ᠮᠥᠰᠥᠨ ᠪᠥᠮᠪᠦᠭᠡ᠂ ᠴᠠᠰᠤᠨ ᠪᠠᠶᠢᠯᠳᠤᠭᠠᠨ᠂ ᠮᠥᠰᠥᠨ ᠳ᠋ᠧᠩ ᠁ ᠥᠪᠥᠷ ᠮᠣᠩᠭᠤᠯ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠠᠵᠢᠯᠯᠠᠭ᠎ᠠ ᠶᠢ ᠬᠥᠭᠵᠢᠶᠡᠨᠲᠡᠢ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2024/12/9
      ᠣᠶᠢᠷ᠎ᠠ ᠳᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠵᠡᠷᠭᠡ ᠭᠠᠵᠠᠷ ᠣᠷᠣᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠤᠯᠠᠮ ᠨᠢᠭᠡ ᠠᠯᠬᠤᠮ ᠲᠥᠭᠡᠮᠡᠯᠵᠢᠭᠦᠯᠦᠨ᠂ ᠡᠪᠦᠯ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠮᠥᠰᠥ ᠴᠠᠰᠤᠨ ᠤ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠪᠠ᠃

1.webp.png

2.webp.png

   

      ᠬᠠᠶᠢᠯᠠᠷ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠥᠰᠥᠨ ᠪᠥᠮᠪᠦᠭᠡ ᠶᠢᠨ

ᠤᠷᠢᠯᠭ᠎ᠠ ᠶᠢᠨ ᠤᠷᠤᠯᠳᠤᠭᠠᠨ ᠣᠶᠢᠷ᠎ᠠ ᠳᠤ ᠡᠬᠢᠯᠡᠪᠡ᠃ 12 ᠳᠤᠭᠤᠶᠢᠯᠠᠩ ᠤᠨ 227 ᠲᠠᠮᠢᠷᠴᠢᠨ ᠮᠥᠰᠥᠨ

ᠲᠠᠯᠠᠪᠠᠢ ᠳᠤ ᠬᠤᠷᠠᠨ ᠴᠤᠭᠯᠠᠷᠠᠪᠠ᠃  

3.webp.png

4.webp.png

5.webp.png

6.webp.png

7.webp.png

8.webp.png

      ᠬᠠᠶᠢᠯᠠᠷ ᠲᠣᠭᠤᠷᠢᠭ ᠤᠨ ᠾᠧ ᠳ᠋ᠦᠩ ᠬᠡᠦᠬᠡᠳ ᠤᠨ ᠴᠡᠴᠡᠷᠯᠢᠭ ᠳᠥᠷᠪᠡᠳᠦᠭᠡᠷ ᠬᠤᠭᠤᠴᠠᠭᠠᠨ ᠤ ᠮᠥᠰᠥ

ᠴᠠᠰᠤᠨ ᠤ ᠴᠤᠭᠯᠠᠭᠠᠨ ᠢ ᠡᠷᠬᠢᠯᠡᠪᠡ᠃ ᠴᠠᠰᠤᠲᠤ ᠭᠠᠵᠠᠷ ᠤᠨ ᠬᠥᠯ ᠪᠥᠮᠪᠦᠭᠡ᠂ ᠪᠤᠶᠢᠺᠤ ᠪᠥᠮᠪᠦᠭᠡ᠂ ᠭᠤᠯᠭᠤᠭᠤᠷ

ᠴᠢᠯᠠᠭᠤᠨ ᠪᠥᠮᠪᠦᠭᠡ᠂ ᠮᠥᠰᠥᠨ ᠲᠤᠭᠤᠷᠠᠭᠤᠯ᠂ ᠮᠥᠰᠦᠨ ᠳᠡᠭᠡᠷᠡᠬᠢ ᠪᠣᠣᠯᠢᠩ ᠪᠥᠮᠪᠦᠭᠡ ᠁ ᠬᠡᠦᠬᠡᠳ ᠤᠳ

ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠠᠪᠤᠴᠠ ᠳᠤ ᠮᠥᠰᠥ ᠴᠠᠰᠤᠨ ᠤ ᠪᠠᠶᠠᠷ

ᠪᠠᠭ᠋ᠠᠳᠤᠯ ᠢ ᠬᠤᠪᠢᠶᠠᠯᠴᠠᠨ ᠡᠳ᠋ᠯᠡᠪᠡ᠃

   

9.webp.png

10.webp.png

11.webp.png

      ᠬᠠᠶᠢᠯᠠᠷ ᠲᠣᠭᠤᠷᠢᠭ ᠤᠨ ᠲᠡᠮᠦᠷ ᠵᠠᠮ ᠤᠨ ᠬᠤᠶᠠᠳᠤᠭᠠᠷ ᠪᠠᠭ᠎ᠠ ᠰᠤᠷᠭᠠᠭᠤᠯᠢ ᠪᠣᠯᠤᠨ ᠶᠠᠭᠰᠢ ᠬᠤᠲᠠ ᠶᠢᠨ

ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠡᠪᠦᠯ ᠤᠨ ᠤᠯᠠᠷᠢᠯ ᠤᠨ ᠬᠥᠯ ᠪᠥᠮᠪᠦᠭᠡ ᠶᠢᠨ

ᠤᠷᠤᠯᠳᠤᠭᠠᠨ ᠬᠥᠭᠵᠢᠶᠡᠨᠲᠡᠢ ᠡᠬᠢᠯᠡᠪᠡ᠃ ᠪᠢᠴᠢᠬᠠᠨ ᠪᠥᠮᠪᠦᠭᠡᠴᠢᠳ ᠨᠢᠳᠦᠨ ᠳᠤ ᠢᠯᠡᠲᠡᠢ ᠳᠤᠭᠤᠶᠢᠯᠠᠩ ᠤᠨ

ᠬᠤᠪᠴᠠᠰᠤ ᠪᠠᠨ ᠡᠮᠦᠰᠴᠦ᠂ ᠪᠥᠮᠪᠦᠭᠡ ᠳᠠᠮᠵᠢᠭᠤᠯᠬᠤ᠂ ᠪᠥᠮᠪᠦᠭᠡ ᠬᠠᠮᠠᠭᠠᠯᠠᠬᠤ᠂ ᠡᠭᠦᠳᠡ ᠤᠷᠤᠭᠤ ᠪᠥᠮᠪᠦᠭᠡ

ᠢᠰᠭᠦᠯᠬᠦ ᠶᠢ ᠨᠢᠭᠡ ᠯᠡ ᠬᠥᠭ ᠢᠶᠠᠷ ᠪᠡᠶᠡᠯᠡᠭᠦᠯᠪᠡ᠃ 

  

12.webp.png

13.webp.png

14.webp.png

      ᠷᠠᠰᠢᠶᠠᠨ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ

ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠬᠡᠦᠬᠡᠳ ᠤᠳ ︽ᠪᠠᠶᠢᠭᠠᠯᠢ ᠶᠢᠨ ᠴᠠᠰᠤᠨ ᠲᠠᠯᠠᠪᠤᠷ︾ ᠲᠤ᠂

ᠮᠥᠰᠥᠨ ᠲᠡᠷᠭᠡᠨ ᠳᠤ ᠰᠠᠭᠤᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ

ᠬᠢᠵᠠᠭᠠᠯᠠᠰᠢ ᠦᠭᠡᠢ ᠬᠠᠪᠤ ᠴᠡᠩᠭᠡᠯ  ᠢ ᠪᠡᠶᠡᠴᠢᠯᠡᠨ ᠣᠶᠢᠯᠠᠭᠠᠪᠠ᠃

15.webp.png

16.webp.png

      ᠬᠠᠶᠢᠯᠠᠷ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠰᠤᠷᠤᠭᠴᠢᠳ ᠤᠨ ᠴᠠᠰᠤᠨ ᠪᠠᠶᠢᠯᠳᠤᠭᠠᠨ ᠤ

ᠤᠷᠤᠯᠳᠤᠭᠠᠨ ᠢ ᠡᠷᠬᠢᠯᠡᠵᠦ᠂ ᠲᠣᠭᠯᠠᠭᠠᠮ ᠤᠨ ᠳᠦᠷᠢᠮ ᠪᠣᠯ ᠲᠣᠭᠲᠠᠭᠰᠠᠨ ᠴᠠᠭ  ᠤᠨ ᠳᠣᠲᠤᠷ᠎ᠠ ᠨᠢᠭᠡ

ᠳᠤᠭᠤᠶᠢᠯᠠᠩ ᠨᠢ ᠨᠥᠭᠦᠭᠡ ᠨᠢᠭᠡ ᠳᠤᠭᠤᠶᠢᠯᠠᠩ ᠤᠨ ᠢᠶᠠᠨ ᠲᠤᠭ ᠢ ᠪᠤᠯᠢᠶᠠᠵᠤ ᠠᠪᠬᠤ ᠪᠤᠶᠤ ᠡᠰᠡᠬᠦᠯ᠎ᠡ ᠨᠥᠭᠦᠭᠡ

ᠳᠤᠭᠤᠶᠢᠯᠠᠩ ᠤᠨ ᠢᠶᠠᠨ ᠨᠡᠩ ᠣᠯᠠᠨ ᠲᠠᠮᠢᠷᠴᠢᠨ ᠢ ᠴᠠᠰᠤᠨ ᠪᠥᠮᠪᠦᠭᠡ ᠪᠠᠷ ᠴᠣᠬᠢᠨ ᠲᠠᠯᠠᠪᠤᠷ ᠠᠴᠠ ᠭᠠᠷᠭᠠᠪᠠᠯ᠂

ᠤᠷᠤᠯᠳᠤᠭᠠᠨ ᠢᠯᠠᠭᠰᠠᠨ ᠢᠶᠠᠷ ᠪᠣᠳᠤᠨ᠎ᠠ᠃ 

17.webp.png

18.webp.png

   

      ᠬᠠᠶᠢᠯᠠᠷ ᠲᠣᠭᠤᠷᠢᠭ ᠤᠨ ᠳᠧᠦ ᠳ᠋ᠣᠣ ᠵᠡᠭᠡᠯᠢ ᠶᠢᠨ ᠪᠠᠭ᠎ᠠ ᠰᠤᠷᠭᠠᠭᠤᠯᠢ ᠪᠠᠰᠠ ᠴᠠᠰᠤᠨ ᠪᠠᠶᠢᠯᠳᠤᠭᠠᠨ ᠤ

ᠠᠵᠢᠯᠯᠠᠭ᠎ᠠ ᠶᠢ ᠥᠷᠨᠢᠭᠦᠯᠦᠨ᠂ ᠬᠡᠦᠬᠡᠳ ᠤᠳ ᠴᠠᠰᠤᠨ ᠳᠡᠭᠡᠷ᠎ᠡ ᠬᠥᠭᠡᠷᠦᠯᠳᠦᠨ ᠭᠦᠶᠦᠯᠳᠦᠵᠦ᠂ ᠰᠢᠷᠦᠭᠦᠨ

ᠮᠥᠷᠦᠶᠢᠴᠡᠯᠳᠦᠵᠦ᠂ ᠬᠤᠷᠣᠮᠬᠠᠨ ᠵᠠᠭᠤᠷ᠎ᠠ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠬᠥᠷ ᠬᠥᠭᠵᠢᠶᠡᠨ

 ᠲᠠᠢ ᠪᠣᠯᠭᠠᠪᠠ᠃

   

19.webp.png

      ᠬᠠᠶᠢᠯᠠᠷ ᠲᠣᠭᠤᠷᠢᠭ ᠤᠨ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠮᠥᠰᠥ ᠴᠠᠰᠤᠨ  ᠤ ᠪᠡᠶ᠎ᠡ ᠶᠢᠨ

ᠲᠠᠮᠢᠷ ᠤᠨ ᠬᠥᠳᠡᠯᠭᠡᠭᠡᠨ ᠤ ᠬᠠᠮᠢᠶ᠎ᠠ ᠪᠦᠬᠦᠢ ᠪᠣᠯᠪᠠᠰᠤᠷᠠᠯ ᠢ ᠬᠥᠭᠵᠢᠶᠡᠨᠲᠡᠢ ᠥᠷᠨᠢᠭᠦᠯᠪᠡ᠃

20.webp.png

21.webp.png

22.webp.png

23.webp.png

24.webp.png

25.webp.png

26.webp.png

      ᠬᠠᠶᠢᠯᠠᠷ ᠲᠣᠭᠤᠷᠢᠭ ᠤᠨ ᠶᠠᠨ ᠱᠠᠨ ᠵᠠᠮ ᠤᠨ ᠪᠠᠭ᠎ᠠ ᠰᠤᠷᠭᠠᠭᠤᠯᠢ ᠪᠣᠯᠤᠨ ᠬᠠᠶᠢᠯᠠᠷ  ᠤᠨ ᠨᠢᠭᠡᠳᠦᠭᠡᠷ

ᠳᠤᠮᠳᠠᠳᠤ ᠰᠤᠷᠭᠠᠭᠤᠯᠢ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ᠂ ᠴᠠᠰᠤᠨ ᠬᠥᠮᠦᠨ

ᠪᠠᠷᠢᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ  ᠪᠠᠶᠠᠷᠯᠠᠨ ᠬᠥᠭᠡᠷᠦᠯᠳᠦᠵᠦ᠂ ᠪᠦᠯᠬᠦᠮᠳᠡᠨ ᠨᠢᠭᠡᠳᠴᠦ ᠨᠢᠭᠲᠠ

ᠬᠠᠮᠵᠢᠯᠴᠠᠨ᠂ ᠴᠠᠰᠤᠨ ᠳᠡᠭᠡᠷᠡᠬᠢ ᠰᠣᠨᠢᠷᠬᠠᠯᠲᠤ ᠰᠤᠷᠭᠠᠭᠤᠯᠢ ᠶᠢᠨ ᠬᠦᠷᠢᠶ᠎ᠡ ᠶᠢ ᠬᠠᠮᠲᠤ ᠳᠤ ᠪᠠᠨ ᠬᠤᠪᠢᠶᠠᠯᠴᠠᠪᠠ᠃

   

27.webp.png

28.webp.png

29.webp.png

30.webp.png

      ᠶᠠᠭᠰᠢ ᠬᠤᠲᠠ ᠶᠢᠨ 500 ︽ᠪᠢᠴᠢᠬᠠᠨ ᠴᠠᠰᠤᠨ ᠬᠥᠮᠦᠨ︾ ᠪᠠᠰᠠ ᠮᠥᠰᠥ ᠴᠠᠰᠤᠨ ᠤ ᠨᠠᠶᠢᠷ ᠤᠨ

ᠠᠵᠢᠯᠯᠠᠭ᠎ᠠ ᠳᠤ ᠥᠩᠭᠡ ᠪᠣᠳᠤᠭ ᠨᠡᠮᠡᠷᠢᠯᠡᠪᠡ᠃

      ᠬᠠᠶᠢᠯᠠᠷ ᠲᠣᠭᠤᠷᠢᠭ ᠤᠨ ᠢᠮᠢᠨ ᠪᠠᠭ᠎ᠠ ᠰᠤᠷᠭᠠᠭᠤᠯᠢ ᠪᠣᠯᠤᠨ ᠡᠷᠭᠦᠨ᠎ᠡ ᠬᠤᠲᠠ ᠶᠢᠨ ᠨᠢᠭᠡᠳᠦᠭᠡᠷ ᠪᠠᠭ᠎ᠠ

ᠰᠤᠷᠭᠠᠭᠤᠯᠢ ᠮᠥᠰᠦᠨ ᠳ᠋ᠧᠩ ᠬᠢᠬᠦ ᠠᠵᠢᠯᠯᠠᠭ᠎ᠠ ᠥᠷᠨᠢᠭᠦᠯᠵᠦ᠂ ᠰᠤᠷᠤᠭᠴᠢᠳ ᠪᠠᠭᠠᠵᠢ ᠬᠡᠷᠡᠭᠰᠡᠯ ᠢᠶᠠᠨ ᠠᠪᠴᠢᠷᠠᠨ᠂

ᠲᠥᠰᠦᠭᠡᠯᠡᠬᠦ ᠴᠢᠳᠠᠪᠤᠷᠢ ᠪᠠᠨ ᠪᠠᠳᠠᠷᠠᠭᠤᠯᠤᠨ᠂ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠵᠤ᠂  ᠨᠠᠷᠢᠨ ᠨᠢᠮᠪᠠᠢ

ᠰᠡᠶᠢᠯᠪᠦᠷᠢᠯᠡᠨ᠂ ᠪᠦᠲᠦᠭᠡᠯᠴᠢ ᠴᠢᠨᠠᠷᠲᠠᠢ ᠵᠣᠬᠢᠶᠠᠯ ᠪᠦᠲᠦᠭᠡᠯ ᠢ ᠡᠭᠦᠳᠪᠡ᠃

      ᠬᠠᠶᠢᠯᠠᠷ ᠲᠣᠭᠤᠷᠢᠭ ᠤᠨ ᠵᠢᠶᠠᠨ ᠺᠠᠩ ᠵᠡᠭᠡᠯᠢ ᠶᠢᠨ ᠪᠠᠭ᠎ᠠ ᠰᠤᠷᠭᠠᠭᠤᠯᠢ ︽ᠮᠥᠰᠥ ᠴᠠᠰᠤᠨ ᠤ ᠨᠠᠷᠭᠢᠯ           

ᠪᠠᠶᠠᠷ︾ ᠢᠶᠠᠷ ᠭᠤᠣᠯ ᠰᠡᠳᠦᠪ ᠪᠣᠯᠭᠠᠨ᠂ ᠪᠣᠳᠠᠰ ᠤᠨ ᠪᠣᠰᠤ ᠰᠣᠶᠤᠯ ᠤᠨ ᠥᠪ ᠤᠨ ᠨᠣᠣᠰᠤᠨ ᠢᠰᠡᠭᠡᠢ ᠳᠡᠭᠡᠷ᠎ᠡ

ᠪᠢᠴᠢᠭᠯᠡᠬᠦ ᠮᠥᠰᠥ ᠴᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠭᠰᠠᠨ ᠪᠦᠲᠦᠭᠡᠯᠴᠢ ᠴᠢᠨᠠᠷᠲᠠᠢ ᠬᠢᠴᠢᠶᠡᠯ ᠢ

ᠨᠡᠭᠡᠭᠡᠵᠦ᠂ ᠬᠡᠦᠬᠡᠳ ᠤᠳ ᠬᠦᠷᠢᠶᠡᠯᠡᠨ ᠰᠠᠭᠤᠵᠤ᠂ ᠴᠠᠰᠤᠨ ᠳᠤ ᠭᠤᠯᠭᠤᠭᠴᠢ ᠶᠢᠨ ᠬᠡᠪ ᠨᠠᠮᠪᠠ ᠴᠤᠭ ᠵᠢᠪᠬᠤᠭ᠎ᠠ  ᠶᠢ

ᠱᠤᠭᠤᠵᠤ᠂ ᠡᠪᠦᠯ ᠤᠨ ᠴᠠᠰᠤ ᠮᠥᠰᠥ ᠲᠠᠢ ᠭᠠᠵᠠᠷ ᠢ ᠠᠩᠭᠢ ᠶᠢᠨ ᠭᠡᠷ ᠲᠤ ᠨᠡᠭᠦᠯᠭᠡᠭᠰᠡᠨ ᠰᠢᠭ ᠰᠠᠨᠠᠭᠳᠠᠭᠤᠯᠪᠠ᠃

31.webp.png

32.webp.png

33.webp.png

      ᠡᠭᠦᠨ ᠠᠴᠠ ᠭᠠᠳᠠᠨ᠎ᠠ᠂ ᠡᠯ᠎ᠡ ᠰᠤᠷᠭᠠᠭᠤᠯᠢ ᠪᠠᠰᠠ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ

ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠣᠯᠠᠨ ᠠᠵᠢᠯᠯᠠᠭ᠎ᠠ ᠶᠢ ᠥᠷᠨᠢᠭᠦᠯᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号