ᠰᠤᠷᠭᠠᠭᠤᠯᠢ ᠡᠬᠢᠯᠡᠬᠦ ᠪᠣᠯᠤᠯ᠎ᠠ᠂ ᠰᠤᠷᠤᠭᠴᠢᠳ ᠵᠠᠯᠭᠠᠭ᠎ᠠ ᠪᠠᠷ ᠰᠤᠷᠭᠠᠭᠤᠯᠢ ᠳᠤ ᠪᠠᠨ ᠪᠤᠴᠠᠵᠠᠭᠠᠨ᠎ᠠ᠃ | ᠪᠠᠶᠢᠷᠢ ᠶᠢᠨ ᠭᠡᠷ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠴᠢᠩᠭᠠᠳᠬᠠᠵᠤ᠂ ᠬᠤᠯᠪᠣᠭᠳᠠᠯ ᠪᠦᠬᠦᠢ ᠠᠮᠤᠷ | ᠲᠦᠪᠰᠢᠨ ᠤ ᠮᠡᠳᠡᠯᠭᠡ ᠶᠢ ᠣᠶᠢᠯᠠᠭᠠᠬᠤ ᠨᠢ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ ᠰᠡᠷᠭᠡᠶᠢᠯᠡᠬᠦ᠂ | ᠰᠤᠷᠤᠭᠴᠢᠳ ᠤᠨ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠲᠦᠢᠯ ᠤᠨ ᠴᠢᠬᠤᠯᠠ | ᠦᠢᠯᠡᠳᠦᠯ ᠲᠠᠢ ᠶᠤᠮ᠃ ᠬᠠᠮᠲᠤ ᠳᠤ ᠪᠠᠨ ᠪᠠᠶᠢᠷᠢ ᠶᠢᠨ ᠠᠮᠤᠷ ᠲᠦᠪᠰᠢᠨ ᠳᠤ ᠬᠤᠯᠪᠤᠭᠳᠠᠬᠤ ᠠᠩᠬᠠᠷᠬᠤ ᠵᠦᠢᠯ ᠢ | ᠰᠤᠷᠤᠯᠴᠠᠵᠠᠭᠠᠶᠠ᠃ | ᠨᠢᠭᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ | 1. ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠢ ᠬᠡᠷᠡᠭᠯᠡᠬᠦ ᠦᠭᠡᠢ᠃ ᠲᠣᠭᠲᠠᠭᠠᠯ ᠠᠴᠠ | ᠵᠥᠷᠢᠴᠡᠭᠰᠡᠨ ᠴᠠᠬᠢᠯᠭᠠᠨ ᠬᠡᠷᠡᠭᠰᠡᠯ ᠪᠣᠯ ᠰᠤᠷᠤᠭᠴᠢ ᠶᠢᠨ ᠪᠠᠶᠢᠷᠢ ᠳᠤ ᠭᠠᠯ ᠤᠨ ᠠᠶᠤᠯ ᠡᠭᠦᠰᠭᠡᠬᠦ ᠲᠡᠷᠢᠭᠦᠨ | ᠴᠢᠬᠤᠯᠠ ᠳᠠᠯᠳᠠ ᠭᠡᠮ ᠪᠣᠯᠤᠨ᠎ᠠ᠃ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠭᠡᠳᠡᠭ ᠨᠢ ᠶᠡᠭᠡ | ᠴᠢᠳᠠᠮᠵᠢᠲᠤ ᠪᠤᠶᠤ ᠠᠮᠤᠷ ᠲᠦᠪᠰᠢᠨ ᠤ ᠪᠠᠲᠤᠯᠠᠭ᠎ᠠ ᠦᠭᠡᠢ ᠴᠠᠬᠢᠯᠭᠠᠨ ᠬᠡᠷᠡᠭᠰᠡᠯ ᠢ ᠵᠢᠭᠠᠵᠤ ᠪᠤᠢ᠂ ᠵᠢᠱᠢᠶᠡᠯᠡᠪᠡᠯ | ᠴᠠᠬᠢᠯᠭᠠᠨ ᠬᠠᠯᠠᠭᠠᠭᠤᠷ᠂ ᠴᠠᠬᠢᠯᠭᠠᠨ ᠲᠣᠭᠤᠭ᠎ᠠ᠂ ᠴᠠᠬᠢᠯᠭᠠᠨ ᠳᠡᠪᠦᠷ᠎ᠡ᠂ ᠦᠯᠢᠶᠡᠭᠦᠷ᠂ ᠴᠠᠬᠢᠯᠭᠠᠨ ᠳᠠᠩᠰᠠ ᠵᠡᠷᠭᠡ | ᠪᠣᠢ᠂ ᠪᠠᠶᠢᠷᠢ ᠳᠤ ᠶᠡᠭᠡ ᠴᠢᠳᠠᠮᠵᠢᠲᠤ ᠴᠠᠬᠢᠯᠭᠠᠨ ᠬᠡᠷᠡᠭᠰᠡᠯ ᠢ ᠬᠡᠷᠡᠭᠯᠡᠪᠡᠯ ᠴᠠᠬᠢᠯᠭᠠᠨ ᠤᠲᠠᠰᠤᠨ ᠤ ᠳᠠᠭᠠᠭᠠᠴᠠ | ᠬᠡᠲᠦᠷᠡᠬᠦ ᠪᠤᠶᠤ ᠴᠠᠬᠢᠯᠭᠠᠨ ᠬᠡᠯᠬᠢᠶᠡᠨ ᠤ ᠲᠦᠳᠡᠯᠡᠯ ᠠᠴᠠ ᠪᠣᠯᠵᠤ ᠭᠠᠯ ᠤᠨ ᠠᠶᠤᠯ ᠡᠭᠦᠰᠦᠨ᠎ᠡ᠃ | 2. ᠥᠪᠡᠰᠦᠪᠡᠨ ᠴᠠᠬᠢᠯᠭᠠᠨ ᠤᠲᠠᠰᠤ ᠵᠠᠯᠭᠠᠬᠤ ᠪᠤᠶᠤ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠨ | ᠬᠡᠷᠡᠭᠯᠡᠵᠦ ᠪᠣᠯᠬᠤ ᠦᠭᠡᠢ᠃ ᠴᠠᠬᠢᠯᠭᠠᠨ ᠤᠲᠠᠰᠤᠨ ᠤ ᠱᠤᠭᠤᠮ ᠢ ᠵᠢᠷᠤᠮᠵᠢᠭᠤᠯᠬᠤ ᠳᠤ᠂ ᠴᠠᠬᠢᠯᠭᠠᠨ ᠤᠲᠠᠰᠤ ᠶᠢ | ᠰᠢᠲᠠᠮᠠᠬᠠᠢ ᠪᠣᠳᠠᠰ ᠤᠨ ᠳᠤᠮᠳᠠᠭᠤᠷ ᠨᠡᠪᠲᠡᠷᠡᠭᠦᠯᠬᠦ ᠠᠴᠠ ᠵᠠᠶᠢᠯᠠᠰᠬᠢᠬᠤ ᠬᠡᠷᠡᠭᠲᠡᠢ︔ ᠤᠯᠤᠰ ᠤᠨ ᠠᠮᠤᠷ | ᠲᠦᠪᠰᠢᠨ ᠤ ᠴᠢᠨᠠᠷ ᠴᠢᠨᠰᠠᠭᠠᠨ ᠤ ᠪᠠᠷᠢᠮᠵᠢᠶ᠎ᠠ ᠳᠤ ᠨᠡᠶᠢᠴᠡᠭᠰᠡᠨ ᠤᠭᠯᠠᠭᠤᠷᠭ᠎ᠠ᠂ ᠵᠢᠭᠢᠷᠢᠭ ᠤᠭᠯᠠᠭᠤᠷᠭ᠎ᠠ ᠶᠢ | ᠬᠡᠷᠡᠭᠯᠡᠵᠦ᠂ ᠤᠭᠯᠠᠭᠤᠷᠭ᠎ᠠ ᠳᠡᠭᠡᠷᠡᠬᠢ ᠡᠯ᠎ᠡ ᠲᠥᠷᠥᠯ ᠤᠨ ᠴᠠᠬᠢᠯᠭᠠᠨ ᠤᠭᠯᠠᠭᠤᠷ ᠢ ᠰᠠᠶᠢᠲᠤᠷ ᠠᠩᠬᠠᠷᠴᠤ᠂ | ᠡᠪᠳᠡᠷᠡᠭᠰᠡᠨ ᠪᠣᠯ ᠴᠠᠭ ᠲᠤᠬᠠᠢ ᠳᠤ ᠨᠢ ᠰᠣᠯᠢᠵᠤ᠂ ᠴᠠᠬᠢᠯᠭᠠᠨ ᠬᠡᠯᠬᠢᠶᠡᠨ ᠤ ᠳᠥᠲᠡᠯᠡᠯ ᠪᠤᠶᠤ ᠵᠥᠪ ᠪᠣᠰᠤ | ᠵᠠᠯᠭᠠᠯᠲᠠ ᠠᠴᠠ ᠪᠣᠯᠵᠤ ᠭᠠᠯ ᠤᠨ ᠠᠶᠤᠯ ᠡᠭᠦᠰᠬᠦ ᠠᠴᠠ ᠵᠠᠶᠢᠯᠠᠰᠬᠢᠬᠤ ᠬᠡᠷᠡᠭᠲᠡᠢ᠃ | 3. ᠢᠯᠡ ᠭᠠᠯ ᠢ ᠬᠡᠷᠡᠭᠯᠡᠬᠦ ᠦᠭᠡᠢ᠃ ᠪᠠᠶᠢᠷᠢ ᠳᠤ ᠯᠠ᠂ ᠰᠢᠮᠠᠭᠤᠯ ᠤᠲᠤᠬᠤ ᠬᠦᠵᠢ ᠠᠰᠠᠭᠠᠬᠤ᠂ ᠶᠠᠭᠤᠮ᠎ᠠ | ᠰᠢᠲᠠᠭᠠᠬᠤ᠂ ᠬᠤᠸᠠᠷ ᠫᠤᠤᠵᠢᠩ ᠲᠠᠯᠪᠢᠬᠤ ᠶᠢ ᠴᠢᠩᠭ᠎ᠠ ᠬᠤᠷᠢᠭᠯᠠᠨ᠎ᠠ᠃ | 4. ᠭᠠᠳᠠᠭᠰᠢ ᠭᠠᠷᠬᠤ ᠳᠤ ᠪᠠᠨ ᠴᠠᠬᠢᠯᠭᠠᠨ ᠡᠭᠦᠰᠭᠡᠭᠴᠢ ᠶᠢ ᠬᠠᠭᠠᠨ᠎ᠠ᠃ ᠪᠠᠶᠢᠷᠢ ᠠᠴᠠ ᠰᠠᠯᠬᠤ ᠠᠴᠠ | ᠡᠮᠦᠨ᠎ᠡ ᠡᠷᠬᠡᠪᠰᠢ ᠴᠠᠬᠢᠯᠭᠠᠨ ᠳ᠋ᠧᠩ᠂ ᠴᠠᠬᠢᠯᠭᠠᠨ ᠴᠡᠨᠡᠭᠯᠡᠭᠦᠷ ᠵᠡᠷᠭᠡ ᠴᠠᠬᠢᠯᠭᠠᠨ ᠲᠥᠬᠦᠭᠡᠷᠦᠮᠵᠢ ᠶᠢᠨ ᠴᠠᠬᠢᠯᠭᠠᠨ | ᠡᠭᠦᠰᠭᠡᠭᠴᠢ ᠶᠢ ᠪᠠᠶᠢᠴᠠᠭᠠᠬᠤ ᠶᠢᠨ ᠬᠠᠮᠲᠤ ᠬᠠᠭᠠᠵᠤ᠂ ᠴᠠᠬᠢᠯᠭᠠᠨ ᠬᠡᠷᠡᠭᠰᠡᠯ ᠢ ᠪᠠᠶᠢᠩᠭᠤ ᠴᠠᠬᠢᠯᠭᠠᠨ ᠨᠡᠪᠲᠡᠷᠡᠭᠰᠡᠨ | ᠪᠠᠶᠢᠳᠠᠯ ᠳᠤ ᠲᠠᠯᠪᠢᠬᠤ ᠠᠴᠠ ᠪᠣᠯᠤᠭᠰᠠᠨ ᠭᠠᠯ ᠤᠨ ᠠᠶᠤᠯ ᠡᠭᠦᠰᠬᠦ ᠠᠴᠠ ᠰᠡᠷᠭᠡᠶᠢᠯᠡᠨ᠎ᠡ᠃ | 5. ᠭᠠᠯ ᠰᠡᠷᠭᠡᠶᠢᠯᠡᠵᠦ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠭᠤᠳᠤᠮ ᠢ ᠡᠵᠡᠯᠡᠨ ᠬᠡᠷᠡᠭᠯᠡᠬᠦ ᠦᠭᠡᠢ᠂ | ᠪᠥᠭᠯᠡᠬᠦ ᠦᠭᠡᠢ᠃ ᠠᠮᠤᠷ ᠲᠦᠪᠰᠢᠨ ᠤ ᠭᠠᠷᠴᠠ ᠪᠣᠯᠤᠨ ᠲᠠᠷᠬᠠᠭᠠᠨ ᠵᠠᠶᠢᠯᠠᠭᠤᠯᠬᠤ ᠭᠤᠳᠤᠮ ᠪᠣᠯ ︽ᠠᠮᠢ | ᠨᠠᠰᠤᠨ ᠤ ᠨᠡᠪᠲᠡᠷᠡᠬᠦ ᠵᠠᠮ︾ ᠪᠣᠯᠤᠨ᠎ᠠ᠃ ᠪᠠᠶᠢᠷᠢ ᠶᠢᠨ ᠭᠡᠷ ᠲᠤ ᠶᠠᠭᠤᠮ᠎ᠠ ᠲᠠᠯᠪᠢᠬᠤ ᠳᠤ ᠪᠠᠨ ᠡᠭᠦᠳᠡ ᠶᠢ ᠪᠥᠭᠯᠡᠬᠦ | ᠦᠭᠡᠢ᠂ ᠴᠣᠩᠬᠤ ᠶᠢ ᠪᠥᠭᠯᠡᠬᠦ ᠦᠭᠡᠢ᠂ ᠬᠤᠩᠭᠢᠯ᠂ ᠬᠤᠩᠬᠢᠯ ᠵᠠᠮ ᠳᠡᠭᠡᠷ᠎ᠡ ᠡᠯᠳᠡᠪ ᠶᠠᠭᠤᠮ᠎ᠠ ᠣᠪᠣᠭᠠᠯᠠᠬᠤ ᠦᠭᠡᠢ | ᠪᠠᠶᠢᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠭᠤᠳᠤᠮ ᠤᠨ ᠰᠠᠭᠠᠳ ᠦᠭᠡᠢ | ᠨᠡᠪᠲᠡᠷᠡᠬᠦ ᠶᠢ ᠡᠷᠬᠡᠪᠰᠢ ᠪᠠᠲᠤᠯᠠᠬᠤ ᠬᠡᠷᠡᠭᠲᠡᠢ᠃ | ᠬᠤᠶᠠᠷ᠂ ᠬᠤᠯᠠᠭᠠᠢ ᠶᠢ ᠰᠡᠷᠭᠡᠶᠢᠯᠡᠬᠦ ᠠᠮᠤᠷ ᠲᠦᠪᠰᠢᠨ | ᠪᠠᠶᠢᠷᠢ ᠶᠢᠨ ᠠᠰᠠᠷ ᠪᠣᠯ ᠰᠤᠷᠤᠭᠴᠢᠳ ᠤᠨ ᠬᠠᠮᠲᠤ ᠶᠢᠨ ᠠᠮᠢᠳᠤᠷᠠᠯ ᠤᠨ ᠭᠤᠣᠯ ᠲᠠᠯᠠᠪᠤᠷ ᠪᠣᠯᠤᠭᠰᠠᠨ ᠤ | ᠬᠤᠪᠢ ᠳᠤ᠂ ᠣᠷᠣᠵᠤ ᠭᠠᠷᠬᠤ ᠬᠥᠮᠦᠨ ᠣᠯᠠᠨ ᠮᠥᠷᠲᠡᠭᠡᠨ ᠡᠮᠬᠢ ᠵᠠᠮᠪᠠᠷᠠᠭ᠎ᠠ ᠦᠭᠡᠢ ᠪᠠᠶᠢᠵᠤ᠂ ᠰᠤᠷᠤᠭᠴᠢᠳ | ᠪᠠᠶᠢᠷᠢ ᠶᠢᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠵᠤ᠂ ᠠᠮᠤᠷ ᠲᠦᠪᠰᠢᠨ ᠤ ᠤᠬᠠᠮᠰᠠᠷ ᠪᠠ ᠬᠠᠤᠯᠢ | ᠳᠦᠷᠢᠮ ᠤᠨ ᠦᠵᠡᠯᠲᠡ ᠪᠠᠨ ᠴᠢᠩᠭᠠᠳᠬᠠᠨ᠂ ᠰᠡᠷᠭᠡᠶᠢᠯᠡᠬᠦ ᠵᠢᠴᠢ ᠥᠪᠡᠷ ᠢ ᠪᠠᠨ ᠬᠠᠮᠢᠶᠠᠷᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠪᠠᠶᠢᠷᠢ ᠶᠢᠨ ᠠᠮᠤᠷ ᠲᠦᠪᠰᠢᠨ ᠢ ᠬᠤᠬᠢᠷᠠᠭᠤᠯᠬᠤ ᠮᠠᠭᠤ ᠦᠢᠯᠡ ᠠᠵᠢᠯᠯᠠᠭ᠎ᠠ ᠶᠢ ᠴᠠᠭ ᠲᠤᠬᠠᠢ ᠳᠤ | ᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ᠂ ᠪᠠᠶᠢᠷᠢ ᠶᠢᠨ ᠭᠡᠷ ᠲᠤ ᠣᠷᠣᠵᠤ ᠭᠠᠷᠬᠤ ᠭᠠᠳᠠᠨ᠎ᠠ ᠠᠴᠠ | ᠢᠷᠡᠭᠰᠡᠨ ᠬᠥᠮᠦᠰ ᠢ ᠠᠩᠬᠠᠷᠤᠨ᠂ ᠰᠡᠵᠢᠭᠯᠡᠯᠲᠡᠢ ᠪᠠᠶᠢᠳᠠᠯ ᠲᠣᠬᠢᠶᠠᠯᠳᠤᠪᠠᠯ᠂ ᠰᠤᠷᠤᠭᠴᠢᠳ ᠰᠠᠨᠠᠭᠠᠴᠢᠯᠠᠭ᠎ᠠ ᠠᠴᠠ ᠪᠠᠨ | ᠪᠠᠶᠢᠴᠠᠭᠠᠨ ᠠᠰᠠᠭᠤᠬᠤ ᠶᠢᠨ ᠬᠠᠮᠲᠤ ᠵᠢᠵᠢᠭᠦᠷᠯᠡᠭᠴᠢ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠴᠠᠭ | ᠲᠤᠬᠠᠢ ᠳᠤ ᠨᠢ ᠮᠡᠳᠡᠭᠦᠯᠬᠦ ᠬᠡᠷᠡᠭᠲᠡᠢ᠃ | 1. ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠣᠢ ᠪᠣᠯᠭᠠᠨ᠎ᠠ᠃ ᠰᠡᠷᠭᠡᠶᠢᠯᠡᠬᠦ ᠤᠬᠠᠮᠰᠠᠷ ᠢ | ᠰᠠᠨᠠᠭᠠᠴᠢᠯᠠᠭ᠎ᠠ ᠠᠴᠠ ᠪᠠᠨ ᠪᠣᠢ ᠪᠣᠯᠭᠠᠵᠤ᠂ ᠬᠤᠯᠠᠭᠠᠢ ᠶᠢ ᠰᠡᠷᠭᠡᠶᠢᠯᠡᠬᠦ ᠠᠮᠤᠷ ᠲᠦᠪᠰᠢᠨ ᠢ ᠠᠩᠬᠠᠷᠴᠤ᠂ | ᠡᠭᠦᠳᠡ ᠪᠠᠨ ᠣᠨᠢᠰᠤᠯᠠᠬᠤ᠂ ᠴᠣᠩᠬᠤ ᠪᠠᠨ ᠬᠠᠭᠠᠬᠤ ᠰᠠᠶᠢᠨ ᠰᠠᠶᠢᠬᠠᠨ ᠳᠠᠳᠬᠠᠯ ᠢ ᠪᠣᠢ ᠪᠣᠯᠭᠠᠨ᠂ ᠬᠥᠮᠦᠨ ᠦᠭᠡᠢ | ᠦᠶ᠎ᠡ ᠳᠤ ᠡᠭᠦᠳᠡ ᠪᠠᠨ ᠬᠠᠭᠠᠵᠤ᠂ ᠭᠠᠳᠠᠭᠰᠢ ᠭᠠᠷᠬᠤ᠂ ᠤᠨᠲᠠᠬᠤ ᠠᠴᠠ ᠪᠠᠨ ᠡᠮᠦᠨ᠎ᠡ ᠡᠭᠦᠳᠡ ᠴᠣᠩᠬᠤ ᠪᠠᠨ | ᠰᠠᠶᠢᠲᠤᠷ ᠬᠠᠭᠠᠨ᠂ ᠨᠢᠭᠡᠳᠦᠭᠡᠷ ᠳᠡᠭᠳᠡᠷ ᠲᠤ ᠰᠠᠭᠤᠵᠤ ᠪᠠᠶᠢᠭ᠎ᠠ ᠰᠤᠷᠤᠭᠴᠢᠳ ᠬᠤᠪᠴᠠᠰᠤ ᠬᠤᠨᠠᠷ᠂ ᠪᠢᠴᠢᠭ ᠤᠨ | ᠪᠣᠭᠴᠣ ᠵᠢᠴᠢ ᠪᠤᠰᠤᠳ ᠶᠠᠭᠤᠮ᠎ᠠ ᠪᠠᠨ ᠴᠣᠩᠬᠤᠨ ᠳᠡᠭᠡᠷ᠎ᠡ ᠲᠠᠯᠪᠢᠵᠤ ᠪᠣᠯᠬᠤ ᠦᠭᠡᠢ᠂ ᠪᠠᠶᠢᠷᠢ ᠳᠤ ᠪᠠᠨ ᠣᠷᠣᠢ | ᠬᠠᠷᠢᠬᠤ ᠰᠤᠷᠤᠭᠴᠢ ᠬᠥᠮᠦᠨ ᠳᠠᠭᠠᠵᠤ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠃ | 2. ᠥᠪᠡᠷ ᠤᠨ ᠶᠠᠭᠤᠮ᠎ᠠ ᠪᠠᠨ ᠵᠦᠢ ᠵᠣᠬᠢᠰᠲᠠᠢ ᠬᠠᠳᠠᠭᠠᠯᠠᠨ᠎ᠠ᠃ ᠰᠠᠨᠠᠭᠠᠨ ᠳᠤ ᠦᠭᠡᠢ ᠤᠴᠢᠷ ᠭᠠᠷᠬᠤ | ᠠᠴᠠ ᠰᠡᠷᠭᠡᠶᠢᠯᠡᠬᠦ ᠶᠢᠨ ᠲᠥᠯᠥᠭᠡ᠂ ᠰᠤᠷᠤᠭᠴᠢᠳ ᠥᠪᠡᠷ ᠤᠨ ᠶᠠᠭᠤᠮ᠎ᠠ ᠪᠠᠨ ᠵᠦᠢ ᠵᠣᠬᠢᠰᠲᠠᠢ ᠬᠠᠳᠠᠭᠠᠯᠠᠵᠤ | ᠬᠠᠮᠢᠶᠠᠷᠤᠭᠠᠷᠠᠢ︔ ᠪᠠᠶᠢᠷᠢ ᠳᠤ ᠪᠠᠨ ᠠᠷᠪᠢᠨ ᠪᠡᠯᠡᠨ ᠵᠣᠭᠤᠰ ᠲᠠᠯᠪᠢᠬᠤ ᠦᠭᠡᠢ︔ ᠪᠠᠩᠬᠢ ᠶᠢᠨ ᠬᠠᠳᠠᠭᠠᠯᠠᠮᠵᠢ ᠳᠤ | ᠡᠷᠬᠡᠪᠰᠢ ᠬᠤᠪᠢ ᠬᠥᠮᠦᠨ ᠤ ᠨᠢᠭᠤᠴᠠ ᠨᠣᠮᠧᠷ ᠢ ᠬᠡᠷᠡᠭᠯᠡᠵᠦ᠂ ᠮᠥᠩᠭᠦᠨ ᠭᠦᠢᠯᠭᠡᠭᠡᠨ ᠤ ᠺᠠᠷᠲ ᠪᠠ ᠪᠡᠶ᠎ᠡ ᠶᠢᠨ | ᠦᠨᠡᠮᠯᠡᠯ ᠢ ᠰᠠᠯᠭᠠᠨ ᠬᠠᠳᠠᠭᠠᠯᠠᠵᠤ᠂ ᠬᠠᠭᠤᠷᠮᠠᠭᠯᠠᠨ ᠠᠪᠬᠤ ᠠᠴᠠ ᠰᠡᠷᠭᠡᠶᠢᠯᠡᠬᠦ ᠬᠡᠷᠡᠭᠲᠡᠢ᠃ | 3. ᠪᠠᠶᠢᠷᠢ ᠶᠢᠨ ᠲᠦᠯᠬᠢᠭᠦᠷ ᠢ ᠠᠮᠤᠷ ᠲᠦᠪᠰᠢᠨ ᠬᠡᠷᠡᠭᠯᠡᠨ᠎ᠡ᠃ ᠡᠭᠦᠳᠡ ᠪᠣᠯ ᠪᠠᠶᠢᠷᠢ ᠶᠢᠨ ᠠᠰᠠᠷ ᠤᠨ | ᠠᠮᠤᠷ ᠲᠦᠪᠰᠢᠨ ᠢ ᠬᠠᠮᠠᠭᠠᠯᠠᠬᠤ ᠬᠠᠯᠬᠠᠪᠴᠢ ᠮᠥᠨ᠂ ᠰᠤᠷᠤᠭᠴᠢᠳ ᠥᠪᠡᠷ ᠤᠨ ᠪᠠᠶᠢᠷᠢ ᠶᠢᠨ ᠲᠦᠯᠬᠢᠭᠦᠷ ᠢᠶᠠᠨ | ᠰᠠᠶᠢᠲᠤᠷ ᠬᠠᠳᠠᠭᠠᠯᠠᠵᠤ᠂ ᠲᠦᠯᠬᠢᠭᠦᠷ ᠪᠤᠶᠤ ᠰᠤᠷᠭᠠᠭᠤᠯᠢ ᠶᠢᠨ ᠬᠦᠷᠢᠶᠡᠨ ᠤ ᠺᠠᠷᠲ ᠢ ᠳᠤᠷ᠎ᠠ ᠪᠠᠷ ᠢᠶᠠᠨ ᠥᠭᠡᠷ᠎ᠡ | ᠬᠥᠮᠦᠨ ᠳᠤ ᠵᠢᠭᠡᠯᠡᠭᠦᠯᠬᠦ ᠪᠤᠶᠤ ᠪᠤᠰᠤᠳ ᠬᠥᠮᠦᠨ ᠢᠶᠠᠷ ᠬᠠᠮᠢᠶᠠᠷᠤᠭᠤᠯᠬᠤ ᠦᠭᠡᠢ᠃ ᠵᠠᠪᠠᠯ ᠰᠤᠷᠭᠠᠭᠤᠯᠢ ᠶᠢᠨ | ᠨᠢᠭᠡᠳᠦᠯᠲᠡᠢ ᠲᠣᠬᠢᠷᠠᠭᠤᠯᠤᠭᠰᠠᠨ ᠬᠤᠯᠠᠭᠠᠢ ᠶᠢ ᠰᠡᠷᠭᠡᠶᠢᠯᠡᠬᠦ ᠣᠨᠢᠰᠤ ᠶᠢ ᠬᠡᠷᠡᠭᠯᠡᠵᠦ᠂ ᠡᠭᠦᠳᠡᠨ ᠤ ᠣᠨᠢᠰᠤ ᠪᠤᠶᠤ | ᠣᠨᠳᠣᠤ ᠡᠭᠦᠳᠡᠨ ᠤ ᠣᠨᠢᠰᠤ ᠨᠡᠮᠡᠬᠦ ᠶᠢ ᠴᠢᠩᠭ᠎ᠠ ᠬᠤᠷᠢᠭᠯᠠᠨ᠎ᠠ᠃ | 4. ᠵᠢᠵᠢᠭ ᠬᠤᠳᠠᠯᠳᠤᠭᠠᠴᠢᠨ ᠢ ᠴᠢᠩᠭ᠎ᠠ ᠰᠡᠷᠭᠡᠶᠢᠯᠡᠨ᠎ᠡ᠃ ᠰᠤᠷᠤᠭᠴᠢ ᠶᠠᠭᠤᠮ᠎ᠠ ᠪᠠᠨ ᠭᠡᠭᠡᠬᠦ ᠪᠤᠶᠤ | ᠮᠡᠬᠡᠯᠡᠭᠳᠡᠬᠦ ᠵᠡᠷᠭᠡ ᠦᠵᠡᠭᠳᠡᠯ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠪᠠᠶᠢᠷᠢ ᠶᠢᠨ ᠠᠰᠠᠷ ᠲᠤ ᠡᠯ᠎ᠡ | ᠲᠥᠷᠥᠯ ᠤᠨ ᠵᠢᠵᠢᠭ ᠬᠤᠳᠠᠯᠳᠤᠭᠠᠴᠢᠨ ᠶᠠᠭᠤᠮ᠎ᠠ ︵ᠣᠨᠴᠠᠭᠠᠶᠢᠯᠠᠨ ᠬᠠᠭᠤᠷᠮᠠᠭ ᠮᠠᠭᠤ ᠪᠠᠷᠠᠭ᠎ᠠ︶ ᠪᠣᠷᠣᠯᠠᠭᠤᠯᠬᠤ ᠶᠢ | ᠴᠢᠩᠭ᠎ᠠ ᠬᠤᠷᠢᠭᠯᠠᠨ᠎ᠠ᠂ ᠵᠢᠱᠢᠶᠡᠯᠡᠪᠡᠯ ᠪᠠᠶᠢᠷᠢ ᠶᠢᠨ ᠠᠰᠠᠷ ᠲᠤ ᠵᠢᠵᠢᠭ ᠬᠤᠳᠠᠯᠳᠤᠭᠠᠴᠢᠨ ᠪᠤᠶᠤ ᠳᠠᠮᠵᠢᠭᠤᠯᠤᠨ | ᠪᠣᠷᠣᠯᠠᠭᠤᠯᠤᠭᠴᠢ ᠶᠠᠭᠤᠮ᠎ᠠ ᠬᠤᠳᠠᠯᠳᠤᠵᠤ ᠪᠠᠶᠢᠭ᠎ᠠ ᠶᠢ ᠣᠯᠵᠤ ᠮᠡᠳᠡᠪᠡᠯ᠂ ᠲᠡᠳᠡᠨ ᠤ ᠪᠠᠶᠢᠷᠢ ᠳᠤ ᠣᠷᠣᠬᠤ ᠶᠢ | ᠵᠥᠪᠰᠢᠶᠡᠷᠡᠬᠦ ᠦᠭᠡᠢ ᠪᠥᠭᠡᠳ ᠪᠠᠶᠢᠷᠢ ᠶᠢᠨ ᠠᠰᠠᠷ ᠤᠨ ᠵᠢᠵᠢᠭᠦᠷᠯᠡᠭᠴᠢ ᠳᠤ ᠴᠠᠭ ᠲᠤᠬᠠᠢ ᠳᠤ ᠨᠢ ᠮᠡᠳᠡᠭᠦᠯᠬᠦ ᠪᠤᠶᠤ | ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠡ᠃ | 5. ᠭᠠᠳᠠᠨ᠎ᠠ ᠶᠢᠨ ᠬᠥᠮᠦᠨ ᠢ ᠪᠠᠶᠢᠷᠢ ᠳᠤ ᠬᠤᠨᠣᠭᠤᠯᠬᠤ ᠦᠭᠡᠢ᠃ ᠡᠯ᠎ᠡ ᠰᠤᠷᠭᠠᠭᠤᠯᠢ ᠥᠪᠡᠷ ᠤᠨ | ᠣᠷᠣ ᠪᠠᠨ ᠪᠤᠰᠤᠳ ᠲᠤ ᠳᠤᠷ᠎ᠠ ᠪᠠᠷ ᠢᠶᠠᠨ ᠵᠢᠭᠡᠯᠡᠭᠦᠯᠦᠨ ᠬᠡᠷᠡᠭᠯᠡᠭᠦᠯᠬᠦ ᠶᠢ ᠴᠢᠩᠭ᠎ᠠ ᠬᠤᠷᠢᠭᠯᠠᠵᠤ᠂ ᠲᠤᠰ | ᠪᠠᠶᠢᠷᠢ ᠶᠢᠨ ᠪᠤᠰᠤ ᠬᠥᠮᠦᠨ ᠢ ᠳᠤᠷ᠎ᠠ ᠪᠠᠷ ᠢᠶᠠᠨ ᠪᠠᠶᠢᠷᠢ ᠳᠤ ᠦᠯᠡᠳᠡᠭᠡᠨ ᠬᠤᠨᠣᠭᠤᠯᠵᠤ ᠪᠣᠯᠬᠤ ᠦᠭᠡᠢ᠂ | ᠪᠥᠭᠦᠳᠡᠭᠡᠷ ᠢᠶᠠᠨ ᠡᠭᠦᠨ ᠳᠤ ᠬᠠᠷᠢᠯᠴᠠᠨ ᠬᠢᠨᠠᠯᠲᠠ ᠲᠠᠯᠪᠢᠵᠤ ᠪᠣᠯᠤᠨ᠎ᠠ᠃ | ᠭᠤᠷᠪᠠ᠂ ᠲᠥᠬᠦᠭᠡᠷᠦᠮᠵᠢ ᠶᠢᠨ ᠠᠮᠤᠷ ᠲᠦᠪᠰᠢᠨ | 1. ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠦᠶ᠎ᠡ ᠠᠯᠢᠶᠠᠯᠠᠵᠤ ᠨᠠᠭᠠᠳᠬᠤ ᠦᠭᠡᠢ᠃ | ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠦᠶ᠎ᠡ ᠳᠤ᠂ ᠭᠤᠯᠭᠤᠷᠢᠬᠤ᠂ ᠯᠠᠪᠳᠠᠭᠤᠨ ᠪᠠᠷᠢᠭᠰᠠᠨ | ᠦᠭᠡᠢ ᠵᠡᠷᠭᠡ ᠰᠢᠯᠲᠠᠭᠠᠨ ᠠᠴᠠ ᠪᠣᠯᠵᠤ ᠣᠶᠢᠴᠢᠵᠤ ᠮᠡᠳᠡᠨ᠎ᠡ ︵ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ | ᠪᠠᠭᠤᠬᠤ ᠦᠶ᠎ᠡ ᠳᠤ ᠯᠠᠪᠳᠠᠭᠤᠨ ᠪᠠᠷᠢᠵᠤ᠂ ᠬᠥᠨᠵᠢᠯᠡ ᠳᠡᠪᠢᠰᠬᠡᠷ ᠵᠡᠷᠭᠡ ᠲᠣᠭᠲᠠᠮᠠᠯ ᠪᠤᠰᠤ ᠡᠳ᠋ ᠪᠣᠳᠠᠰ ᠠᠴᠠ | ᠪᠢᠲᠡᠭᠡᠢ ᠪᠡᠷᠢ︶᠂ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠪᠠᠭᠤᠬᠤ ᠦᠶ᠎ᠡ ᠳᠤ ᠬᠠᠮᠲᠤ ᠰᠤᠷᠤᠭᠴᠢ ᠲᠠᠢ ᠪᠠᠨ | ᠠᠯᠢᠶᠠᠯᠠᠵᠤ ᠨᠠᠭᠠᠳᠬᠤ ᠦᠭᠡᠢ ᠪᠠᠶᠢᠵᠤ᠂ ᠣᠷᠣᠨ ᠠᠴᠠ ᠪᠠᠨ ᠣᠶᠢᠴᠢᠵᠤ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃ | 2. ᠬᠠᠯᠲᠤᠷᠢᠭ᠎ᠠ ᠦᠭᠡᠢ ᠣᠯᠪᠣᠭ ᠢ ᠰᠠᠶᠢᠲᠤᠷ ᠬᠡᠷᠡᠭᠯᠡᠨ᠎ᠡ᠃ ᠣᠷᠣ ᠶᠢᠨ ᠲᠦᠰᠢᠯᠭᠡ᠂ ᠠᠰᠠᠷ ᠤᠨ | ᠱᠠᠲᠤᠨ ᠳᠤ ᠬᠠᠯᠲᠤᠷᠢᠬᠤ ᠠᠴᠠ ᠰᠡᠷᠭᠡᠶᠢᠯᠡᠵᠦ᠂ ᠣᠷᠣ ᠶᠢᠨ ᠲᠦᠰᠢᠯᠭᠡ ᠪᠠ ᠠᠰᠠᠷ ᠤᠨ ᠱᠠᠲᠤᠨ ᠤ ᠬᠠᠯᠲᠤᠷᠢᠭ᠎ᠠ | ᠦᠭᠡᠢ ᠣᠯᠪᠣᠭ ᠢ ᠨᠡᠮᠡᠭᠳᠡᠭᠦᠯᠵᠦ᠂ ᠭᠠᠷ ᠬᠥᠯ ᠪᠠ ᠪᠠᠷᠢᠭᠤᠯ᠂ ᠠᠰᠠᠷ ᠤᠨ ᠱᠠᠲᠤᠨ ᠤ ᠦᠷᠦᠯᠳᠦᠬᠦ ᠬᠦᠴᠦ ᠶᠢ | ᠨᠡᠮᠡᠭᠳᠡᠭᠦᠯᠵᠦ ᠬᠠᠯᠲᠤᠷᠢᠬᠤ ᠠᠴᠠ ᠵᠠᠶᠢᠯᠠᠭᠤᠯᠤᠨ᠎ᠠ᠃ | 3. ᠰᠥᠨᠢ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠳᠤ ᠭᠡᠷᠡᠯᠲᠦᠭᠦᠯᠭᠡ ᠬᠡᠷᠡᠭᠯᠡᠨ᠎ᠡ ᠃ | ᠰᠥᠨᠢ ᠪᠠᠶᠢᠷᠢ ᠶᠢᠨ ᠳ᠋ᠧᠩ ᠢ ᠤᠨᠲᠠᠷᠠᠭᠠᠨ᠎ᠠ᠂ ᠬᠡᠷᠪᠡ ᠰᠥᠨᠢ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ | ᠪᠠᠭᠤᠬᠤ ᠴᠢᠬᠤᠯᠠ ᠲᠠᠢ ᠪᠣᠯ᠂ ᠭᠠᠷ ᠤᠲᠠᠰᠤ ᠪᠤᠶᠤ ᠭᠠᠷ ᠳ᠋ᠧᠩ ᠵᠡᠷᠭᠡ ᠭᠡᠷᠡᠯᠲᠦᠭᠦᠯᠭᠡ ᠪᠠᠨ ᠨᠡᠭᠡᠭᠡᠵᠦ᠂ | ᠬᠠᠷᠠᠩᠭᠤᠢ ᠠᠴᠠ ᠪᠣᠯᠵᠤ ᠬᠤᠭᠤᠰᠣᠨ ᠭᠢᠰᠬᠢᠬᠦ ᠠᠴᠠ ᠵᠠᠶᠢᠯᠠᠰᠬᠢᠨ᠎ᠠ᠃ | 4. ᠬᠡᠲᠦ ᠵᠤᠵᠠᠭᠠᠨ ᠣᠷᠣ ᠳᠡᠪᠢᠰᠬᠡᠷ ᠢ ᠬᠡᠷᠡᠭᠯᠡᠬᠦ ᠦᠭᠡᠢ᠃ ᠪᠠᠶᠢᠷᠢ ᠶᠢᠨ ᠣᠷᠣᠨ ᠳᠤ ᠪᠠᠨ ᠬᠡᠲᠦ ᠵᠤᠵᠠᠭᠠᠨ | ᠣᠷᠣ ᠳᠡᠪᠢᠰᠴᠦ ᠪᠣᠯᠬᠤ ᠦᠭᠡᠢ᠂ ᠬᠡᠳᠦ ᠵᠤᠵᠠᠭᠠᠨ ᠣᠷᠣ ᠨᠢ ᠣᠷᠣ ᠳᠡᠪᠢᠰᠭᠡᠷ ᠤᠨ ᠬᠠᠮᠠᠭᠠᠯᠠᠯᠲᠠ ᠶᠢᠨ | ᠬᠠᠰᠢᠯᠭ᠎ᠠ ᠶᠢᠨ ᠦᠢᠯᠡᠳᠦᠯ ᠢ ᠪᠠᠭᠤᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠪᠣᠢ ᠪᠣᠯᠭᠠᠨ᠎ᠠ᠃ | 5. ᠣᠷᠣᠨ ᠳᠡᠭᠡᠷ᠎ᠡ ᠠᠴᠠ ᠰᠢᠭᠤᠳ ᠣᠷᠣᠨ ᠤ ᠳᠣᠣᠷᠠᠬᠢ ᠪᠣᠳᠠᠰ ᠢ ᠠᠪᠬᠤ ᠦᠭᠡᠢ᠃ ᠣᠷᠣᠨ ᠳᠡᠭᠡᠷ᠎ᠡ | ᠠᠮᠠᠷᠠᠬᠤ ᠦᠶ᠎ᠡ ᠳᠤ᠂ ᠬᠡᠷᠪᠡ ᠣᠷᠣᠨ ᠳᠣᠣᠷᠠᠬᠢ ᠶᠠᠭᠤᠮ᠎ᠠ ᠶᠢ ᠠᠪᠬᠤ ᠴᠢᠬᠤᠯᠠᠲᠠᠢ ᠪᠣᠯ᠂ ᠣᠷᠣᠨ ᠠᠴᠠ ᠪᠠᠨ | ᠪᠠᠭᠤᠭᠠᠳ ᠠᠪᠤᠭᠠᠷᠠᠢ᠂ ᠪᠢᠲᠡᠭᠡᠢ ᠶᠠᠷᠰᠢᠭ ᠲᠠᠢ ᠭᠡᠵᠦ ᠳᠥᠭᠦᠮ ᠢ ᠪᠣᠳᠣᠨ ᠣᠷᠣᠨ ᠳᠡᠭᠡᠷ᠎ᠡ ᠪᠠᠨ ᠪᠠᠶᠢᠵᠤ ᠪᠠᠶᠢᠭᠠᠳ | ᠶᠠᠭᠤᠮ᠎ᠠ ᠪᠠᠨ ᠠᠪ᠂ ᠣᠶᠢᠴᠢᠬᠤ ᠠᠶᠤᠯ ᠲᠠᠢ᠃ ᠣᠨᠴᠠᠭᠠᠶᠢᠯᠠᠨ ᠰᠠᠨᠠᠭᠤᠯᠬᠤ ᠨᠢ᠄ ᠪᠠᠶᠢᠷᠢ ᠶᠢᠨ ᠭᠡᠷ ᠤᠨ ᠶᠠᠮᠠᠷ | ᠨᠢᠭᠡᠨ ᠲᠥᠬᠦᠭᠡᠷᠦᠮᠵᠢ ᠡᠪᠳᠡᠷᠡᠬᠦ ᠳᠤ ᠬᠦᠷᠪᠡᠯ᠂ ᠰᠤᠷᠤᠭᠴᠢᠳ ᠴᠠᠭ ᠲᠤᠬᠠᠢ ᠳᠤ ᠨᠢ ᠪᠠᠶᠢᠷᠢ ᠬᠠᠮᠢᠶᠠᠷᠤᠭᠴᠢ ᠶᠢᠨ | ᠲᠡᠨᠳᠡ ᠬᠦᠷᠴᠦ ᠵᠠᠰᠠᠭᠤᠯᠬᠤ ᠪᠠᠷ ᠮᠡᠳᠡᠭᠦᠯᠵᠦ᠂ ᠬᠡᠪ ᠤᠨ ᠠᠮᠢᠳᠤᠷᠠᠯ ᠢ ᠪᠠᠲᠤᠯᠠᠬᠤ ᠬᠡᠷᠡᠭᠲᠡᠢ᠃ | | |