ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠶᠤᠲᠠᠳ ᠤᠨ ᠲᠠᠪᠤᠨ ᠬᠥᠮᠦᠨ ᠤ ᠳᠦᠷᠢᠮᠲᠦ ᠭᠡᠷ ᠳᠣᠲᠣᠷᠠᠬᠢ ᠬᠤᠯᠪᠣᠭᠠᠲᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠵᠢᠴᠢ ᠬᠥᠭᠵᠢᠶᠡᠨᠲᠦ ᠪᠡᠶ᠎ᠡ ᠶᠢᠨ ᠲᠠᠮᠢᠷ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠥᠨᠳᠥᠷᠯᠡᠪᠡ
ᠨᠡᠶᠢᠲᠡᠯᠡᠭᠰᠡᠨ ᠴᠠᠭ᠄
2024/12/5
     ᠣᠶᠢᠷ᠎ᠠ ᠶᠢᠨ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ  ᠣᠶᠤᠲᠠᠳ ᠤᠨ ᠲᠠᠪᠤᠨ ᠬᠥᠮᠦᠨ ᠤ ᠳᠦᠷᠢᠮᠲᠦ ᠭᠡᠷ ᠳᠣᠲᠣᠷᠠᠬᠢ ᠬᠤᠯᠪᠣᠭᠠᠲᠤ ᠤᠷᠤᠯᠳᠤᠭᠠᠨ ︵ᠵᠢᠩᠬᠢᠨᠢ ᠠᠩᠭᠢ ᠶᠢᠨ ᠳᠤᠭᠤᠶᠢᠯᠠᠩ︶ ᠵᠢᠴᠢ ᠬᠥᠭᠵᠢᠶᠡᠨᠲᠦ ᠪᠡᠶ᠎ᠡ ᠶᠢᠨ ᠲᠠᠮᠢᠷ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ ᠥᠨᠳᠥᠷᠯᠡᠪᠡ᠃
1.webp.png
2.webp.png
2.webp.png
4.webp.png
5.webp.png
     ᠡᠨᠡ ᠤᠳᠠᠭᠠᠨ ᠤ ᠤᠷᠤᠯᠳᠤᠭᠠᠨ ᠳᠤ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠪᠠ ᠬᠥᠭᠵᠢᠶᠡᠨᠲᠦ ᠪᠡᠶ᠎ᠡ ᠶᠢᠨ ᠲᠠᠮᠢᠷ ᠭᠡᠬᠦ ᠬᠤᠶᠠᠷ ᠤᠷᠤᠯᠳᠤᠭᠠᠨ ᠤ ᠵᠦᠢᠯ ᠢ ᠲᠣᠬᠢᠷᠠᠭᠤᠯᠵᠤ᠂ ᠬᠥᠭᠵᠢᠶᠡᠨᠲᠦ ᠪᠡᠶ᠎ᠡ ᠶᠢᠨ ᠲᠠᠮᠢᠷ ᠤᠨ ᠦᠵᠡᠭᠦᠯᠭᠡ ᠶᠢᠨ ᠭᠤᠭᠴᠤᠭ᠎ᠠ ᠶᠢ ᠲᠠᠪᠤᠨ ᠬᠥᠮᠦᠨ  ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠵᠠᠪᠰᠠᠷᠯᠠᠬᠤ ᠴᠠᠭ ᠲᠤ ᠲᠣᠬᠢᠷᠠᠭᠤᠯᠤᠨ᠂ ᠬᠤᠶᠠᠷ ᠵᠦᠢᠯ ᠤᠨ ᠤᠷᠤᠯᠳᠤᠭᠠᠨ ᠢ ᠲᠡᠭᠦᠰ ᠰᠠᠶᠢᠬᠠᠨ ᠤᠶᠠᠯᠳᠤᠭᠤᠯᠵᠤ᠂ ᠤᠷᠤᠯᠳᠤᠭᠠᠨ  ᠢ ᠣᠨᠴᠠᠯᠢᠭᠵᠢᠭᠤᠯᠵᠤ ᠠᠮᠢᠳᠤᠯᠢᠭᠵᠢᠭᠤᠯᠤᠭᠰᠠᠨ ᠪᠠᠶᠢᠨ᠎ᠠ᠃ 

6.webp.png

7.webp.png

8.webp.png

9.webp.png

     ᠲᠠᠪᠤᠨ ᠬᠥᠮᠦᠨ ᠤ ᠳᠦᠷᠢᠮᠲᠦ ᠭᠡᠷ ᠳᠣᠲᠣᠷᠠᠬᠢ ᠬᠥᠯ ᠪᠥᠮᠪᠦᠭᠡ ᠶᠢᠨ ᠤᠷᠤᠯᠳᠤᠭᠠᠨ ᠳᠤ ᠪᠦᠬᠦ ᠣᠷᠣᠨ ᠤ 9

ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ 13 ᠲᠥᠯᠥᠭᠡᠯᠡᠭᠴᠢᠳ ᠤᠨ ᠠᠩᠭᠢ ᠶᠢᠨ 192 ᠲᠠᠮᠢᠷᠴᠢᠨ

ᠣᠷᠣᠯᠴᠠᠵᠠᠢ᠃ ᠬᠤᠷᠴᠠ ᠰᠢᠷᠦᠭᠦᠨ ᠮᠥᠷᠥᠶᠢᠴᠡᠭᠡᠨ ᠢᠶᠠᠷ ᠳᠠᠮᠵᠢᠭᠠᠳ᠂ ᠡᠴᠦᠰ ᠲᠤ᠂ ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠵᠢᠩᠬᠢᠨᠢ ᠠᠩᠭᠢ ᠶᠢᠨ ᠡᠷᠡᠭᠲᠡᠢ ᠶᠢᠨ

ᠳᠤᠭᠤᠶᠢᠯᠠᠩ ᠳᠤ ᠮᠠᠩᠯᠠᠶᠢᠯᠠᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠢᠩᠬᠢᠨᠢ ᠠᠩᠭᠢ ᠶᠢᠨ ᠡᠷᠡᠭᠲᠡᠢ ᠶᠢᠨ

ᠳᠤᠭᠤᠶᠢᠯᠠᠩ ᠳᠤ ᠳᠡᠳ᠋ᠯᠡᠨ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠢᠩᠬᠢᠨᠢ ᠠᠩᠭᠢ ᠶᠢᠨ

ᠡᠷᠡᠭᠲᠡᠢ ᠶᠢᠨ ᠳᠤᠭᠤᠶᠢᠯᠠᠩ ᠤᠨ ᠭᠤᠲᠠᠭᠠᠷ ᠲᠤ ᠲᠣᠳᠤᠷᠠᠪᠠ︔ ᠥᠪᠥᠷ ᠮᠣᠩᠭᠤᠯ ᠤᠨ ᠶᠡᠭᠡ ᠰᠤᠷᠭᠠᠭᠤᠯᠢ ᠵᠢᠩᠬᠢᠨᠢ

ᠠᠩᠭᠢ ᠶᠢᠨ ᠡᠮᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠶᠡᠭᠡ ᠰᠤᠷᠭᠠᠭᠤᠯᠢ ᠵᠢᠩᠬᠢᠨᠢ ᠠᠩᠭᠢ ᠶᠢᠨ ᠡᠮᠡᠭᠲᠡᠢ ᠶᠢᠨ ᠳᠤᠭᠤᠶᠢᠯᠠᠩ ᠳᠤ ᠳᠡᠳ᠋ᠯᠡᠨ᠂ ᠥᠪᠥᠷ

ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠢᠩᠬᠢᠨᠢ ᠠᠩᠭᠢ ᠶᠢᠨ ᠡᠮᠡᠭᠲᠡᠢ ᠶᠢᠨ ᠳᠤᠭᠤᠶᠢᠯᠠᠩ ᠤᠨ

ᠭᠤᠲᠠᠭᠠᠷ ᠲᠤ  ᠲᠣᠳᠤᠷᠠᠪᠠ᠃

10.webp.png

11.webp.png

12.webp.png

     ᠬᠥᠭᠵᠢᠶᠡᠨᠲᠦ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠢᠩᠬᠢᠨᠢ ᠠᠩᠭᠢ ᠶᠢᠨ ᠳᠤᠭᠤᠶᠢᠯᠠᠩ ᠪᠠ ᠳᠡᠭᠡᠳᠦ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ

ᠳᠤᠭᠤᠶᠢᠯᠠᠩ ᠭᠡᠵᠦ ᠬᠤᠪᠢᠶᠠᠨ᠂ 12 ᠲᠥᠯᠥᠭᠡᠯᠡᠭᠴᠢᠳ ᠤᠨ ᠠᠩᠭᠢ ᠶᠢᠨ 158 ᠲᠠᠮᠢᠷᠴᠢᠨ ᠤᠷᠤᠯᠳᠤᠭᠠᠨ ᠳᠤ

ᠣᠷᠣᠯᠴᠠᠪᠠ᠃ ᠲᠠᠮᠢᠷᠴᠢᠳ ᠤᠷᠤᠯᠳᠤᠭᠠᠨ ᠤ ᠶᠠᠪᠤᠴᠠ ᠳᠤ ᠪᠠᠶᠠᠷ ᠪᠠᠶᠠᠰᠬᠤᠯᠠᠩᠲᠤ ᠳᠠᠭᠤᠤ ᠬᠥᠭᠵᠢᠮ ᠪᠣᠯᠤᠨ

ᠭᠤᠶᠢᠳᠠ ᠰᠠᠶᠢᠬᠠᠨ ᠪᠥᠵᠢᠭ ᠢᠶᠠᠷ ᠢᠲᠡᠭᠡᠯ ᠵᠣᠷᠢᠭ᠂ ᠵᠠᠯᠠᠭᠤ ᠨᠠᠰᠤ ᠪᠣᠯᠤᠨ ᠠᠮᠢᠵᠢᠷᠠᠯ ᠤᠨ ᠬᠦᠴᠦᠨ ᠢ ᠭᠦᠢᠴᠡᠳ

ᠬᠠᠷᠠᠭᠤᠯᠵᠤ᠂ ᠭᠤᠶᠢᠳᠠ ᠰᠠᠶᠢᠬᠠᠨ ᠮᠥᠷᠲᠡᠭᠡᠨ ᠬᠠᠷᠠᠭ᠎ᠠ ᠶᠢ  ᠪᠠᠶᠠᠰᠬᠠᠬᠤ ᠤᠷᠤᠯᠳᠤᠭᠠᠨ ᠪᠣᠯᠪᠠ᠃ 6 ᠡᠳᠦᠷ ᠤᠨ

ᠮᠥᠷᠦ᠋ᠢᠴᠡᠭᠡᠨ ᠢᠶᠠᠷ ᠳᠡᠮᠵᠢᠨ᠂ ᠡᠴᠦᠰ ᠲᠤ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠰᠢᠯᠢ ᠶᠢᠨ ᠭᠤᠣᠯ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠥᠪᠥᠷ ᠮᠣᠩᠭᠤᠯ ᠤᠨ ᠦᠨᠳᠦᠰᠦᠲᠡᠨ ᠤ ᠶᠡᠭᠡ

ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠬᠥᠬᠡᠬᠤᠲᠠ ᠶᠢᠨ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠥᠪᠥᠷ ᠮᠣᠩᠭᠤᠯ ᠤᠨ ᠠᠵᠤ

ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ

ᠤᠬᠠᠭᠠᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂

ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ  ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ

ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠭᠤᠳᠠᠭᠠᠷ

ᠳᠡᠰ ᠤᠨ ᠱᠠᠩᠨᠠᠯ ᠬᠦᠷᠲᠡᠪᠡ᠃

   

13.webp.png

      ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠵᠦ ᠪᠠᠶᠢᠭ᠎ᠠ ᠵᠣᠷᠢᠯᠲᠠ ᠪᠣᠯ ︽ᠵᠢᠭᠠᠵᠤ

ᠰᠤᠷᠭᠠᠬᠤ᠂ ᠰᠢᠷᠭᠠᠭᠤ  ᠪᠣᠯᠪᠠᠰᠤᠷᠠᠬᠤ᠂ ᠪᠠᠶᠢᠩᠭᠤ ᠤᠷᠤᠯᠳᠤᠬᠤ︾ ᠳᠤ ᠴᠢᠭᠯᠡᠭᠦᠯᠦᠨ᠂ ᠰᠤᠷᠭᠠᠭᠤᠯᠢ ᠶᠢᠨ

ᠪᠡᠶ᠎ᠡ ᠶᠢᠨ ᠲᠠᠮᠢᠷ ᠤᠨ ᠤᠷᠤᠯᠳᠤᠭᠠᠨ᠂ ᠠᠵᠢᠯᠯᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠪᠠ ᠬᠥᠮᠦᠨ

ᠬᠥᠮᠦᠵᠢᠭᠦᠯᠬᠦ ᠦᠨ᠎ᠡ ᠥᠷᠲᠡᠭ  ᠢ ᠭᠦᠢᠴᠡᠳ ᠪᠠᠳᠠᠷᠠᠭᠤᠯᠵᠤ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ

ᠪᠣᠯᠪᠠᠰᠤᠷᠠᠯ ᠠᠴᠠ ᠪᠠᠶᠠᠷ ᠪᠠᠭ᠋ᠠᠳᠤᠯ ᠡᠳ᠋ᠯᠡᠭᠦᠯᠵᠦ᠂ ᠪᠡᠶ᠎ᠡ ᠮᠠᠬᠠᠪᠣᠳ ᠢ ᠨᠢ ᠪᠣᠯᠪᠠᠰᠤᠷᠠᠭᠤᠯᠤᠨ᠂ ᠵᠠᠩ ᠴᠢᠨᠠᠷ ᠢ ᠨᠢ

ᠪᠦᠷᠢᠳᠦᠭᠦᠯᠵᠦ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ

ᠤᠷᠤᠯᠳᠤᠭᠠᠨ ᠤ ᠥᠪᠡᠷᠮᠢᠴᠡ ᠣᠨᠴᠠᠯᠢᠭᠲᠤ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠣᠢ ᠪᠣᠯᠭᠠᠵᠤ᠂

ᠰᠤᠷᠤᠭᠴᠢᠳ ᠤᠨ ᠪᠡᠶ᠎ᠡ ᠮᠠᠬᠠᠪᠣᠳ  ᠢ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠳᠤ ᠬᠦᠴᠦᠨ

ᠨᠡᠮᠡᠷᠢᠯᠡᠬᠦ ᠶᠢᠨ ᠲᠥᠯᠥᠭᠡ ᠶᠤᠮ᠃

      ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ

ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠬᠡᠷᠡᠭᠵᠢᠭᠦᠯᠵᠦ᠂

ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号