ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/12/13
      12 ᠰᠠᠷ᠎ᠠ ᠶᠢᠨ 9 - 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠶᠡᠭᠡ ᠰᠤᠷᠭᠠᠭᠤᠯᠢ ᠳᠤ 2024 ᠣᠨ ᠤ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠳ᠋ᠦ᠋ ᠹᠧᠩ ᠯᠢᠶᠠᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠤᠭᠲᠤᠯᠭ᠎ᠠ ᠶᠢᠨ ᠦᠭᠡ ᠬᠡᠯᠡᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠵᠠᠬᠢᠷᠤᠯ ᠳ᠋ᠦ᠋ ᠰᠢᠶᠣᠤ ᠳ᠋ᠦᠩ ᠰᠤᠷᠤᠯᠭ᠎ᠠ ᠲᠡᠭᠦᠰᠬᠦ ᠶᠣᠰᠣᠯᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠰᠤᠷᠤᠯᠭ᠎ᠠ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃   

1.webp.png

2.webp.png

      ᠪᠣᠯᠪᠠᠰᠤᠷᠠᠯ ᠤᠨ ᠠᠩᠭᠢ ᠬᠤᠸᠠᠳᠦ᠋ᠩ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ

ᠡᠷᠡᠭᠦᠦ ᠶᠢᠨ ᠬᠡᠷᠡᠭ ᠤᠨ ᠬᠠᠤᠯᠢ ᠶᠢᠨ ᠳᠡᠭᠡᠳᠦ ᠰᠤᠷᠭᠠᠭᠤᠯᠢ ᠶᠢᠨ ᠵᠠᠩ ᠶᠥᠩ ᠫᠷᠤᠹᠧᠰᠰᠤᠷ᠂ ᠨᠠᠨᠵᠢᠩ ᠶᠡᠭᠡ

ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠱᠠᠨ ᠶᠥᠩ ᠫᠷᠤᠹᠧᠰᠰᠤᠷ᠂ ᠨᠡᠶᠢᠰᠯᠡᠯ ᠤᠨ

ᠪᠠᠭᠰᠢ ᠶᠢᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠤᠯᠢ ᠶᠢᠨ ᠲᠥᠪ ᠤᠨ ᠯᠢ

ᠰᠢᠨ ᠫᠷᠤᠹᠧᠰᠰᠤᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ 

 ᠶᠢᠨ ᠳ᠋ᠦ᠋ ᠵᠢᠶᠠᠨ ᠮᠢᠩ ᠫᠷᠤᠹᠧᠰᠰᠤᠷ ᠢ ᠤᠷᠢᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ

ᠲᠠᠶᠢᠯᠤᠮᠵᠢ ᠪᠣᠯᠤᠨ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠴᠢᠳᠠᠪᠤᠷᠢ ᠶᠢ ᠬᠥᠮᠦᠵᠢᠭᠦᠯᠬᠦ᠂

ᠨᠠᠰᠤᠨ ᠳᠤ ᠦᠯᠦ ᠬᠦᠷᠦᠭᠰᠡᠳ ᠢ ᠰᠦᠯᠵᠢᠶᠡᠨ ᠠᠴᠠ ᠬᠠᠮᠠᠭᠠᠯᠠᠬᠤ ᠬᠡᠷᠡᠭ ᠤᠨ ᠵᠢᠱᠢᠶ᠎ᠡ ᠵᠢᠴᠢ ᠬᠠᠤᠯᠢ

ᠴᠠᠭᠠᠵᠠ ᠶᠢᠨ ᠪᠣᠳᠠᠲᠤ ᠶᠠᠪᠤᠳᠠᠯ᠂ ᠬᠠᠤᠯᠢ ᠪᠠᠷ ᠵᠠᠰᠠᠬᠤ ᠰᠡᠳᠬᠢᠮᠵᠢ ᠪᠣᠯᠤᠨ ᠰᠤᠷᠭᠠᠨ ᠬᠥᠮᠦᠵᠢᠭᠦᠯᠵᠦ ᠵᠠᠯᠬᠠᠭᠠᠨ

ᠴᠡᠭᠡᠷᠯᠡᠭᠦᠯᠬᠦ᠂ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠪᠣᠳᠠᠳᠠᠢ ᠠᠵᠢᠯ ᠵᠡᠷᠭᠡ ᠲᠤᠰᠬᠠᠢ ᠰᠡᠳᠦᠪ ᠤᠨ

ᠲᠣᠭᠤᠷᠢᠨ ᠳᠤ ᠬᠢᠴᠢᠶᠡᠯ ᠣᠷᠣᠭᠤᠯᠤᠭᠰᠠᠨ ᠤ ᠬᠠᠮᠲᠤ ᠪᠠᠰᠠ ᠶᠠᠷᠢᠯᠴᠠᠵᠤ ᠰᠣᠯᠢᠯᠴᠠᠬᠤ᠂ ᠠᠬᠤᠢ ᠲᠠᠯᠠᠪᠠᠢ ᠳᠤ

ᠰᠤᠷᠤᠯᠴᠠᠬᠤ ᠵᠡᠷᠭᠡ ᠭᠤᠭᠴᠤᠭ᠎ᠠ ᠶᠢ ᠳᠣᠭᠢᠷᠠᠭᠤᠯᠪᠠ᠃

   

3.webp.png

4.webp.png

5.webp.png

6.webp.png

7.webp.png

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠬᠠᠤᠯᠢ  ᠪᠠᠷ ᠵᠠᠰᠠᠬᠤ ᠳᠡᠳ᠋

ᠵᠠᠬᠢᠷᠤᠯ ᠢ ᠰᠤᠷᠭᠠᠭᠤᠯᠢ ᠳᠤ ᠠᠭᠤᠰᠬᠠᠬᠤ  ᠲᠠᠢ ᠨᠢᠭᠲᠠ ᠤᠶᠠᠯᠳᠤᠭᠤᠯᠵᠤ᠂ ᠰᠤᠷᠭᠠᠭᠤᠯᠢ ᠯᠤᠭ᠎ᠠ ᠶᠢᠨ ᠨᠢᠭᠲᠠ

ᠬᠠᠷᠢᠯᠴᠠᠭ᠎ᠠ ᠶᠢ ᠴᠠᠭ ᠢᠮᠠᠭᠲᠠ ᠪᠠᠲᠤᠯᠠᠬᠤ ᠬᠡᠷᠡᠭᠲᠡᠢ︔ ᠬᠠᠩᠭᠠᠯᠭ᠎ᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠨᠡᠩ

ᠭᠦᠨᠵᠡᠭᠡᠶᠢᠷᠡᠭᠦᠯᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠠᠤᠯᠢ ᠪᠠᠷ ᠵᠠᠰᠠᠬᠤ

ᠳᠡᠳ᠋ ᠵᠠᠬᠢᠷᠤᠯ ᠤᠨ ᠥᠪᠡᠷᠮᠢᠴᠡ ᠠᠵᠢᠯ ᠤᠨ ᠠᠭᠤᠯᠭ᠎ᠠ ᠶᠢᠨ ᠨᠡᠷᠡᠲᠦ ᠲᠡᠮᠳᠡᠭᠲᠦ ᠶᠢ ᠨᠠᠷᠢᠨ ᠨᠢᠮᠪᠠᠢ ᠪᠣᠢ ᠪᠣᠯᠭᠠᠬᠤ

ᠬᠡᠷᠡᠭᠲᠡᠢ︔ ᠬᠦᠴᠢᠷᠳᠡᠯ ᠢ ᠰᠢᠢᠳᠪᠦᠷᠢᠯᠡᠬᠦ ᠲᠠᠯ᠎ᠠ ᠪᠠᠷ ᠨᠡᠩ ᠪᠣᠳᠠᠲᠠᠢ ᠶᠢ ᠡᠷᠬᠢᠮᠯᠡᠵᠦ᠂ ᠨᠢᠭᠡ ᠪᠦᠯᠦᠭ ᠤᠷᠲᠤ

ᠬᠤᠭᠤᠴᠠᠭᠠᠨ ᠤ ᠲᠤᠷᠰᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠰᠢ ᠰᠤᠷᠤᠭᠴᠢᠳ ᠤᠨ ᠠᠮᠤᠷ

ᠲᠦᠪᠰᠢᠨ ᠢ ᠨᠥᠯᠥᠭᠡᠯᠡᠬᠦ ᠬᠦᠴᠢᠷᠳᠡᠯ ᠪᠠ ᠠᠰᠠᠭᠤᠳᠠᠯ ᠢ ᠰᠢᠪᠲᠤᠯᠤᠯᠲᠠ ᠶᠢᠨ ᠴᠢᠨᠠᠷᠲᠠᠢ ᠰᠢᠢᠳᠪᠦᠷᠢᠯᠡᠵᠦ᠂

ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶ᠎ᠡ᠂ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶᠡᠨ ᠤ

ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

8.webp.png

      ᠪᠦᠬᠦ ᠣᠷᠣᠨ ᠤ ᠡᠯ᠎ᠡ ᠠᠶᠢᠮᠠᠭ ᠬᠤᠲᠠ ᠶᠢᠨ 50 ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ

ᠳᠡᠳ᠋ ᠵᠠᠬᠢᠷᠤᠯ ᠪᠣᠯᠪᠠᠰᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号