ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠦᠵᠦᠭᠦᠷᠯᠡᠬᠦ ᠬᠤᠭᠤᠴᠠᠭᠠᠲᠦ ᠰᠡᠳᠬᠦᠯ ᠤᠨ ᠦᠷ᠎ᠡ ᠪᠦᠲᠦᠭᠡᠯ ᠵᠠᠯᠭᠠᠭ᠎ᠠ ᠪᠠᠷ ᠰᠢᠪᠲᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/18
      ᠤᠯᠠᠨ ᠤᠯᠤᠰ ᠤᠨ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠳᠤ ᠰᠡᠳᠬᠦᠯ ᠳᠤ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠪᠣᠯ ᠬᠤᠣᠰ ᠲᠡᠷᠢᠭᠦᠨ ᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠭᠤᠷᠪᠠᠨ ᠭᠤᠣᠯ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠨᠢᠭᠡ ᠪᠣᠯᠤᠨ᠎ᠠ᠃ 2021 ᠣᠨ ᠳᠤ ᠠᠩᠬ᠎ᠠ ᠤᠳᠠᠭ᠎ᠠ ᠶᠡᠷᠦᠩᠬᠡᠶᠢᠯᠡᠭᠰᠡᠨ ᠴᠢᠨᠠᠷᠲᠠᠶ ᠣᠯᠠᠨ ᠤᠯᠤᠰ ᠤᠨ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠳᠦ ᠰᠡᠳᠬᠦᠯ PNAS ᠲᠤ ᠰᠢᠪᠲᠤᠯᠤᠯᠲᠠ ᠭᠠᠷᠭᠠᠭᠰᠠᠨ ᠤ ᠳᠠᠷᠠᠭ᠎ᠠ᠂ ᠣᠶᠢᠷ᠎ᠠ ᠶᠢᠨ ᠭᠤᠷᠪᠠᠨ ᠵᠢᠯ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠨᠢᠭᠡᠳᠦᠭᠡᠷ ᠨᠢᠭᠡᠴᠢ ᠶᠢᠨ ᠬᠤᠪᠢ ᠪᠠᠷ CNS ᠬᠤᠪᠢᠶᠠᠷᠢ ᠰᠡᠳᠬᠦᠯ᠂ PNAS ᠡᠨᠡ ᠬᠦ ᠳᠡᠯᠡᠬᠡᠶ ᠨᠡᠶᠢᠲᠡ  ᠳᠤ ᠮᠡᠳᠡᠷᠡᠭᠳᠡᠭᠰᠡᠨ ᠶᠡᠷᠦᠩᠬᠡᠶᠢᠯᠡᠭᠰᠡᠨ ᠴᠢᠨᠠᠷᠲᠠᠶ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠳᠤ ᠨᠡᠶᠢᠲᠡ 13 ᠦᠭᠦᠯᠡᠯ ᠨᠡᠶᠢᠲᠡᠯᠡᠵᠦ᠂ ᠪᠥᠬᠦ ᠣᠷᠣᠨ ᠤ 76.47% ᠶᠢ ᠡᠵᠡᠯᠡᠪᠡ᠃ ᠪᠠᠶᠢᠭᠠᠯᠢ ᠶᠢᠨ ᠵᠢᠭᠠᠯᠲᠠ ᠲᠤᠭ᠎ᠠ ᠪᠠᠷ ᠳᠤᠮᠳᠠᠳᠤ ᠤᠯᠤᠰ ᠤᠨ ᠶᠡᠭᠡ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ 2023 ᠣᠨ ᠳᠤ 153 ᠳᠤ ᠵᠢᠭᠰᠠᠭᠠᠭᠳᠠᠵᠤ ᠪᠠᠶᠢᠭᠰᠠᠨ ᠠᠴᠠ ᠪᠠᠨ ᠳᠠᠪᠰᠢᠭᠠᠳ 2024 ᠣᠨ ᠳᠤ 101 ᠳᠤ ᠤᠷᠤᠵᠦ᠂ ᠤᠷᠤᠭᠰᠢ 52 ᠤᠷᠤᠨ ᠳᠠᠪᠰᠢᠵᠠᠢ᠃ ︵ᠥᠪᠥᠷ ᠮᠣᠩᠭᠤᠯ  ᠤᠨ ᠶᠡᠭᠡ ᠰᠤᠷᠭᠠᠭᠤᠯᠢ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号