᠢᠯᠢᠳᠡᠭ ᠬᠡᠷᠡᠭ ᠤᠨ ᠵᠢᠱᠢᠶ᠎ᠡ ᠶᠢ

ᠴᠤᠭᠯᠠᠭᠤᠯᠬᠤ ᠠᠵᠢᠯᠯᠠᠭ᠎ᠠ᠂ ︽ᠭᠤᠷᠪᠠᠨ ᠬᠢᠴᠢᠶᠡᠯ ᠤᠨ ᠲᠠᠩᠬᠢᠮ︾᠎ ᠤᠨ ᠬᠢᠴᠢᠶᠡᠯ ᠤᠨ ᠳᠠᠷᠠᠭᠠᠬᠢ

ᠦᠢᠯᠡᠴᠢᠯᠡᠭᠡᠨ ᠤ ᠠᠵᠢᠯᠯᠠᠭ᠎ᠠ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ 

᠎ ᠤᠨ ᠲᠠᠪᠴᠠᠩ ᠤᠨ ᠰᠢᠨ᠎ᠡ ᠴᠢᠳᠠᠮᠵᠢ ᠪᠠ ᠰᠢᠨ᠎ᠡ ᠬᠡᠷᠡᠭᠯᠡᠭᠡᠨ ᠤ ᠪᠠᠶᠢᠳᠠᠯ ᠵᠡᠷᠭᠡ ᠠᠭᠤᠯᠭ᠎ᠠ ᠶᠢᠨ ᠲᠣᠭᠤᠷᠢᠨ ᠳᠤ

ᠪᠣᠯᠪᠠᠰᠤᠷᠠᠯ ᠥᠷᠨᠢᠭᠦᠯᠪᠡ᠃ ᠠᠶᠢᠮᠠᠭ ᠬᠤᠲᠠ ᠶᠢᠨ ᠭᠤᠣᠯᠯᠠᠭᠴᠢ ᠪᠠᠭᠰᠢ ᠨᠠᠷ ᠰᠢᠯᠢᠳᠡᠭ ᠬᠡᠷᠡᠭᠯᠡᠭᠡᠨ ᠤ ᠵᠢᠱᠢᠶ᠎ᠡ

︵ᠬᠢᠴᠢᠶᠡᠯ ᠤᠨ ᠵᠢᠱᠢᠶ᠎ᠡ︶᠎ ᠶᠢ ᠬᠤᠪᠢᠶᠠᠯᠴᠠᠨ ᠰᠣᠯᠢᠯᠴᠠᠵᠤ᠂ ᠡᠨᠡ ᠤᠳᠠᠭ᠎ᠠ ᠶᠢᠨ ᠲᠣᠭᠤᠷᠢᠨ ᠵᠢᠯᠣᠭᠤᠳᠬᠤ

ᠪᠣᠯᠪᠠᠰᠤᠷᠠᠯ ᠡᠯ᠎ᠡ ᠭᠠᠵᠠᠷ ᠤᠨ ᠡᠯ᠎ᠡ ᠰᠤᠷᠭᠠᠭᠤᠯᠢ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ

ᠰᠤᠷᠭᠠᠨ ᠬᠥᠮᠦᠵᠢᠯ ᠤᠨ ᠲᠠᠪᠴᠠᠩ ᠢ ᠤᠯᠠᠮ ᠨᠢᠭᠡ ᠠᠯᠬᠤᠮ ᠣᠶᠢᠯᠠᠭᠠᠬᠤ ᠶᠢ ᠠᠬᠢᠭᠤᠯᠵᠤ᠂ ᠲᠠᠪᠴᠠᠩ ᠤᠨ ᠡᠬᠢ

ᠪᠠᠶᠠᠯᠢᠭ ᠪᠠ ᠴᠢᠳᠠᠮᠵᠢ ᠶᠢ ᠭᠦᠢᠴᠡᠳ ᠠᠰᠢᠭᠯᠠᠨ᠂ ᠵᠢᠭᠠᠨ ᠰᠤᠷᠭᠠᠯᠲᠠ ᠶᠢᠨ ᠠᠷᠭ᠎ᠠ ᠶᠢᠨ ᠲᠠᠯ᠎ᠠ ᠪᠠᠷ ᠲᠠᠰᠤᠷᠠᠯᠲᠠ

ᠥᠬᠡᠶ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠰᠤᠷᠤᠭᠴᠢᠳ ᠤᠨ

ᠥᠪᠡᠷᠮᠢᠴᠡ ᠬᠥᠭᠵᠢᠯᠲᠡ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ

ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠡ᠃

   

2.webp.png

     ᠡᠯ᠎ᠡ ᠬᠤᠪᠢᠠᠶ᠋ᠷᠢ ᠬᠡᠰᠡᠭ ᠠᠴᠠ ᠢᠷᠡᠭᠰᠡᠨ ᠤᠯᠤᠰ ᠤᠨ ᠲᠠᠪᠴᠠᠩ ᠤᠨ ᠬᠡᠷᠡᠭᠯᠡᠯᠲᠡ ᠶᠢᠨ ᠬᠠᠮᠢᠶ᠎ᠠ ᠪᠦᠬᠦᠢ

ᠬᠠᠷᠢᠭᠤᠴᠠᠯᠭᠠᠲᠠᠨ᠂ ᠵᠢᠯᠣᠭᠤᠳᠬᠤ ᠪᠦᠯᠬᠦᠮ ᠤᠨ ᠭᠤᠣᠯᠯᠠᠭᠴᠢ ᠪᠠᠭᠰᠢ ᠶᠢᠨ ᠲᠥᠯᠥᠭᠡᠯᠡᠭᠴᠢ ᠵᠡᠷᠭᠡ 300 ᠭᠠᠷᠤᠢ

ᠬᠥᠮᠦᠨ ᠪᠣᠯᠪᠠᠰᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号