ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠴᠠᠭᠠᠨ ᠰᠠᠷ᠎ᠠ ᠶᠢ ᠤᠭᠲᠤᠬᠤ ᠤᠷᠠᠨ ᠪᠢᠴᠢᠯᠭᠡᠴᠢᠳ ᠤᠨ ᠴᠤᠭᠯᠠᠭᠠᠨ ᠵᠢᠴᠢ ᠬᠤᠣᠰ ᠤᠶᠠᠩᠭ᠎ᠠ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
      ᠯᠣᠣ ᠵᠢᠯ ᠤᠨ ᠴᠠᠭᠠᠨ ᠰᠠᠷ᠎ᠠ ᠣᠶᠢᠷᠠᠳᠬᠤ ᠲᠠᠰᠢᠷᠠᠮ ᠢᠶᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ︽ᠨᠠᠮ ᠤᠨ ᠠᠴᠢ ᠳᠤ  ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ           ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ  ᠭᠦᠨᠵᠡᠭᠡᠶᠢᠷᠡᠭᠦᠯᠦᠨ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠴᠠᠭᠠᠨ ᠰᠠᠷ᠎ᠠ  ᠶᠢ ᠤᠭᠲᠤᠬᠤ ᠤᠷᠠᠨ ᠪᠢᠴᠢᠯᠭᠡᠴᠢᠳ ᠤᠨ ᠴᠤᠭᠯᠠᠭᠠᠨ ᠵᠢᠴᠢ ᠬᠤᠣᠰ ᠤᠶᠠᠩᠭ᠎ᠠ ᠬᠦᠷᠭᠡᠬᠦ ᠠᠵᠢᠯᠯᠠᠭ᠎ᠠ ᠥᠷᠨᠢᠭᠦᠯᠪᠡ᠃

1.jpg

      ᠠᠵᠢᠯᠯᠠᠭᠠᠨ ᠤ ᠠᠬᠤᠢ ᠲᠠᠯᠠᠪᠠᠢ ᠳᠤ᠂ ᠤᠷᠠᠨ ᠪᠢᠴᠢᠯᠭᠡᠴᠢᠳ ᠴᠠᠭᠠᠨ ᠰᠠᠷ᠎ᠠ ᠶᠢᠨ ᠵᠥᠩᠨᠡᠯ ᠪᠣᠯᠤᠨ          

ᠰᠠᠶᠢᠨ ᠰᠠᠶᠢᠬᠠᠨ ᠵᠥᠩᠨᠡᠯ ᠢᠶᠠᠨ ᠦᠭᠡ ᠦᠰᠦᠭ ᠢᠳᠡᠷᠡᠭᠦᠨ ᠳᠣᠷᠪᠢᠲᠠᠢ ᠬᠤᠣᠰ ᠤᠶᠠᠩᠭ᠎ᠠ ᠳᠤ          

ᠠᠭᠤᠰᠬᠠᠪᠠ᠃ ᠠᠵᠢᠯᠯᠠᠭ᠎ᠠ ᠳᠤ ᠣᠷᠣᠯᠴᠠᠭᠰᠠᠨ ᠺᠠᠳ᠋ᠷ ᠠᠵᠢᠯᠲᠠᠨ ᠠᠵᠢᠯᠴᠢᠨ ᠥᠪᠡᠷ ᠤᠨ ᠰᠢᠨ᠎ᠡ ᠵᠢᠯ ᠤᠨ ᠵᠥᠩᠨᠡᠯ

ᠪᠠ ᠬᠦᠰᠡᠯ ᠡᠷᠡᠮᠡᠯᠵᠡᠯ ᠢᠶᠠᠨ ᠪᠢᠴᠢᠵᠦ᠂ ᠠᠭᠤᠤ ᠶᠡᠭᠡ ᠡᠬᠡ ᠤᠯᠤᠰ ᠤᠨ ᠬᠥᠭᠵᠢᠯ ᠴᠡᠴᠡᠭᠯᠡᠯ᠂ ᠠᠷᠠᠳ ᠲᠦᠮᠡᠨ ᠤ

ᠠᠮᠢᠳᠤᠷᠠᠯ ᠤᠨ ᠡᠶ᠎ᠡ ᠵᠣᠬᠢᠴᠠᠩᠭᠤᠢ ᠵᠣᠯ ᠵᠢᠷᠭᠠᠯ ᠲᠠᠢ ᠪᠠᠶᠢᠬᠤ ᠶᠢ ᠵᠦᠩᠨᠡᠨ᠂ ᠰᠤᠷᠭᠠᠨ ᠬᠥᠮᠦᠵᠢᠯ ᠤᠨ ᠦᠢᠯᠡᠰ

ᠡᠳᠦᠷ  ᠠᠴᠠ ᠡᠳᠦᠷ ᠥᠭᠡᠳᠡᠯᠡᠨ ᠮᠠᠨᠳᠤᠬᠤ ᠶᠢ ᠵᠥᠩᠨᠡᠪᠡ᠃ ︽ᠬᠠᠰᠢᠯᠠ ᠪᠢᠴᠢᠮᠡᠯ ᠴᠠᠭᠠᠨ ᠰᠠᠷ᠎ᠠ ᠶᠢᠨ ᠬᠤᠣᠰ

ᠤᠶᠠᠩᠭ᠎ᠠ ᠵᠢᠯ ᠤᠨ ᠦᠨᠦᠷ ᠠᠮᠲᠠ ᠲᠠᠢ︾᠂ ︽ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠮᠵᠢᠭᠤᠯᠤᠭᠰᠠᠨ ᠵᠦᠩᠨᠡᠯ

ᠪᠠ ᠬᠠᠶᠢᠷ᠎ᠠ ᠬᠠᠯᠠᠮᠵᠢ ᠶᠢ ᠬᠦᠯᠢᠶᠡᠵᠦ ᠠᠪᠤᠭᠰᠠᠨ︾᠃ ᠠᠵᠢᠯᠯᠠᠭ᠎ᠠ ᠨᠢ ᠪᠠᠶᠠᠷ ᠪᠠᠶᠠᠰᠤᠯᠲᠤ ᠢᠨᠢᠶᠡᠳᠦ ᠶᠢᠨ ᠳᠤᠮᠳᠠ

ᠥᠨᠳᠦᠷᠯᠡᠪᠡ᠃

      ᠡᠨᠡ ᠤᠳᠠᠭᠠᠨ ᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠵᠦᠩᠨᠡᠯ ᠬᠦᠷᠭᠡᠬᠦ ᠠᠵᠢᠯᠯᠠᠭ᠎ᠠ ᠨᠢ ᠺᠠᠳ᠋ᠷ

ᠠᠵᠢᠯᠲᠠᠳ ᠲᠤ ᠬᠤᠣᠰ ᠤᠶᠠᠩᠭ᠎ᠠ᠂ ᠤᠷᠠᠨ ᠪᠢᠴᠢᠯᠭᠡ ᠵᠡᠷᠭᠡ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ

ᠭᠠᠶᠢᠬᠠᠮᠰᠢᠭ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠪᠠᠶᠢᠭᠤᠯᠭ᠎ᠠ ᠶᠢᠨ ᠬᠥᠷ  ᠬᠥᠭᠵᠢᠶᠡᠨᠲᠦ ᠪᠠᠶᠠᠷ ᠤᠨ

ᠡᠳᠦᠷ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠥᠭᠡᠳ ᠪᠠᠰᠠ ᠨᠠᠮ ᠤᠨ ᠭᠡᠰᠢᠭᠦᠨ ᠣᠯᠠᠨ ᠲᠦᠮᠡᠨ ᠳᠤ ᠬᠠᠶᠢᠷ᠎ᠠ

ᠬᠠᠯᠠᠮᠵᠢ ᠬᠦᠷᠭᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠦᠷᠭᠦᠯᠵᠢᠯᠡᠨ

ᠨᠡᠩ ᠣᠯᠠᠨ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ︽ᠨᠠᠮ ᠤᠨ ᠠᠴᠢ ᠳᠤ

ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ

 ᠶᠢᠨ ᠠᠵᠢᠯᠯᠠᠭ᠎ᠠ ᠶᠢ ᠥᠷᠨᠢᠭᠦᠯᠦᠨ᠂ ᠥᠷᠭᠡᠨ ᠣᠯᠠᠨ ᠨᠠᠮ ᠤᠨ ᠭᠡᠰᠢᠭᠦᠨ ᠪᠣᠯᠤᠨ ᠣᠯᠠᠨ ᠲᠦᠮᠡᠨ ᠢ ᠴᠠᠭ ᠢᠮᠠᠭᠲᠠ

ᠨᠠᠮ ᠤᠨ ᠠᠴᠢ ᠳᠤ ᠲᠠᠯᠠᠷᠬᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ

ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ ᠪᠠᠷ ᠬᠥᠮᠦᠵᠢᠭᠦᠯᠦᠨ ᠵᠢᠯᠣᠭᠤᠳᠴᠤ᠂ ᠮᠠᠨ ᠤ ᠣᠷᠣᠨ ᠤ ᠰᠤᠷᠭᠠᠨ

ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃

   

2.png

3.jpg

      ᠪᠠᠶᠢᠭᠤᠯᠭ᠎ᠠ ᠶᠢᠨ ᠡᠯ᠎ᠡ ᠭᠠᠵᠠᠷ ᠳᠠᠰᠤᠭ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠷᠭᠡᠨ

ᠣᠯᠠᠨ ᠺᠠᠳ᠋ᠷ ᠠᠵᠢᠯᠲᠠᠨ ᠠᠵᠢᠯᠯᠠᠭ᠎ᠠ ᠳᠤ ᠣᠷᠣᠯᠴᠠᠪᠠ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号