ᠰᠢᠨ᠎ᠡ ᠰᠤᠷᠤᠯᠭ᠎ᠠ ᠶᠢᠨ ᠬᠤᠭᠤᠴᠠᠭᠠᠨ ᠤ ᠨᠢᠭᠡᠨ ᠤᠳᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠴᠢᠶᠡᠯ
ᠨᠡᠶᠢᠲᠡᠯᠡᠭᠰᠡᠨ ᠴᠠᠭ᠄
2024/2/26
      ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠭᠠᠷᠤᠭ᠎ᠠ᠃ ᠠᠮᠤᠷ ᠲᠦᠪᠰᠢᠨ ᠪᠣᠯ ᠪᠠᠶᠠᠷ ᠬᠦᠷ ᠲᠠᠢ ᠥᠰᠦᠨ ᠪᠤᠶᠢᠵᠢᠬᠤ ᠡᠬᠢ ᠰᠤᠷᠪᠤᠯᠵᠢ ᠮᠥᠨ᠂ ᠵᠠᠮ ᠶᠠᠪᠤᠬᠤ ᠳᠤ ᠪᠠᠨ ᠠᠶᠤᠯ ᠲᠦᠭᠰᠢᠭᠦᠷᠢ ᠠᠴᠠ ᠵᠠᠶᠢᠯᠠᠬᠤ ᠶᠢ ᠰᠤᠷᠴᠤ᠂ ᠥᠪᠡᠷ ᠢ ᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠠᠴᠠ ᠬᠠᠮᠠᠭᠠᠯᠠᠬᠤ ᠪᠣᠯ ᠬᠡᠦᠬᠡᠳ ᠪᠠ ᠭᠡᠷ ᠤᠨ ᠠᠬᠠᠮᠠᠳ ᠨᠢᠭᠡ ᠪᠦᠷᠢ ᠶᠢᠨ ᠵᠠᠪᠠᠯ ᠰᠤᠷᠬᠤ ᠬᠢᠴᠢᠶᠡᠯ ᠮᠥᠨ᠃       ᠰᠤᠷᠤᠭᠴᠢ ᠵᠠᠮ ᠶᠠᠪᠤᠬᠤ ᠳᠤ ᠪᠠᠨ ᠠᠩᠬᠠᠷᠬᠤ ᠵᠦᠢᠯ      1. ᠶᠠᠪᠠᠭᠠᠨ ᠶᠠᠪᠤᠬᠤ      ᠵᠠᠮ ᠶᠠᠪᠤᠬᠤ ᠳᠤ ᠪᠠᠨ ᠠᠩᠬᠠᠷᠤᠯ ᠢᠶᠠᠨ ᠲᠥᠪᠯᠡᠷᠡᠭᠦᠯᠦᠨ᠂ ᠲᠣᠯᠤᠭᠠᠢ ᠪᠥᠬᠦᠶᠢᠨ ᠭᠠᠷ ᠤᠲᠠᠰᠤ ᠵᠡᠷᠭᠡ ᠶᠢ ᠣᠷᠣᠯᠳᠤᠵᠤ ᠪᠣᠯᠬᠤ ᠬᠡᠷᠡᠭᠲᠡᠢ︔      ᠵᠠᠮ ᠣᠭᠲᠣᠯᠬᠤ ᠳᠤ ᠪᠠᠨ ᠶᠠᠪᠠᠭᠠᠨ ᠬᠥᠮᠦᠨ ᠳᠤ ᠵᠣᠷᠢᠭᠤᠯᠤᠭᠰᠠᠨ ᠵᠠᠮ ᠢᠶᠠᠷ ᠥᠩᠭᠡᠷᠡᠬᠦ ᠬᠡᠷᠡᠭᠲᠡᠢ︔      ᠮᠠᠰᠢᠨ ᠲᠡᠷᠭᠡᠨ ᠤ ᠡᠮᠦᠨᠡᠭᠦᠷ ᠭᠡᠨᠡᠳᠲᠡ ᠵᠠᠮ ᠣᠭᠲᠤᠯᠵᠤ ᠪᠣᠯᠬᠤ ᠦᠭᠡᠢ᠃      ᠲᠤᠰᠠᠭᠠᠷᠯᠠᠬᠤ ᠬᠡᠷᠡᠰᠬᠡ ᠶᠢ ᠳᠠᠪᠠᠵᠤ ᠪᠣᠯᠬᠤ ᠦᠭᠡᠢ᠃   

1.jpg

      2. ᠲᠡᠷᠭᠡᠨ ᠳᠤ ᠰᠠᠭᠤᠬᠤ

      ᠲᠡᠷᠭᠡᠨ ᠳᠤ ᠰᠠᠭᠤᠬᠤ ᠳᠤ ᠪᠠᠨ ᠠᠮᠤᠷ ᠲᠦᠪᠰᠢᠨ ᠤ ᠪᠦᠰᠡ ᠶᠢ ᠰᠠᠶᠢᠲᠤᠷ ᠪᠦᠰᠡᠯᠡᠵᠦ᠂ ᠯᠠᠪᠳᠠᠭᠤᠨ

ᠰᠠᠭᠤᠬᠤ ᠬᠡᠷᠡᠭᠲᠡᠢ︔

      ᠲᠡᠷᠭᠡᠨ ᠳᠡᠭᠡᠷ᠎ᠡ ᠠᠯᠢᠶᠠᠯᠠᠨ ᠨᠠᠭᠠᠳᠬᠤ ᠦᠭᠡᠢ ᠪᠠᠶᠢᠵᠤ᠂ ᠵᠢᠯᠣᠭᠤᠴᠢ ᠶᠢᠨ ᠬᠡᠪ ᠤᠨ ᠲᠡᠷᠭᠡ

ᠵᠢᠯᠣᠭᠤᠳᠬᠤ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃

   

2.jpg

      3. ᠳᠤᠭᠤᠢ ᠲᠡᠷᠭᠡ ᠤᠨᠤᠬᠤ

      ᠪᠦᠬᠦᠯᠢ 12 ᠨᠠᠰᠤ ᠬᠦᠷᠦᠭᠰᠡᠨ ᠬᠡᠦᠬᠡᠳ ᠳᠤᠭᠤᠢ ᠲᠡᠷᠭᠡ ᠤᠨᠤᠵᠤ ᠪᠣᠯᠤᠨ᠎ᠠ᠃

      ᠪᠦᠬᠦᠯᠢ 16 ᠨᠠᠰᠤ ᠬᠦᠷᠦᠭᠰᠡᠨ ᠵᠠᠯᠠᠭᠤᠴᠤᠳ ᠪᠠᠭᠠᠴᠤᠳ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ

ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠣᠯᠤᠨ᠎ᠠ᠃

      ᠠᠮᠤᠷ ᠲᠦᠪᠰᠢᠨ ᠵᠠᠮ ᠶᠠᠪᠤᠵᠤ᠂ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠬᠡᠷᠡᠭᠲᠡᠢ᠃

   

3.jpg

      ᠭᠡᠷ ᠤᠨ ᠠᠬᠠᠮᠠᠳ ᠲᠣᠰᠴᠤ ᠬᠦᠷᠭᠡᠬᠦ ᠳᠤ ᠪᠠᠨ ᠠᠩᠬᠠᠷᠬᠤ ᠵᠦᠢᠯ

      1. ᠠᠮᠤᠷ ᠲᠦᠪᠰᠢᠨ ᠤ ᠳᠤᠭᠤᠯᠠᠭ᠎ᠠ ᠵᠡᠭᠦᠪᠡᠯ᠂ ᠦᠷᠭᠦᠯᠵᠢ ᠠᠮᠤᠷ ᠲᠦᠪᠰᠢᠨ

      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠷ ᠬᠡᠦᠬᠡᠳ ᠢᠶᠠᠨ ᠲᠣᠰᠴᠤ ᠬᠦᠷᠭᠡᠬᠦ ᠦᠶ᠎ᠡ ᠳᠤ ᠭᠡᠷ ᠤᠨ

ᠠᠬᠠᠮᠠᠳ ᠪᠣᠯᠤᠨ ᠬᠡᠦᠬᠡᠳ ᠴᠥᠮ ᠠᠮᠤᠷ ᠲᠦᠪᠰᠢᠨ ᠤ ᠳᠤᠭᠤᠯᠠᠭ᠎ᠠ ᠵᠡᠭᠦᠬᠦ ᠬᠡᠷᠡᠭᠲᠡᠢ᠃

      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠵᠥᠪᠬᠡᠨ ᠨᠢᠭᠡ ᠯᠡ ᠪᠡᠶ᠎ᠡ ᠶᠢᠨ ᠥᠨᠳᠥᠷ ᠨᠢ 1.2

ᠮᠧᠲᠷ ᠠᠴᠠ ᠳᠣᠷᠣᠭᠰᠢ ᠬᠡᠦᠬᠡᠳ ᠢ ᠰᠠᠭᠤᠯᠭᠠᠵᠤ ᠪᠣᠯᠤᠨ᠎ᠠ᠃

      ᠡᠷᠬᠡᠪᠰᠢ ᠥᠪᠡᠷ ᠥᠪᠡᠷ ᠤᠨ ᠵᠠᠮ ᠢᠶᠠᠷ ᠶᠠᠪᠤᠵᠤ᠂ ᠤᠯᠠᠭᠠᠨ ᠳ᠋ᠧᠩ ᠢ ᠵᠥᠷᠢᠴᠡᠬᠦ ᠦᠭᠡᠢ᠂ ᠰᠦᠷᠴᠦ

ᠶᠠᠪᠤᠬᠤ ᠦᠭᠡᠢ᠂ ᠲᠣᠮᠣ ᠬᠡᠯᠪᠡᠷᠢᠲᠦ ᠲᠡᠷᠭᠡᠨ ᠤ ᠪᠠᠯᠠᠢ ᠣᠷᠣᠨ ᠠᠴᠠ ᠬᠤᠯᠠ ᠪᠠᠶᠢᠬᠤ ᠬᠡᠷᠡᠭᠲᠡᠢ᠃

   

4.jpg

      ᠮᠠᠰᠢᠨ ᠲᠡᠷᠭᠡ ᠪᠠᠷ ᠬᠡᠦᠬᠡᠳ ᠢᠶᠠᠨ ᠲᠣᠰᠴᠤ ᠬᠦᠷᠭᠡᠬᠦ ᠦᠶ᠎ᠡ ᠳᠤ᠂ ᠪᠦᠬᠦ ᠬᠥᠮᠦᠰ ᠠᠮᠤᠷ ᠲᠦᠪᠰᠢᠨ ᠤ

ᠪᠦᠰᠡ ᠶᠢ ᠪᠦᠬᠦ ᠶᠠᠪᠤᠴᠠ ᠳᠤ ᠰᠠᠶᠢᠲᠤᠷ ᠪᠦᠰᠡᠯᠡᠬᠦ ᠶᠢᠨ ᠬᠠᠮᠲᠤ ᠬᠡᠦᠬᠡᠳ ᠲᠤ ᠠᠮᠤᠷ ᠲᠦᠪᠰᠢᠨ ᠤ ᠰᠠᠭᠤᠳᠠᠯ

ᠲᠣᠬᠢᠷᠠᠭᠤᠯᠵᠤ ᠥᠭᠬᠦ ᠬᠡᠷᠡᠭᠲᠡᠢ᠃

      ᠲᠡᠷᠭᠡᠨ ᠠᠴᠠ ᠪᠠᠭᠤᠬᠤ ᠪᠠ ᠲᠡᠷᠭᠡᠨ ᠡᠭᠦᠳᠡᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ᠃

5.jpg

  

      2. ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠤ ᠬᠥᠮᠦᠵᠢᠯ ᠢ

ᠰᠠᠶᠢᠲᠤᠷ ᠬᠢᠬᠦ ᠬᠡᠷᠡᠭᠲᠡᠢ

      ᠭᠡᠷ ᠤᠨ ᠠᠬᠠᠮᠠᠳ ᠠᠮᠤᠷ ᠲᠦᠪᠰᠢᠨ ᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂

ᠬᠡᠦᠬᠡᠳ ᠲᠤ ᠪᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠤᠷᠭᠠᠵᠤ᠂ ᠰᠤᠷᠭᠠᠭᠤᠯᠢ ᠳᠤ ᠣᠴᠢᠬᠤ

ᠪᠠ ᠰᠤᠷᠭᠠᠭᠤᠯᠢ ᠲᠠᠷᠬᠠᠬᠤ ᠦᠶ᠎ᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ᠃

      ᠵᠠᠮ ᠶᠠᠪᠤᠬᠤ ᠦᠶ᠎ᠡ ᠳᠤ᠂ ᠭᠡᠷ ᠤᠨ ᠠᠬᠠᠮᠠᠳ ᠵᠠᠮ ᠬᠠᠷᠢᠯᠴᠠᠭᠠᠨ ᠤ ᠬᠠᠤᠯᠢ ᠳᠦᠷᠢᠮ ᠢ ᠤᠬᠠᠮᠰᠠᠷ ᠠᠴᠠ ᠪᠠᠨ

ᠵᠢᠷᠤᠮᠯᠠᠵᠤ᠂ ᠬᠡᠦᠬᠡᠳ ᠲᠤ ᠵᠥᠪ ᠦᠯᠢᠭᠡᠷ ᠳᠠᠭᠤᠷᠢᠶᠠᠯ ᠪᠣᠯᠵᠤ᠂ ᠬᠡᠦᠬᠡᠳ ᠲᠠᠢ ᠪᠠᠨ ᠬᠠᠮᠲᠤ ᠪᠣᠯᠪᠠᠰᠤᠨ ᠵᠠᠮ

ᠶᠠᠪᠤᠬᠤ ᠶᠢ ᠦᠢᠯᠡᠳᠦᠯᠭᠡᠵᠢᠭᠦᠯᠬᠦ ᠬᠡᠷᠡᠭᠲᠡᠢ᠃

   

6.png

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号