ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠥᠷᠭᠡᠨ ᠣᠯᠠᠨ ᠪᠠᠭᠰᠢ ᠰᠤᠷᠤᠭᠴᠢ ᠶᠢ ᠳᠠᠶᠢᠴᠢᠯᠠᠨ ︽ᠬᠤᠪᠢᠰᠬᠠᠯ ᠤᠨ ᠰᠣᠶᠤᠯ ᠤᠨ ᠬᠥᠮᠥᠵᠢᠯ ᠤᠨ ᠰᠠᠭᠤᠷᠢᠨ | ᠭᠠᠵᠠᠷ ᠢ ᠲᠣᠭᠤᠷᠢᠨ ᠰᠤᠷᠤᠯᠴᠠᠵᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠥᠭᠵᠢᠶᠡᠨ ᠲᠠᠢ | ᠪᠣᠯᠭᠠᠨᠠᠮ︾ ᠭᠡᠬᠦ ᠠᠵᠢᠯᠯᠠᠭ᠎ᠠ ᠶᠢ ᠣᠯᠠᠨ ᠶᠠᠩᠵᠤ ᠪᠠᠷ ᠥᠷᠨᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠵᠠᠮ ᠢᠶᠠᠷ ᠳᠠᠬᠢᠨ ᠵᠠᠮᠨᠠᠬᠤ ᠪᠠᠷ ᠳᠠᠮᠵᠢᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠥᠪᠥᠷ | ᠮᠣᠩᠭᠤᠯ ᠳᠠᠬᠢ ᠠᠮᠢᠳᠤᠯᠢᠭ ᠦᠢᠯᠡᠳᠦᠯᠭᠡ ᠶᠢ ᠪᠡᠶᠡᠴᠢᠯᠡᠨ ᠣᠶᠢᠯᠠᠭᠠᠵᠤ᠂ ᠪᠦᠬᠦ ᠣᠷᠣᠨ ᠤ ᠶᠡᠭᠡ ᠳᠡᠭᠡᠳᠦ | ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ᠂ ᠪᠣᠳᠠᠲᠤ | ᠪᠠᠶᠢᠳᠠᠯ ᠲᠠᠢ ᠤᠶᠠᠯᠳᠤᠭᠤᠯᠤᠭᠰᠠᠨ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠠᠴᠠ ᠬᠥᠮᠦᠵᠢᠯ | ᠭᠦᠷᠲᠡᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠬᠤᠪᠢ ᠨᠡᠮᠡᠷᠢ ᠦᠵᠡᠭᠦᠯᠵᠦ᠂ ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︽ᠬᠤᠶᠠᠷ ᠶᠡᠭᠡ ᠶᠠᠪᠤᠳᠠᠯ︾ ᠢ ᠴᠢᠷᠮᠠᠶᠢᠨ ᠪᠡᠶᠡᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠪᠡ︕ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ︽ᠶᠡᠷᠦᠩᠬᠡᠢ ᠱᠦᠵᠢ ᠶᠢᠨ | ᠤᠯᠠ ᠮᠥᠷ ᠢ ᠬᠠᠶᠢᠵᠤ ᠰᠢᠨ᠎ᠡ ᠴᠠᠭ ᠦᠶ᠎ᠡ ᠶᠢᠨ ᠥᠪᠥᠷ ᠮᠣᠩᠭᠤᠯ ᠢ ᠣᠶᠢᠯᠠᠭᠠᠬᠤ ᠨᠢ︾ ᠭᠡᠬᠦ ᠰᠢᠷᠢᠰ ᠦᠵᠡᠯ | ᠰᠠᠨᠠᠭ᠎ᠠ ᠤᠯᠤᠰ ᠲᠥᠷᠦ ᠶᠢᠨ ᠬᠢᠴᠢᠶᠡᠯ ᠤᠨ ᠦᠷᠭᠦᠯᠵᠢᠯᠡᠯ — ᠰᠢᠯᠢ ᠶᠢᠨ ᠭᠤᠣᠯ ᠠᠶᠢᠮᠠᠭ᠂ ᠬᠤᠶᠠᠳᠤᠭᠠᠷ | ᠪᠥᠯᠦᠭ ︽ᠠᠷᠠᠳ ᠤᠨ ᠲᠥᠯᠦᠭᠡ ᠠᠷᠠᠳ ᠲᠤ ᠳᠥᠭᠦᠮ ᠦᠵᠡᠭᠦᠯᠵᠦ ᠠᠷᠠᠳ ᠢ ᠠᠮᠤᠷᠵᠢᠭᠤᠯᠤᠶ᠎ᠠ ᠠᠢ ᠮᠢᠨ | ᠨᠡᠶᠢᠭᠡᠮ ᠲᠣᠭᠤᠷᠢᠭ ︿ᠬᠠᠮᠤᠭ ᠡᠴᠦᠰ ᠤᠨ ᠨᠢᠭᠡ ᠺᠢᠯᠤᠮᠧᠲᠷ﹀ ᠢ ᠨᠡᠪᠲᠡᠷᠡᠭᠦᠯᠪᠡ︾ ᠶᠢ ᠨᠡᠶᠢᠲᠡᠯᠡᠪᠡ᠃ | | | | | ︽ᠲᠥᠷᠥ ᠬᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ ᠬᠦᠷᠦᠨ︾ ᠮᠥᠨ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠬᠠᠮᠢᠭ᠎ᠠ ᠪᠠᠶᠢᠭᠰᠠᠨ ᠴᠤ | ︽ᠠᠷᠠᠳ ᠲᠦᠮᠡᠨ︾ ᠢ ᠢᠮᠠᠭᠲᠠ ᠰᠠᠨᠠᠭᠠᠰᠢᠷᠠᠬᠤ ᠶᠠᠪᠤᠳᠠᠭ᠃ ᠠᠢ ᠮᠢᠨ ᠨᠡᠶᠢᠭᠡᠮ ᠲᠣᠭᠤᠷᠢᠭ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠬᠤᠲᠠ ᠶᠢᠨ ᠴᠢᠭᠤᠯᠭᠠᠨ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ | ᠥᠯᠦᠭᠡᠢ ᠪᠣᠯᠤᠭᠰᠠᠨ ᠤ ᠬᠤᠪᠢ ᠳᠤ᠂ ︽ᠠᠷᠠᠳ ᠲᠦᠮᠡᠨ ᠢᠶᠠᠷ ᠭᠤᠣᠯᠯᠠᠭᠤᠯᠬᠤ︾ ᠬᠥᠭᠵᠢᠯᠲᠡ ᠶᠢᠨ | ᠣᠶᠢᠯᠠᠭᠠᠭᠳᠠᠬᠤᠨ ᠢ ᠨᠡᠶᠢᠭᠡᠮ ᠲᠣᠭᠤᠷᠢᠭ ᠲᠤ ᠦᠢᠯᠡᠳᠦᠯᠭᠡᠵᠢᠭᠦᠯᠦᠭᠰᠡᠨ ᠦᠯᠢᠭᠡᠷ ᠳᠠᠭᠤᠷᠢᠶᠠᠯ ᠪᠣᠯᠪᠠ᠃ | 2014 ᠣᠨ ᠤ ᠴᠠᠭᠠᠨ ᠰᠠᠷ᠎ᠠ ᠠᠴᠠ ᠡᠮᠦᠨᠡᠬᠡᠨ᠂ ᠶᠡᠷᠦᠩᠬᠡᠢ ᠱᠦᠵᠢ ᠰᠢ ᠶᠢᠨ ᠫᠢᠩ ᠠᠢ ᠮᠢᠨ ᠨᠡᠶᠢᠭᠡᠮ | ᠲᠣᠭᠤᠷᠢᠭ ᠤᠨ ᠺᠠᠳ᠋ᠷ ᠣᠯᠠᠨ ᠲᠦᠮᠡᠨ ᠢ ᠲᠣᠬᠤᠨᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ᠂ ᠬᠡᠲᠦ ᠳᠡᠯᠭᠡᠭᠦᠷ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠢ | ᠪᠠᠶᠢᠴᠠᠭᠠᠨ ᠦᠵᠡᠵᠦ᠂ ᠪᠠᠰᠠ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠪᠠ᠂ ᠲᠡᠷᠭᠡᠨ ᠳᠤ ᠭᠠᠷᠬᠤ ᠠᠴᠠ | ᠡᠮᠦᠨ᠎ᠡ ᠶᠡᠷᠦᠩᠬᠡᠢ ᠱᠦᠵᠢ ᠰᠢ ᠶᠢᠨ ᠫᠢᠩ ᠨᠡᠶᠢᠭᠡᠮ ᠲᠣᠭᠤᠷᠢᠭ ᠤᠨ ᠺᠠᠳ᠋ᠷᠴᠤᠳ ᠲᠤ ︽ᠠᠷᠠᠳ ᠲᠦᠮᠡᠨ ᠢ | ᠰᠡᠳᠬᠢᠯ ᠳᠤ ᠪᠠᠨ ᠳᠡᠭᠡᠳᠦᠯᠡᠵᠦ᠂ ᠣᠯᠠᠨ ᠲᠦᠮᠡᠨ ᠤ ᠬᠦᠴᠢᠷᠳᠡᠯ ᠢ ᠪᠦᠬᠦ ᠬᠦᠴᠦᠨ ᠢᠶᠠᠷ ᠰᠢᠢᠳᠪᠦᠷᠢᠯᠡᠵᠦ ᠥᠭᠬᠦ | ᠬᠡᠷᠡᠭᠲᠡᠢ︾ ᠭᠡᠵᠦ ᠳᠤᠰᠬᠠᠶᠢᠯᠠᠨ ᠰᠠᠨᠠᠭᠤᠯᠪᠠ᠃ ᠣᠯᠠᠨ ᠵᠢᠯ ᠤᠨ ᠲᠤᠷᠰᠢ᠂ ᠠᠢ ᠮᠢᠨ ᠨᠡᠶᠢᠭᠡᠮ ᠲᠣᠭᠤᠷᠢᠭ | ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠯᠠᠨ | ᠲᠦᠮᠡᠨ ᠤ ᠪᠠᠭ᠎ᠠ ᠶᠠᠪᠤᠳᠠᠯ ᠢ ᠢᠮᠠᠭᠲᠠ ᠶᠡᠭᠡ ᠶᠠᠪᠤᠳᠠᠯ ᠢᠶᠠᠷ ᠦᠵᠡᠨ ᠭᠦᠢᠴᠡᠳᠬᠡᠬᠦ ᠶᠢ ᠪᠠᠷᠢᠮᠲᠠᠯᠠᠵᠤ᠂ ᠥᠨᠳᠥᠷ | ᠪᠦᠲᠦᠮᠵᠢᠲᠡᠢ ᠵᠠᠰᠠᠯᠲᠠ ᠪᠠ ᠳᠣᠲᠣᠨᠣ ᠦᠢᠯᠡᠴᠢᠯᠡᠭᠡ ᠪᠠᠷ ᠨᠡᠶᠢᠭᠡᠮ ᠲᠣᠭᠤᠷᠢᠭ ᠤᠨ ᠠᠷᠠᠳ ᠲᠦᠮᠡᠨ ᠤ ᠮᠠᠭᠲᠠᠭᠠᠯ | ᠰᠠᠶᠢᠰᠢᠶᠠᠯ ᠢ ᠣᠯᠪᠠ᠃ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠠᠢ ᠮᠢᠨ | ᠨᠡᠶᠢᠭᠡᠮ ᠲᠣᠭᠤᠷᠢᠭ ᠲᠤ ᠬᠦᠷᠴᠦ᠂ ᠠᠢ ᠮᠢᠨ ᠨᠡᠶᠢᠭᠡᠮ ᠲᠣᠭᠤᠷᠢᠭ ᠣᠯᠠᠨ ᠲᠦᠮᠡᠨ ᠤ ᠬᠦᠰᠡᠯ ᠢ ᠨᠡᠶᠢᠭᠡᠮ | ᠲᠣᠭᠤᠷᠢᠭ ᠤᠨ ᠠᠵᠢᠯ ᠳᠤ ᠪᠠᠨ ᠶᠠᠭᠠᠬᠢᠵᠤ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯᠯᠠᠭᠤᠯᠬᠤ | ᠬᠥᠭᠵᠢᠯᠲᠡ ᠶᠢᠨ ᠣᠶᠢᠯᠠᠭᠠᠭᠳᠠᠬᠤᠨ ᠢ ᠶᠠᠭᠠᠬᠢᠵᠤ ᠦᠢᠯᠡᠳᠦᠯᠭᠡᠵᠢᠭᠦᠯᠦᠭᠰᠡᠨ ᠲᠤᠬᠠᠢ ᠭᠦᠨᠵᠡᠭᠡᠢ | ᠣᠶᠢᠯᠠᠭᠠᠪᠠ᠃ ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢᠶᠠᠷ ᠳᠠᠮᠵᠢᠭᠤᠯᠤᠨ᠂ ᠵᠠᠯᠠᠭᠤ | ᠰᠤᠷᠤᠭᠴᠢᠳ ᠢ ᠬᠥᠲᠥᠯᠥᠨ ᠵᠢᠯᠣᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ | ᠭᠦᠨᠵᠡᠭᠡᠢ ᠪᠡᠶᠡᠴᠢᠯᠡᠨ ᠣᠶᠢᠯᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ︽ᠠᠷᠠᠳ ᠲᠦᠮᠡᠨ ᠢ | ᠳᠡᠭᠡᠳᠦᠯᠡᠬᠦ︾ ᠪᠠᠲᠤ ᠴᠢᠩᠭ᠎ᠠ ᠵᠣᠭᠰᠣᠯᠲᠠ ᠶᠢ ᠰᠢᠭᠤᠳ ᠦᠵᠡᠭᠦᠯᠦᠨ᠂ ᠠᠷᠠᠳ ᠲᠦᠮᠡᠨ ᠳᠤ ᠦᠢᠯᠡᠴᠢᠯᠡᠬᠦ ᠡᠷᠬᠢᠮ | ᠳᠡᠭᠡᠳᠦ ᠢᠲᠡᠭᠡᠯ ᠪᠢᠰᠢᠷᠡᠯ ᠢ ᠨᠢ ᠪᠠᠬᠢᠵᠢᠭᠦᠯᠪᠡ᠃ | | | |