ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠤᠭ᠎ᠠ ᠪᠦᠷᠢᠳᠬᠡᠯ ᠤᠨ ᠲᠣᠪᠴᠢᠶ᠎ᠠ ᠡᠳ᠋ ᠤᠨ ᠵᠠᠰᠠᠭ ᠤᠨ ᠲᠢᠩᠬᠢᠮ ᠤᠨ 2022 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠲᠤᠭ᠎ᠠ ᠪᠦᠷᠢᠳᠬᠡᠯ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/2/19
      ᠨᠢᠭᠡ᠂ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠤᠨ ᠪᠠᠶᠢᠳᠠᠯ      2022 ᠣᠨ ᠳᠤ᠂ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠤᠨ ᠶᠡᠷᠦᠩᠬᠡᠢ ᠪᠡᠯᠡ ᠣᠷᠣᠭᠤᠯᠤᠯᠲᠠ 924.82 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 7.34% ᠨᠡᠮᠡᠭᠳᠡᠪᠡ᠃ ᠡᠭᠦᠨ ᠳᠤ᠂ ᠤᠯᠤᠰ ᠤᠨ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠦᠵᠢᠯ ᠤᠨ ᠵᠠᠷᠤᠳᠠᠯ ︵ᠭᠤᠣᠯᠳᠠᠭᠤ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠲᠤ ᠲᠣᠬᠢᠷᠠᠭᠤᠯᠤᠭᠰᠠᠨ ᠰᠤᠷᠭᠠᠨ ᠬᠥᠮᠦᠵᠢᠯ ᠤᠨ ᠵᠠᠷᠤᠳᠠᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠲᠤ ᠲᠣᠬᠢᠷᠠᠭᠤᠯᠤᠭᠰᠠᠨ ᠰᠤᠷᠭᠠᠨ ᠬᠥᠮᠦᠵᠢᠯ ᠤᠨ ᠵᠠᠷᠤᠳᠠᠯ᠂ ᠤᠯᠤᠰ ᠤᠨ ᠥᠮᠴᠢᠯᠡᠯ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠰᠤᠷᠭᠠᠭᠤᠯᠢ ᠡᠷᠬᠢᠯᠡᠬᠦ ᠶᠠᠪᠤᠴᠠ ᠳᠤ ᠠᠵᠤ ᠠᠬᠤᠶᠢᠯᠠᠯ ᠠᠴᠠ ᠰᠠᠯᠭᠠᠨ ᠥᠭᠭᠦᠭᠰᠡᠨ ᠵᠣᠭᠤᠰ᠂ ᠰᠤᠷᠭᠠᠭᠤᠯᠢ ᠤᠨ ᠡᠷᠬᠢᠯᠡᠭᠰᠡᠨ ᠠᠵᠤ ᠦᠢᠯᠡᠰ ᠪᠣᠯᠤᠨ ᠨᠡᠶᠢᠭᠡᠮ ᠤᠨ ᠦᠢᠯᠡᠴᠢᠯᠡᠭᠡᠨ ᠤ ᠣᠷᠣᠯᠭ᠎ᠠ ᠶᠢ ᠰᠤᠷᠭᠠᠨ ᠬᠥᠮᠦᠵᠢᠯ ᠳᠤ ᠬᠡᠷᠡᠭᠯᠡᠭᠰᠡᠨ ᠵᠠᠷᠤᠳᠠᠯ ᠵᠡᠷᠭᠡ ᠶᠢ ᠪᠠᠭᠲᠠᠭᠠᠨ᠎ᠠ︶ 830.38 ᠳ᠋ᠦᠩᠰᠢᠭᠤᠷ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠠᠴᠠ 8.26% ᠨᠡᠮᠡᠭᠳᠡᠪᠡ᠃      ᠬᠤᠶᠠᠷ᠂ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠶᠢᠳᠠᠯ      ︵ᠨᠢᠭᠡ︶ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠭᠳᠡᠭᠰᠡᠨ ᠪᠠᠶᠢᠳᠠᠯ      2022 ᠣᠨ ᠳᠤ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ︵ᠰᠤᠷᠭᠠᠨ ᠬᠥᠮᠦᠵᠢᠯ ᠤᠨ ᠦᠢᠯᠡᠰ ᠤᠨ ᠵᠠᠷᠤᠳᠠᠯ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠶᠢ ᠪᠠᠭᠲᠠᠭᠠᠨ᠎ᠠ︶ 674.21 ᠳ᠋ᠦᠩᠰᠢᠭᠤᠷ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 6.39% ᠨᠡᠮᠡᠭᠳᠡᠪᠡ᠃      ︵ᠬᠤᠶᠠᠷ︶ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠨᠢᠭᠡ ᠪᠦᠷᠢ ᠳᠤ ᠨᠣᠭᠳᠠᠬᠤ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠭᠳᠡᠭᠰᠡᠨ ᠪᠠᠶᠢᠳᠠᠯ      2022 ᠣᠨ ᠳᠤ᠂ ᠪᠦᠬᠦ ᠣᠷᠣᠨ ᠤ ᠬᠡᠦᠬᠡᠳ ᠤᠨ ᠴᠡᠴᠡᠷᠯᠢᠭ᠂ ᠡᠩ ᠤᠨ ᠪᠠᠭ᠎ᠠ ᠰᠤᠷᠭᠠᠭᠤᠯᠢ᠂ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠭᠳᠡᠭᠰᠡᠨ ᠪᠠᠶᠢᠳᠠᠯ᠄      1. ᠪᠦᠬᠦ ᠣᠷᠣᠨ ᠤ ᠬᠡᠦᠬᠡᠳ ᠤᠨ ᠴᠡᠴᠡᠷᠯᠢᠭ 16. 055.55 ᠲᠥᠭᠦᠷᠢᠭ᠂ ᠳᠡᠭᠡᠷ᠎ᠡ ᠵᠢᠯ ᠤᠨ ᠬᠢ ᠠᠴᠠ 13.44 ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠬᠥᠯᠥᠨ ᠪᠤᠶᠢᠷ ᠬᠤᠲᠠ ︵23.39%︶᠃      2. ᠪᠦᠬᠦ ᠣᠷᠣᠨ ᠤ ᠡᠩ ᠤᠨ ᠪᠠᠭ᠎ᠠ ᠰᠤᠷᠭᠠᠭᠤᠯᠢ 15731.39 ᠲᠥᠭᠦᠷᠢᠭ᠂ ᠳᠡᠭᠡᠷ᠎ᠡ ᠵᠢᠯ ᠤᠨ ᠬᠢ ᠠᠴᠠ 7.55% ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠦᠬᠠᠢ ᠬᠤᠲᠠ             ︵19.20%︶᠃      3. ᠪᠦᠬᠦ ᠣᠷᠣᠨ ᠤ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 20600.46 ᠲᠥᠭᠦᠷᠢᠭ᠂ ᠳᠡᠭᠡᠷ᠎ᠡ ᠵᠢᠯ ᠤᠨ ᠬᠢ ᠠᠴᠠ 8.27% ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠠᠯᠠᠱᠠ ᠠᠶᠢᠮᠠᠭ ︵32.34%︶᠃      4. ᠪᠦᠬᠦ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ 22570.85 ᠲᠥᠭᠦᠷᠢᠭ᠂ ᠳᠡᠭᠡᠷ᠎ᠡ ᠵᠢᠯ ᠤᠨ ᠬᠢ ᠠᠴᠠ 8.34% ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠦᠬᠠᠢ ᠬᠤᠲᠠ ︵37.56%︶᠃      5. ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 22191.72 ᠲᠥᠭᠦᠷᠢᠭ᠂ ᠳᠡᠭᠡᠷ᠎ᠡ ᠵᠢᠯ ᠤᠨ ᠬᠢ ᠠᠴᠠ 5.82% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠪᠠᠶᠠᠨᠨᠠᠭᠤᠷ ᠬᠤᠲᠠ ︵26.53%︶᠃      6. ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ 20733.21 ᠲᠥᠭᠦᠷᠢᠭ᠂ ᠳᠡᠭᠡᠷ᠎ᠡ ᠵᠢᠯ ᠤᠨ ᠬᠢ ᠠᠴᠠ 5.46% ᠪᠠᠭᠤᠷᠠᠪᠠ᠃ ᠬᠠᠮᠤᠭ ᠲᠦᠷᠭᠡᠨ ᠨᠡᠮᠡᠭᠳᠡᠭᠰᠡᠨ ᠨᠢ ᠬᠥᠯᠥᠨ ᠪᠤᠶᠢᠷ ᠬᠤᠲᠠ                 ︵30.30%︶᠃      ︵ᠭᠤᠷᠪᠠ︶ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠨᠢᠭᠡ ᠪᠦᠷᠢ ᠳᠤ ᠨᠣᠭᠳᠠᠬᠤ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠦᠢᠯᠡᠰ ᠤᠨ ᠵᠠᠷᠤᠳᠠᠯ ᠤᠨ ᠵᠠᠷᠤᠯᠭ᠎ᠠ ᠶᠢᠨ ᠨᠡᠮᠡᠭᠳᠡᠭᠰᠡᠨ ᠪᠠᠶᠢᠳᠠᠯ      2022 ᠣᠨ ᠳᠤ᠂ ᠪᠦᠬᠦ ᠣᠷᠣᠨ ᠤ ᠬᠡᠦᠬᠡᠳ ᠤᠨ ᠴᠡᠴᠡᠷᠯᠢᠭ᠂ ᠡᠩ ᠤᠨ ᠪᠠᠭ᠎ᠠ ᠰᠤᠷᠭᠠᠭᠤᠯᠢ᠂ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠦᠢᠯᠡᠰ ᠤᠨ ᠵᠠᠷᠤᠳᠠᠯ ᠤᠨ ᠵᠠᠷᠤᠯᠭ᠎ᠠ ᠶᠢᠨ ᠪᠠᠶᠢᠳᠠᠯ᠄      1. ᠪᠦᠬᠦ ᠣᠷᠣᠨ ᠤ ᠬᠡᠦᠬᠡᠳ ᠤᠨ ᠴᠡᠴᠡᠷᠯᠢᠭ 14 946. 15 ᠲᠥᠭᠦᠷᠢᠭ᠂ ᠳᠡᠭᠡᠷ᠎ᠡ ᠵᠢᠯ ᠤᠨ ᠬᠢ ᠠᠴᠠ 6.75% ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠲᠦᠩᠯᠢᠶᠤᠤ ᠬᠤᠲᠠ ︵33.26%︶᠃      2. ᠪᠦᠬᠦ ᠣᠷᠣᠨ ᠤ ᠡᠩ ᠤᠨ ᠪᠠᠭ᠎ᠠ ᠰᠤᠷᠭᠠᠭᠤᠯᠢ 14 989.72 ᠲᠥᠭᠦᠷᠢᠭ᠂ ᠳᠡᠭᠡᠷ᠎ᠡ ᠵᠢᠯ ᠤᠨ ᠬᠢ ᠠᠴᠠ 8.32% ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠲᠦᠩᠯᠢᠶᠤᠤ ᠬᠤᠲᠠ         ︵18.69%︶᠃      3. ᠪᠦᠬᠦ ᠣᠷᠣᠨ ᠤ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 19211. 92 ᠲᠥᠭᠦᠷᠢᠭ᠂ ᠳᠡᠭᠡᠷ᠎ᠡ ᠵᠢᠯ ᠤᠨ ᠬᠢ ᠠᠴᠠ 6.98% ᠨᠡᠮᠡᠭᠳᠡᠪᠡ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠪᠠᠶᠠᠨᠨᠠᠭᠤᠷ ᠬᠤᠲᠠ ︵27.30%︶᠃      4. ᠪᠦᠬᠦ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ 21243.62 ᠲᠥᠭᠦᠷᠢᠭ᠂ ᠳᠡᠭᠡᠷ᠎ᠡ ᠵᠢᠯ ᠤᠨ ᠬᠢ ᠠᠴᠠ 5.64% ᠨᠡᠮᠡᠭᠳᠡᠪᠡ᠃ ᠬᠠᠮᠤᠭ ᠲᠦᠷᠭᠡᠨ ᠨᠡᠮᠡᠭᠳᠡᠭᠰᠡᠨ ᠨᠢ ᠬᠥᠯᠥᠨ ᠪᠤᠶᠢᠷ ᠬᠤᠲᠠ ︵30.80%︶᠃      5. ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 20956.13 ᠲᠥᠭᠦᠷᠢᠭ᠂ ᠳᠡᠭᠡᠷ᠎ᠡ ᠵᠢᠯ ᠤᠨ ᠬᠢ ᠠᠴᠠ 5.59% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠪᠠᠶᠠᠨᠨᠠᠭᠤᠷ ᠬᠤᠲᠠ ︵14.78%︶᠃      6. ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ 19523.59 ᠲᠥᠭᠦᠷᠢᠭ᠂ ᠳᠡᠭᠡᠷ᠎ᠡ ᠵᠢᠯ ᠤᠨ ᠬᠢ ᠠᠴᠠ 8.11 ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠰᠢᠯᠢ ᠶᠢᠨ ᠭᠤᠣᠯ ᠠᠶᠢᠮᠠᠭ ︵31.12%︶᠃      ︵ᠳᠥᠷᠪᠡ︶ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠨᠢᠭᠡ ᠪᠦᠷᠢ ᠶᠢᠨ ᠳᠤᠮᠳᠠᠴᠢ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠨᠡᠶᠢᠲᠡ ᠶᠢᠨ ᠬᠡᠷᠡᠭᠯᠡᠭᠡᠨ  ᠤ ᠵᠠᠷᠤᠳᠠᠯ ᠤᠨ ᠨᠡᠮᠡᠭᠳᠡᠭᠰᠡᠨ ᠪᠠᠶᠢᠳᠠᠯ᠄      2022 ᠣᠨ ᠳᠤ᠂ ᠪᠦᠬᠦ ᠣᠷᠣᠨ ᠤ ᠬᠡᠦᠬᠡᠳ ᠤᠨ ᠴᠡᠴᠡᠷᠯᠢᠭ᠂ ᠡᠩ ᠤᠨ ᠪᠠᠭ᠎ᠠ ᠰᠤᠷᠭᠠᠭᠤᠯᠢ᠂ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠵᠠᠷᠤᠯᠭ᠎ᠠ ᠶᠢᠨ ᠪᠠᠶᠢᠳᠠᠯ᠄      1. ᠪᠦᠬᠦ ᠣᠷᠣᠨ ᠤ ᠬᠡᠦᠬᠡᠳ ᠤᠨ ᠴᠡᠴᠡᠷᠯᠢᠭ 4619.29 ᠲᠥᠭᠦᠷᠢᠭ᠂ ᠳᠡᠭᠡᠷ᠎ᠡ ᠵᠢᠯ ᠤᠨ ᠬᠢ ᠠᠴᠠ           8.57% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠦᠬᠠᠢ ᠬᠤᠲᠠ ︵44.77%︶᠃      2. ᠪᠦᠬᠦ ᠣᠷᠣᠨ ᠤ ᠡᠩ ᠤᠨ ᠪᠠᠭ᠎ᠠ ᠰᠤᠷᠭᠠᠭᠤᠯᠢ 3146.49 ᠲᠥᠭᠦᠷᠢᠭ᠂ ᠳᠡᠭᠡᠷ᠎ᠡ ᠵᠢᠯ ᠤᠨ ᠬᠢ ᠠᠴᠠ 6.3% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠪᠤᠭᠤᠲᠤ ᠬᠤᠲᠠ ︵23.89%︶᠃      3. ᠪᠦᠬᠦ ᠣᠷᠣᠨ ᠤ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 4202.12 ᠲᠥᠭᠦᠷᠢᠭ᠂ ᠳᠡᠭᠡᠷ᠎ᠡ ᠵᠢᠯ ᠤᠨ ᠬᠢ ᠠᠴᠠ 6.87% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠠᠯᠠᠱᠠ ᠠᠶᠢᠮᠠᠭ ︵35.50%︶᠃      4. ᠪᠦᠬᠦ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ 6452.84 ᠲᠥᠭᠦᠷᠢᠭ᠂ ᠳᠡᠭᠡᠷ᠎ᠡ ᠵᠢᠯ ᠤᠨ ᠬᠢ ᠠᠴᠠ 2.15%  ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠬᠥᠯᠦᠨ ᠪᠤᠶᠢᠷ ᠬᠤᠲᠠ ︵68.65%︶᠃      5. ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 7 676.79 ᠲᠥᠭᠦᠷᠢᠭ᠂ ᠳᠡᠭᠡᠷ᠎ᠡ ᠵᠢᠯ ᠤᠨ ᠬᠢ ᠠᠴᠠ 14.26% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠠᠯᠠᠱᠠ ᠠᠶᠢᠮᠠᠭ ︵53.42 %︶᠃      6. ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ 6325.87 ᠲᠥᠭᠦᠷᠢᠭ᠂ ᠳᠡᠭᠡᠷ᠎ᠡ ᠵᠢᠯ ᠤᠨ ᠬᠢ ᠠᠴᠠ 34.03% ᠪᠠᠭᠤᠷᠠᠪᠠ᠃ ᠬᠠᠮᠤᠭ ᠤᠨ ᠲᠦᠷᠭᠡᠨ ᠨᠡᠮᠡᠭᠳᠡᠭᠰᠡᠨ ᠨᠢ ᠰᠢᠯᠢ ᠶᠢᠨ ᠭᠤᠣᠯ ᠠᠶᠢᠮᠠᠭ ︵105.45%︶᠃      ︵ᠲᠠᠪᠤ︶ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠵᠠᠷᠤᠯᠭ᠎ᠠ ᠳᠤ ᠡᠵᠡᠯᠡᠬᠦ ᠬᠠᠷᠢᠴᠠᠯ ᠤᠨ ᠪᠠᠶᠢᠳᠠᠯ᠄      2022 ᠣᠨ ᠳᠤ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ 674.21 ᠳ᠋ᠦᠩᠰᠢᠭᠤᠷ ᠲᠥᠭᠦᠷᠢᠭ᠂ ᠡᠩ ᠤᠨ ᠣᠯᠠᠨ ᠨᠡᠶᠢᠲᠡ ᠶᠢᠨ ᠦᠢᠯᠡᠰ ᠤᠨ ᠲᠥᠰᠦᠪ ᠤᠨ ᠵᠠᠷᠤᠯᠭ᠎ᠠ ᠶᠢᠨ ᠬᠠᠷᠢᠴᠠᠯ 11.45%᠂ ᠳᠡᠭᠡᠷ᠎ᠡ ᠵᠢᠯ ᠤᠨ ᠬᠢ ᠠᠴᠠ 0.64 ᠵᠠᠭᠤᠨ ᠤ ᠨᠢᠭᠡᠴᠢ ᠪᠠᠭᠤᠷᠠᠪᠠ᠃          ᠳᠠᠭᠠᠯᠳᠤᠭᠤᠯᠤᠯ᠄ 2022 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠦᠭᠰᠡᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ                  2024 ᠣᠨ ᠤ 1 ᠰᠠᠷ᠎ᠠ ᠶᠢᠨ 10 ᠤ ᠡᠳᠦᠷ          

1.jpg

2.jpg

3.jpg

4.jpg

   

ᠳᠠᠭᠠᠯᠳᠤᠭᠤᠯᠤᠯ᠄ 2022 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠦᠭᠰᠡᠨ

ᠪᠠᠶᠢᠳᠠᠯ ᠤᠨ ᠪᠦᠷᠢᠳᠬᠡᠯ ᠤᠨ ᠬᠦᠰᠦᠨᠦᠭᠲᠦ

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号