| | ᠵᠠᠰᠠᠭ ᠤᠨ ᠣᠷᠳᠣᠨ ᠤ ᠠᠵᠢᠯ ᠤᠨ ᠢᠯᠡᠳᠬᠡᠯ | | | — 2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | | | | | | ᠲᠥᠯᠥᠭᠡᠯᠡᠭᠴᠢᠳ ᠠ᠋᠄ | ᠤᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ | ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠠᠬᠢᠨᠲᠠ | ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ | ᠡᠷᠬᠢᠮ ᠨᠠᠨᠳᠢᠨ ᠬᠥᠭᠵᠢᠯᠲᠡ ᠶᠢᠨ ᠠᠵᠠ ᠲᠤᠬᠢᠶᠠᠯ ᠢ ᠠᠪᠴᠢᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠨᠢ ᠪᠢᠳᠡᠨ ᠤ ᠲᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠤᠭ᠎ᠠ ᠶᠡᠭᠡ ᠬᠦᠴᠦᠨ | ᠴᠢᠳᠠᠯ ᠢ ᠬᠤᠷᠠᠮᠳᠤᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠭᠰᠡᠨ ᠨᠢ ᠪᠢᠳᠡᠨ ᠤ ᠲᠠᠪᠤᠨ ᠶᠡᠭᠡ ᠡᠭᠦᠷᠭᠡ ᠶᠢ ᠨᠡᠩ ᠰᠠᠶᠢᠲᠤᠷ | ᠪᠡᠶᠡᠯᠡᠭᠦᠯᠬᠦ ᠳᠤ ᠬᠦᠴᠦᠲᠡᠢ ᠬᠥᠳᠡᠯᠭᠡᠭᠴᠢ ᠬᠦᠴᠦᠨ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠡᠷᠦᠩᠬᠡᠶᠢᠯᠡᠨ ᠵᠠᠬᠢᠷᠬᠤ ᠴᠢᠨᠠᠷᠲᠠᠢ ᠱᠠᠭᠠᠷᠳᠠᠯᠭ᠎ᠠ | ᠪᠠ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠵᠢᠷᠦᠬᠡᠨ ᠠᠴᠠ ᠪᠠᠨ | ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ | ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭᠠᠷ ᠢᠶᠠᠨ ᠶᠡᠷᠦᠩᠬᠡᠢ ᠬᠡᠮᠵᠢᠶ᠎ᠡ ᠪᠠᠨ | ᠪᠤᠵᠠᠭᠠᠶᠢᠷᠠᠭᠤᠯᠬᠤ ᠪᠠ ᠪᠠᠶᠢᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ ᠢ ᠪᠣᠢ | ᠪᠤᠯᠭᠠᠵᠦ᠂ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠪᠠ᠃ | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠭᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠦ᠂ ᠬᠢᠯᠪᠠᠷ | ᠪᠤᠰᠤ ᠠᠮᠵᠢᠯᠲᠠ ᠪᠦᠳᠦᠮᠵᠢ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ | — ᠠᠵᠤ ᠠᠬᠤᠢ ᠶᠢᠨ ᠭᠤᠣᠯ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ | ᠲᠡᠷᠢᠭᠦᠨ ᠡᠩᠨᠡᠭᠡᠨ ᠳᠤ ᠪᠠᠶᠢᠷᠢᠰᠢᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7.3% | ᠨᠡᠮᠡᠭᠳᠡᠨ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠵᠤ᠂ 2010 ᠣᠨ ᠠᠴᠠ ᠨᠠᠭᠠᠰᠢᠬᠢ ᠬᠠᠮᠤᠭ ᠤᠨ | ᠰᠠᠶᠢᠨ ᠪᠠᠶᠢᠷᠢ ᠳᠤ ᠲᠣᠳᠣᠷᠠᠨ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ 10 ᠲᠦᠮᠡᠨ ᠲᠥᠭᠦᠷᠢᠭ ᠢ ᠳᠠᠪᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ ᠤᠨ ᠳᠣᠯᠣᠳᠤᠭᠠᠷ ᠲᠤ ᠪᠠᠶᠢᠷᠢᠰᠢᠪᠠ︔ ᠲᠣᠭᠲᠠᠮᠠᠯ | ᠬᠥᠷᠥᠩᠭᠡ ᠶᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ︔ | ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠭᠰᠠᠨ ᠶᠡᠷᠦᠩᠬᠡᠢ ᠲᠤᠭ᠎ᠠ 30.4% ᠨᠡᠮᠡᠭᠳᠡᠵᠦ᠂ ᠪᠦᠭᠦ | ᠤᠯᠤᠰ ᠤᠨ ᠭᠤᠷᠪᠠᠳᠤᠭᠠᠷ ᠲᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ ᠬᠥᠭᠵᠢᠯᠲᠡ ᠶᠢᠨ ᠲᠤᠬᠠᠢ ᠥᠷᠭᠡᠨ | ᠤᠯᠡᠨ ᠺᠠᠳ᠋ᠷ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠵᠣᠷᠢᠭ ᠢ ᠲᠦᠢᠯ ᠤᠨ ᠶᠡᠭᠡ ᠪᠠᠷ | ᠨᠡᠮᠡᠭᠳᠡᠭᠦᠯᠪᠡ᠃ | — ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ | ᠮᠡᠳᠡᠭᠳᠡᠬᠦ᠋ᠢᠴᠡ ᠴᠢᠩᠭᠠᠷᠠᠪᠠ᠃ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭᠠᠨ | ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ᠂ ᠴᠠᠬᠢᠯᠭᠠᠨ ᠬᠦᠴᠦᠨ ᠤ ᠶᠡᠷᠦᠩᠬᠡᠢ | ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠬᠢ ᠶᠢᠨ ᠶᠡᠷᠦᠩᠬᠡᠢ | ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠶᠡᠷᠦᠩᠬᠡᠢ | ᠬᠡᠮᠵᠢᠶ᠎ᠡ ᠵᠢᠴᠢ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠡ᠂ | ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠮᠵᠢ ︽ᠠᠷᠪᠠᠨ ᠲᠠᠯ᠎ᠠ ᠪᠠᠷ ᠪᠦᠭᠦ | ᠤᠯᠤᠰ ᠲᠤ ᠮᠠᠩᠯᠠᠶᠢᠯᠠᠬᠤ︾ ᠶᠢ ᠪᠡᠶᠡᠯᠡᠭᠦᠯᠵᠦ᠂ 29 ᠮᠤᠵᠢ ᠶᠢᠨ ᠡᠨᠧᠷᠬᠢ ᠶᠢᠨ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠪᠠ᠃ ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠶᠢᠨ ᠤᠨᠠᠯᠲᠠ᠂ ᠶᠡᠷᠦᠩᠬᠡᠢ ᠤᠨᠠᠯᠲᠠ ︽ᠭᠤᠷᠪᠠ ᠶᠢ | ᠨᠡᠮᠡᠭᠳᠡᠭᠦᠯᠵᠦ︾᠂ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠬᠤᠷᠢᠨ ᠵᠢᠯ | ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠪᠡᠶᠡᠯᠡᠭᠦᠯᠦᠨ᠂ ᠪᠦᠭᠦ ᠤᠯᠤᠰ ᠤᠨ ᠵᠢᠷᠭᠤᠳᠤᠭᠠᠷ ᠪᠠᠶᠢᠷᠢ ᠪᠠᠨ | ᠯᠠᠪᠳᠠᠭᠤᠨ ᠪᠠᠲᠤᠯᠠᠪᠠ᠂ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ᠂ ᠦᠨᠢᠶᠡᠨ | ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ᠂ ᠴᠥᠮ ᠲᠡᠦᠬᠡ ᠶᠢᠨ ᠰᠢᠨ᠎ᠡ ᠲᠦᠪᠰᠢᠨ ᠳᠤ | ᠬᠦᠷᠪᠡ᠃ ᠡᠨᠡ ᠨᠢ ᠥᠪᠥᠷ ᠮᠣᠩᠭᠤᠯ ᠤᠨ ᠤᠯᠤᠰ ᠤᠨ ᠶᠡᠭᠡ ᠲᠠᠯ᠎ᠠ ᠶᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ ᠢ | ᠭᠦᠢᠴᠡᠳ ᠢᠯᠡᠷᠡᠭᠦᠯᠪᠡ᠃ | — ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠭᠦ | ᠲᠠᠯ᠎ᠠ ᠪᠠᠷ ᠡᠬᠢᠯᠡᠭᠦᠯᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠵᠠᠷᠯᠢᠭ ᠵᠢᠭᠠᠪᠤᠷᠢ ᠶᠢ ᠴᠤᠤᠷᠢᠶᠠᠲᠤᠨ ᠳᠠᠭᠠᠵᠤ᠂ | ᠭᠤᠣᠯᠯᠠᠨ ᠲᠠᠭᠠᠷᠢᠵᠦ ᠭᠤᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ ︽ᠨᠢᠭᠡ ᠲᠥᠯᠦᠪᠵᠢᠭᠦᠯᠭᠡ | ᠭᠤᠷᠪᠠᠨ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠶᠢᠨ ᠣᠷᠣᠨ ᠪᠠ 11 ᠴᠢᠬᠤᠯᠠ | ᠶᠡᠭᠡ ᠲᠦᠷᠦᠯ ᠵᠦᠢᠯ ᠪᠦᠭᠦᠨ ᠢ ᠤᠯᠤᠰ ᠤᠨ ᠲᠥᠯᠦᠪᠵᠢᠭᠦᠯᠭᠡ ᠳᠤ ᠤᠷᠤᠭᠤᠯᠬᠤ ᠶᠢ ᠠᠬᠢᠭᠤᠯᠵᠤ᠂ ᠬᠤᠰᠢᠭᠤ | ᠰᠢᠶᠠᠨ ᠪᠦᠭᠦᠨ ᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠂ ᠭᠤᠷᠪᠠᠨ ᠲᠣᠮᠣ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤᠷᠤᠭᠰᠢᠲᠠᠢ ᠡᠬᠢᠯᠡᠵᠦ᠂ ᠪᠦᠭᠦ ᠵᠢᠯ ᠳᠤ 556 ᠲᠦᠮᠡᠨ ᠮᠦ ᠣᠶᠢᠵᠢᠭᠤᠯᠤᠨ᠂ 1817 ᠲᠦᠮᠡᠨ | ᠮᠦ ᠡᠪᠡᠰᠦ ᠲᠠᠷᠢᠵᠤ᠂ 950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠲᠤᠰ ᠪᠦᠷᠢ | ᠣᠨ ᠤ ᠡᠭᠦᠷᠭᠡ ᠪᠠᠨ 149%᠂ 140%᠂ 151% ᠪᠠᠷ ᠪᠡᠶᠡᠯᠡᠭᠦᠯᠪᠡ᠃ ᠡᠨᠡ ᠨᠢ ᠨᠠᠮ ᠤᠨ ᠲᠥᠪ ᠬᠤᠷᠢᠶ᠎ᠠ | ᠪᠠᠶᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢ ᠭᠦᠢᠴᠡᠳ ᠬᠠᠷᠠᠭᠤᠯᠪᠠ᠃ | — ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶᠢᠵᠢᠷᠠᠪᠠ᠃ ᠨᠡᠭᠦᠷᠡᠰᠦᠨ ᠤ | ᠠᠵᠤ ᠦᠢᠯᠡᠰ ᠵᠥᠪᠬᠡᠨ 1.4% ᠨᠡᠮᠡᠭᠳᠡᠭᠰᠡᠨ ᠪᠣᠯᠪᠠᠴᠤ ᠨᠡᠭᠦᠷᠡᠰᠦᠨ ᠤ ᠪᠤᠰᠤ ᠠᠵᠤ ᠦᠢᠯᠡᠰ ᠦᠳᠲᠡᠷ ᠲᠦᠷᠭᠡᠨ | ᠨᠡᠮᠡᠭᠳᠡᠨ 12.1% ᠳᠤ ᠬᠦᠷᠴᠦ᠂ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠵᠥᠭᠡᠯᠡᠨ ᠬᠡᠷᠡᠭᠰᠡᠯ ᠪᠠ | ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠂ ᠴᠥᠮ ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠬᠤ ᠶᠢ | ᠪᠡᠶᠡᠯᠡᠭᠦᠯᠪᠡ᠃ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ ᠤᠯᠤᠰ ᠤᠨ | ᠬᠤᠶᠠᠳᠤᠭᠠᠷ ᠲᠤ ᠪᠠᠶᠢᠷᠢᠰᠢᠵᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ | ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 1.2 ᠲᠠᠬᠢᠨ | ᠨᠡᠮᠡᠭᠳᠡᠪᠡ᠃ ᠡᠩ ᠤᠨ ᠤᠯᠠᠨ ᠨᠡᠶᠢᠳᠡ ᠶᠢᠨ ᠲᠥᠰᠥᠪ ᠤᠨ ᠣᠷᠣᠯᠭ᠎ᠠ 3000 ᠳ᠋ᠦᠩᠰᠢᠭᠤᠷ ᠲᠥᠭᠦᠷᠢᠭ ᠢ ᠳᠠᠪᠠᠵᠤ᠂ | ᠪᠦᠭᠦ ᠲᠥᠷᠥᠯᠵᠢᠯ ᠤᠨ ᠭᠠᠶᠢᠯᠢ ᠲᠠᠲᠠᠪᠤᠷᠢ ᠳᠠᠬᠢ ᠣᠷᠣᠨ ᠨᠤᠲᠤᠭ ᠤᠨ ᠲᠥᠷᠥᠯᠵᠢᠯ ᠤᠨ ᠭᠠᠶᠢᠯᠢ ᠲᠠᠲᠠᠪᠤᠷᠢ ᠶᠢᠨ | ᠡᠵᠡᠯᠡᠬᠦ ᠬᠠᠷᠢᠴᠠᠯ ᠨᠢ 59.4% ᠳᠤ ᠬᠦᠷᠴᠦ᠂ ᠪᠦᠭᠦ ᠤᠯᠤᠰ ᠤᠨ ᠲᠡᠷᠢᠭᠦᠨ ᠳᠤ ᠪᠠᠶᠢᠷᠢᠰᠢᠪᠠ᠃ ᠡᠨᠡ ᠨᠢ | ᠥᠪᠥᠷ ᠮᠣᠩᠭᠤᠯ ᠤᠨ ᠪᠦᠲᠦᠴᠡ ᠪᠠᠨ ᠲᠣᠬᠢᠷᠠᠭᠤᠯᠬᠤ᠂ ᠬᠥᠳᠡᠯᠭᠡᠭᠴᠢ ᠴᠢᠳᠠᠪᠤᠷᠢ ᠪᠠᠨ ᠬᠤᠪᠢᠷᠠᠭᠤᠯᠬᠤ᠂ ᠶᠠᠰᠤ | ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠳᠤ ᠢᠳᠡᠷᠡᠭᠦᠨ ᠠᠯᠬᠤᠭ᠎ᠠ ᠠᠯᠬᠤᠭᠰᠠᠨ ᠢ ᠲᠤᠰᠬᠠᠪᠠ᠃ | — ᠡᠯ᠎ᠡ ᠠᠶᠢᠮᠠᠭ ᠬᠤᠲᠠ ᠠᠳᠠᠯᠢᠳᠬᠠᠨ ᠰᠤᠷᠴᠤ ᠭᠦᠢᠴᠡᠨ ᠳᠠᠪᠠᠭ᠋ᠤ ᠪᠠᠷ ᠮᠡᠷᠡᠶᠢᠨ ᠲᠡᠮᠡᠴᠡᠵᠦ | ᠬᠥᠭᠵᠢᠪᠡ᠃ ᠭᠦᠬᠡᠬᠤᠲᠠ ᠪᠠ ᠪᠤᠭᠤᠲᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ | ᠴᠥᠮ 10% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠴᠥᠮ 20% ᠠᠴᠠ ᠳᠡᠭᠡᠭᠰᠢ ᠨᠡᠮᠡᠭᠳᠡᠨ᠂ 7 ᠠᠶᠢᠮᠠᠭ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 20% ᠶᠢ ᠳᠠᠪᠠᠵᠤ᠂ ᠣᠷᠳᠣᠰ ᠬᠤᠲᠠ 27.4% ᠳᠤ | ᠬᠦᠷᠪᠡ᠃ ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ | ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠤᠨ ᠲᠤᠰᠬᠠᠢ ᠣᠷᠣᠨ᠂ ᠬᠤᠲᠠ ᠶᠢᠨ ᠲᠡᠰ ᠤᠨ | ᠬᠤᠶᠠᠳᠤᠭᠠᠷ ᠲᠤ ᠪᠠᠶᠢᠷᠢᠰᠢᠵᠤ᠂ ᠤᠯᠠᠭᠠᠨᠴᠠᠪ ᠬᠤᠲᠠ ᠶᠢᠨ ᠬᠠᠶᠢᠯᠤᠰᠢ ᠶᠢᠨ ᠮᠠᠲ᠋ᠧᠷᠢᠶᠠᠯ᠂ ᠪᠢᠯᠢᠭ ᠲᠦᠢᠯ ᠤᠨ | ᠮᠠᠲ᠋ᠧᠷᠢᠶᠠᠯ ᠪᠠ ᠲᠥᠮᠥᠰᠥᠨ ᠤ ᠵᠦᠰᠦᠮ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠲᠤ ᠲᠦᠷᠦᠭᠦᠯᠡᠵᠦ᠂ | ᠠᠯᠠᠱᠠ ᠠᠶᠢᠮᠠᠭ ᠪᠦᠭᠦ ᠤᠯᠤᠰ ᠤᠨ ᠬᠠᠮᠤᠭ ᠤᠨ ᠶᠡᠭᠡ ᠳᠠᠩ ᠴᠣᠭᠴᠠ ᠶᠢᠨ ᠦᠢᠯᠡᠳᠪᠦᠷᠢᠯᠡᠬᠦ ᠬᠡᠮᠵᠢᠶ᠎ᠡ ᠲᠠᠢ ᠴᠡᠪᠡᠷ | ᠬᠤᠵᠢᠷ ᠤᠨ ᠲᠦᠷᠦᠯ ᠵᠦᠢᠯ ᠢ ᠪᠠᠶᠢᠭᠤᠯᠪᠠ᠃ ᠡᠨᠡ ᠨᠢ ᠥᠪᠥᠷ ᠮᠣᠩᠭᠤᠯ ᠤᠨ ᠲᠡᠷᠢᠭᠦᠨ ᠤ ᠬᠢ ᠲᠠᠢ ᠪᠠᠷᠢᠮᠵᠢᠶᠠᠯᠠᠨ | ᠬᠠᠷᠭᠤᠭᠤᠯᠵᠤ᠂ ᠲᠡᠷᠢᠭᠦᠨ ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ ᠪᠠᠶᠢᠭ᠎ᠠ ᠶᠢ | ᠬᠠᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠡᠨᠡ ᠬᠦ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢ ᠪᠠᠲᠤ ᠴᠢᠩᠭ᠎ᠠ ᠡᠵᠡᠮᠰᠢᠨ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠨᠢᠭᠲᠠ | ᠤᠶᠠᠯᠳᠤᠵᠤ᠂ ᠳᠣᠣᠷᠠᠬᠢ ᠠᠵᠢᠯ ᠢ ᠭᠤᠣᠯᠳᠠᠯᠭ᠎ᠠ ᠪᠣᠯᠭᠠᠨ ᠬᠢᠪᠡ᠃ | ᠨᠢᠭᠡ ᠳᠤ ᠠᠵᠤ ᠠᠬᠤᠢ ᠶᠢᠨ ᠲᠦᠷᠭᠡᠨ ᠮᠥᠷᠲᠡᠭᠡᠨ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ | ᠠᠬᠢᠭᠤᠯᠪᠠ᠃ ᠪᠡᠯᠡ ᠤᠷᠤᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠤᠷᠮᠠᠰᠢᠭᠤᠯᠬᠤ ᠲᠥᠷᠥ ᠶᠢᠨ | ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠳᠠ ᠦᠭᠡᠢ ᠨᠡᠶᠢᠲᠡᠯᠡᠵᠦ᠂ ᠠᠵᠢᠯᠯᠠᠭᠠᠨ ᠤ | ᠲᠣᠬᠢᠷᠠᠭᠤᠯᠤᠯᠲᠠ ᠪᠠᠨ ᠰᠠᠷ᠎ᠠ ᠤᠯᠠᠷᠢᠯ ᠢᠶᠠᠷ ᠴᠢᠩᠭᠠᠳᠬᠠᠨ᠂ ᠥᠨᠳᠥᠷ ᠰᠠᠭᠤᠷᠢ ᠲᠣᠭᠠᠨ ᠳᠡᠭᠡᠷᠡᠬᠢ ᠠᠵᠤ | ᠠᠬᠤᠢ ᠶᠢᠨ ᠲᠦᠷᠭᠡᠨ ᠨᠡᠮᠡᠭᠳᠡᠯ ᠢ ᠠᠬᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ | ᠪᠦᠲᠦᠮᠵᠢ ᠢᠯᠡᠳᠲᠡ ᠪᠠᠶᠢᠵᠤ᠂ ᠣᠨ ᠤ ᠡᠬᠢᠯᠡᠯᠲᠡ ᠶᠢᠨ ᠠᠩᠬᠠᠨ ᠤ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠵᠡᠷᠭᠡ ᠲᠤᠰᠬᠠᠢ ᠲᠠᠯᠠᠪᠤᠷ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ | ᠡᠷᠬᠢᠯᠡᠵᠦ᠂ ᠪᠦᠭᠦ ᠣᠷᠣᠨ ᠳᠤ 4778 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ | 40.2% ᠨᠡᠮᠡᠭᠳᠡᠨ᠂ ᠳᠡᠯᠡᠬᠡᠢ ᠶᠢᠨ 500 ᠬᠦᠴᠦᠷᠬᠡᠭ ᠪᠣᠯᠤᠭᠰᠠᠨ 45 ᠠᠵᠤ ᠠᠬᠤᠶᠢᠯᠠᠯ ᠪᠠ ᠲᠤᠮᠳᠠᠳᠤ | ᠤᠯᠤᠰ ᠤᠨ 500 ᠬᠦᠴᠦᠷᠬᠡᠭ ᠪᠣᠯᠤᠭᠰᠠᠨ 22 ᠠᠵᠤ ᠠᠬᠤᠶᠢᠯᠠᠯ ᠮᠠᠨ ᠤ ᠣᠷᠣᠨ ᠳᠤ ᠪᠡᠯᠡ ᠣᠷᠣᠭᠤᠯᠵᠤ | ᠦᠢᠯᠡᠰ ᠡᠷᠬᠢᠯᠡᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠰᠦᠷ ᠳᠠᠯᠠᠶᠢᠴᠠᠲᠠᠢ ᠥᠷᠨᠢᠵᠦ᠂ ᠴᠢᠬᠤᠯᠠ | ᠶᠡᠭᠡ ᠲᠦᠷᠦᠯ ᠵᠦᠢᠯ ᠢ 3155 ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠤᠯᠲᠠ ᠶᠢ ᠪᠡᠶᠡᠯᠡᠭᠦᠯᠦᠨ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠪᠡᠯᠡ ᠤᠷᠤᠭᠤᠯᠤᠯᠲᠡ ᠲᠠᠢ | ᠠᠵᠤ ᠦᠢᠯᠡᠰ ᠤᠨ ᠲᠦᠷᠦᠯ ᠵᠦᠢᠯ ᠢ 42 ᠰᠢᠨ᠎ᠡ ᠪᠠᠷ ᠪᠠᠶᠢᠭᠤᠯᠤᠭᠰᠠᠨ ᠪᠤᠶᠤ ᠵᠠᠯᠭᠠᠵᠤ ᠪᠠᠶᠢᠭᠤᠯᠪᠠ᠃ ᠰᠠᠭᠤᠷᠢ | ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ᠂ ᠲᠦᠷᠭᠡᠨ ᠤ ᠵᠠᠰᠠᠮᠠᠯ ᠵᠠᠮ ᠢ 876 ᠺᠢᠯᠣᠮᠧᠳ᠋ᠷ ᠰᠢᠨ᠎ᠡ ᠪᠠᠷ | ᠲᠡᠷᠭᠡ ᠨᠠᠪᠲᠠᠷᠡᠭᠦᠯᠵᠦ᠂ ᠥᠪᠥᠷ ᠮᠣᠩᠭᠤᠯ ᠤᠨ ᠬᠢᠯᠢ ᠳᠣᠲᠣᠷᠠᠬᠢ ᠤᠯᠤᠰ ᠤᠨ ᠲᠦᠷᠭᠡᠨ ᠤ ᠵᠠᠰᠠᠮᠠᠯ ᠵᠠᠮ ᠤᠨ | ᠭᠤᠣᠯ ᠱᠤᠭᠤᠮ ᠤᠨ ᠬᠡᠰᠡᠭ ᠢ ᠪᠦᠭᠦᠨ ᠢ ᠨᠡᠪᠲᠡᠷᠡᠭᠦᠯᠦᠨ᠂ ᠵᠡᠭᠦᠨ ᠪᠠᠷᠠᠭᠤᠨ ᠲᠦᠷᠭᠡᠨ ᠤ ᠵᠠᠰᠠᠮᠠᠯ ᠵᠠᠮ ᠤᠨ ᠶᠡᠭᠡ | ᠨᠡᠪᠳᠡᠷᠡᠯ ᠵᠠᠮ ᠢ ᠵᠠᠯᠭᠠᠵᠤ 108 ᠺᠢᠯᠣᠮᠧᠳ᠋ᠷ ᠵᠠᠰᠠᠭᠰᠠᠭᠠᠷ ᠪᠦᠭᠦ ᠱᠤᠭᠤᠮ ᠢᠶᠠᠷ ᠨᠡᠪᠳᠡᠷᠡᠵᠦ᠂ ᠠᠵᠤ ᠦᠢᠯᠡᠰ ᠤᠨ | ᠵᠠᠮ᠂ ᠵᠢᠭᠤᠯᠴᠢᠯᠠᠯ ᠤᠨ ᠵᠠᠮ ᠢ 1085 ᠺᠢᠯᠣᠮᠧᠳ᠋ᠷ ᠡᠬᠢᠯᠡᠭᠦᠯᠦᠨ ᠪᠠᠶᠢᠭᠤᠯᠵᠤ᠂ ︽ᠮᠤᠬᠤᠷ ᠵᠠᠮ︾ ᠢ 260 | ᠺᠢᠯᠣᠮᠧᠳ᠋ᠷ ᠨᠡᠪᠲᠡᠷᠡᠭᠦᠯᠪᠡ︔ ᠪᠠᠶᠢᠭᠤᠯᠵᠤ ᠪᠠᠶᠢᠭ᠎ᠠ ᠲᠦᠷᠭᠡᠨ ᠤ ᠪᠠ ᠬᠤᠷᠳᠤᠨ ᠤ ᠲᠡᠮᠦᠷ ᠵᠠᠮ 1700 ᠭᠠᠷᠤᠢ | ᠺᠢᠯᠣᠮᠧᠳ᠋ᠷ ᠲᠤ ᠬᠦᠷᠪᠡ︔ ︽ᠰᠠᠯᠪᠤᠷᠢ ᠱᠤᠭᠤᠮ ᠤᠨ ᠨᠡᠪᠳᠡᠷᠡᠯ︾ ᠠᠭᠠᠷ ᠤᠨ ᠠᠶᠠᠯᠠᠯ ᠤᠨ ᠱᠤᠭᠤᠮ ᠢ 29 | ᠵᠤᠷᠪᠤᠰ ᠰᠢᠨ᠎ᠡ ᠪᠠᠷ ᠨᠡᠪᠲᠡᠷᠡᠭᠦᠯᠦᠨ᠂ ᠨᠡᠶᠢᠲᠡ 50 ᠵᠤᠷᠪᠤᠰ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ | ᠠᠶᠢᠮᠠᠭ ᠬᠤᠲᠠ ᠶᠢᠨ ᠬᠤᠭᠤᠷᠤᠨᠳᠤᠬᠢ ︽ᠡᠭᠡᠯᠲᠡ ᠪᠤᠴᠠᠯᠲᠠ︾ ᠶᠢᠨ ᠠᠰᠠᠭᠤᠳᠠᠯ ᠢ ᠦᠨᠳᠦᠰᠦᠨ ᠳᠤ ᠪᠠᠨ | ᠰᠢᠢᠳᠪᠦᠷᠢᠯᠡᠪᠡ︔ ᠴᠤᠤᠯ ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠤᠰᠤ | ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠳᠡᠷᠡᠵᠦ᠂ ᠥᠨᠳᠡᠭᠡᠨ ᠤᠰᠤᠨ | ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠳᠤ ᠤᠰᠤ | ᠬᠠᠳᠠᠭᠠᠯᠠᠬᠤ᠂ ᠵᠡᠭᠦᠨ ᠲᠠᠶᠢᠰᠠ ᠤᠰᠤᠨ ᠴᠦᠬᠦᠷᠦᠮ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠪᠠ︔ | 5G ᠰᠠᠭᠤᠷᠢ ᠦᠷᠲᠡᠭᠡ᠂ ᠬᠤᠲᠠ ᠶᠢᠨ ᠤᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ ᠱᠣᠩ ᠢ ᠲᠣᠰ ᠪᠦᠷᠢ 2 | ᠲᠦᠮᠡ ᠰᠢᠨ᠎ᠡ ᠪᠠᠷ ᠨᠡᠮᠡᠭᠳᠡᠭᠦᠯᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠢ ᠲᠦᠷᠭᠡᠬᠡᠨ ᠰᠡᠷᠭᠦᠭᠡᠵᠦ᠂ ᠬᠤᠨᠤᠭ | ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠦᠷᠲᠡᠭ 20.8% ᠨᠡᠮᠡᠭᠳᠡᠵᠦ᠂ ᠮᠠᠰᠢᠨ ᠲᠡᠷᠭᠡᠨ ᠤ | ᠲᠦᠷᠦᠯ ᠤᠨ ᠬᠡᠷᠡᠭᠯᠡᠭᠡ 17.2% ᠨᠡᠮᠡᠭᠳᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ 1.7 ᠲᠠᠬᠢᠨ | ᠨᠡᠮᠡᠭᠳᠡᠵᠦ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭᠠᠨ᠂ ᠬᠤᠪᠴᠠᠰᠤ ᠬᠤᠨᠠᠷ ᠵᠡᠷᠭᠡ ᠲᠠᠯ᠎ᠠ ᠶᠢᠨ | ᠬᠡᠷᠡᠭᠯᠡᠭᠡ ᠴᠥᠮ 25% ᠠᠴᠠ ᠳᠡᠭᠡᠭᠰᠢ ᠨᠡᠮᠡᠭᠳᠡᠪᠡ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠬᠤ ᠲᠤᠭ᠎ᠠ 21. | 5% ᠨᠡᠮᠡᠭᠳᠡᠵᠦ᠂ ᠲᠦᠷᠦᠭᠦᠴᠢ ᠳᠡᠯᠭᠡᠭᠦᠷ ᠪᠠ ᠬᠤᠰᠢᠭᠤᠴᠢ ᠳᠡᠯᠭᠡᠭᠦᠷ ᠢ 147 ᠣᠷᠣᠭᠤᠯᠤᠨ ᠠᠪᠴᠢᠷᠠᠪᠠ᠃ | ᠬᠤᠶᠠᠷ ᠲᠤ ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠶᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ | ᠦᠢᠯᠡᠰ ᠢᠶᠠᠨ ᠬᠦᠴᠦᠷᠬᠡᠭᠵᠢᠭᠦᠯᠪᠡ ᠃ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠳᠠᠷᠤᠭ᠎ᠠ ᠶᠢᠨ ᠳᠦᠷᠢᠮ︾ ᠢ | ᠬᠡᠷᠡᠭᠵᠢᠭᠦᠯᠵᠦ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠲᠦᠷᠦᠯ ᠵᠦᠢᠯ ᠢ 650 ᠠᠬᠢᠭᠤᠯᠤᠨ᠂ | 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 1.4 ᠲᠦᠮᠡᠨ | ᠳ᠋ᠦᠩᠰᠢᠭᠤᠷ ᠲᠥᠭᠦᠷᠢᠭ ᠰᠢᠬᠠᠮ ᠪᠣᠯᠪᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠨᠡᠮᠡᠭᠳᠡᠯ | ᠦᠷᠲᠡᠭ 16.1% ᠨᠡᠮᠡᠭᠳᠡᠨ᠂ ᠪᠦᠭᠦ ᠤᠯᠤᠰ ᠤᠨ ᠲᠠᠩ ᠴᠣᠭᠴᠠᠲᠤ ᠬᠡᠪᠴᠢᠶ᠎ᠡ ᠪᠠᠷ ᠬᠠᠮᠤᠭ ᠤᠨ ᠲᠣᠮᠣ ᠭᠡᠷᠡᠯᠴᠢ | ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠲᠦᠷᠦᠯ ᠵᠦᠢᠯ᠂ ᠤᠯᠤᠰ ᠤᠨ ᠳᠣᠲᠣᠭᠠᠳᠤ ᠳᠠᠬᠢ ᠠᠵᠢᠯᠯᠠᠭᠤᠯᠵᠤ ᠪᠠᠶᠢᠭ᠎ᠠ | ᠡᠬᠡ ᠬᠠᠭᠤᠷᠠᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠠᠮᠤᠭ ᠤᠨ ᠲᠣᠮᠣ ᠰᠠᠭᠤᠷᠢᠨ ᠭᠠᠵᠠᠷ᠂ | ᠳᠡᠯᠡᠬᠡᠢ ᠶᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ | ᠦᠢᠯᠡᠳᠪᠦᠷᠢᠯᠡᠯ ᠤᠨ ᠱᠤᠭᠤᠮ ᠢ ᠪᠠᠶᠢᠭᠤᠯᠪᠠ︔ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ 2762 ᠳ᠋ᠦᠩᠰᠢᠭᠤᠷ ᠲᠥᠭᠦᠷᠢᠭ ᠲᠤ ᠬᠦᠷᠴᠦ᠂ | ᠭᠦᠬᠡᠬᠤᠲᠠ ᠪᠤᠭᠤᠲᠤ ᠣᠷᠳᠣᠰ ᠲᠦᠩᠯᠢᠶᠣᠣ ᠶᠢᠨ 4 ᠰᠠᠭᠤᠷᠢᠨ ᠭᠠᠵᠠᠷ ᠤᠨ ᠡᠵᠡᠯᠡᠬᠦ ᠬᠠᠷᠢᠴᠠᠯ 80% ᠳᠤ | ᠬᠦᠷᠪᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ | ᠦᠷᠲᠡᠭ 15.4% ᠨᠡᠮᠡᠭᠳᠡᠵᠦ᠂ ᠨᠡᠭᠦᠷᠡᠰᠦᠨ ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢᠯ ᠢ 34 | ᠬᠡᠷᠡᠭᠵᠢᠭᠦᠯᠦᠨ᠂ 11 ᠶᠢ ᠨᠢ ᠠᠰᠢᠭᠯᠠᠯᠲᠠ ᠳᠤ ᠣᠷᠣᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠲᠣᠮᠣ | ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢ ᠡᠪᠴᠡᠯᠳᠦᠭᠦᠯᠬᠦ | ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠤᠯ | ᠦᠢᠯᠡᠳᠬᠦ᠂ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠴᠥᠮ ᠪᠦᠭᠦ | ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠲᠡᠭ | 21% ᠨᠡᠮᠡᠭᠳᠡᠵᠦ᠂ ᠳᠤᠮᠳᠠ ᠶᠢᠨ ᠪᠠ ᠬᠦᠨᠳᠦ ᠬᠤᠪᠣᠷ ᠰᠢᠷᠦ᠋ᠢᠲᠤ ᠲᠡᠮᠦᠷᠯᠢᠭ ᠤᠨ ᠦᠢᠯᠡᠳᠬᠦᠨ ᠢ | ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ 10 ᠲᠦᠮᠡᠨ ᠲᠤᠨ ᠤ ᠲᠡᠰ ᠤᠨ ᠪᠦᠭᠦ ᠪᠥᠮᠪᠥᠷᠴᠡᠭ ᠤᠨ | ᠬᠠᠮᠤᠭ ᠤᠨ ᠲᠣᠮᠣ ᠬᠤᠪᠣᠷ ᠰᠢᠷᠣᠢ ᠶᠢᠨ ᠪᠣᠬᠢᠷᠳᠤᠯ ᠦᠭᠡᠢ ᠬᠠᠶᠢᠯᠤᠭᠤᠯᠬᠤ ᠲᠦᠷᠦᠯ ᠵᠦᠢᠯ ᠢ ᠡᠬᠢᠯᠡᠭᠦᠯᠦᠨ᠂ | ᠬᠤᠪᠣᠷ ᠰᠢᠷᠣᠢ᠂ ᠨᠢᠦᠪᠢ᠂ ᠯᠢᠲ᠋ᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠶᠢᠨ ᠰᠢᠨᠵᠢᠯᠲᠡ | ᠰᠢᠨ᠎ᠡ ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠲᠡᠭ 11.6% ᠨᠡᠮᠡᠭᠳᠡᠵᠦ᠂ ᠡᠳ᠋ᠰᠢᠭᠦᠯᠵᠦ | ᠤᠯᠠᠷᠢᠭᠤᠯᠤᠭᠰᠠᠨ ᠨᠤᠷᠮ᠎ᠠ 72% ᠲᠤ ᠬᠦᠷᠴᠦ᠂ ᠰᠦ ᠰᠠᠭᠠᠯᠢ ᠶᠢᠨ ᠦᠢᠯᠡᠰ᠂ ᠲᠥᠮᠥᠰᠥ ᠶᠢᠨ ᠤᠯᠤᠰ ᠤᠨ | ᠲᠡᠰ ᠤᠨ ᠠᠵᠤ ᠦᠢᠯᠡᠰ ᠤᠨ ᠪᠦᠯᠦᠭᠵᠢᠯ ᠢ 2 ᠪᠠ ᠤᠯᠤᠰ ᠤᠨ ᠲᠡᠰ ᠤᠨ ᠣᠳᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ ᠢ 3᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠰᠢᠨ᠎ᠡ ᠪᠠᠷ ᠡᠭᠦᠳᠦᠨ ᠪᠠᠶᠢᠭᠤᠯᠵᠤ᠂ | ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠪᠦᠭᠦ ᠤᠯᠤᠰ ᠲᠤ ᠲᠦᠷᠦᠭᠦᠯᠡᠨ᠂ ᠪᠦᠭᠦ ᠪᠥᠮᠪᠥᠷᠴᠡᠭ ᠤᠨ ᠬᠠᠮᠤᠭ ᠤᠨ | ᠲᠣᠮᠣ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠬᠥᠮᠥᠷᠭᠡ᠂ ᠤᠯᠤᠰ ᠤᠨ ᠬᠤᠨᠢ ᠢᠮᠠᠭᠠᠨ ᠤ | ᠤᠳᠤᠮᠯᠠᠯ ᠤᠨ ᠦᠨᠡᠯᠡᠨ ᠵᠢᠱᠢᠯᠲᠡ ᠶᠢᠨ ᠲᠥᠪ ᠢ ᠪᠠᠶᠢᠭᠤᠯᠵᠤ᠂ ᠠᠯᠠᠰᠢᠨ ᠬᠤᠨᠢᠨ ᠤ ᠠᠵᠤ ᠦᠢᠯᠡᠰ ᠤᠨ | ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠡᠰ ᠲᠤ ᠬᠦᠷᠪᠡ᠃ | ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠰᠢᠨ᠎ᠡ ᠰᠢᠪᠲᠤᠯᠤᠯᠲᠠ | ᠭᠠᠷᠬᠤ ᠶᠢ ᠠᠬᠢᠭᠤᠯᠪᠠ᠃ ᠪᠦᠭᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠷᠤᠯᠭ᠎ᠠ 81.9% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 314᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 950 ᠰᠢᠨ᠎ᠡ ᠪᠠᠷ ᠨᠡᠮᠡᠭᠳᠡᠪᠡ᠃ 6 | ᠬᠥᠮᠥᠨ ︽ᠬᠥᠬᠡᠮᠥ᠋ᠷᠡᠨ ᠨᠡᠷᠡᠮᠵᠢᠲᠦ ᠱᠠᠩᠨᠠᠯ ᠢ ᠣᠯᠣᠭᠰᠠᠨ ᠡᠷᠳᠡᠮᠲᠡᠨ︾᠂ ︽ᠤᠯᠤᠰ ᠤᠨ ᠭᠠᠷᠮᠠᠭᠠᠢ | ᠵᠠᠯᠠᠭᠤᠴᠤᠳ︾ ᠲᠤ ᠰᠢᠨ᠎ᠡ ᠪᠠᠷ ᠰᠣᠩᠭᠤᠭᠳᠠᠪᠠ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠥᠪ 10 ᠠᠺᠠᠳᠧᠮᠢᠴᠢ᠂ ᠵᠠᠭᠤ ᠭᠠᠷᠤᠢ ᠰᠢᠨᠵᠢᠯᠡᠬᠦ ᠤᠬᠠᠭᠠᠨᠲᠠᠨ ᠢ ᠴᠤᠭᠯᠠᠭᠤᠯᠵᠤ᠂ | ᠪᠣᠳᠠᠲᠤ ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠶᠢ ᠪᠡᠶᠡᠯᠡᠭᠦᠯᠪᠡ᠂ ᠰᠦ ᠰᠠᠭᠠᠯᠢ ᠶᠢᠨ ᠦᠢᠯᠡᠰ᠂ | ᠡᠪᠡᠰᠦᠨ ᠤ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ | 24 ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠭᠠᠷᠭᠠᠵᠤ᠂ ᠲᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ | ᠲᠠᠰᠤᠭ᠂ ᠣᠷᠳᠣᠰ ᠤᠨ ᠲᠤᠷᠰᠢᠯᠲᠠ ᠶᠢᠨ ᠲᠠᠰᠤᠭ ᠪᠠ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ | ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ - ᠪᠤᠭᠤᠲᠤ ᠶᠢᠨ ᠴᠠᠬᠢᠭᠤᠷᠲᠤ | ᠮᠠᠲ᠋ᠧᠷᠢᠶᠠᠯ ᠤᠨ ᠬᠤᠯᠪᠤᠭᠠᠯᠠᠨ ᠰᠤᠳᠤᠯᠬᠤ ᠲᠥᠪ᠂ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠪᠠᠶᠠᠨᠨᠠᠭᠤᠷ ᠲᠠᠬᠢ ᠰᠤᠳᠤᠯᠭᠠᠨ ᠤ ᠬᠦᠷᠢᠶᠡᠯᠡᠩ ᠵᠠᠯᠭᠠᠭ᠎ᠠ ᠪᠠᠷ ᠪᠠᠶᠢᠭᠤᠯᠤᠭᠳᠠᠵᠤ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠳᠣᠰ ᠲᠠᠬᠢ ᠰᠢᠨ᠎ᠡ ᠡᠨᠧᠷᠭᠢ ᠶᠢᠨ ᠳᠡᠭᠡᠳᠦ | ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠪᠠ᠃ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ ᠶᠢᠨ ᠲᠦᠷᠦᠯ ᠵᠦᠢᠯ ᠢ 9 ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠢ 38 ᠬᠡᠷᠡᠭᠵᠢᠭᠦᠯᠦᠨ᠂ ᠰᠢᠨ᠎ᠡ ᠡᠭᠦᠳᠦᠯᠲᠡ ᠶᠢᠨ | ᠬᠤᠯᠪᠣᠭᠠᠲᠤ ᠴᠣᠭᠴᠠ ᠶᠢ 70 ᠪᠠᠶᠢᠭᠤᠯᠵᠤ᠂ ᠠᠭᠤᠷᠬᠠᠢ ᠶᠢᠨ ᠣᠶᠤᠨᠴᠢ ᠮᠠᠰᠢᠨ ᠬᠥᠮᠥᠨ᠂ ᠬᠤᠪᠣᠷ ᠰᠢᠷᠣᠢ ᠶᠢᠨ | ᠦᠢᠯᠡᠳᠬᠦᠨ ᠦᠢᠯᠡᠳᠴᠦ ᠪᠦᠲᠦᠭᠡᠬᠦ᠂ ᠡᠷᠴᠢᠯᠡᠭᠦᠷ ᠬᠦᠷᠳᠦ ᠪᠠᠷ ᠡᠨᠧᠷᠭᠢ ᠨᠥᠭᠡᠴᠡᠯᠡᠬᠦ ᠵᠡᠷᠭᠡ ᠶᠢ ᠰᠤᠳᠤᠯᠤᠨ | ᠨᠡᠭᠡᠭᠡᠵᠦ ᠬᠡᠷᠡᠭᠯᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ᠮᠧᠩ ᠺᠧ ᠵᠢᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠤᠨ ᠦᠢᠯᠡᠳᠦᠯ ᠲᠣᠳᠣᠷᠠᠵᠤ᠂ | ᠪᠦᠭᠦ ᠣᠷᠣᠨ ᠤ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠲᠤᠭ᠎ᠠ 45.3% ᠨᠡᠮᠡᠭᠳᠡᠵᠦ᠂ ᠠᠷᠠᠯᠵᠢᠶᠠᠯᠠᠭᠰᠠᠨ | ᠲᠤᠭ᠎ᠠ 17.6% ᠨᠡᠮᠡᠭᠳᠡᠪᠡ᠃ | ᠳᠥᠷᠪᠡ ᠳᠤ ᠬᠦᠴᠢᠷ ᠠᠰᠠᠭᠤᠳᠠᠯ ᠢ ᠥᠭᠡᠷᠡᠴᠢᠯᠡᠯᠲᠡ ᠶᠢᠨ ᠠᠷᠭ᠎ᠠ ᠪᠠᠷ ᠠᠷᠢᠯᠭᠠᠨ ᠰᠢᠢᠳᠪᠦᠷᠢᠯᠡᠬᠦ ᠶᠢ ᠨᠡᠩ | ᠶᠡᠭᠡ ᠴᠢᠬᠤᠯᠠᠴᠢᠯᠠᠨ ᠦᠵᠡᠪᠡ ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠳᠤ | ᠬᠠᠨᠳᠤᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ | ᠬᠠᠮᠢᠶᠠᠷᠬᠤ︾ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠤᠨ ᠪᠦᠭᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠳᠠᠬᠢ ᠦᠢᠯᠡᠴᠢᠯᠡᠭᠡ ᠪᠠᠨ ᠴᠢᠩᠭᠠᠷᠠᠭᠤᠯᠤᠨ᠂ ᠬᠠᠯᠠᠮᠰᠢᠯ ᠤᠲᠠᠰᠤ 12345 ᠶᠢᠨ ᠭᠤᠮᠣᠳᠠᠯ | ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠰᠠᠷ᠎ᠠ ᠪᠣᠯᠭᠠᠨ ᠨᠡᠷᠡᠰ ᠤᠨ ᠵᠢᠭᠰᠠᠭᠠᠯᠲᠠ ᠭᠠᠷᠭᠠᠵᠤ | ᠨᠡᠪᠲᠡᠷᠡᠭᠦᠯᠦᠨ ᠮᠡᠳᠡᠭᠡᠯᠡᠵᠦ᠂ ᠬᠤᠶᠢᠭᠤᠷ ᠵᠢᠭᠰᠠᠭᠠᠭᠳᠠᠵᠤ ᠪᠠᠶᠢᠭ᠎ᠠ ᠲᠠᠢ ᠨᠢ ᠪᠣᠯᠵᠣᠨ ᠶᠠᠷᠢᠯᠴᠠᠵᠤ᠂ ᠤᠯᠠᠮ ᠤᠯᠠᠨ | ᠠᠵᠤ ᠠᠬᠤᠶᠢᠯᠠᠯ ᠪᠠ ᠠᠷᠠᠳ ᠲᠦᠮᠡᠨ ᠬᠠᠯᠠᠮᠰᠢᠯ ᠤᠲᠠᠰᠤ ᠪᠠᠷ ᠲᠠᠮᠵᠢᠵᠦ ᠲᠦᠷᠦ ᠶᠢᠨ ᠪᠣᠳᠣᠯᠭ᠎ᠠ ᠶᠢ | ᠣᠶᠢᠯᠠᠭᠠᠭᠰᠠᠨ ᠪᠠ ᠠᠰᠠᠭᠤᠳᠠᠯ ᠢᠶᠠᠨ ᠰᠢᠢᠳᠪᠦᠷᠢᠯᠡᠵᠦ᠂ ᠪᠦᠭᠦ ᠵᠢᠯ ᠳᠤ ᠡᠯ᠎ᠡ ᠲᠦᠷᠦᠯ ᠤᠨ ᠭᠤᠮᠣᠳᠠᠯ | ᠱᠠᠭᠠᠷᠳᠠᠯᠭ᠎ᠠ ᠶᠢ 641 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ ᠭᠦᠢᠴᠡᠳᠬᠡᠵᠦ ᠳᠠᠭᠤᠰᠬᠠᠭᠰᠠᠨ | ᠨᠤᠷᠮ᠎ᠠ 95% ᠠᠴᠠ ᠳᠡᠭᠡᠭᠰᠢ ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ | ᠵᠦᠢᠯᠡᠰ ᠢ 268 ᠬᠦᠴᠦᠨ ᠦᠭᠡᠢ ᠪᠤᠯᠭᠠᠨᠨᠰᠠᠨ ᠪᠠ ᠳᠣᠷᠣᠭᠰᠢ ᠪᠠᠭᠤᠯᠭᠠᠵᠤ᠂ ᠠᠵᠤ ᠦᠢᠯᠡᠳᠪᠦᠷᠢ ᠳᠤ ᠬᠡᠷᠡᠭᠯᠡᠬᠦ | ᠬᠡᠰᠡᠭᠯᠡᠭᠰᠡᠨ ︽ᠪᠠᠷᠢᠮᠵᠢᠶᠠᠲᠤ ᠭᠠᠵᠠᠷ︾ ᠢ 332 ᠲᠥᠯᠥᠪᠦᠷᠢᠲᠡᠢ ᠰᠢᠯᠵᠢᠭᠦᠯᠦᠨ᠂ ᠬᠦᠷᠢᠶᠡᠯᠡᠩ ᠲᠣᠭᠤᠷᠢᠭ ᠪᠠ | ᠲᠣᠰᠬᠤᠨ ᠤ ᠱᠠᠲᠤ ᠪᠦᠬᠦᠨ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢ ᠬᠠᠮᠤᠷᠤᠭᠤᠯᠬᠤ ᠶᠢ | ᠪᠡᠶᠡᠯᠡᠭᠦᠯᠵᠦ᠂ ︽ᠵᠠᠰᠠᠭ ᠤᠨ ᠶᠠᠪᠤᠳᠠᠯ + ᠰᠢᠭᠤᠳ ᠨᠡᠪᠲᠡᠷᠡᠭᠦᠯᠭᠡ︾ ᠦᠢᠯᠡᠴᠢᠯᠡᠭᠡᠨ ᠤ ᠰᠢᠨ᠎ᠡ ᠵᠠᠭᠪᠤᠷ ᠨᠢ | ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ | ᠳᠡᠭᠡᠭᠰᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠲᠤᠰᠬᠠᠯ ᠴᠢᠩᠭ᠎ᠠ ᠠᠰᠠᠭᠤᠳᠠᠯ ᠳᠤ ᠬᠠᠨᠳᠤᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ | 1293 ᠳ᠋ᠦᠩᠰᠢᠭᠤᠷ ᠲᠥᠭᠦᠷᠢᠭ ᠤᠨ ᠳᠠᠩᠰᠠᠨ ᠳᠠᠬᠢ ᠵᠣᠭᠤᠰ ᠢ ᠲᠥᠯᠥᠵᠦ ᠳᠠᠭᠤᠰᠬᠠᠨ᠂ ᠠᠵᠤ ᠠᠬᠤᠶᠢᠯᠠᠯ ᠳᠤ | ᠨᠢᠭᠡ ᠪᠦᠯᠦᠭ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠤᠨ | ᠠᠰᠠᠭᠤᠳᠠᠯ ᠢ ᠰᠢᠢᠳᠪᠦᠷᠢᠯᠡᠨ ᠥᠭᠴᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ | ᠪᠤᠴᠠᠭᠠᠵᠤ ᠬᠤᠶᠢᠰᠢᠯᠠᠭᠤᠯᠤᠨ ᠲᠤᠰᠢᠶᠠᠬᠤ ᠵᠠᠷᠤᠳᠠᠯ ᠢ 341 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ᠂ | 2 ᠠᠵᠤ ᠠᠬᠤᠶᠢᠯᠠᠯ ᠠᠮᠵᠢᠯᠲᠠᠲᠠᠢ ᠪᠠᠷ ᠵᠠᠬ᠎ᠠ ᠳᠤ ᠭᠠᠷᠴᠤ᠂ 5 ᠠᠵᠤ ᠠᠬᠤᠶᠢᠯᠠᠯ ᠪᠦᠭᠦ ᠤᠯᠤᠰ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠡᠩᠨᠡᠭᠡᠨ ᠳᠤ ᠵᠢᠭᠰᠠᠭᠠᠭᠳᠠᠵᠤ᠂ ᠪᠦᠭᠦ | ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ | ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ | ᠪᠠᠭᠤᠷᠠᠢ ᠪᠠᠶᠢᠭ᠎ᠠ ᠣᠳᠣᠬᠢ ᠪᠠᠶᠢᠳᠠᠯ ᠳᠤ ᠬᠠᠨᠳᠤᠭᠤᠯᠵᠤ᠂ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ | ᠥᠷᠨᠢᠭᠦᠯᠵᠦ᠂ ᠠᠯᠳᠠᠭᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠪᠠ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 70% ᠨᠡᠮᠡᠭᠳᠡᠵᠦ᠂ ᠪᠤᠭᠤᠲᠤ ᠶᠢᠨ | ᠪᠣᠯᠣᠳ ᠲᠡᠮᠦᠷ ᠤᠨ ᠪᠦᠯᠦᠭᠯᠡᠯ ᠤᠨ ᠠᠰᠢᠭ ᠣᠯᠵᠠᠪᠤᠷᠢ 53 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ | ᠤᠯᠤᠰ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ | ᠤᠷᠤᠭᠰᠢ ᠪᠠᠨ 24 ᠨᠡᠷ᠎ᠡ ᠲᠡᠪᠰᠢᠨ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠤᠨ ᠪᠡᠯᠡ ᠬᠥᠷᠥᠩᠭᠡ ᠶᠢᠨ | ᠶᠡᠷᠦᠩᠬᠡᠢ ᠲᠤᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠵᠠᠮ ᠬᠠᠷᠢᠯᠴᠠᠭᠠᠨ ᠤ ᠪᠦᠯᠦᠭᠯᠡᠯ᠂ ᠤᠯᠠᠨ | ᠤᠯᠤᠰ ᠤᠨ ᠠᠷᠠᠯᠵᠢᠶᠠᠨ ᠤ ᠪᠦᠯᠦᠭᠯᠡᠯ ᠢ ᠰᠢᠨ᠎ᠡ ᠪᠠᠷ ᠵᠣᠬᠢᠶᠠᠨ ᠪᠠᠶᠢᠭᠤᠯᠪᠠ᠃ ᠨᠡᠭᠡᠭᠡᠯᠲᠡ ᠬᠢᠬᠦ ᠠᠮᠢᠵᠢᠷᠠᠯ ᠤᠨ | ᠬᠦᠴᠦᠨ ᠢᠶᠠᠷ ᠳᠤᠲᠠᠮᠠᠭ ᠪᠠᠶᠢᠳᠠᠯ ᠳᠤ ᠬᠠᠨᠳᠤᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ 32 ᠵᠤᠷᠪᠤᠰ ᠢ ᠨᠡᠶᠢᠲᠡᠯᠡᠨ᠂ ᠮᠠᠨᠵᠤᠤᠷ ᠬᠢᠯᠢ ᠶᠢᠨ | ᠪᠣᠭᠤᠮᠲᠠ ᠶᠢᠨ ᠲᠣᠮᠳᠠᠲᠤ ᠤᠷᠤᠰ ᠤᠨ ᠪᠦᠯᠭᠦᠮ ᠢᠶᠠᠷ ᠵᠢᠭᠤᠯᠴᠢᠯᠠᠬᠤ ᠳᠤ ᠸᠢᠰᠠ ᠲᠠᠮᠠᠭᠠᠯᠠᠬᠤ ᠶᠢ ᠬᠠᠷᠢᠯᠴᠠᠨ | ᠬᠡᠯᠲᠦᠷᠢᠭᠦᠯᠬᠦ᠂ ᠡᠷᠢᠶᠡᠨ ᠬᠤᠲᠠ ᠬᠢᠯᠢ ᠶᠢᠨ ᠪᠣᠭᠤᠮᠲᠠ ᠪᠠᠷ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ | ᠲᠡᠷᠭᠡ ᠬᠥᠰᠬᠡ ᠶᠢ ᠥᠩᠭᠡᠷᠡᠭᠦᠯᠬᠦ ᠪᠣᠳᠣᠯᠭ᠎ᠠ ᠶᠢ ᠰᠡᠷᠭᠦᠭᠡᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠠᠷᠠᠯᠵᠢᠶᠠᠨ ᠤ ᠲᠤᠭ᠎ᠠ 3 ᠲᠠᠬᠢᠨ ᠰᠢᠬᠠᠮ ᠨᠡᠮᠡᠭᠳᠡᠨ᠂ ᠪᠦᠭᠦ ᠣᠷᠣᠨ ᠤ ᠬᠢᠯᠢ ᠶᠢᠨ | ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠡᠬᠡ | ᠬᠠᠭᠤᠷᠠᠢ ᠶᠢᠨ ᠬᠢᠯᠢ ᠳᠠᠭᠠᠤ ᠬᠢᠯᠢ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠨ᠂ ᠣᠷᠣᠨ ᠳᠤ ᠢᠷᠡᠵᠦ ᠠᠶᠠᠯᠠᠬᠤ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ 429 ᠬᠦᠷᠴᠦ᠂ 73.7% ᠨᠡᠮᠡᠭᠳᠡᠨ᠂ ᠮᠠᠰᠢᠨ | ᠴᠠᠬᠢᠯᠭᠠᠨ ᠤ ᠦᠢᠯᠡᠳᠬᠦᠨ ᠤ ᠭᠠᠳᠠᠭᠠᠳᠤ ᠭᠠᠷᠭᠠᠯᠲᠠ 118.9% ᠨᠡᠮᠡᠭᠳᠡᠵᠦ᠂ ᠴᠠᠬᠢᠯᠭᠠᠨ ᠬᠦᠳᠡᠯᠭᠡᠭᠦᠷᠲᠦ | ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ ᠭᠠᠳᠠᠭᠠᠳᠤ | ᠭᠠᠷᠭᠠᠯᠲᠠ 48 ᠳᠠᠬᠢᠨ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠢ 167 ᠰᠢᠨ᠎ᠡ ᠪᠠᠷ ᠲᠣᠬᠢᠷᠠᠭᠤᠯᠵᠤ᠂ 3.2 ᠳᠠᠬᠢᠨ ᠨᠡᠮᠡᠭᠳᠡᠨ᠂ ᠭᠠᠳᠠᠭᠠᠳᠤ ᠪᠡᠯᠡ ᠶᠢ ᠬᠡᠷᠡᠭᠯᠡᠭᠰᠡᠨ | ᠪᠣᠳᠠᠲᠠᠢ ᠲᠤᠭ᠎ᠠ 55.8 ᠳ᠋ᠦᠩᠰᠢᠭᠤᠷ ᠲᠥᠭᠦᠷᠢᠭ ᠲᠤ ᠬᠦᠷᠴᠦ᠂ 61.5% ᠨᠡᠮᠡᠭᠳᠡᠪᠡ᠃ ᠬᠢᠯᠢ ᠰᠤᠨᠳᠠᠯᠠᠨ | ᠬᠤᠷᠢᠶᠠᠭᠰᠠᠨ ᠪᠠ ᠥᠭᠭᠦᠭᠰᠡᠨ ᠠᠷᠠᠳ ᠤᠨ ᠵᠣᠭᠤᠰ ᠤᠨ ᠲᠤᠭ᠎ᠠ 2584.2 ᠳ᠋ᠦᠩᠰᠢᠭᠤᠷ ᠲᠥᠭᠦᠷᠢᠭ ᠲᠤ | ᠬᠦᠷᠴᠦ᠂ 99.8% ᠨᠡᠮᠡᠭᠳᠡᠪᠡ᠃ | ᠲᠠᠪᠤ ᠳᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠᠨ ᠴᠢᠩᠭᠠᠳᠬᠠᠪᠠ ᠃ ᠥᠪᠡᠷᠲᠡᠭᠡᠨ | ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ ᠠᠳᠬᠤᠵᠤ᠂ ︽ᠳᠤᠷ᠎ᠠ ᠪᠠᠷ | ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ᠂ ᠰᠠᠶᠢᠷᠭᠠᠯ ᠤᠨ ᠣᠷᠣᠨ ᠤ 770 | ᠡᠷᠦᠬᠡ᠂ 1853 ᠬᠥᠮᠥᠨ ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠣᠨ ᠤ | ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠰᠢᠷᠠᠤ᠋ᠰᠤᠨ ᠭᠤᠣᠯ ᠤᠨ ᠬᠢᠯᠢ ᠳᠣᠲᠣᠷᠠᠬᠢ | ᠬᠡᠰᠡᠭ ᠢ ᠬᠠᠮᠠᠭᠠᠯᠠᠵᠤ ᠵᠠᠰᠠᠭᠰᠠᠨ ᠨᠢ ᠪᠦᠬᠦ ᠤᠯᠤᠰ ᠤᠨ ᠦᠵᠡᠰᠬᠦᠯᠡᠩᠲᠦ ᠨᠠᠭᠤᠷ ᠭᠤᠣᠯ ᠤᠨ ᠰᠢᠯᠢᠳᠡᠭ | ᠵᠢᠱᠢᠶ᠎ᠡ ᠪᠠᠷ ᠰᠣᠩᠭᠤᠭᠳᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ 21.3 ᠲᠦᠮᠡᠨ ᠡᠷᠦᠭᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠵᠦ ᠰᠢᠨᠡᠳᠬᠡᠬᠦ ᠠᠵᠢᠯ ᠢ | ᠪᠡᠶᠡᠯᠡᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠴᠠᠭᠠᠨᠨᠠᠭᠤᠷ ᠵᠡᠷᠭᠡ ᠶᠢ | ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠤᠰ ᠲᠤ ᠦᠨᠡᠯᠡᠭᠳᠡᠨ ᠨᠤᠲᠠᠯᠠᠭᠳᠠᠵᠤ᠂ ᠤᠯᠠᠭᠠᠨᠰᠤᠬᠠᠢ ᠨᠠᠭᠤᠷ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠪᠦᠬᠦ ᠣᠷᠣᠨ ᠤ | ᠤᠯᠤᠰ ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠰᠢᠯᠢᠳᠡᠭ | ᠰᠠᠶᠢᠨ ᠪᠠᠷᠢᠮᠵᠢᠶ᠎ᠠ ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ | PM2.5 ᠶᠢᠨ ᠥᠳᠬᠡᠴᠡ ᠲᠡᠦᠬᠡᠨ ᠳᠠᠬᠢ ᠬᠠᠮᠤᠭ ᠰᠠᠶᠢᠨ ᠲᠦᠪᠰᠢᠨ ᠳᠤ ᠬᠦᠷᠪᠡ᠃ ᠪᠦᠬᠦ ᠲᠠᠯ᠎ᠠ ᠪᠠᠷ ᠠᠷᠪᠢᠯᠠᠨ | ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠲᠠᠪᠤ ᠶᠢ ᠲᠦᠢᠯᠪᠤᠷᠢᠲᠠᠢ | ᠰᠢᠢᠳᠪᠦᠷᠢᠯᠡᠬᠦ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 9326 ᠲᠦᠷᠦᠯ | ᠵᠦᠢᠯ ᠤᠨ ᠵᠥᠪᠰᠢᠶᠡᠷᠡᠵᠦ ᠪᠣᠯᠬᠤ ᠪᠦᠬᠦᠨ ᠢ ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠪᠠ | ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠨᠢ ᠨᠡᠶᠢᠯᠡᠭᠡᠳ 40 ᠲᠦᠮᠡᠨ | ᠮᠦ ᠠᠴᠠ ᠳᠠᠪᠠᠵᠤ᠂ ᠠᠩᠬᠠᠨ ᠤ ᠪᠦᠯᠦᠭ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠮᠤᠵᠢ ᠠᠯᠤᠰᠯᠠᠨ | ᠠᠷᠠᠯᠵᠢᠶᠠᠯᠠᠬᠤ ᠶᠢ ᠪᠡᠶᠡᠯᠡᠭᠦᠯᠵᠦ᠂ ︽ᠬᠠᠭᠠᠰ ᠳᠤᠲᠠᠭᠤ ᠣᠷᠬᠢᠭᠳᠠᠭᠰᠠᠨ︾ ᠢᠨᠵᠧᠨᠧᠷᠢᠩ ᠢ ᠰᠡᠷᠭᠦᠭᠡᠬᠦ ᠪᠠ | ᠨᠡᠭᠡᠭᠡᠯᠲᠡ ᠶᠢᠨ ᠲᠣᠭᠤᠷᠢᠭ ᠤᠨ ︽ᠲᠦᠢᠯᠪᠤᠷᠢᠲᠠᠢ ᠰᠢᠢᠳᠪᠦᠷᠢᠯᠡᠯᠲᠡ︾ ᠶᠢ ᠦᠨᠳᠦᠰᠦᠨ ᠳᠤ ᠪᠠᠨ ᠪᠡᠶᠡᠯᠡᠭᠦᠯᠪᠡ᠂ | ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠳ᠋ᠷ ᠲᠤ ᠬᠦᠷᠴᠦ᠂ ᠲᠠᠷᠢᠶᠠᠨ | ᠭᠠᠵᠠᠷ ᠢ ᠤᠰᠤᠯᠠᠬᠤ ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ ᠠᠩᠬ᠎ᠠ ᠤᠳᠠᠭ᠎ᠠ ᠤᠯᠤᠰ ᠤᠨ | ᠳᠤᠮᠳᠠᠴᠢ ᠲᠦᠪᠰᠢᠨ ᠠᠴᠠ ᠳᠠᠪᠠᠵᠤ᠂ ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠭᠰᠠᠨ ᠬᠡᠮᠵᠢᠶ᠎ᠡ 80.5 | ᠲᠦᠮᠡᠨ ᠲᠤᠨ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ ᠲᠤ ᠬᠦᠷᠴᠦ᠂ ᠪᠣᠬᠢᠷᠳᠤᠯ ᠦᠭᠡᠢ | ᠬᠦᠷᠢᠶᠡᠯᠡᠩ ᠲᠣᠭᠤᠷᠢᠭ ᠢ 4᠂ ᠪᠣᠬᠢᠷᠳᠤᠯ ᠦᠭᠡᠢ ᠠᠵᠤ ᠦᠢᠯᠡᠳᠪᠦᠷᠢ ᠶᠢ 67 ᠰᠢᠨ᠎ᠡ ᠪᠠᠷ ᠡᠭᠦᠳᠦᠨ ᠪᠠᠶᠢᠭᠤᠯᠪᠠ᠃ | ᠵᠢᠷᠭᠤᠭ᠎ᠠ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠭᠦᠨ ᠰᠡᠷᠭᠦᠯᠲᠡ ᠲᠠᠢ ᠪᠣᠯᠬᠤ ᠶᠢ | ᠪᠦᠲᠦᠮᠵᠢᠲᠡᠢ ᠠᠬᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠶᠢ ᠳᠡᠮᠵᠢᠬᠦ 15 | ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠡᠭᠡᠵᠢᠩ ᠱᠠᠩᠬᠠᠢ ᠭᠤᠸᠠᠩᠵᠧᠦ ᠱᠧᠨᠵᠧᠨ︾ ᠵᠡᠷᠭᠡ | ᠣᠯᠠᠨ ᠬᠤᠲᠠ ᠯᠤᠭ᠎ᠠ ᠬᠠᠮᠲᠤᠷᠠᠨ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠢ | ᠥᠷᠨᠢᠭᠦᠯᠵᠦ᠂ ᠷᠠᠰᠢᠶᠠᠨ᠂ ᠬᠥᠯᠥᠨ ᠪᠦᠢᠷ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠲᠤ | ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ ᠨᠢᠰᠬᠡᠯ 700 ᠤᠳᠠᠭ᠎ᠠ ᠪᠠᠶᠢᠵᠤ᠂ ᠪᠦᠬᠦ ᠣᠷᠣᠨ ᠳᠤ | ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠵᠤ᠂ | ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ᠂ ᠴᠥᠮ 2019 ᠣᠨ ᠤ 1.2 ᠳᠠᠬᠢᠨ | ᠪᠠᠶᠢᠪᠠ᠃ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢᠶᠠᠷ 17 ᠵᠦᠢᠯ ᠵᠥᠪᠰᠢᠶᠡᠷᠡᠭᠳᠡᠵᠦ᠂ | ᠤᠯᠤᠰ ᠤᠨ 5C᠂ 4C ᠳᠡᠰ ᠤᠨ ᠬᠤᠪᠢ ᠶᠢᠨ ᠮᠠᠰᠢᠨ ᠲᠡᠷᠭᠡ ᠪᠠᠷ ᠪᠠᠭᠤᠳᠠᠯᠯᠠᠬᠤ ᠰᠠᠭᠤᠷᠢᠨ ᠤ ᠲᠤᠭ᠎ᠠ ᠪᠦᠬᠦ | ᠤᠯᠤᠰ ᠤᠨ ᠲᠡᠷᠢᠭᠦᠨ ᠳᠤ ᠪᠠᠶᠢᠷᠢᠰᠢᠵᠤ᠂ ᠤᠯᠤᠰ ᠤᠨ ᠳᠡᠰ ᠤᠨ ᠴᠠᠰᠤᠨ ᠳᠤ ᠭᠤᠯᠭᠤᠬᠤ ᠵᠢᠭᠤᠯᠴᠢᠯᠠᠯ | ᠠᠮᠠᠷᠠᠯᠲᠠ ᠶᠢᠨ ᠭᠠᠵᠠᠷ ᠤᠨ ᠲᠤᠭ᠎ᠠ ᠪᠦᠬᠦ ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠵᠢᠭᠤᠯᠴᠢᠯᠠᠯ ᠤᠨ | ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ᠂ | ︽ᠲᠠᠯ᠎ᠠ ᠨᠤᠲᠤᠭ ᠤᠨ ᠪᠣᠯᠵᠣᠯ︾᠂ ︽ᠤᠴᠠᠷᠠᠯᠳᠤ ᠨᠠᠭᠠᠳᠤᠮ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ | ᠦᠷᠭᠦᠯᠵᠢᠯᠡᠨ ᠨᠡᠮᠡᠭᠳᠡᠵᠦ᠂ ᠬᠥᠬᠡᠬᠤᠲᠠ ᠶᠢᠨ ᠰᠢᠨ᠎ᠡ ᠣᠨ ᠢᠶᠠᠨ ᠤᠭᠲᠤᠬᠤ ᠦᠳᠡᠰᠢ ᠶᠢᠨ ᠠᠵᠢᠯᠯᠠᠭᠠᠨ ᠪᠦᠬᠦ | ᠬᠤᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭᠠᠨᠴᠠᠪ ᠤᠨ ᠦᠳᠡᠰᠢ ᠬᠡᠮᠡᠬᠦ ᠠᠵᠢᠯᠯᠠᠭᠠᠨ ᠵᠢᠭᠤᠯᠴᠢᠯᠠᠭᠴᠢᠳ ᠢ | 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP ᠤᠨ ︽ᠰᠠᠭᠤᠳᠠᠯ ᠤᠨ | ᠮᠠᠰᠢᠨ ᠢᠶᠠᠷ ᠳᠤᠮᠳᠠᠳᠤ ᠤᠯᠤᠰ ᠢᠶᠠᠷ ᠠᠶᠠᠯᠠᠬᠤᠢ︾ ᠰᠢᠭᠤᠳ ᠨᠡᠪᠲᠡᠷᠡᠭᠦᠯᠭᠡ ᠨᠢ ︽ᠲᠡᠭᠷᠢ ᠶᠢᠨ ᠬᠠᠶᠠᠭᠠᠨ ᠤ | ᠤᠯᠠᠭᠠᠢ︾ ᠶᠢᠨ ᠠᠯᠳᠠᠷ ᠴᠤᠤ ᠶᠢ ᠮᠠᠨᠳᠤᠭᠤᠯᠪᠠ᠃ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ | ︽ᠯᠢᠩᠬᠤᠸ᠎ᠠ ᠱᠠᠩᠨᠠᠯ︾ ᠵᠡᠷᠭᠡ ᠤᠯᠤᠰ ᠤᠨ ᠳᠡᠰ ᠤᠨ ᠱᠠᠩᠨᠠᠯ ᠢ 47 ᠬᠦᠷᠲᠡᠵᠦ᠂ ᠯᠢᠶᠣᠤ ᠤᠯᠤᠰ ᠤᠨ ᠳᠡᠭᠡᠳᠦ | ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠶᠢᠨ ᠡᠮᠦᠨ᠎ᠡ ᠬᠡᠰᠡᠭ ᠤᠨ ᠪᠠᠷᠢᠯᠭ᠎ᠠ ᠪᠠ ᠾᠧᠦ ᠴᠧᠩ ᠽᠦᠢ | ᠴᠢᠯᠠᠭᠤᠨ ᠬᠤᠲᠠ ᠶᠢᠨ ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ | ᠣᠷᠣᠪᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ᠂ ᠵᠢᠷᠭᠤᠳᠤᠭᠠᠷ | ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ | ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠦᠬᠦ | ᠬᠦᠴᠦᠨ ᠢᠶᠠᠷ ᠢᠶᠠᠨ ᠪᠡᠯᠡᠳᠬᠡᠪᠡ᠃ | ᠳᠣᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠵᠤ | ᠰᠠᠶᠢᠲᠤᠷ ᠬᠢᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% | ᠨᠡᠮᠡᠭᠳᠡᠵᠦ᠂ 2022 ᠣᠨ ᠤ ᠲᠠᠢ ᠠᠳᠠᠯᠢᠳᠬᠠᠪᠠᠯ 0.8 ᠵᠠᠭᠤᠨ ᠤ ᠴᠡᠭ ᠳᠡᠭᠡᠭᠰᠢᠯᠡᠪᠡ᠃ ᠵᠢᠯ ᠤᠨ ᠡᠬᠢᠨ ᠳᠤ | ᠪᠠᠶᠢᠷᠢᠯᠠᠭᠤᠯᠤᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ | ᠪᠡᠶᠡᠯᠡᠭᠦᠯᠪᠡ᠃ ᠬᠤᠲᠠ ᠪᠠᠯᠭᠠᠰᠤᠨ ᠤ 21.87 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠲᠠ | ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠴᠥᠮ | ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | 893 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠡᠦᠬᠡᠳ ᠪᠠ ᠰᠤᠷᠤᠭᠴᠢᠳ ᠤᠨ | ᠰᠤᠷᠤᠯᠭ᠎ᠠ ᠶᠢᠨ ᠣᠷᠣ ᠶᠢ 7 ᠲᠦᠮᠡ ᠰᠢᠨ᠎ᠡ ᠪᠠᠷ ᠨᠡᠮᠡᠭᠳᠡᠭᠦᠯᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠤᠰᠬᠠᠢ ᠮᠡᠷᠭᠡᠵᠢᠯ ᠢ 327 ᠰᠢᠨ᠎ᠡ ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ | ᠴᠠᠷᠠᠭᠠᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ 20 ᠲᠣᠬᠢᠷᠠᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 97 ᠪᠠᠶᠢᠭᠤᠯᠪᠠ᠃ 236 ᠵᠦᠢᠯ ᠤᠨ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠣᠯᠠᠨ ᠲᠦᠮᠡᠨ ᠤ ᠥᠪᠡᠷ ᠢᠶᠠᠨ | ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ ᠪᠠᠷ 19% ᠪᠠᠭᠤᠷᠠᠵᠤ᠂ ᠪᠡᠭᠡᠵᠢᠩ ᠶᠡᠭᠡ ᠰᠤᠷᠭᠠᠭᠤᠯᠢ ᠶᠢᠨ | ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ | ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ᠃ ᠰᠤᠮᠤ | ᠰᠢᠶᠠᠩ ᠪᠠᠯᠭᠠᠰᠤᠨ ᠤ ᠬᠡᠪᠴᠢᠶᠡᠨ ᠳᠤ ᠨᠠᠰᠤᠵᠢᠯ ᠤᠨ ᠦᠢᠯᠡᠴᠢᠯᠡᠭᠡᠨ ᠤ ᠲᠥᠪ ᠢ 350᠂ ᠲᠤᠰᠬᠤᠨ ᠤ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠮᠢᠩᠭᠠᠨ ᠬᠥᠮᠥᠨ ᠠᠮᠠ | ᠪᠦᠷᠢ ᠳᠤ ᠨᠣᠭᠳᠠᠬᠤ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠣᠷᠣ ᠶᠢᠨ ᠲᠤᠭ᠎ᠠ 3.4 ᠳᠤ ᠬᠦᠷᠪᠡ᠃ ᠬᠤᠲᠠ | ᠪᠠᠯᠭᠠᠰᠤᠨ ᠤ ᠬᠠᠭᠤᠴᠢᠨ ᠬᠤᠭᠤᠯᠠᠢ ᠭᠤᠤᠷᠰᠤᠨ ᠤ ᠲᠣᠣᠷ ᠢ 2220 ᠺᠢᠯᠣᠮᠧᠳ᠋ᠷ᠂ ᠬᠠᠭᠤᠴᠢᠨ ᠰᠠᠭᠤᠭᠠᠯᠢ | ᠲᠣᠭᠤᠷᠢᠭ ᠢ 1639᠂ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.56 ᠲᠦᠮᠡᠨ ᠢᠵᠢ | ᠥᠭᠡᠷᠡᠴᠢᠯᠡᠨ ᠰᠢᠨᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠦᠩ ᠢ 6.2 ᠲᠦᠮᠡ᠂ | ᠵᠠᠰᠠᠮᠠᠯ ᠵᠠᠮ ᠢ 5106 ᠺᠢᠯᠣᠮᠧᠳ᠋ᠷ ᠪᠠᠶᠢᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ 4211 ᠡᠷᠦᠬᠡ | ᠥᠭᠡᠷᠡᠴᠢᠯᠡᠨ ᠰᠢᠨᠡᠳᠬᠡᠵᠦ᠂ ᠬᠢᠯᠢ ᠬᠢᠵᠠᠭᠠᠷ ᠣᠷᠣᠨ ᠳᠤ ᠷᠠᠳᠢᠣ᠋ ᠲᠧᠯᠸᠢᠰ ᠤᠨ ᠭᠡᠷᠡᠯᠯᠢᠭ ᠤᠲᠠᠰᠤ 4000 | ᠺᠢᠯᠣᠮᠧᠳ᠋ᠷ ᠳᠡᠪᠢᠰᠪᠡ᠃ ᠪᠦᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ | ᠨᠢᠭᠡᠨ ᠡᠭᠡᠯᠵᠢ ᠶᠢᠨ ᠢᠨᠵᠧᠨᠧᠷᠢᠩ ᠢ ᠡᠬᠢᠯᠡᠭᠦᠯᠵᠦ᠂ ᠪᠦᠢᠳᠠ ᠪᠥᠭᠯᠡᠭᠦᠦ ᠭᠠᠵᠠᠷ ᠣᠷᠣᠨ ᠤ 2.4 ᠲᠦᠮᠡᠨ | ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ | ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ 531᠂ ᠲᠠᠷᠠᠬᠠᠢ ᠮᠠᠶ᠋ᠢᠭ ᠤᠨ ᠤᠰᠤᠨ ᠤ ᠰᠣᠷᠪᠣᠯᠵᠢ ᠶᠢᠨ ᠢᠨᠵᠧᠨᠧᠷᠢᠩ ᠢ 909 ᠰᠢᠨ᠎ᠡ ᠪᠠᠷ | ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠬᠡᠷᠡᠭᠵᠢᠭᠦᠯᠵᠦ᠂ ᠥᠪᠥᠷ ᠮᠣᠩᠭᠤᠯ ᠳᠤ ᠣᠷᠣᠭᠤᠯᠤᠭᠰᠠᠨ ᠪᠡᠭᠡᠵᠢᠩ ᠤᠨ ᠪᠡᠯᠡ ᠮᠥᠩᠭᠦ 150 ᠳ᠋ᠦᠩᠰᠢᠭᠤᠷ | ᠲᠥᠭᠦᠷᠢᠭ ᠰᠢᠨ᠎ᠡ ᠪᠠᠷ ᠨᠡᠮᠡᠭᠳᠡᠵᠦ᠂ ᠥᠪᠥᠷ ᠮᠣᠩᠭᠤᠯ ᠢ ᠲᠤᠰᠠᠯᠠᠷ᠎ᠠ ᠢᠷᠡᠭᠰᠡᠨ ᠪᠡᠭᠡᠵᠢᠩ ᠤᠨ ᠪᠠᠭᠰᠢ ᠪᠡᠭᠡᠵᠢᠩ ᠤᠨ | ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠤᠯ ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭᠠᠨ | 200 ᠳ᠋ᠦᠩᠰᠢᠭᠤᠷ ᠭᠷᠡᠳᠦ᠋ᠰ ᠢ ᠳᠠᠪᠠᠵᠤ᠂ ᠪᠡᠭᠡᠵᠢᠩ ᠳᠤ ᠣᠷᠣᠭᠤᠯᠤᠭᠰᠠᠨ ᠥᠪᠥᠷ ᠮᠣᠩᠭᠤᠯ ᠤᠨ ᠢᠳᠡᠭᠡᠨ 200 | ᠳ᠋ᠦᠩᠰᠢᠭᠤᠷ ᠲᠥᠭᠦᠷᠢᠭ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠬᠠᠷᠢᠯᠴᠠᠨ ᠵᠢᠭᠤᠯᠴᠢᠯᠠᠭᠰᠠᠳ 1000 | ᠲᠦᠮᠡᠨ ᠬᠥᠮᠥᠨ ᠤᠳᠠᠭ᠎ᠠ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ ᠢ ᠣᠷᠣᠯᠠᠨ | ᠭᠦᠢᠴᠡᠳᠬᠡᠬᠦ ᠳᠦᠷᠢᠮ ᠢ ᠳᠡᠯᠭᠡᠷᠡᠭᠦᠯᠵᠦ᠂ ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ | ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠵᠤ᠂ ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠢ | ᠳᠡᠭᠡᠭᠰᠢᠯᠡᠪᠡ᠃ | ᠨᠠᠢᠮᠠ ᠳᠤ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠪᠣᠳᠠᠲᠠᠢ ᠰᠡᠷᠭᠡᠶᠢᠯᠡᠵᠦ | ᠠᠷᠢᠯᠭᠠᠪᠠ᠃ ᠪᠢᠳᠡ ︽2 • 22︾ ᠤᠨ ᠠᠳᠡᠯ ᠠᠴᠠ ᠭᠦᠨ ᠰᠤᠷᠭᠠᠮᠵᠢ ᠠᠪᠴᠤ᠂ ᠬᠦᠨᠳᠦ ᠣᠨᠴᠠ ᠶᠡᠭᠡ | ᠠᠳᠡᠯ ᠢ ᠰᠡᠷᠭᠡᠶᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ ︽ᠭᠤᠷᠪᠠ ᠶᠢ | ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠲᠣᠭᠲᠠᠭᠠᠯ ᠤᠳ ᠢ ᠲᠣᠭᠲᠠᠭᠠᠨ ᠬᠡᠷᠡᠭᠵᠢᠭᠦᠯᠵᠦ᠂ | ᠶᠡᠭᠡ ᠪᠠᠷ ᠵᠢᠭᠰᠠᠭᠠᠨ ᠪᠠᠶᠢᠴᠠᠭᠠᠬᠤ ᠪᠠ ᠶᠡᠭᠡ ᠪᠠᠷ ᠴᠡᠭᠴᠡᠯᠡᠨ ᠵᠠᠰᠠᠬᠤ ᠶᠢ 3 ᠡᠭᠡᠯᠵᠢ ᠪᠠᠷ ᠳᠠᠷᠠᠭᠠᠯᠠᠨ ᠥᠷᠨᠢᠭᠦᠯᠵᠦ᠂ | ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭᠠᠳ ᠪᠠᠶᠢᠴᠠᠭᠠᠬᠤ ᠶᠢ ᠭᠦᠨᠵᠡᠭᠡᠢ | ᠥᠷᠨᠢᠭᠦᠯᠵᠦ᠂ ᠪᠦᠬᠦ ᠵᠢᠯ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠪᠠ | ᠠᠳᠡᠭᠰᠡᠨ ᠬᠥᠮᠥᠨ ᠤ ᠲᠤᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ ᠠᠬᠤᠢ ᠶᠢᠨ | ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠴᠢᠬᠤᠯᠠ ᠤᠯᠤᠰ ᠲᠦᠷᠣ ᠶᠢᠨ ᠡᠭᠦᠷᠭᠡ ᠪᠠᠨ | ᠪᠣᠯᠭᠠᠵᠣ᠂ ᠪᠠᠶᠢᠳᠠᠭ ᠢᠶᠠᠨ ᠰᠢᠪᠬᠠᠵᠤ ᠥᠷᠢ ᠲᠥᠯᠥᠬᠦ ᠶᠢ ᠪᠠᠷᠢᠮᠲᠠᠯᠠᠵᠤ᠂ ︽1 + 8︾ ᠥᠷᠢ ᠥᠭᠴᠡᠭᠡ ᠶᠢ | ᠠᠷᠢᠯᠭᠠᠬᠤ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠵᠤ᠂ ︽ᠲᠦᠷᠪᠡᠨ ᠨᠢᠭᠡ ᠪᠦᠯᠦᠭ︾ ᠪᠠ ᠥᠷᠢ | ᠥᠭᠴᠡᠭᠡ ᠶᠢ ᠠᠷᠢᠯᠭᠠᠬᠤ ᠱᠠᠩᠨᠠᠯ ᠨᠥᠬᠦᠪᠦᠷᠢ ᠠᠴᠠ 206 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ | ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠳᠡᠮᠵᠢᠵᠣ᠂ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠯᠠᠱᠠ᠂ ᠦᠬᠠᠢ 2 ᠠᠶᠢᠮᠠᠭ ᠬᠤᠲᠠ ᠶᠢᠨ ᠲᠤᠰ ᠱᠠᠲᠤ ᠪᠠ | ᠤᠷᠠᠳ ᠤᠨ ᠡᠮᠦᠨᠡᠲᠦ ᠬᠤᠰᠢᠭᠤ᠂ ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠶᠢᠨ | ᠳᠡᠰ ᠠᠴᠠ ᠭᠠᠷᠪᠠ᠃ 7 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠪᠠ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠢ ᠬᠢᠨᠠᠮᠠᠭᠠᠢ ᠭᠦᠢᠴᠡᠳᠬᠡᠵᠦ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ ᠳᠤ ︽ᠠᠳᠠᠯᠢᠬᠠᠨ ᠬᠠᠭᠤᠳᠠᠰᠤ | ᠰᠢᠯᠭᠠᠯᠲᠠ︾ ᠶᠢ ᠠᠩᠬ᠎ᠠ ᠤᠳᠠᠭ᠎ᠠ ᠬᠡᠷᠡᠭᠵᠢᠭᠦᠯᠵᠦ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠡᠬᠢᠯᠡᠬᠦ ᠠᠩᠭᠢ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠢ ᠬᠡᠯᠪᠡᠷᠢ ᠲᠠᠢ ᠰᠡᠳᠬᠢᠯᠭᠡ ᠲᠠᠢ ᠪᠦᠲᠦᠮᠵᠢᠲᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ | ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠢᠰᠲ᠋ᠧᠮ ᠲᠠᠢ ᠡᠮᠬᠢᠯᠡᠨ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠴᠠ ᠪᠠᠨ ᠨᠠᠮ ᠤᠨ ᠰᠠᠶᠢᠨ ᠢ ᠣᠶᠢᠯᠠᠭᠠᠨ ᠮᠡᠳᠡᠷᠡᠭᠦᠯᠵᠦ᠂ | ᠨᠠᠮ ᠤᠨ ᠠᠴᠢ ᠳᠤ ᠲᠠᠯᠠᠷᠬᠠᠭᠤᠯᠤᠨ᠂ ᠨᠠᠮ ᠢᠶᠠᠨ ᠲᠠᠭᠠᠨ ᠤᠷᠤᠭᠰᠢᠯᠠᠭᠤᠯᠪᠠ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠷᠠᠭᠤᠯᠵᠤ᠂ ᠪᠠᠶᠢᠴᠠᠭᠠᠨ ᠰᠤᠳᠤᠯᠤᠯᠲᠠ | ᠬᠢᠬᠦ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ | ᠵᠠᠯᠢ ᠪᠠᠨ ᠤᠯᠠᠮ ᠨᠢᠭᠡ ᠠᠯᠬᠤᠮ ᠬᠥᠭᠵᠢᠭᠡᠪᠡ︔ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠰᠢᠮᠳᠠᠭᠤᠯᠤᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ᠂ ᠬᠢᠨᠠᠨ | ᠪᠣᠳᠣᠯᠲᠠ ᠶᠢᠨ ᠬᠢᠨᠠᠨ ᠪᠠᠶᠢᠴᠠᠭᠠᠯᠲᠠ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠪᠦᠲᠦᠭᠡᠯ ᠢᠶᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ | ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 660 ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ 737 ᠰᠠᠨᠠᠯ ᠳᠤᠷᠠᠳᠤᠯᠭ᠎ᠠ ᠶᠢ ᠴᠠᠭ ᠲᠤ ᠨᠢ ᠭᠦᠢᠴᠡᠳᠬᠡᠨ ᠬᠠᠷᠢᠭᠤᠯᠵᠤ᠂ ᠲᠠᠪᠤᠳᠤᠭᠠᠷ ᠤᠳᠠᠭᠠᠨ ᠤ | ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠯᠲᠠ ᠪᠠ | ᠲᠤᠷᠰᠢᠯᠲᠠ ᠶᠢᠨ ᠴᠡᠭ ᠤᠨ ᠡᠭᠦᠷᠭᠡ ᠪᠠᠨ ᠪᠡᠶᠡᠯᠡᠭᠦᠯᠪᠡ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ | ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠨᠡᠶᠢᠲᠡ ᠳᠤ ᠢᠲᠡᠭᠡᠭᠦᠯᠬᠦ ᠬᠦᠴᠦᠨ ᠤᠯᠠᠮ | ᠨᠢᠭᠡ ᠠᠯᠬᠤᠮ ᠳᠡᠭᠡᠭᠰᠢᠯᠡᠪᠡ᠃ | ᠲᠥᠯᠥᠭᠡᠯᠡᠭᠴᠢᠳ ᠠ᠋︕ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠯᠢᠪᠠ | ᠬᠥᠭᠵᠢᠯᠲᠡ ᠳᠠᠪᠰᠢᠯᠲᠠ ᠶᠢᠨ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ | ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠮᠥᠨ ᠴᠦ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ ᠪᠠᠶᠢᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠦᠴᠢᠷ ᠢ ᠰᠥᠷᠦᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠪᠢᠳᠠ ᠪᠠᠰᠠ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠥᠭᠡᠨ ᠪᠤᠰᠤ ᠳᠤᠲᠠᠭᠤᠳᠠᠯ ᠪᠠᠭᠤᠷᠠᠢ | ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ | ᠪᠠᠰᠠ ᠪᠦᠷᠢᠮᠦᠰᠦᠨ ᠦᠷ᠎ᠡ ᠪᠥᠲᠥᠮᠵᠢ ᠣᠯᠣᠭᠠᠳᠤᠢ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ ᠤᠳᠠᠭᠠᠪᠲᠤᠷ ᠪᠠᠶᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ | ᠴᠢᠳᠠᠪᠤᠷᠢ ᠪᠠᠰᠠ ᠲᠡᠶᠢᠮᠤ ᠴᠢᠩᠭ᠎ᠠ ᠪᠤᠰᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠪᠤᠰᠤᠳ ᠲᠤ | ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭᠠᠷ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ | ᠮᠥᠨ ᠣᠷᠣᠰᠢᠭᠰᠠᠭᠠᠷ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠮᠥᠨ ᠵᠢᠩᠬᠢᠨᠢ ᠪᠠᠷ | ᠰᠢᠢᠳᠪᠦᠷᠢᠯᠡᠭᠳᠡᠭᠡᠳᠦᠢ᠂ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠮᠠᠰᠢ ᠬᠦᠨᠳᠦ | ᠬᠡᠴᠡᠭᠦᠦ ᠪᠠᠶᠢᠭᠰᠠᠭᠠᠷ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠬᠠᠷᠠᠬᠠᠨ | ᠠᠷᠢᠯᠤᠭ᠎ᠠ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠨᠢᠮᠭᠡᠨ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠶᠢ ᠲᠤᠯᠭᠠᠮ ᠱᠠᠭᠠᠷᠳᠠᠵᠤ ᠪᠤᠢ᠂ ᠨᠡᠶᠢᠭᠡᠮ ᠤᠨ ᠵᠠᠰᠠᠯᠲᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ ᠤᠨ ᠳᠤᠮᠳᠠ ︽ᠤᠳᠠᠭᠠᠨ | ᠪᠦᠳᠦᠭᠦᠯᠢᠭ ᠬᠡᠶᠢᠰᠪᠦᠷᠢ︾ ᠠᠰᠠᠭᠤᠳᠠᠯ ᠤᠳ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠷᠢᠮ ᠺᠠᠳ᠋ᠷᠴᠤᠳ ᠤᠨ | ᠰᠡᠳᠬᠢᠮᠵᠢ ᠬᠠᠷᠠᠭ᠎ᠠ ᠨᠢ ᠲᠡᠨᠢᠭᠡᠷ ᠪᠤᠰᠤ᠂ ᠡᠷᠳᠡᠮ ᠴᠢᠳᠠᠪᠤᠷᠢ ᠨᠢ ᠬᠦᠷᠦᠯᠴᠡᠬᠦ ᠦᠭᠡᠢ᠂ ᠠᠵᠢᠯ ᠤᠨ ᠰᠤᠷᠲᠠᠯ ᠨᠢ | ᠲᠥᠪ ᠪᠤᠰᠤ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ ᠦᠭᠡᠢ ᠪᠣᠯ᠂ ᠮᠠᠨ ᠤ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ | ᠣᠷᠣᠬᠤ ᠬᠠᠷᠠᠯᠲᠠ ᠪᠠᠨ ᠪᠡᠶᠡᠯᠡᠭᠦᠯᠬᠦ ᠳᠤ ᠪᠡᠷᠬᠡ ᠪᠣᠯᠣᠨ᠎ᠠ᠂ ᠡᠶᠢᠮᠦ ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ | ᠠᠪᠴᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ | ᠰᠠᠶᠢᠨ ᠪᠠᠶᠢᠵᠤ᠂ ᠠᠵᠠ ᠲᠣᠬᠢᠶᠠᠯ ᠲᠣᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠩ | ᠰᠡᠳᠬᠢᠯ ᠤᠨ ᠬᠦᠰᠡᠯ ᠨᠠᠶᠢᠳᠠᠯᠭ᠎ᠠ ᠬᠢᠭᠡᠳ ᠨᠠᠮ ᠤᠨ ᠲᠥᠪ ᠬᠤᠷᠢᠶᠠᠨ ᠤ ᠬᠠᠯᠠᠮᠵᠢᠯᠠᠯ ᠳᠡᠮᠵᠢᠯᠭᠡ ᠪᠣᠯ ᠪᠢᠳᠡᠨ ᠤ | ᠡᠷᠡᠮᠡᠬᠡᠶᠢᠯᠡᠨ ᠤᠷᠤᠭᠰᠢᠯᠠᠬᠤ ᠬᠠᠮᠤᠭ ᠤᠨ ᠶᠡᠭᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ᠂ | ᠠᠴᠢ ᠡᠨᠡᠷᠢᠯ ᠳᠤ ᠲᠠᠯᠠᠷᠬᠠᠵᠤ ᠴᠢᠷᠮᠠᠶᠢᠨ ᠤᠷᠤᠭᠰᠢᠯᠠᠬᠤ ᠬᠡᠷᠡᠭᠲᠡᠢ︔ ᠡᠨᠡ ᠬᠤᠶᠠᠷ ᠵᠢᠯ ᠮᠠᠨ ᠤ ᠣᠷᠣᠨ ᠤ | ᠬᠥᠭᠵᠢᠯᠲᠡ ᠶᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ ᠨᠢ ᠮᠠᠰᠢ ᠬᠢᠯᠪᠠᠷ ᠪᠤᠰᠤ ᠤᠴᠢᠷ ᠪᠣᠯᠣᠨ᠎ᠠ᠂ | ᠪᠢᠳᠡ ᠬᠤᠪᠢ ᠳᠠᠬᠢᠨ ᠴᠢᠷᠮᠠᠶᠢᠬᠤ ᠬᠡᠷᠡᠭᠲᠡᠢ᠂ ᠤᠳᠠᠭᠠᠰᠢᠷᠠᠵᠤ ᠪᠣᠯᠬᠤ ᠦᠭᠡᠢ︔ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠺᠠᠳ᠋ᠷᠴᠤᠳ ᠤᠨ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠵᠤ ᠪᠠᠶᠢᠭᠠᠳ ᠪᠤᠢ ᠪᠣᠯᠤᠭᠰᠠᠨ ᠡᠷᠡᠮᠡᠬᠡᠶᠢᠯᠡᠨ ᠳᠠᠪᠠᠵᠤ ᠲᠡᠷᠢᠭᠦᠨ ᠤ ᠬᠢ ᠶᠢ ᠬᠥᠭᠡᠭᠡᠴᠡᠯᠳᠦᠬᠦ᠂ | ᠬᠥᠭᠵᠢᠯᠲᠡ ᠶᠢ ᠲᠦᠷᠭᠡᠨ ᠠᠳᠬᠤᠬᠤ ᠭᠦᠨ ᠵᠤᠵᠠᠭᠠᠨ ᠠᠭᠤᠷ ᠠᠮᠢᠰᠬᠤᠯ ᠨᠢ ᠲᠦᠢᠯ ᠤᠨ ᠬᠤᠪᠣᠷ ᠨᠠᠨᠳᠢᠨ ᠶᠤᠮ᠂ | ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ ᠥᠨᠳᠥᠷᠴᠡ ᠳᠤ ᠭᠠᠷᠬᠤ ᠪᠠᠷ ᠴᠢᠷᠮᠠᠶᠢᠬᠤ | ᠬᠡᠷᠡᠭᠲᠡᠢ᠃ | ᠨᠠᠮ ᠤᠨ ᠲᠥᠪ ᠬᠤᠷᠢᠶᠠᠨ ᠠᠴᠠ ᠨᠢᠭᠡᠨᠲᠡ ᠡᠨᠡ ᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ | ᠪᠠᠶᠢᠷᠢᠯᠠᠭᠤᠯᠤᠯᠲᠠ ᠬᠢᠪᠡ᠂ ᠪᠢᠳᠡ ᠡᠷᠬᠡᠪᠰᠢ ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠯᠲᠠ | ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷ᠎ᠡ | ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠨᠢ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠦᠢᠯᠡᠳᠦᠯ | ᠪᠦᠬᠦᠢ ᠴᠢᠬᠤᠯᠠ ᠶᠡᠭᠡ ᠡᠭᠦᠷᠭᠡ ᠪᠣᠯᠣᠨ᠎ᠠ᠂ ᠪᠢᠳᠡ ᠡᠷᠬᠡᠪᠰᠢ ᠬᠢᠨᠠᠮᠠᠭᠠᠢ ᠵᠣᠬᠢᠶᠠᠨ ᠪᠠᠶᠢᠭᠤᠯᠵᠤ᠂ ᠵᠦᠢᠯ ᠵᠤᠷᠪᠤᠰ | ᠳᠠᠷᠠᠭᠠᠯᠠᠨ ᠲᠠᠭᠠᠨ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ | ᠶᠣᠰᠣᠭᠠᠷ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ | ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ | ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ | ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ | ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% ᠣᠷᠴᠢᠮ | ᠪᠠᠭᠤᠷᠠᠭᠤᠯᠤᠨ᠎ᠠ᠃ ᠡᠳᠡᠭᠡᠷ ᠬᠠᠷᠠᠯᠲᠠ ᠨᠢ ᠨᠠᠮ ᠤᠨ ᠲᠥᠪ ᠬᠤᠷᠢᠶᠠᠨ ᠤ ᠲᠣᠭᠲᠠᠭᠤᠨ ᠪᠠᠶᠢᠯᠭᠠᠬᠤ ᠶᠢᠨ ᠳᠠᠭᠠᠤ | ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠲᠣᠭᠲᠠᠭᠠᠵᠤ | ᠳᠠᠷᠠᠭ᠎ᠠ ᠨᠢ ᠥᠭᠡᠷᠡᠴᠢᠯᠡᠬᠦ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ | ᠢᠯᠡ ᠲᠣᠳᠣ ᠬᠥᠲᠥᠯᠥᠮᠵᠢ ᠶᠢ ᠬᠠᠷᠠᠭᠤᠯᠵᠤ᠂ ᠶᠡᠷᠦᠩᠬᠡᠢ ᠳᠤ ᠪᠠᠨ ᠥᠭᠡᠳᠡᠷᠬᠡᠭ ᠪᠠᠶᠢᠵᠤ᠂ ᠬᠦᠴᠦ ᠭᠠᠷᠭᠠᠵᠤ | ᠬᠦᠴᠦᠯᠡᠨ ᠲᠡᠮᠡᠴᠡᠬᠦ ᠴᠢᠬᠤᠯᠠᠲᠠᠢ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠪᠣᠳᠠᠲᠠᠢ ᠪᠠᠷ | ᠠᠵᠢᠯᠯᠠᠵᠤ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠵᠤ᠂ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠦᠬᠦ ᠤᠯᠤᠰ ᠤᠨ ᠲᠡᠷᠢᠭᠦᠨ ᠡᠩᠨᠡᠭᠡᠨ ᠳᠤ | ᠪᠠᠶᠢᠯᠭᠠᠬᠤ ᠪᠠᠷ ᠴᠢᠷᠮᠠᠶᠢᠨ᠎ᠠ᠃ | ᠭᠤᠣᠯᠳᠠᠭᠤ ᠳᠠᠷᠠᠭᠠᠬᠢ 10 ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ︵ᠨᠢᠭᠡ︶ ᠪᠦᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠪᠤᠲᠠᠲᠠᠶᠢᠵᠢᠭᠤᠯᠤᠯᠲᠠ ᠶᠢ | ᠠᠳᠬᠤᠨ᠎ᠠ᠃ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠲᠡᠷᠢᠭᠦᠨ ᠢᠨᠵᠧᠨᠧᠷᠢᠩ ᠪᠣᠯᠣᠨ᠎ᠠ᠂ | ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠨᠡ ᠵᠢᠯ ᠢ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠵᠢᠯ︾ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ | ︽ᠭᠠᠵᠠᠷ ᠲᠤᠰᠬᠠᠵᠤ︾ ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ | ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠥᠷᠥ ᠶᠢᠨ | ᠶᠠᠪᠤᠳᠠᠯ ᠤᠨ ᠬᠤᠷᠢᠶᠠᠨ ᠤ ᠳᠡᠮᠵᠢᠯᠭᠡ ᠶᠢᠨ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ | ᠠᠷᠭ᠎ᠠ ᠬᠡᠮᠵᠢᠶ᠎ᠡ᠂ ᠶᠠᠮᠤᠨ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠢᠴᠡᠳ | ᠰᠠᠶᠢᠲᠤᠷ ᠠᠰᠢᠭᠯᠠᠵᠤ᠂ ᠮᠠᠨ ᠤ ᠣᠷᠣᠨ ᠤ ᠬᠦᠷᠲᠡᠵᠦ ᠪᠠᠶᠢᠭ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ | ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠤᠯᠤᠰ ᠤᠨ | ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ᠂ ᠬᠢᠯᠢ ᠬᠢᠵᠠᠭᠠᠷ ᠤᠨ ᠭᠠᠵᠠᠷ | ᠣᠷᠣᠨ᠂ ᠦᠨᠳᠦᠰᠦᠲᠡᠨ ᠤ ᠭᠠᠵᠠᠷ ᠣᠷᠣᠨ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ | ᠠᠰᠢᠭᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠰᠢᠨ᠎ᠡ ᠨᠢᠭᠡ ᠪᠦᠯᠦᠭ | ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ | ᠪᠦᠷᠢ ᠶᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠶᠢᠴᠠ ᠠᠷᠭ᠎ᠠ ᠬᠡᠮᠵᠢᠶ᠎ᠡ ᠪᠣᠯᠭᠠᠨ | ᠬᠤᠪᠢᠷᠠᠭᠤᠯᠵᠤ᠂ ᠳᠡᠮᠵᠢᠯᠭᠡ ᠶᠢᠨ ᠵᠦᠢᠯᠡᠰ ᠪᠦᠷᠢ ᠶᠢ ᠴᠥᠮ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ | ᠲᠦᠷᠦᠯ ᠵᠦᠢᠯ ᠪᠣᠯᠭᠠᠬᠤ ᠬᠡᠷᠡᠭᠲᠡᠢ᠂ ᠶᠠᠭᠠᠬᠢᠭᠰᠠᠨ ᠴᠦ ᠨᠠᠮ ᠤᠨ ᠲᠥᠪ ᠬᠤᠷᠢᠶᠠᠨ ᠤ ᠳᠡᠮᠵᠢᠯᠭᠡ ᠶᠢ | ᠬᠥᠰᠡᠷᠳᠡᠭᠦᠯᠵᠦ ᠪᠣᠯᠬᠤ ᠦᠭᠡᠢ᠂ ᠡᠷᠬᠢᠮ ᠨᠠᠨᠳᠢᠨ ᠠᠵᠠ ᠲᠣᠬᠢᠶᠠᠯ ᠢ ᠠᠯᠳᠠᠵᠤ ᠪᠣᠯᠬᠤ ᠦᠭᠡᠢ᠃ | ︵ᠬᠤᠶᠠᠷ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠰᠢᠭᠤᠷᠬᠠᠢ | ᠬᠡᠷᠡᠭᠵᠢᠭᠦᠯᠦᠨ᠎ᠡ᠃ ᠡᠨᠡ ᠬᠤᠶᠠᠷ ᠵᠢᠯ ᠳᠤ ᠮᠠᠨ ᠤ ᠣᠷᠣᠨ ᠤ ᠠᠵᠤ ᠠᠬᠤᠢ ᠲᠦᠷᠭᠡᠨ ᠬᠥᠭᠵᠢᠭᠰᠡᠨ ᠨᠢ | ᠭᠤᠣᠯᠳᠠᠭᠤ ᠪᠡᠯᠡ ᠣᠷᠣᠭᠤᠯᠤᠯᠲᠠ ᠶᠢᠨ ᠳᠠᠶᠢᠴᠢᠯᠠᠭᠰᠠᠨ ᠳᠤ ᠪᠠᠶᠢᠬᠤ ᠶᠤᠮ᠂ ᠡᠶᠢᠮᠦᠷᠬᠦᠦ ᠬᠠᠨᠳᠤᠰᠢ ᠪᠠ ᠡᠷᠴᠢᠮ ᠢ | ᠪᠠᠷᠢᠮᠲᠠᠯᠠᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠵᠦ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠳᠡ ᠶᠢ 9000 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠤᠨ ᠪᠡᠯᠡ ᠣᠷᠣᠭᠤᠯᠤᠯᠲᠠ ᠶᠢ | ᠰᠤᠯᠠᠷᠠᠰᠢ ᠦᠭᠡᠢ ᠴᠢᠩᠭ᠎ᠠ ᠠᠳᠬᠤᠨ᠎ᠠ᠃ ᠮᠠᠨ ᠤ ᠣᠷᠣᠨ ᠤ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ | ᠲᠣᠮᠣ ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ 4 ᠰᠠᠭᠤᠷᠢᠨ ᠭᠠᠵᠠᠷ ᠢ | ᠨᠢᠭᠡᠨᠲᠡ ᠴᠥᠮ ᠤᠯᠤᠰ ᠤᠨ ᠲᠥᠯᠦᠪᠵᠢᠭᠦᠯᠭᠡ ᠳᠤ ᠣᠷᠣᠭᠤᠯᠵᠤ᠂ ᠬᠠᠮᠤᠭ ᠬᠦᠴᠦ ᠪᠠᠷ ᠢᠶᠠᠨ ᠲᠦᠷᠭᠡᠳᠬᠡᠨ | ᠪᠦᠲᠦᠭᠡᠨ ᠪᠠᠶᠢᠭᠤᠯᠬᠤ ᠬᠡᠷᠡᠭᠲᠡᠢ᠃ ᠠᠲ᠋ᠧᠰ ᠭᠡᠷᠡᠯᠴᠢ ᠴᠡᠨᠡᠭ᠂ ᠰᠠᠢ ᠱᠧᠩ ᠡᠯᠧᠺᠳ᠋ᠷᠣᠨ ᠳᠡᠰ ᠤᠨ | ᠨᠡᠭᠦᠷᠡᠰᠦᠲᠥ᠋ᠷᠥᠭᠴᠢᠲᠦ ᠴᠠᠬᠢᠭᠤᠷ᠂ ᠪᠣᠣ ᠹᠧᠩ ᠨᠡᠭᠦᠷᠡᠰᠦ ᠪᠠᠷ ᠦᠢᠯᠡᠳᠦᠭᠰᠡᠨ ᠠᠯᠺᠧᠨ ᠨᠡᠬᠦᠷᠦᠭᠴᠢ᠂ ᠬᠤᠸᠠ | ᠸᠧᠢ ᠡᠭᠦᠯᠡᠨ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ ᠪᠡᠯᠭᠡ ᠲᠡᠮᠳᠡᠭ ᠤᠨ | ᠴᠢᠨᠠᠷᠲᠠᠢ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠠᠵᠤ ᠦᠢᠯᠡᠰ ᠤᠨ | ᠲᠦᠷᠥᠯ ᠵᠦᠢᠯ ᠢ 1400 ᠠᠴᠠ ᠳᠡᠭᠡᠭᠰᠢ ᠬᠡᠷᠡᠭᠵᠢᠭᠦᠯᠦᠨ᠂ ᠥᠨᠥᠳᠥᠷ ᠤᠨ ᠪᠡᠯᠡ ᠣᠷᠣᠭᠤᠯᠤᠯᠲᠠ ᠶᠢ | ᠮᠠᠷᠭᠠᠰᠢ ᠶᠢᠨ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠲᠦᠷᠭᠡᠨ ᠤᠯᠠᠷᠢᠭᠤᠯᠬᠤ ᠪᠠᠷ | ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠡᠷᠡᠰ ᠲᠠᠰᠤᠷᠬᠠᠢ ᠡᠷᠡᠮᠡᠬᠡᠢ | ᠵᠣᠷᠢᠭ ᠢᠶᠠᠷ ᠦᠷᠭᠦᠯᠵᠢᠯᠡᠨ ᠴᠢᠩᠭᠠᠷᠠᠭᠤᠯᠤᠨ᠎ᠠ᠃ ᠣᠳᠣ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠳᠠᠷᠤᠭᠠᠰᠤ ᠴᠥᠮ ᠲᠣᠩ ᠬᠦᠨᠳᠦ ᠪᠠᠶᠢᠨ᠎ᠠ᠂ ᠭᠡᠪᠡᠴᠦ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ | ᠨᠥᠬᠦᠪᠦᠷᠢᠯᠡᠬᠦ ᠲᠠᠯ᠎ᠠ ᠪᠠᠷ ᠬᠦᠴᠦ ᠪᠠᠨ ᠰᠤᠯᠠᠷᠠᠭᠤᠯᠵᠤ ᠪᠣᠯᠬᠤ ᠦᠭᠡᠢ᠂ ᠲᠥᠪ ᠤᠨ ᠲᠥᠰᠥᠪ ᠲᠠᠬᠢ ᠪᠡᠯᠡ | ᠣᠷᠣᠭᠤᠯᠤᠯᠲᠠ ᠶᠢ ᠣᠯᠬᠤ ᠪᠠᠷ ᠬᠦᠴᠦᠯᠡᠨ ᠴᠢᠷᠮᠠᠶᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠠᠭᠠᠵᠢ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠵᠠᠭᠪᠤᠷ ᠲᠤ ᠰᠢᠨ᠎ᠡ ᠶᠢ ᠡᠭᠦᠳᠴᠦ ᠠᠷᠠᠳ ᠤᠨ ᠳᠤᠮᠳᠠᠬᠢ | ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠂ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠦᠷᠦᠯ | ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ | ᠴᠢᠷᠮᠠᠶᠢᠨ᠎ᠠ᠃ G5511 ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ | ᠬᠡᠰᠡᠭ ᠢ ᠪᠠᠶᠢᠭᠤᠯᠵᠤ ᠳᠠᠭᠤᠰᠬᠠᠨ᠂ ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠢ ᠰᠤᠨᠳᠠᠯᠠᠬᠤ᠂ ᠠᠶᠢᠮᠠᠭ | ᠬᠤᠲᠠ ᠬᠠᠷᠢᠯᠴᠠᠨ ᠨᠡᠪᠲᠡᠷᠡᠬᠦ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠬᠤᠯᠪᠣᠨ ᠨᠡᠪᠲᠡᠷᠡᠭᠦᠯᠬᠦ ᠶᠢ | ᠪᠡᠶᠡᠯᠡᠭᠦᠯᠦᠨ᠎ᠡ︔ ᠬᠢᠯᠢ ᠳᠠᠭᠠᠤ ᠤᠯᠤᠰ ᠤᠨ ᠵᠠᠮ G331 ᠶᠢ ᠪᠦᠭᠦ ᠱᠤᠭᠤᠮ ᠢᠶᠠᠷ ᠨᠢ ᠨᠡᠪᠲᠡᠷᠡᠭᠦᠯᠬᠦ ᠪᠠᠷ | ᠴᠢᠷᠮᠠᠶᠢᠵᠤ᠂ ᠤᠯᠤᠰ ᠮᠤᠵᠢ ᠶᠢᠨ ᠭᠤᠣᠯ ᠱᠤᠭᠤᠮ ᠤᠨ ︽ᠮᠤᠬᠤᠷ ᠵᠠᠮ︾ ᠤᠨ ᠰᠠᠭᠠᠳ ᠦᠭᠡᠢ ᠨᠡᠪᠲᠡᠷᠡᠬᠦ | ᠢᠨᠵᠧᠨᠧᠷᠢᠩ ᠢ 700 ᠺᠢᠯᠣᠮᠧᠳ᠋ᠷ ᠬᠡᠷᠡᠭᠵᠢᠭᠦᠯᠦᠨ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1700 | ᠺᠢᠯᠣᠮᠧᠳ᠋ᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ | ᠵᠠᠮ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠ ᠵᠢᠨᠢᠩ ᠠᠴᠠ | ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠯᠢᠨ ᠾᠧ ᠠᠴᠠ ᠴᠡᠭᠡ | ᠪᠣᠭᠤᠮᠲᠠ ᠬᠦᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠨ ᠥᠭᠡᠷᠡᠴᠢᠯᠡᠬᠦ᠂ ᠪᠠᠢ ᠴᠧᠩ ᠠᠴᠠ ᠷᠠᠰᠢᠶᠠᠨ | ᠬᠦᠷᠬᠦ ᠲᠡᠮᠦᠷ ᠵᠠᠮ ᠤᠨ ᠬᠦᠳᠡᠯᠭᠡᠭᠦᠷᠲᠦ ᠲᠡᠷᠭᠡᠨ ᠤ ᠥᠭᠡᠷᠡᠴᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ᠂ ᠵᠢᠨᠢᠩ | ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠪᠠᠷ | ᠴᠢᠷᠮᠠᠶᠢᠵᠤ᠂ ᠣᠷᠳᠣᠰ ᠠᠴᠠ ᠲᠡᠮᠡᠭᠡᠲᠦ ᠬᠦᠷᠬᠦ ᠲᠦᠷᠭᠡᠨ ᠤ ᠲᠡᠮᠦᠷ ᠵᠠᠮ ᠪᠠ ᠬᠠᠶᠢᠯᠠᠷ ᠠᠴᠠ ᠷᠠᠰᠢᠶᠠᠨ ᠬᠦᠷᠬᠦ | ᠲᠡᠮᠦᠷ ᠵᠠᠮ ᠢ ᠥᠭᠡᠷᠡᠴᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠬᠦᠬᠡᠬᠤᠲᠠ ᠶᠢᠨ ᠰᠢᠨ᠎ᠡ | ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ ᠢ ᠪᠠᠶᠢᠭᠤᠯᠵᠤ | ᠳᠠᠭᠤᠰᠬᠠᠨ᠂ ᠤᠯᠠᠭᠠᠢ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠠᠬᠢᠭᠤᠯᠤᠨ᠎ᠠ᠃ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ | ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤ ᠬᠠᠩᠭᠠᠯᠭ᠎ᠠ ᠵᠡᠷᠭᠡ ᠤᠰᠤᠨ | ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠲᠤᠨ ᠭᠤᠣᠯ ᠤᠨ | ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠵᠥᠪᠰᠢᠶᠡᠷᠡᠯ ᠢ ᠲᠦᠷᠭᠡᠬᠡᠨ | ᠣᠯᠬᠤ᠂ ᠬᠠᠲᠤᠨ ᠭᠤᠣᠯ ᠤᠨ ᠤᠰᠤ ᠶᠢ ᠲᠠᠲᠠᠵᠤ ᠬᠦᠬᠡᠬᠤᠲᠠ ᠳᠤ ᠲᠤᠰᠠᠯᠠᠬᠤ ᠭᠤᠷᠪᠠᠳᠤᠭᠠᠷ ᠬᠤᠭᠤᠴᠠᠭᠠᠨ ᠤ | ᠢᠨᠵᠧᠨᠧᠷᠢᠩ ᠪᠠ ᠤᠯᠠᠭᠠᠨᠴᠠᠪ ᠤᠨ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠤᠨ ᠬᠠᠩᠭᠠᠬᠤ | ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠴᠠᠬᠢᠯᠭᠠᠨ ᠬᠦᠴᠦᠨ ᠤ | ᠰᠢᠰᠲ᠋ᠧᠮ ᠤᠨ ᠲᠣᠣᠷ ᠴᠢᠩᠭᠠᠯᠠᠬᠤ ᠢᠨᠵᠧᠨᠧᠷᠢᠩ᠂ ᠭᠠᠳᠠᠭᠰᠢ ᠳᠠᠮᠵᠢᠭᠤᠯᠬᠤ ᠢᠨᠵᠧᠨᠧᠷᠢᠩ᠂ ᠲᠣᠣᠷ ᠬᠤᠯᠪᠣᠬᠤ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠵᠠᠩᠪᠧᠢ ᠠᠴᠠ ᠱᠧᠩ ᠯᠢ ᠬᠦᠷᠬᠦ᠂ ᠪᠠᠭᠠᠷᠢᠨ ᠪᠠᠷᠠᠭᠤᠨ | ᠬᠤᠰᠢᠭᠤᠨ ᠠᠴᠠ ᠨᠠᠢᠮᠠᠨ ᠪᠠ ᠹᠦᠰᠢᠨ ᠬᠦᠷᠬᠦ ᠵᠡᠷᠭᠡ ᠢᠨᠵᠧᠨᠧᠷᠢᠩ ᠢ ᠪᠠᠶᠢᠭᠤᠯᠵᠤ ᠳᠠᠭᠤᠰᠬᠠᠨ᠂ ᠥᠪᠥᠷ | ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭᠠᠨ ᠳᠠᠮᠵᠢᠭᠤᠯᠬᠤ ᠨᠡᠪᠲᠡᠷᠡᠯ | ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠴᠠᠬᠢᠯᠭᠠᠨ ᠲᠣᠣᠷ ᠤᠨ | ᠴᠠᠬᠢᠯᠭᠠᠨ ᠬᠠᠩᠭᠠᠬᠤ ᠴᠢᠳᠠᠪᠤᠷᠢ ᠪᠠ ᠰᠢᠨ᠎ᠡ ᠡᠨᠧᠷᠬᠢ ᠶᠢᠨ ᠵᠠᠯᠭᠠᠭᠤᠯᠬᠤ ᠴᠢᠳᠠᠪᠤᠷᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠰᠤᠯᠠᠷᠠᠭᠤᠯᠵᠤ ᠪᠣᠯᠬᠤ ᠦᠭᠡᠢ᠂ | ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ | ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠴᠧᠩᠳᠦ᠋ ᠴᠦᠩᠴᠢᠩ ᠵᠡᠷᠭᠡ | ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠭ ᠢ | ᠴᠡᠭ ᠲᠤ ᠬᠠᠨᠳᠤᠭᠤᠯᠵᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠨᠢᠭᠡ ᠪᠦᠯᠦᠭ ᠠᠵᠤ ᠦᠢᠯᠡᠰ ᠤᠨ | ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠠᠬᠢᠭᠤᠯᠬᠤ ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠢᠳᠡᠪᠬᠢᠲᠡᠢ ᠪᠠᠷ ᠠᠷᠭ᠎ᠠ | ᠰᠦᠪᠡᠭᠴᠢᠯᠡᠨ ᠣᠷᠣᠭᠤᠯᠤᠨ ᠠᠪᠴᠢᠷᠠᠵᠤ᠂ ᠣᠷᠣᠭᠤᠯᠤᠨ ᠠᠪᠴᠢᠷᠠᠬᠤ ᠪᠡᠯᠡ ᠮᠥᠩᠭᠦ ᠶᠢ 5500 ᠳ᠋ᠦᠩᠰᠢᠭᠤᠷ | ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ᠃ ᠬᠤᠶᠠᠳᠤᠭᠠᠷ ᠬᠤᠭᠤᠴᠠᠭᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ᠂ ᠬᠤᠶᠠᠳᠤᠭᠠᠷ ᠬᠤᠭᠤᠴᠠᠭᠠᠨ ᠤ | ᠳᠡᠯᠡᠬᠡᠢ ᠶᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠳᠡᠯᠡᠬᠡᠢ ᠶᠢᠨ ᠰᠦ ᠰᠠᠭᠠᠯᠢ ᠶᠢᠨ | ᠦᠢᠯᠡᠰ ᠤᠨ ᠰᠢᠨ᠎ᠡ ᠡᠭᠦᠳᠦᠯᠲᠡ ᠶᠢᠨ ᠲᠦᠷᠦᠭᠦᠴᠦᠳ ᠤᠨ ᠬᠤᠷᠠᠯ᠂ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ | ᠬᠤᠷᠠᠯ᠂ ᠲᠣᠮᠳᠠᠳᠣ ᠤᠯᠤᠰ ᠤᠨ ᠪᠣᠬᠢᠷᠳᠤᠯ ᠦᠭᠡᠢ ᠲᠣᠭᠠᠵᠢᠭᠤᠯᠵᠤ ᠪᠣᠳᠣᠬᠤ ᠬᠦᠴᠦᠨ ᠤ ᠶᠡᠭᠡ ᠬᠤᠷᠠᠯ ᠵᠡᠷᠭᠡ | ᠪᠦᠭᠦ ᠪᠥᠮᠪᠥᠷᠴᠡᠭ ᠤᠨ ᠴᠢᠨᠠᠷᠲᠠᠢ᠂ ᠪᠦᠭᠦ ᠤᠯᠤᠰ ᠤᠨ ᠴᠢᠨᠠᠷᠲᠠᠢ ᠴᠢᠬᠤᠯᠠ ᠶᠡᠭᠡ ᠠᠵᠢᠯᠯᠠᠭ᠎ᠠ ᠶᠢ ᠬᠢᠨᠠᠮᠠᠭᠠᠢ | ᠰᠠᠶᠢᠲᠤᠷ ᠡᠷᠬᠢᠯᠡᠵᠣ᠂ ᠣᠯᠠᠨ ᠤᠯᠤᠰ ᠤᠨ ᠣᠶᠣᠨ ᠤᠬᠠᠭᠠᠨ ᠢ ᠬᠤᠷᠠᠭᠤᠯᠤᠭᠰᠠᠨ᠂ ᠲᠡᠷᠢᠭᠦᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢ ᠬᠠᠷᠠᠭᠤᠯᠤᠭᠰᠠᠨ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ ᠨᠢᠭᠡ ᠪᠦᠯᠦᠭ ᠲᠡᠷᠢᠭᠦᠨ ᠳᠡᠰ ᠤᠨ | ᠲᠠᠪᠴᠠᠩ ᠤᠳ ᠢ ᠴᠣᠭᠴᠠᠯᠠᠨ᠎ᠠ᠃ | ︵ᠭᠤᠷᠪᠠ︶ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠡ ᠬᠦᠴᠦᠨ ᠢ ᠠᠭᠤᠳᠠᠯᠵᠤ | ᠬᠥᠭᠵᠢᠭᠡᠨ᠎ᠡ᠃ ᠬᠡᠷᠡᠭᠯᠡᠭᠡ ᠶᠢᠨ ᠳᠠᠯᠳᠠ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠠᠭᠤᠳᠠᠯᠵᠤ᠂ ᠬᠡᠷᠡᠭᠯᠡᠭᠡ ᠳᠤ | ᠣᠷᠣᠯᠴᠠᠵᠣ ᠲᠠᠶᠢᠯᠭᠦ᠂ ᠵᠣᠷᠢᠭᠲᠠᠢ ᠪᠠᠷ ᠬᠡᠷᠡᠭᠯᠡᠭᠡ ᠳᠤ ᠣᠷᠣᠯᠴᠠᠬᠤ᠂ ᠬᠡᠷᠡᠭᠯᠡᠭᠡ ᠳᠤ ᠣᠷᠣᠯᠴᠠᠬᠤ ᠳᠤᠷᠠᠲᠠᠢ ᠰᠠᠶᠢᠨ | ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠣᠢ ᠪᠣᠯᠭᠠᠵᠣ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠯᠲᠡ ᠠᠴᠠ | ᠦᠷᠭᠦᠯᠵᠢᠯᠡᠨ ᠥᠷᠭᠡᠳᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ | ᠠᠮᠢᠳᠤᠷᠠᠯ ᠤ᠊ᠨ ᠬᠡᠷᠡᠭᠯᠡᠭᠡ ᠪᠣᠯ ᠬᠡᠷᠡᠭᠯᠡᠭᠡ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ︽ᠴᠢᠭᠳᠠᠭ᠎ᠠ︾ ᠮᠥᠨ᠂ | ᠬᠤᠲᠠ ᠶᠢᠨ ︽ᠨᠢᠭᠡ ᠮᠥᠴᠡ ᠶᠢᠨ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ ᠲᠦᠷᠭᠡᠳᠬᠡᠨ | ᠪᠠᠶᠢᠭᠤᠯᠵᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ | ᠬᠡᠷᠡᠭᠯᠡᠭᠡ ᠶᠢᠨ ᠬᠥᠭᠵᠢᠭᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦᠭᠦᠴᠢ ᠳᠡᠯᠭᠡᠭᠦᠷ ᠲᠤ | ᠠᠩᠬ᠎ᠠ ᠲᠠᠷᠬᠠᠭᠠᠬᠤ ᠠᠵᠤ ᠠᠬᠤᠢ᠂ ᠬᠥᠭᠵᠢᠶᠡᠨᠲᠦ ᠰᠥᠨᠢ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ᠂ | ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠦᠬᠡᠬᠤᠲᠠ ᠶᠢᠨ ᠬᠥᠭᠵᠢᠶᠡᠨ | ᠶᠡᠬᠡᠲᠡᠢ ᠳᠠᠭᠤᠤ ᠬᠥᠭᠵᠢᠮ ᠤᠨ ᠦᠳᠡᠰᠢᠯᠡᠭᠡ ᠪᠠ ᠰᠢᠨ᠎ᠡ ᠣᠨ ᠢᠶᠠᠨ ᠤᠭᠲᠤᠬᠤ ᠦᠳᠡᠰᠢ᠂ ᠪᠤᠭᠤᠲᠤ ᠶᠢᠨ ᠴᠣᠣ | ᠾᠧ ᠵᠡᠭᠡᠯᠢ ᠲᠣᠭᠤᠷᠢᠭ ᠤᠨ ︽ᠰᠢᠵᠢᠷ ᠠᠯᠳᠠᠨ 6 ᠴᠠᠭ ᠤᠨ ᠬᠤᠭᠤᠴᠠᠭ᠎ᠠ︾᠂ ᠣᠷᠳᠣᠰ ᠤᠨ ︽ᠬᠤᠳᠡ ᠶᠢ | ᠳᠤᠯᠠᠭᠠᠯᠠᠬᠤ 7 ᠴᠠᠭ ᠬᠠᠭᠠᠰ︾᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠬᠤ·ᠤᠯᠠᠭᠠᠨᠴᠠᠪ ᠤᠨ | ᠦᠳᠡᠰᠢ︾ ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ ᠲᠤ ᠮᠡᠳᠡᠷᠡᠭᠳᠡᠭᠰᠡᠨ ᠠᠵᠢᠯᠯᠠᠭ᠎ᠠ ᠪᠠ ᠨᠡᠷᠡᠳᠣ ᠲᠡᠮᠳᠡᠭ ᠢ | ᠦᠷᠭᠦᠯᠵᠢᠯᠡᠨ ᠬᠢᠬᠦ ᠬᠡᠷᠡᠭᠲᠡᠢ᠃ ︽ᠪᠤᠭᠤᠷᠤᠯᠴᠤᠳ ᠤᠨ ᠠᠵᠤ ᠠᠬᠤᠢ︾ ᠶᠢᠨ ᠬᠥᠭᠵᠢᠯᠲᠡ ᠶᠢᠨ ᠣᠷᠣᠨ ᠵᠠᠢ ᠯᠤᠲᠤ | ᠶᠡᠭᠡ᠂ ᠮᠠᠨ ᠤ ᠣᠷᠣᠨ ᠳᠤ 60 ᠨᠠᠰᠤ ᠠᠴᠠ ᠳᠡᠭᠡᠭᠰᠢᠬᠢ ᠨᠠᠰᠤᠲᠠᠶᠢᠴᠤᠳ 546 ᠲᠦᠮᠡ ᠪᠠᠶᠢᠵᠤ᠂ ᠪᠠᠶᠢᠩᠭᠤ | ᠰᠠᠭᠤᠭ᠎ᠠ ᠬᠥᠮᠥᠨ ᠠᠮᠠ ᠶᠢᠨ 22.8% ᠶᠢ ᠡᠵᠡᠯᠡᠨ᠂ ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠶᠢᠭᠠᠳ | ᠡᠨᠡ ᠬᠦ ᠦᠯᠦ ᠮᠡᠳᠡᠭᠳᠡᠬᠦ ᠵᠠᠬ᠎ᠠ ᠳᠡᠯᠭᠡᠭᠦᠷ ᠤᠨ ᠣᠷᠣᠨ ᠵᠠᠢ ᠶᠢ ᠰᠡᠷᠭᠦᠭᠡᠨ᠂ ᠡᠮᠴᠢᠯᠡᠭᠡ᠂ ᠨᠠᠰᠤᠵᠢᠯ ᠡᠷᠡᠭᠦᠯ ᠮᠡᠨᠳᠣ᠂ | ᠰᠤᠪᠢᠯᠠᠯᠲᠠ᠂ ᠬᠥᠮᠦᠵᠢᠯ᠂ ᠵᠤᠭ᠎ᠠ ᠴᠡᠩᠭᠡᠯ᠂ ᠠᠮᠤᠷᠯᠢᠩᠭᠤᠢ ᠵᠡᠷᠭᠡ ᠳᠣᠯᠤᠭᠠᠨ ᠵᠦᠢᠯ ᠢ ᠨᠢᠭᠡ ᠴᠣᠭᠴᠠᠵᠢᠭᠤᠯᠤᠭᠰᠠᠨ | ᠨᠠᠰᠤᠵᠢᠯ ᠤᠨ ᠵᠠᠭᠪᠤᠷ ᠢ ᠬᠥᠭᠵᠢᠭᠦᠯᠵᠦ᠂ ᠨᠠᠰᠤᠵᠢᠯ ᠤᠨ ᠦᠢᠯᠡᠴᠢᠯᠡᠭᠡ ᠶᠢ ︽ᠪᠠᠶᠢᠬᠤ︾ ᠠᠴᠠ ︽ᠣᠯᠠᠨ︾ ᠲᠡᠶᠢᠰᠢ᠂ | ︽ᠣᠯᠠᠨ︾ ᠪᠠᠶᠢᠭᠰᠠᠨ ᠠᠴᠠ ︽ᠴᠢᠨᠠᠷᠵᠢᠭᠤᠨ︾ ᠲᠡᠶᠢᠰᠢ ᠳᠡᠰ ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠮᠠᠶ᠋ᠢᠭ ᠤᠨ | ᠬᠡᠷᠡᠭᠯᠡᠭᠡ ᠪᠣᠯ ᠯᠤᠲᠤ ᠶᠡᠭᠡ ᠨᠡᠮᠡᠭᠳᠡᠯ ᠴᠡᠭ ᠮᠥᠨ᠂ ᠲᠣᠭᠠᠵᠢᠭᠤᠯᠤᠭᠰᠠᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ᠂ | ᠡᠷᠡᠭᠦᠯ ᠬᠡᠷᠡᠭᠯᠡᠭᠡ ᠶᠢ ᠶᠡᠭᠡ ᠪᠠᠷ ᠬᠥᠭᠵᠢᠭᠦᠯᠦᠨ᠂ ᠰᠣᠶᠣᠯ ᠴᠡᠩᠭᠡᠯ᠂ ᠲᠠᠮᠢᠷ ᠤᠨ ᠴᠤᠭᠯᠠᠭᠠᠨ᠂ ᠤᠯᠤᠰ ᠤᠨ ᠪᠠᠷᠠᠭᠠᠨ ᠤ | ︽ᠤᠷᠤᠰᠬᠠᠯ ᠲᠠᠸᠠᠷ︾ ᠵᠡᠷᠭᠡ ᠰᠢᠨ᠎ᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠠᠷ ᠪᠤᠢ ᠪᠣᠯᠭᠠᠵᠤ᠂ ᠥᠲᠡᠭᠦᠰ ᠲᠤ | ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ᠂ ᠪᠢᠣᠨᠢᠺᠰ ᠮᠠᠰᠢᠨ ᠬᠥᠮᠥᠨ᠂ ᠡᠮᠦᠰᠴᠦ ᠵᠡᠭᠦᠵᠦ ᠪᠣᠯᠬᠤ | ᠲᠥᠬᠦᠭᠡᠷᠦᠮᠵᠢ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠥᠷᠭᠡᠵᠢᠭᠦᠯᠦᠨ᠂ ᠥᠪᠡᠷ ᠢᠶᠠᠨ ᠡᠵᠡᠩᠨᠡᠭᠰᠡᠨ | ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ | ᠬᠥᠭᠵᠢᠭᠦᠯᠵᠦ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠲᠤᠭ᠎ᠠ ᠶᠢ 700 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ᠃ ᠬᠤᠲᠠ ᠶᠢᠨ ᠰᠢᠨ᠎ᠡ ᠠᠷᠠᠳ ᠤᠨ ᠬᠡᠷᠡᠭᠯᠡᠭᠡ ᠪᠣᠯ ᠳᠠᠯᠳᠠ ᠬᠦᠴᠦᠨ ᠮᠥᠨ᠂ 44.6% ᠶᠢᠨ | ᠡᠷᠦᠬᠡᠲᠦ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 69.6% ᠶᠢᠨ ᠪᠠᠶᠢᠩᠭᠤ ᠰᠠᠭᠤᠭ᠎ᠠ | ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ ᠳᠤ ᠬᠦᠷᠪᠡᠯ᠂ ᠬᠤᠲᠠ ᠶᠢᠨ | ᠰᠢᠨ᠎ᠡ ᠠᠷᠠᠳ 599 ᠲᠦᠮᠡ ᠰᠢᠨ᠎ᠡ ᠪᠠᠷ ᠨᠡᠮᠡᠭᠳᠡᠨ᠎ᠡ᠂ ᠡᠨᠡ ᠨᠢ ᠬᠦᠬᠡᠬᠤᠲᠠ ᠪᠤᠭᠤᠲᠤ ᠣᠷᠳᠣᠰ ᠭᠤᠷᠪᠠ ᠶᠢᠨ | ᠬᠤᠲᠠ ᠲᠣᠭᠤᠷᠢᠭ ᠤᠨ ᠶᠡᠷᠦᠩᠬᠡᠢ ᠬᠥᠮᠥᠨ ᠠᠮᠠ ᠲᠠᠢ ᠲᠡᠩᠴᠡᠵᠦ᠂ ᠡᠳᠡᠭᠡᠷ ᠬᠥᠮᠥᠰ ᠤᠨ ᠬᠤᠲᠠᠨ ᠳᠠᠬᠢ ᠢᠳᠡᠵᠦ | ᠡᠮᠦᠰᠴᠦ ᠶᠠᠪᠤᠵᠤ ᠰᠠᠭᠤᠬᠤ᠂ ᠰᠣᠶᠣᠯ ᠬᠥᠮᠦᠵᠢᠯ ᠵᠤᠭ᠎ᠠ ᠴᠡᠩᠭᠡᠯ ᠨᠢ ᠯᠤᠲᠤ ᠶᠡᠭᠡ ᠨᠢᠭᠤᠭᠳᠠᠮᠠᠯ ᠵᠠᠬ᠎ᠠ ᠳᠡᠯᠭᠡᠭᠦᠷ | ᠪᠣᠯᠣᠨ᠎ᠠ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠲᠦᠷᠦ ᠶᠢᠨ ᠪᠣᠳᠣᠯᠭ᠎ᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ | ᠪᠣᠳᠣᠯᠭ᠎ᠠ ᠬᠡᠷᠡᠭᠵᠢᠭᠦᠯᠬᠦ ᠪᠠᠨ ᠭᠦᠨᠵᠡᠭᠡᠶᠢᠷᠡᠭᠦᠯᠵᠦ᠂ ᠬᠤᠲᠠ ᠶᠢᠨ ᠰᠢᠨ᠎ᠡ ᠠᠷᠠᠳ ᠪᠠ ᠲᠠᠭᠠᠨ ᠨᠡᠭᠦᠵᠦ ᠢᠷᠡᠭᠰᠡᠨ | ᠭᠡᠷ ᠪᠦᠯᠢ ᠶᠢᠨ ᠬᠢᠨ ᠤ ᠬᠤᠳᠡ ᠪᠠᠯᠭᠠᠰᠤᠨ ᠳᠤ ᠡᠷᠣᠭᠡ ᠠᠮᠠ ᠣᠷᠣᠬᠤ ᠶᠢ ᠨᠢ ᠵᠣᠷᠢᠭᠵᠢᠭᠤᠯᠤᠨ᠂ ᠡᠨᠡ ᠬᠡᠰᠡᠭ | ᠬᠡᠷᠡᠭᠯᠡᠭᠡ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠪᠠᠳᠠᠷᠠᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ | ᠦᠢᠯᠡᠰ ᠪᠣᠯ ᠨᠡᠶᠢᠲᠡᠯᠢᠭ ᠬᠡᠷᠡᠭᠯᠡᠭᠡᠨ ᠤ ᠠᠵᠤ ᠠᠬᠤᠢ᠂ ᠠᠷᠠᠳ ᠢ ᠪᠠᠶᠠᠵᠢᠭᠤᠯᠬᠤ ᠠᠵᠤ ᠦᠢᠯᠡᠰ ᠮᠥᠨ᠂ | ᠨᠢᠳᠤᠨᠤᠨ ᠮᠠᠨ ᠤ ᠣᠷᠣᠨ ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠡᠨᠡ ᠵᠢᠯ | 2.5 ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠵᠤ᠂ ᠡᠨᠡ ᠬᠦ 2.5 ᠳ᠋ᠦᠩᠰᠢᠭᠤᠷ ᠵᠢᠭᠤᠯᠴᠢᠯᠠᠭᠴᠢᠳ ᠤᠨ | ᠲᠣᠭᠤᠷᠢᠨ ᠳᠤ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠂ ᠦᠢᠯᠡᠴᠢᠯᠡᠭᠡ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠨᠢᠭᠡ ᠪᠦᠯᠦᠭ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ | ᠷᠠᠰᠢᠶᠠᠨ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠢ ᠰᠠᠶᠢᠲᠤᠷ ᠴᠣᠭᠴᠠᠯᠠᠵᠤ᠂ ︽ᠪᠢ | ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠭᠡᠬᠦ ᠣᠨᠴᠠᠯᠢᠭᠲᠤ ᠨᠡᠷᠡᠲᠦ ᠲᠡᠮᠳᠡᠭ ᠢ ᠦᠷᠭᠦᠯᠵᠢᠯᠡᠨ ᠬᠡᠷᠡᠯᠳᠦᠭᠦᠯᠵᠣ᠂ | ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ | ᠵᠢᠭᠤᠯᠴᠢᠯᠠᠭᠴᠢᠳ ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ᠃ ᠤᠮᠠᠷᠠᠲᠤ ᠬᠢᠯᠢ ᠶᠢᠨ ᠰᠣᠶᠣᠯ ᠤᠨ ᠨᠡᠷᠡᠲᠦ | ᠲᠡᠮᠳᠡᠭ ᠢ ᠴᠤᠤᠷᠢᠶᠠᠲᠤᠭᠤᠯᠤᠨ᠂ ᠬᠤᠩᠱᠠᠨ ᠤ ᠰᠣᠶᠣᠯ᠂ ᠲᠦᠮᠡᠨ ᠭᠠᠵᠠᠷ ᠤᠨ ᠴᠠᠢ ᠶᠢᠨ ᠠᠶᠠᠨ ᠢ ᠰᠣᠶᠣᠯ ᠤᠨ | ᠥᠪ ᠢᠶᠠᠷ ᠭᠤᠶᠤᠴᠢᠯᠠᠬᠤ ᠪᠠ ᠪᠠᠷᠠᠭᠤᠨ ᠯᠢᠶᠣᠣ ᠾᠧ ᠭᠤᠣᠯ ᠤᠨ ᠳᠤᠮᠳᠠᠳᠤ ᠶᠢᠨ ᠦᠨᠳᠦᠰᠦᠲᠡᠨ ᠤ ᠪᠣᠯᠪᠠᠰᠤᠨ ᠤ | ᠡᠭᠦᠰᠦᠯ ᠢᠷᠡᠯᠲᠡ ᠶᠢ ᠬᠠᠶᠢᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ | ᠪᠦᠲᠦᠭᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠨᠢᠭᠡ ᠪᠦᠯᠦᠭ ᠰᠣᠶᠣᠯ ᠤᠨ ᠬᠥᠲᠥᠴᠢ ᠠᠵᠤ ᠦᠢᠯᠡᠰ ᠢ | ᠴᠣᠭᠴᠠᠯᠠᠨ᠂ ᠳᠠᠬᠢᠭᠠᠣᠨ ︽ᠮᠣᠷᠢᠲᠤ ᠴᠡᠷᠢᠭ︾᠂ ︽ᠪᠤᠭᠤᠷᠤᠯ ᠲᠡᠦᠬᠡ ᠶᠢᠨ ᠬᠦᠯᠥᠭ ᠤᠨ ᠮᠠᠭᠲᠠᠭᠠᠯ︾᠂ ︽ᠮᠣᠷᠢᠨ ᠤ | ᠬᠤᠩᠬ᠎ᠠ ᠵᠣᠯ ᠵᠢᠷᠭᠠᠯ ᠤᠨ ᠳᠠᠭᠤᠤ ᠶᠢ ᠬᠠᠩᠭᠢᠨᠠᠭᠤᠯᠤᠨ᠎ᠠ︾ ᠮᠡᠲᠦ ᠶᠢᠨ ᠨᠢᠭᠡ ᠪᠦᠯᠦᠭ ᠰᠣᠶᠣᠯ ᠤᠷᠠᠯᠢᠭ ᠤᠨ | ᠰᠣᠳᠣᠨ ᠪᠦᠲᠦᠭᠡᠯ ᠭᠠᠷᠭᠠᠵᠤ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠬᠠᠶᠢᠷ᠎ᠠ ᠬᠠᠯᠠᠮᠵᠢ ᠪᠠ ᠳᠠᠭᠤᠨ ᠬᠤᠭᠤᠯᠠᠢ ᠶᠢ ᠤᠮᠠᠷᠠᠲᠤ ᠬᠢᠯᠢ | ᠣᠷᠣᠨ ᠳᠤ ᠳᠠᠭᠤᠷᠢᠰᠤᠭᠤᠯᠤᠨ᠎ᠠ᠃ ︽ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ︾ ᠡᠬᠢᠯᠡᠮᠡᠷ ᠴᠠᠭ ᠮᠥᠴᠡ ᠳᠤ᠂ ᠣᠷᠣᠨ ᠳᠠᠶᠠᠭᠠᠷ ᠢᠶᠠᠨ ᠬᠦᠴᠦᠯᠡᠵᠦ | ᠴᠤᠭᠯᠠᠭᠠᠨ ᠢ ᠰᠠᠶᠢᠲᠤᠷ ᠡᠷᠬᠢᠯᠡᠨ᠂ ᠨᠢᠭᠡ ᠬᠤᠭᠤᠴᠠᠭᠠᠨ ᠤ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ | ᠰᠠᠶᠢᠬᠠᠨ ᠲᠠᠮᠢᠷ ᠤᠨ ᠥᠪᠡᠳᠡᠭᠰᠢ ᠴᠤᠭᠯᠠᠭᠠᠨ ᠢ ᠡᠷᠭᠦᠨ ᠳᠡᠪᠰᠢᠭᠦᠯᠵᠦ᠂ ᠡᠨᠡ ᠬᠦ ᠲᠠᠰᠢᠷᠠᠮ ᠢᠶᠠᠷ ᠮᠥᠰᠥ ᠴᠠᠰᠤᠨ ᠤ | ᠠᠵᠤ ᠦᠢᠯᠡᠰ ᠢ ᠡᠬᠢᠯᠡᠭᠦᠯᠦᠨ ᠬᠥᠭᠵᠢᠭᠦᠯᠵᠦ᠂ ᠵᠢᠭᠤᠯᠴᠢᠯᠠᠭᠴᠢᠳ ᠲᠤ ᠮᠥᠰᠥ ᠴᠠᠰᠤᠨ ᠤ ᠪᠠᠶᠠᠷ ᠪᠠᠭ᠋ᠠᠳᠤᠯ ᠢ | ᠬᠠᠨᠳᠤᠯ᠎ᠠ ᠬᠦᠷᠲᠡᠭᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠳᠤ ᠳᠠᠭᠤᠰᠤᠰᠢ ᠦᠭᠡᠢ ᠬᠠᠯᠠᠭᠤᠨ ᠤᠷᠤᠰᠬᠠᠯ | ᠠᠪᠴᠢᠷᠠᠨ᠎ᠠ᠃ | ︵ᠳᠥᠷᠪᠡ︶ ᠣᠨᠴᠠᠭᠠᠢ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢ ᠠᠬᠢᠭᠤᠯᠤᠨ᠎ᠠ ᠃ ᠤᠯᠠᠮ ᠬᠥᠭᠵᠢᠭᠡᠳᠦᠢ ᠭᠠᠵᠠᠷ ᠣᠷᠣᠨ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠴᠢᠬᠤᠯᠠᠴᠢᠯᠠᠵᠤ᠂ ᠬᠠᠭᠤᠴᠢᠨ ᠠᠪᠲᠠᠯ ᠢᠶᠠᠨ ᠤᠯᠠᠮ ᠲᠠᠶᠠᠭᠳᠠᠨ᠂ | ᠵᠤᠷᠰᠢᠯ ᠢ ᠵᠣᠷᠢᠭᠲᠠᠢ ᠡᠪᠳᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ | ᠨᠡᠬᠡᠵᠦ ᠭᠦᠢᠴᠡᠬᠦ ᠪᠠᠷ ᠴᠢᠷᠮᠠᠶᠢᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠶᠠᠭᠤᠨ ᠤ ᠤᠷᠢᠳ ᠬᠠᠷᠠᠮ | ᠦᠭᠡᠢ ᠪᠠᠷ ᠣᠷᠣᠭᠤᠯᠣᠯᠳᠡ ᠬᠢᠬᠦ ᠬᠡᠷᠡᠭᠲᠡᠢ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠷᠣᠭᠤᠯᠣᠯᠳᠡ ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ | ᠵᠠᠰᠠᠭ ᠤᠨ ᠣᠷᠳᠣᠨ ᠴᠥᠮ ᠪᠣᠳᠠᠲᠠᠢ ᠵᠣᠭᠤᠰ ᠮᠥᠩᠭᠦ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ | ᠰᠢᠨ᠎ᠡ ᠶᠢ ᠡᠭᠦᠳᠬᠦ ᠶᠢ ᠳᠡᠮᠵᠢᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠨ ᠵᠣᠷᠢᠭᠲᠠᠢ ᠪᠠᠷ ᠰᠢᠨ᠎ᠡ ᠶᠢ ᠡᠭᠦᠳᠬᠦ ᠳᠤ ᠠᠰᠢᠭᠲᠠᠢ ᠠᠮᠢ ᠠᠬᠤᠢ ᠶᠢᠨ | ᠪᠠᠶᠢᠳᠠᠯ ᠢ ᠪᠣᠢ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ | ᠠᠵᠢᠯ ᠢ ᠬᠦᠴᠦᠯᠡᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ | ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠢ | ᠪᠠᠶᠠᠯᠢᠭᠵᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠠᠮᠴᠢᠯᠠᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠣᠯᠳᠡ᠂ ᠰᠲ᠋ᠣᠺ ᠤᠨ ᠡᠷᠬᠡ ᠶᠢᠨ ᠪᠡᠯᠡ | ᠣᠷᠣᠭᠤᠯᠣᠯᠳᠡ ᠶᠢ ᠬᠥᠭᠵᠢᠭᠦᠯᠬᠦ ᠶᠢ ᠵᠣᠷᠢᠭᠵᠢᠭᠤᠯᠤᠨ᠂ ᠲᠦᠭᠰᠢᠭᠦᠷᠢᠲᠦ ᠪᠡᠯᠡ ᠣᠷᠣᠭᠤᠯᠣᠯᠳᠡ ᠶᠢᠨ ᠰᠠᠭᠤᠷᠢ | ᠮᠥᠩᠭᠦ ᠶᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ | ᠠᠬᠤᠶᠢᠯᠠᠯ ᠤᠨ ᠪᠦᠭᠦ ᠦᠶᠡᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠣᠭᠲᠠᠯᠴᠠᠭ᠎ᠠ ᠶᠢ ᠲᠦᠷᠭᠡᠳᠬᠡᠨ | ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠦᠷ᠎ᠡ︾ ᠳᠤ ᠨᠡᠩ ᠣᠯᠠᠨ | ᠮᠥᠩᠭᠦᠨ ᠭᠦᠢᠯᠭᠡᠭᠡᠨ ᠤ ᠤᠷᠤᠰᠬᠠᠯ ᠣᠰᠣᠨ ᠤ ᠰᠢᠮ᠎ᠡ ᠲᠡᠵᠢᠭᠡᠯ ᠬᠠᠩᠭᠠᠨ᠎ᠠ᠃ | ᠡᠬᠢ ᠪᠠᠶᠠᠯᠢᠭ ᠤᠨ ᠬᠦᠴᠦᠨ ᠴᠢᠳᠠᠯ ᠢ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠠᠪᠴᠠᠩ ᠢ ᠬᠦᠴᠦᠷᠬᠡᠭᠵᠢᠭᠦᠯᠦᠨ ᠪᠠᠶᠢᠭᠤᠯᠤᠨ᠎ᠠ᠃ ︽ᠤᠯᠤᠰ ᠤᠨ ᠠᠩᠭᠢ︾ ᠶᠢ | ᠪᠤᠵᠠᠭᠠᠶᠢᠷᠠᠭᠤᠯᠬᠤ ᠬᠡᠷᠡᠭᠲᠡᠢ᠂ ᠬᠦᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠣᠷᠣᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠡᠪᠡᠰᠦᠨ ᠤ ᠦᠢᠯᠡᠰ ᠤᠨ | ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ | ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠤᠶᠠᠳᠤᠭᠠᠷ | ᠬᠤᠭᠤᠴᠠᠭᠠᠨ ᠤ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠠᠯ᠎ᠠ ᠨᠤᠲᠤᠭ ᠤᠨ ᠭᠡᠷ ᠤᠨ | ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ | ᠠᠰᠢᠭᠯᠠᠯᠲᠠ ᠶᠢᠨ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠤᠶᠢᠵᠢᠭᠤᠯᠤᠨ᠎ᠠ᠃ ︽ᠣᠷᠣᠨ | ᠨᠤᠲᠤᠭ ᠤᠨ ᠠᠩᠭᠢ︾ ᠶᠢ ᠬᠦᠴᠦᠷᠬᠡᠭᠵᠢᠭᠦᠯᠬᠦ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ | ᠲᠠᠰᠤᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠭᠠᠵᠠᠷ᠂ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ | ᠡᠨᠧᠷᠬᠢ ᠶᠢᠨ ᠰᠤᠳᠤᠯᠭᠠᠨ ᠤ ᠬᠦᠷᠢᠶᠡᠯᠡᠩ ᠵᠡᠷᠭᠡ ᠪᠠᠶᠢᠭᠤᠯᠤᠮᠵᠢ ᠨᠢ ᠵᠣᠷᠢᠭᠲᠠᠢ ᠬᠢᠵᠦ ᠲᠤᠷᠰᠢᠨ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠴᠦᠨ ᠢ ᠪᠤᠵᠠᠭᠠᠶᠢᠷᠠᠭᠤᠯᠤᠨ᠂ ᠴᠠᠭᠠᠷᠠᠭᠰᠠᠨ ᠦᠷ᠎ᠡ ᠪᠥᠲᠥᠮᠵᠢ ᠭᠠᠷᠭᠠᠬᠤ | ᠬᠡᠷᠡᠭᠲᠡᠢ︔ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠨᠢ | ︽ᠪᠥᠭᠡᠭᠡᠨᠡᠷᠡᠯ︾ ᠤᠨ ᠦᠢᠯᠡᠳᠦᠯ ᠢᠶᠠᠨ ᠪᠠᠳᠠᠷᠠᠭᠤᠯᠵᠤ᠂ ︽ᠨᠡᠶᠢᠯᠡᠯᠲᠡ︾ ᠶᠢᠨ ᠦᠢᠯᠡᠳᠦᠯ ᠢᠶᠠᠨ ᠭᠠᠷᠭᠠᠵᠤ᠂ ᠠᠵᠤ | ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ ᠢ ᠬᠠᠮᠲᠤᠳᠬᠠᠨ᠂ ᠠᠵᠤ ᠦᠢᠯᠡᠰ ᠤᠨ ᠬᠡᠯᠬᠢᠶ᠎ᠡ᠂ | ᠰᠢᠨ᠎ᠡ ᠡᠭᠦᠳᠦᠯᠲᠡ ᠶᠢᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠮᠡᠳᠡᠭᠡ ᠵᠠᠩᠭᠢ ᠶᠢᠨ | ᠬᠡᠯᠬᠢᠶ᠎ᠡ ᠶᠢ ᠬᠤᠷᠠᠭᠤᠯᠬᠤ ᠬᠡᠷᠡᠭᠲᠡᠢ᠃ ᠣᠨᠴᠠᠭᠠᠶᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠴᠡᠭ ᠪᠠᠶᠢᠷᠢᠯᠠᠯ ᠢᠶᠠᠨ ᠣᠯᠵᠤ᠂ ᠪᠦᠯᠭᠦᠮ | ᠨᠠᠶᠢᠳᠡ ᠪᠠᠨ ᠣᠯᠵᠤ᠂ ᠵᠠᠭᠪᠤᠷ ᠢᠶᠠᠨ ᠵᠥᠪ ᠣᠯᠵᠤ᠂ ᠤᠰᠤᠲᠥ᠋ᠷᠥᠭᠴᠢᠲᠤ ᠡᠨᠧᠷᠬᠢ᠂ ᠰᠢᠨ᠎ᠡ ᠬᠡᠯᠪᠡᠷᠢ ᠶᠢᠨ | ᠡᠨᠧᠷᠬᠢ ᠨᠥᠭᠡᠴᠡᠯᠡᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠭᠦ | ᠤᠯᠤᠰ ᠴᠢᠨᠠᠭᠰᠢᠯᠠᠨ ᠳᠡᠯᠡᠬᠡᠢ ᠳᠤ ᠣᠷᠦ᠋ᠢᠯᠠᠭᠰᠠᠨ ᠲᠤᠰᠬᠠᠢ ᠮᠡᠷᠭᠡᠵᠢᠯᠲᠡᠨ ᠤ ᠪᠦᠯᠭᠦᠮ ᠢ ᠣᠷᠣᠭᠤᠯᠤᠨ ᠠᠪᠴᠢᠷᠠᠵᠤ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠯᠦᠭᠡ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠵᠡᠷᠭᠡ ᠲᠠᠯ᠎ᠠ ᠪᠠᠷ | ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯᠯᠠᠬᠤ ᠴᠡᠷᠢᠭ ᠪᠣᠯᠬᠤ ᠶᠢ ᠪᠦᠭᠦ ᠬᠦᠴᠦᠨ ᠢᠶᠠᠷ ᠢᠶᠠᠨ | ᠳᠡᠮᠵᠢᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ | ᠠᠬᠤᠶᠢᠯᠠᠯ — ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ — ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠪᠦᠬᠦᠢ ᠳᠠᠭᠠᠭᠤᠯᠤᠭᠴᠢ ᠠᠵᠤ ᠠᠬᠤᠶᠢᠯᠠᠯ︾ ᠤᠨ ᠱᠠᠲᠤᠯᠢᠭ ᠬᠡᠯᠪᠡᠷᠢ ᠪᠦᠬᠦᠢ ᠪᠤᠶᠢᠵᠢᠭᠤᠯᠬᠤ | ᠲᠣᠭᠲᠠᠯᠴᠠᠭ᠎ᠠ ᠶᠢ ᠪᠠᠶᠢᠭᠤᠯᠤᠨ᠂ ᠬᠥᠲᠥᠴᠢ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠪᠣᠯᠬᠤ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2000᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ | ᠳᠤᠮᠳᠠ ᠵᠢᠵᠢᠭ ᠠᠵᠤ ᠠᠬᠤᠶᠢᠯᠠᠯ ᠢ 3000 ᠳᠤ ᠬᠦᠷᠦᠭᠦᠯᠬᠦ ᠪᠠᠷ ᠴᠢᠷᠮᠠᠶᠢᠨ᠎ᠠ᠃ ᠠᠵᠤ ᠠᠬᠤᠶᠢᠯᠠᠯ ᠢᠶᠠᠷ | ᠭᠤᠣᠯᠯᠠᠭᠤᠯᠤᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠢ ᠠᠭᠤᠰᠤᠯᠴᠠᠯ ᠢ | ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠬᠢᠬᠦ᠂ ᠰᠢᠨᠵᠢᠯᠡᠬᠦ ᠤᠬᠠᠭᠠᠨ | ᠰᠤᠳᠤᠯᠭᠠᠨ ᠤ ᠲᠦᠷᠣᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ ᠪᠦᠷᠢᠨᠰᠢᠭᠦᠯᠦᠨ᠂ ᠡᠯ᠎ᠡ | ᠲᠦᠷᠣᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ᠂ ᠵᠠᠪᠰᠠᠷ ᠤᠨ ᠰᠢᠯᠭᠠᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠪᠠ ᠬᠡᠷᠡᠭᠯᠡᠭᠡᠨ ᠤ ᠰᠢᠯᠭᠠᠯᠲᠠ ᠶᠢᠨ ᠲᠠᠪᠴᠠᠩ ᠢ ᠪᠠᠶᠢᠷᠢᠰᠢᠭᠤᠯᠤᠨ ᠪᠠᠶᠢᠭᠤᠯᠬᠤ ᠶᠢ | ᠵᠣᠷᠢᠭᠵᠢᠭᠤᠯᠵᠤ᠂ ︽ᠰᠢᠨᠵᠢᠯᠡᠬᠦ ᠤᠬᠠᠭᠠᠨᠲᠠᠨ + ᠢᠨᠵᠧᠨᠧᠷ + ᠠᠵᠤ ᠠᠬᠤᠶᠢᠯᠠᠯᠲᠠᠨ︾ ᠤ ᠵᠠᠭᠪᠤᠷ ᠢ | ᠬᠡᠷᠡᠭᠵᠢᠭᠦᠯᠦᠨ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠢ ᠵᠦᠢᠯ ᠤᠨ ᠠᠵᠢᠯᠯᠠᠭᠠᠨ ᠢ ᠥᠷᠨᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾ ᠠᠴᠠ | ︽ᠦᠢᠯᠡᠳᠪᠦᠷᠢᠯᠡᠯ ᠤᠨ ᠱᠤᠭᠤᠮ︾ ᠳᠤ ᠭᠠᠷᠭᠠᠬᠤ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠮ᠎ᠠ ᠵᠣᠷᠢᠭ ᠢᠶᠠᠷ ᠴᠢᠳᠠᠪᠤᠷᠢᠲᠠᠨ ᠤᠷᠢᠵᠤ ᠤᠶᠤᠨ | ᠤᠬᠠᠭᠠᠨ ᠢ ᠲᠥᠪᠯᠡᠷᠡᠭᠦᠯᠦᠨ᠎ᠡ᠃ ᠴᠢᠳᠠᠪᠤᠷᠢᠲᠠᠨ ᠢ ᠥᠮᠴᠢᠷᠬᠡᠬᠦ ᠶᠢ ᠪᠣᠳᠣᠬᠤ ᠦᠭᠡᠢ᠂ ᠪᠠᠶᠢᠵᠤ ᠲᠣᠭᠲᠠᠬᠤ ᠪᠠᠷ | ᠱᠠᠭᠠᠷᠳᠠᠬᠤ ᠦᠭᠡᠢ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ᠂ ᠨᠥᠬᠦᠴᠡᠯ ᠪᠣᠯᠣᠮᠵᠢ ᠪᠦᠷᠢᠯᠳᠦᠭᠦᠯᠦᠨ | ᠴᠢᠳᠠᠪᠤᠷᠢᠲᠠᠳ ᠢ ᠲᠠᠲᠠᠬᠤ ᠪᠠᠷ ᠪᠠᠷᠠᠬᠤ ᠦᠭᠡᠢ᠂ ᠪᠠᠰᠠ ᠡᠷᠳᠡᠮ ᠴᠢᠳᠠᠪᠤᠷᠢ ᠪᠠᠨ ᠪᠠᠳᠠᠷᠠᠭᠤᠯᠬᠤ ᠣᠷᠴᠢᠨ | ᠨᠥᠬᠦᠴᠡᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠱᠠᠩᠬᠠᠢ ᠵᠧᠵᠢᠶᠠᠩ ᠵᠡᠷᠭᠡ | ᠭᠠᠵᠠᠷ ᠲᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠭᠤᠷᠴᠤᠭ ᠬᠠᠷᠢᠶ᠎ᠠ ᠭᠠᠵᠠᠷ ᠢ | ᠰᠠᠶᠢᠲᠤᠷ ᠴᠣᠭᠴᠠᠯᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠳᠠᠪᠰᠢᠭᠰᠠᠨ ᠭᠠᠵᠠᠷ ᠣᠷᠣᠨ ᠳᠤ | ᠴᠢᠳᠠᠪᠤᠷᠢᠲᠠᠨ ᠤ ᠤᠭᠤᠷᠴᠤᠭ ᠬᠠᠷᠢᠶ᠎ᠠ ᠭᠠᠵᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ ᠲᠡᠮᠵᠢᠵᠦ᠂ ᠢᠯᠢ | ᠪᠦᠯᠦᠭᠯᠡᠯ ᠤᠨ ᠡᠸᠦ᠋ᠷᠦᠫᠡ ᠳᠠᠬᠢ ᠰᠤᠳᠤᠯᠤᠨ ᠨᠡᠭᠡᠭᠡᠬᠦ ᠲᠥᠪ᠂ ᠣᠷᠳᠣᠰ ᠪᠦᠯᠦᠭᠯᠡᠯ ᠤᠨ ᠱᠠᠩᠬᠠᠢ ᠳᠠᠬᠢ | ᠰᠤᠳᠤᠯᠤᠨ ᠨᠡᠭᠡᠭᠡᠬᠦ ᠲᠥᠪ ᠵᠡᠷᠭᠡ ᠵᠠᠭᠪᠤᠷ ᠢ ᠳᠡᠯᠭᠡᠷᠡᠭᠦᠯᠵᠦ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ | ᠵᠡᠷᠭᠡ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰ ᠤᠨ ᠬᠡᠷᠡᠭᠯᠡᠭᠡᠨ ᠤ ︽ᠬᠤᠣᠰ ᠴᠢᠭᠯᠡᠯᠲᠦ ᠤᠭᠤᠷᠴᠤᠭ | ᠬᠠᠷᠢᠶ᠎ᠠ ᠭᠠᠵᠠᠷ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠨ ᠲᠦᠷᠭᠡᠳᠬᠡᠨ᠎ᠡ᠃ | ︵ᠲᠠᠪᠤ︶ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ | ᠬᠢᠨᠠᠮᠠᠭᠠᠢ ᠴᠣᠭᠴᠠᠯᠠᠨ᠎ᠠ᠃ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠦᠨᠳᠦᠰᠦ ᠨᠢ | ᠪᠣᠳᠠᠲᠤ ᠴᠣᠭᠴᠠ ᠶᠢᠨ ᠠᠵᠤ ᠠᠬᠤᠢ ᠳᠤ ᠪᠠᠶᠢᠵᠤ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠳᠤ ᠪᠠᠶᠢᠵᠤ᠂ ᠴᠢᠭᠯᠡᠯ ᠨᠢ ᠠᠵᠤ ᠦᠢᠯᠡᠰ ᠢ ᠳᠡᠰ ᠳᠡᠪᠰᠢᠭᠦᠯᠬᠦ ᠳᠤ ᠪᠠᠶᠢᠨ᠎ᠠ᠃ ︽ᠬᠤᠶᠠᠷ | ᠰᠠᠭᠤᠷᠢᠨ ᠭᠠᠵᠠᠷ︾ ᠲᠤ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠᠨ ᠶᠡᠭᠡ ᠳᠠᠪᠠᠭᠤᠯᠢᠭ︾ ᠢ ᠪᠠᠳᠠᠷᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ᠂ ᠠᠵᠤ ᠦᠢᠯᠡᠳᠪᠦᠷᠢᠵᠢᠯᠲᠡ ᠶᠢᠨ | ᠬᠦᠨᠳᠦ ᠡᠭᠦᠷᠭᠡ ᠡᠭᠦᠷᠭᠡᠯᠡᠬᠦ᠂ ᠰᠢᠨ᠎ᠡ ᠡᠨᠧᠷᠭᠢ ᠶᠢᠨ ᠭᠤᠣᠯᠯᠠᠬᠤ᠂ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠳᠡᠰ ᠳᠡᠪᠰᠢᠬᠦ ᠶᠢ ᠨᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠨᠢ ᠣᠳᠣᠬᠢᠴᠢᠯᠠᠭᠰᠠᠨ ᠶᠡᠭᠡ ᠠᠵᠤ ᠦᠢᠯᠡᠰ ᠢ ᠴᠣᠭᠴᠠᠯᠠᠬᠤ ᠪᠠ ᠠᠵᠤ | ᠦᠢᠯᠡᠰ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠬᠦᠴᠦᠯᠡᠬᠦ ᠬᠡᠷᠡᠭᠲᠡᠢ᠃ ᠶᠡᠭᠡ | ᠲᠠᠷᠢᠶᠠᠯᠠᠩ ᠤᠨ ᠦᠵᠡᠯᠲᠡ ᠶᠢ ᠪᠠᠲᠤ ᠴᠣᠭᠴᠠᠯᠠᠵᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠨᠡᠷᠡᠲᠤ | ᠲᠡᠮᠳᠡᠭᠵᠢᠭᠦᠯᠬᠦ ᠳᠡᠭᠡᠷ᠎ᠡ ᠬᠦᠴᠦ ᠵᠠᠷᠤᠴᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠢ | ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢ | ᠲᠠᠷᠠᠬᠠᠢ ᠪᠤᠲᠠᠷᠬᠠᠢ ᠪᠠᠶᠢᠭᠰᠠᠨ ᠠᠴᠠ ᠨᠢ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ | ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠂ | ᠬᠡᠪᠴᠢᠶᠡᠵᠢᠭᠦᠯᠦᠭᠰᠡᠨ ᠡᠵᠡᠩᠨᠡᠯᠲᠡ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠪᠡᠯᠡᠳᠭᠡᠮᠵᠢᠲᠦ | ᠲᠠᠷᠢᠶᠠᠯᠠᠩ᠂ ᠬᠠᠰᠢᠶᠠᠯᠠᠨ ᠲᠡᠵᠢᠭᠡᠬᠦ ᠬᠤᠷᠢᠵᠤ ᠲᠡᠵᠢᠭᠡᠬᠦ᠂ ᠬᠦᠷᠢᠶᠡᠨ ᠠᠵᠤ ᠠᠬᠤᠢ ᠶᠢ ᠬᠥᠭᠵᠢᠭᠦᠯᠬᠦ ᠪᠠᠨ | ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ | ᠥᠭᠡᠷᠡᠴᠢᠯᠡᠵᠦ ᠰᠢᠨᠡᠳᠬᠡᠬᠦ᠂ ᠤᠯᠤᠰ ᠤᠨ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ | ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠵᠤ᠂ ᠬᠢᠩᠭᠠᠨ ᠠᠶᠢᠮᠠᠭ ᠤᠨ ᠣᠳᠣ ᠦᠶ᠎ᠡ ᠶᠢᠨ ᠮᠠᠯ | ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ᠂ ᠬᠠᠷ᠎ᠠ ᠬᠥᠷᠥᠰᠥᠲᠦ ᠭᠠᠵᠠᠷ ᠤᠨ | ᠬᠠᠮᠠᠭᠠᠯᠠᠯᠲᠠ ᠶᠢᠨ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠵᠦ᠂ ᠪᠡᠯᠡᠳᠭᠡᠮᠵᠢᠲᠦ ᠲᠠᠷᠢᠶᠠᠯᠠᠩ ᠢ 24 | ᠲᠦᠮᠡᠨ ᠮᠦ ᠰᠢᠨ᠎ᠡ ᠪᠠᠷ ᠪᠠᠶᠢᠭᠤᠯᠤᠨ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 | ᠰᠠᠶᠢᠵᠢᠷᠠᠭᠤᠯᠤᠨ ᠥᠭᠡᠷᠡᠴᠢᠯᠡᠵᠦ᠂ ᠡᠯᠪᠡᠭ ᠬᠤᠷᠢᠶᠠᠯᠲᠠ ᠲᠠᠢ ᠵᠢᠯ ᠢ ᠳᠠᠬᠢᠨ ᠡᠭᠦᠳᠬᠦ ᠪᠠᠷ ᠴᠢᠷᠮᠠᠶᠢᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠢᠯᠡᠭᠦᠦ ᠥᠪᠥᠷ ᠮᠣᠩᠭᠤᠯ ᠤᠨ ᠬᠦᠴᠦᠨ | ᠴᠢᠳᠠᠯ ᠢᠶᠠᠨ ᠨᠡᠮᠡᠷᠢᠯᠡᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ | ᠳᠡᠭᠡᠭᠰᠢᠯᠡᠭᠦᠯᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ | ᠡᠳ᠋ᠰᠢᠭᠦᠯᠦᠨ ᠪᠣᠯᠪᠠᠰᠣᠷᠠᠭᠤᠯᠬᠤ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ | ᠲᠠᠰᠣᠷᠠᠯᠳᠡ ᠦᠭᠡᠢ ᠤᠷᠲᠤᠳᠬᠠᠨ᠂ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ᠂ ᠥᠷᠳᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠳᠡᠭ ᠢ 7000 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠰᠦ ᠰᠠᠭᠠᠯᠢ ᠶᠢᠨ ᠦᠢᠯᠡᠰ ᠤᠨ ᠲᠠᠯ᠎ᠠ ᠪᠠᠷ | ᠭᠤᠣᠯᠳᠠᠭᠤ ᠪᠢᠰᠢᠯᠠᠭ ᠵᠡᠷᠭᠡ ᠬᠠᠲᠠᠭᠤ ᠲᠥᠯᠥᠪᠲᠦ ᠰᠦ ᠴᠠᠭᠠᠨ ᠢᠳᠡᠭᠡ ᠶᠢ ᠨᠠᠷᠢᠯᠢᠭ ᠭᠦᠨ ᠡᠳ᠋ᠰᠢᠭᠦᠯᠬᠦ ᠪᠠ | ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡ ᠶᠢ ᠳᠡᠰ ᠳᠡᠪᠰᠢᠭᠦᠯᠬᠦ ᠶᠢ ᠨᠢ ᠲᠦᠷᠭᠡᠳᠬᠡᠵᠦ᠂ ︽ᠰᠢᠷᠬᠡᠭ | ᠡᠪᠡᠰᠦ ᠠᠴᠠ ᠠᠶᠠᠭ᠎ᠠ ᠰᠦ ᠬᠦᠷᠲᠡᠯᠡᠬᠢ᠂ ᠳᠠᠬᠢᠭᠠᠣᠨ ᠬᠡᠰᠡᠭ ᠪᠢᠰᠢᠯᠠᠭ ᠬᠦᠷᠲᠡᠯᠡᠬᠢ︾ ᠪᠦᠬᠦ ᠠᠵᠤ ᠦᠢᠯᠡᠰ ᠤᠨ | ᠬᠡᠯᠬᠢᠶᠡᠨ ᠤ ᠳᠡᠰ ᠳᠡᠪᠰᠢᠭᠰᠡᠨ ᠪᠠᠷᠯᠠᠯ ᠢ ᠡᠭᠦᠳᠦᠨ᠎ᠡ︔ ᠡᠷᠳᠡᠨᠢ ᠰᠢᠰᠢ ᠶᠢᠨ ᠲᠠᠯ᠎ᠠ ᠪᠠᠷ ᠭᠤᠣᠯᠳᠠᠭᠤ ᠲᠷᠢᠫᠲ᠋ᠣᠹᠠᠨ᠂ | ᠦᠷ᠎ᠡ ᠶᠢᠨ ᠠᠮᠢᠨᠤ᠋ ᠬᠦᠴᠢᠯ᠂ ᠰᠢᠷ᠎ᠠ ᠤᠭ ᠴᠠᠪᠠᠤᠯᠢᠭ ᠰᠢᠬᠢᠷ ᠵᠡᠷᠭᠡ ᠥᠨᠳᠥᠷ ᠨᠡᠮᠡᠯᠲᠡ ᠦᠷᠲᠡᠭ ᠲᠠᠢ | ᠦᠢᠯᠡᠳᠬᠦᠨ ᠢ ᠥᠷᠭᠡᠳᠬᠡᠨ ᠬᠥᠭᠵᠢᠭᠦᠯᠦᠨ᠎ᠡ︔ ᠠᠯᠠᠰᠢᠨ ᠬᠤᠨᠢ ᠠᠯᠠᠰᠢᠨ ᠦᠬᠡᠷ ᠤᠨ ᠲᠠᠯ᠎ᠠ ᠪᠠᠷ ᠭᠤᠣᠯᠳᠠᠭᠤ | ᠠᠮᠢᠳᠤ ᠮᠠᠯ ᠢ ᠭᠠᠳᠠᠭᠰᠢ ᠠᠷᠠᠯᠵᠢᠶᠠᠯᠠᠬᠤ᠂ ᠪᠣᠯᠪᠠᠰᠤᠷᠠᠭᠤᠯᠤᠨ ᠡᠳ᠋ᠰᠢᠭᠦᠯᠦᠭᠰᠡᠨ ᠢᠶᠠᠷ ᠬᠦᠷᠦᠯᠴᠡᠬᠦ ᠦᠭᠡᠢ ᠵᠡᠷᠭᠡ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ︽ᠠᠯᠠᠰᠢᠨ ᠬᠤᠨᠢ ᠠᠯᠠᠰᠢᠨ ᠦᠬᠡᠷ︾ ᠬᠤᠳᠠᠯᠳᠤᠵᠤ ᠪᠠᠶᠢᠭᠰᠠᠨ ᠠᠴᠠ | ︽ᠬᠤᠨᠢᠨ ᠮᠢᠬ᠎ᠠ ᠦᠬᠡᠷ ᠤᠨ ᠮᠢᠬ᠎ᠠ︾ ᠬᠤᠳᠠᠯᠳᠤᠬᠤ ᠪᠣᠯᠭᠠᠨ᠎ᠠ︔ ᠲᠡᠵᠢᠭᠡᠯ ᠡᠪᠡᠰᠦ ᠶᠢᠨ ᠲᠠᠯ᠎ᠠ ᠪᠠᠷ ᠭᠤᠣᠯᠳᠠᠭᠤ | ᠠᠵᠤ ᠦᠢᠯᠡᠰ ᠤᠨ ᠬᠡᠯᠬᠢᠶᠡᠨ ᠤ ᠵᠣᠯᠭᠠᠯᠴᠠᠭ᠎ᠠ ᠶᠢ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠶᠢᠨ ᠲᠥᠯᠥᠭᠡ | ᠲᠠᠷᠢᠬᠤ᠂ ᠲᠠᠷᠢᠵᠤ ᠲᠡᠵᠢᠭᠡᠬᠦ ᠪᠠᠨ ᠤᠶᠠᠯᠳᠤᠭᠤᠯᠬᠤ ᠶᠢ ᠠᠬᠢᠭᠤᠯᠵᠤ᠂ ᠡᠪᠡᠰᠦᠨ ᠤ ᠦᠷ᠎ᠡ ᠶᠢᠨ ᠴᠢᠨᠠᠷ ᠴᠢᠨᠰᠠᠭ᠎ᠠ | ᠪᠠ ᠴᠢᠨᠠᠷ ᠰᠠᠶᠢᠲᠠᠢ ᠲᠡᠵᠢᠭᠡᠯ ᠡᠪᠡᠰᠦ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ︔ | ᠢᠮᠠᠭᠠᠨ ᠨᠣᠣᠯᠣᠭᠤᠷ ᠤᠨ ᠲᠠᠯ᠎ᠠ ᠪᠠᠷ ᠭᠤᠣᠯᠳᠠᠭᠤ ᠨᠣᠣᠯᠣᠭᠤᠷ ᠤᠨ ᠢᠮᠠᠭᠠᠨ ᠤ ᠡᠭᠦᠯᠳᠡᠷ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠬᠦᠴᠦᠲᠡᠢ ᠠᠳᠬᠤᠨ᠂ ᠥᠷᠢᠰᠦᠯᠳᠦᠬᠦ | ᠬᠦᠴᠦᠨ ᠪᠠ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ︔ ᠲᠥᠮᠥᠰᠥ ᠶᠢᠨ ᠲᠠᠯ᠎ᠠ ᠪᠠᠷ ᠭᠤᠣᠯᠳᠠᠭᠤ ᠰᠠᠶᠢᠨ | ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠴᠠᠷᠳᠠᠭᠤᠯ᠂ ᠤᠷᠢᠳᠴᠢᠯᠠᠨ ᠬᠢᠭᠰᠡᠨ ᠨᠣᠭᠤᠭ᠎ᠠ᠂ ᠰᠤᠯᠠ ᠢᠳᠡᠭᠡᠨ ᠵᠡᠷᠭᠡ ᠶᠢ ᠰᠤᠳᠤᠯᠤᠨ | ᠨᠡᠭᠡᠭᠡᠵᠦ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠪᠣᠬᠢᠷᠳᠤᠯ ᠦᠭᠡᠢ ᠠᠮᠢ | ᠠᠬᠤᠢ ᠶᠢᠨ ︽ᠥᠪᠥᠷ ᠮᠣᠩᠭᠤᠯ︾ ᠨᠡᠷᠡᠮᠵᠢᠲᠦ ᠨᠡᠷᠡᠲᠦ ᠲᠡᠮᠳᠡᠭ ᠢ ᠰᠢᠯᠢᠳᠡᠭᠵᠢᠭᠦᠯᠦᠨ᠎ᠡ᠃ ︽ᠥᠷᠭᠡᠨ ᠲᠡᠨᠢᠭᠡᠷ | ᠲᠠᠯ᠎ᠠ ᠨᠤᠲᠤᠭ᠂ ᠥᠩ ᠰᠢᠮᠡᠯᠢᠭ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ ᠮᠣᠩᠭᠤᠯ᠂ ᠪᠠᠶᠢᠭᠠᠯᠢᠯᠢᠭ | ᠰᠠᠶᠢᠬᠠᠨ ᠠᠮᠲᠠᠲᠤ ᠢᠳᠡᠭᠡᠨ︾ ᠢᠶᠠᠨ ᠠᠯᠳᠠᠷᠰᠢᠭᠤᠯᠤᠨ ᠴᠤᠤᠷᠢᠶᠠᠲᠤᠭᠤᠯᠵᠤ᠂ ᠲᠠᠸᠠᠷ ᠤᠨ ᠲᠡᠮᠳᠡᠭ ᠨᠡᠷᠡᠲᠦ | ᠲᠡᠮᠳᠡᠭ ᠤᠨ ᠦᠨ᠎ᠡ ᠦᠷᠲᠡᠭ ᠢ ᠳᠡᠭᠡᠭᠰᠢᠯᠡᠭᠦᠯᠬᠦ ᠪᠠ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ | ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠨᠡᠩ ᠣᠯᠠᠨ ᠨᠡᠷᠡᠲᠦ ᠲᠡᠮᠳᠡᠭ ᠢ ᠨᠡᠷ᠎ᠡ ᠴᠤᠤ ᠮᠠᠨᠳᠤᠭᠰᠠᠨ᠂ | ᠲᠣᠭᠲᠠᠵᠤ ᠳᠡᠶᠢᠯᠬᠦ᠂ ᠣᠯᠠᠨ ᠤ ᠰᠡᠳᠬᠢᠯ ᠢ ᠣᠯᠣᠭᠰᠠᠨ᠂ ᠤᠷᠲᠤ ᠤᠳᠠᠭᠠᠨ ᠬᠥᠭᠵᠢᠵᠦ ᠪᠣᠯᠬᠤᠶᠢᠴᠠ ᠪᠣᠯᠭᠠᠵᠤ᠂ | ᠲᠡᠨᠢᠭᠡᠷ ᠶᠡᠭᠡ ᠲᠠᠯ᠎ᠠ ᠨᠤᠲᠤᠭ ᠤᠨ ᠢᠶᠠᠨ ᠠᠩᠬᠢᠯᠤᠮ᠎ᠠ ᠰᠠᠶᠢᠬᠠᠨ ᠠᠮᠲᠠᠲᠤ ᠢᠳᠡᠭᠡᠨ ᠢᠶᠠᠨ ᠪᠦᠬᠦ ᠪᠥᠮᠪᠥᠷᠴᠡᠭ ᠲᠤ | ᠠᠯᠳᠠᠷᠰᠢᠭᠤᠯᠤᠨ ᠮᠠᠨᠳᠤᠭᠤᠯᠤᠨ᠎ᠠ᠃ | ᠠᠵᠤ ᠦᠢᠯᠡᠳᠪᠦᠷᠢ ᠶᠢ ᠤᠷᠢᠳ ᠢᠶᠠᠷ ︽ᠳᠤᠮᠳᠠ ᠲᠦᠪᠰᠢᠨ ᠳᠤ ᠣᠷᠤᠭᠤᠯᠬᠤ︾ ᠬᠠᠷᠠᠯᠲᠠ ᠶᠢᠨ | ᠲᠣᠭᠤᠷᠢᠨ ᠳᠤ ᠳᠠᠪᠠᠭᠤᠯᠢᠭ ᠢᠶᠠᠨ ᠳᠠᠪᠲᠠᠵᠤ᠂ ᠳᠤᠲᠠᠭᠤᠳᠠᠯ ᠢᠶᠠᠨ ᠨᠥᠬᠦᠪᠦᠷᠢᠯᠡᠨ᠂ ᠪᠦᠯᠦᠭᠵᠢᠯ ᠢ | ᠪᠤᠵᠠᠭᠠᠶᠢᠷᠠᠭᠤᠯᠵᠤ᠂ ᠲᠤᠯᠭᠠᠭᠤᠷᠢᠯᠠᠯ ᠢ ᠴᠢᠩᠭᠠᠳᠬᠠᠨ᠂ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠢ | ᠲᠦᠷᠭᠡᠪᠴᠢᠯᠡᠨ ᠪᠣᠢ ᠪᠣᠯᠭᠠᠨ᠎ᠠ᠃ ᠰᠢᠨ᠎ᠡ ᠡᠨᠧᠷᠬᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ | ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ | ᠪᠠᠷᠢᠮᠲᠠᠯᠠᠵᠤ᠂ ᠰᠢᠨ᠎ᠡ ᠬᠡᠯᠪᠡᠷᠢ ᠪᠦᠬᠦᠢ ᠠᠵᠤ ᠦᠢᠯᠡᠳᠪᠦᠷᠢᠵᠢᠯᠲᠡ ᠶᠢᠨ ︽1 + 7︾ ᠲᠥᠷᠥ ᠶᠢᠨ | ᠪᠣᠳᠣᠯᠭ᠎ᠠ ᠶᠢᠨ ᠲᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢ ᠠᠵᠤ ᠦᠢᠯᠡᠰ ᠤᠨ | ᠰᠢᠨ᠎ᠡ ᠡᠭᠦᠳᠦᠯᠲᠡ᠂ ᠦᠢᠯᠡᠳᠬᠦ ᠦᠢᠯᠡᠰ ᠤᠨ ᠬᠥᠭᠵᠢᠯᠲᠡ ᠲᠡᠶᠢᠰᠢ ᠭᠤᠣᠯᠳᠠᠯᠭ᠎ᠠ ᠲᠠᠢ ᠬᠡᠯᠪᠠᠶᠢᠯᠭᠡᠬᠦ | ᠬᠡᠷᠡᠭᠲᠡᠢ᠃ ᠳᠠᠪᠠᠭᠤᠯᠢᠭ ᠢᠶᠠᠨ ᠳᠠᠪᠲᠠᠬᠤ ᠭᠡᠳᠡᠭ ᠨᠢ ︽ᠠᠵᠤ ᠦᠢᠯᠡᠳᠪᠦᠷᠢᠵᠢᠭᠰᠡᠨ ᠥᠪᠥᠷ ᠮᠣᠩᠭᠤᠯ ᠢ ᠳᠠᠬᠢᠨ | ᠨᠢᠭᠡ ᠴᠣᠭᠴᠠᠯᠠᠬᠤ︾ ᠬᠠᠷᠠᠯᠲᠠ ᠪᠠᠷ ᠰᠢᠨ᠎ᠡ ᠡᠨᠧᠷᠬᠢ ᠶᠢᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠬᠤ ᠶᠢ | ᠵᠢᠭᠠᠵᠤ ᠪᠣᠢ᠃ ᠨᠡᠭᠡᠭᠡᠨ ᠬᠥᠭᠵᠢᠭᠦᠯᠬᠦ ᠳᠤ ᠬᠡᠮᠵᠢᠶ᠎ᠡ ᠪᠠᠨ ᠨᠡᠮᠡᠭᠳᠡᠭᠦᠯᠦᠨ ᠬᠤᠷᠳᠤᠴᠠ ᠪᠠᠨ ᠲᠦᠷᠭᠡᠳᠬᠡᠵᠦ᠂ | ᠰᠢᠩᠭᠡᠬᠡᠨ ᠪᠠᠭᠲᠠᠭᠠᠬᠤ ᠳᠤ ᠪᠣᠭᠤᠮᠢ ᠬᠦᠯᠢᠶᠡᠰᠦᠯᠡᠯ ᠢ ᠦᠭᠡᠶᠢᠰᠬᠡᠨ ᠠᠷᠢᠯᠭᠠᠬᠤ᠂ ᠰᠠᠯᠬᠢ ᠪᠣᠯᠣᠨ ᠨᠠᠷᠠᠨ ᠤ | ᠡᠨᠧᠷᠬᠢ ᠪᠠᠷ ᠴᠠᠬᠢᠯᠭᠠᠨ ᠭᠠᠷᠭᠠᠬᠤ ᠶᠢ ᠶᠡᠭᠡ ᠬᠡᠪᠴᠢᠶ᠎ᠡ ᠪᠠᠷ ᠲᠠᠶᠠᠭᠳᠠᠬᠤ ᠶᠢ ᠡᠷᠡᠰ ᠰᠡᠷᠭᠡᠶᠢᠯᠡᠨ᠎ᠡ᠂ ᠰᠢᠨ᠎ᠡ ᠬᠡᠯᠪᠡᠷᠢ | ᠪᠦᠬᠦᠢ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠣᠬᠢᠷᠳᠤᠯ ᠦᠭᠡᠢ ᠴᠠᠬᠢᠯᠭᠠᠨ ᠪᠣᠬᠢᠷᠳᠤᠯ | ᠦᠭᠡᠢ ᠴᠠᠬᠢᠯᠭᠠᠨ ᠤ ᠦᠨᠡᠮᠯᠡᠯ ᠤᠨ ᠠᠷᠠᠯᠵᠢᠶ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠰᠢᠨ᠎ᠡ ᠡᠨᠧᠷᠬᠢ ᠶᠢᠨ ᠲᠤᠨᠤᠭ | ᠲᠥᠬᠦᠭᠡᠷᠦᠮᠵᠢ ᠦᠢᠯᠡᠳᠬᠦ ᠶᠢᠨ ᠦᠷ᠎ᠡ ᠠᠰᠢᠭ ᠢ ᠬᠦᠴᠦᠯᠡᠨ ᠨᠡᠮᠡᠭᠳᠡᠭᠦᠯᠵᠦ᠂ ᠲᠤᠭ᠎ᠠ ᠬᠡᠮᠵᠢᠶ᠎ᠡ ᠶᠠᠰᠤ ᠴᠢᠨᠠᠷ ᠢ | ᠵᠡᠷᠭᠡ ᠳᠤ ᠨᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠪᠡᠯᠡ | ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠴᠢᠷᠮᠠᠶᠢᠨ ᠪᠡᠶᠡᠯᠡᠭᠦᠯᠵᠦ᠂ ᠮᠠᠰᠢᠨ ᠴᠣᠭᠴᠠᠯᠠᠪᠤᠷᠢ ᠶᠢᠨ | ᠬᠡᠪᠴᠢᠶ᠎ᠡ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠢᠯᠴᠢ ᠶᠢᠨ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠬᠠᠷᠠᠯᠲᠠ ᠶᠢ ᠵᠢᠯ ᠤᠷᠢᠳᠴᠢᠯᠠᠨ ᠪᠡᠶᠡᠯᠡᠭᠦᠯᠵᠦ᠂ ᠰᠢᠨ᠎ᠡ | ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ ᠨᠡᠮᠡᠭᠳᠡᠭᠰᠡᠨ ᠬᠡᠪᠴᠢᠶ᠎ᠡ᠂ ᠪᠠᠶᠢᠭᠤᠯᠵᠤ ᠪᠠᠶᠢᠭ᠎ᠠ ᠬᠡᠪᠴᠢᠶ᠎ᠡ᠂ | ᠶᠡᠷᠦᠩᠬᠡᠢ ᠬᠡᠪᠴᠢᠶ᠎ᠡ ᠪᠠᠷ ᠢᠶᠠᠨ ᠪᠦᠬᠦ ᠤᠯᠤᠰ ᠲᠤ ᠲᠦᠷᠦᠭᠦᠯᠡᠬᠦ ᠪᠠᠨ ᠪᠠᠷᠢᠮᠲᠠᠯᠠᠬᠤ ᠪᠠᠷ ᠴᠢᠷᠮᠠᠶᠢᠨ᠎ᠠ᠂ | ᠶᠡᠷᠦᠩᠬᠡᠶᠢᠯᠡᠪᠡᠯ ᠪᠦᠬᠦ ᠤᠯᠤᠰ ᠤᠨ ᠰᠢᠨ᠎ᠡ ᠡᠨᠧᠷᠬᠢ ᠶᠢᠨ ᠲᠦᠷᠦᠭᠦᠦ ᠪᠠᠶᠢᠷᠢ ᠪᠠᠨ ᠠᠯᠳᠠᠵᠤ ᠪᠣᠯᠬᠤ | ᠦᠭᠡᠢ᠃ ᠳᠤᠲᠠᠭᠤᠳᠠᠯ ᠢᠶᠠᠨ ᠨᠥᠬᠦᠪᠦᠷᠢᠯᠡᠬᠦ ᠭᠡᠳᠡᠭ ᠨᠢ ᠤᠯᠠᠮᠵᠢᠯᠠᠯᠲᠤ ᠠᠵᠤ ᠦᠢᠯᠡᠰ ᠢ ᠲᠦᠢᠯᠪᠤᠷᠢᠲᠠᠢ | ᠥᠭᠡᠷᠡᠴᠢᠯᠡᠵᠦ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠦᠴᠦᠨ ᠴᠢᠳᠠᠯ ᠢ ᠨᠢ ᠴᠢᠩᠭᠠᠷᠠᠭᠤᠯᠤᠨ᠂ | ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠦᠨ ᠪᠠᠳᠠᠷᠠᠭᠠᠬᠤ ᠶᠢ ᠵᠢᠭᠠᠵᠤ ᠪᠣᠢ᠃ ᠡᠨᠧᠷᠬᠢ᠂ ᠲᠡᠮᠦᠷᠯᠢᠭ | ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ | ᠪᠣᠯ ᠮᠠᠨ ᠤ ᠣᠷᠣᠨ ᠤ ᠬᠥᠭᠵᠢᠯᠲᠡ ᠶᠢᠨ ᠬᠥᠷᠥᠩᠭᠡ ᠪᠥᠭᠡᠳ ᠰᠢᠷᠭᠠᠭᠤ ᠬᠠᠲᠠᠭᠤᠵᠢᠯᠲᠠᠢ ᠪᠠᠷ ᠪᠣᠢ ᠪᠣᠯᠭᠠᠨ | ᠬᠥᠭᠵᠢᠭᠦᠯᠦᠭᠰᠡᠨ ᠠᠵᠤ ᠦᠢᠯᠡᠰ ᠪᠣᠯᠬᠤᠷ ᠶᠠᠭᠠᠬᠢᠭᠰᠠᠨ ᠴᠦ ᠥᠴᠥᠬᠡᠨ ᠲᠡᠳᠦᠢ ᠪᠣᠯᠭᠠᠬᠤ ᠪᠤᠶᠤ ᠠᠯᠳᠠᠵᠤ ᠪᠣᠯᠬᠤ | ᠦᠭᠡᠢ᠂ ︽ᠳᠣᠣᠷᠠᠳᠤ ᠳᠡᠰ ᠤᠨ ᠠᠵᠤ ᠦᠢᠯᠡᠰ︾ ᠪᠣᠯᠭᠠᠨ ᠳᠥᠭᠦᠮᠬᠡᠨ ᠢᠶᠠᠷ ᠪᠤᠴᠠᠭᠠᠨ ᠭᠠᠷᠭᠠᠵᠤ ᠨᠡᠩ ᠪᠣᠯᠬᠤ | ᠦᠭᠡᠢ᠃ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠳᠤᠯ ᠦᠭᠡᠢ ᠪᠣᠯᠭᠠᠬᠤ ᠬᠠᠷᠠᠯᠲᠠ ᠪᠠᠷ᠂ ᠶᠡᠭᠡ | ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠲᠥᠬᠦᠭᠡᠷᠦᠮᠵᠢ ᠶᠢ ᠰᠢᠨᠡᠳᠬᠡᠬᠦ᠂ ᠤᠷ᠎ᠠ ᠮᠡᠷᠭᠡᠰᠢᠯ ᠢ ᠳᠡᠰ ᠳᠡᠪᠰᠢᠭᠦᠯᠬᠦ᠂ ᠲᠤᠭᠠᠵᠢᠭᠤᠯᠬᠤ ᠪᠠᠷ ᠬᠦᠴᠦᠨ | ᠨᠡᠮᠡᠷᠢᠯᠡᠬᠦ ᠶᠢ ᠠᠬᠢᠭᠤᠯᠤᠨ᠎ᠠ︔ ︽ᠪᠣᠬᠢᠷᠳᠤᠯ ᠦᠭᠡᠢ ᠴᠠᠬᠢᠯᠭᠠᠨ︾ ᠢ ᠰᠠᠶᠢᠲᠤᠷ ᠬᠥᠭᠵᠢᠭᠦᠯᠵᠦ᠂ ︽ᠨᠢᠭᠡ ᠠᠵᠤ | ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾᠂ ︽ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ | ᠪᠣᠳᠣᠯᠭ᠎ᠠ ᠬᠡᠷᠡᠭᠵᠢᠭᠦᠯᠬᠦ︾ ᠪᠠᠷ ᠡᠪᠴᠡᠯᠳᠦᠨ ᠬᠥᠭᠵᠢᠬᠦ ᠪᠠ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ | ᠠᠬᠢᠭᠤᠯᠵᠤ᠂ ᠳᠣᠣᠷ᠎ᠠ ᠨᠡᠭᠦᠷᠡᠰᠦᠲᠥ᠋ᠷᠥᠭᠴᠢᠲᠦ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ ᠢ ᠨᠡᠩ ᠣᠯᠠᠨ ᠴᠣᠭᠴᠠᠯᠠᠵᠤ᠂ ᠡᠨᠧᠷᠬᠢ ᠶᠡᠭᠡ ᠠᠴᠢᠶᠠᠯᠠᠬᠤ ᠲᠡᠷᠢᠭᠦᠨ ᠤ ᠠᠵᠤ ᠦᠢᠯᠡᠰ ᠢ ᠮᠠᠨ ᠤ | ᠣᠷᠣᠨ ᠳᠤ ᠨᠡᠩ ᠣᠯᠠᠨ ᠲᠠᠲᠠᠨ ᠠᠪᠴᠢᠷᠠᠵᠤ ᠪᠥᠭᠡᠭᠡᠨᠡᠷᠡᠭᠦᠯᠦᠨ ᠨᠤᠲᠤᠭᠰᠢᠭᠤᠯᠤᠨ᠎ᠠ᠃ ᠦᠬᠠᠢ ᠶᠢᠨ ᠪᠦᠬᠦ | ᠪᠥᠮᠪᠥᠷᠴᠡᠭ ᠤᠨ ᠬᠠᠮᠤᠭ ᠤᠨ ᠲᠣᠮᠣ BDO ᠤᠨ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ | ᠪᠠᠶᠢᠭᠤᠯᠬᠤ ᠶᠢ ᠲᠡᠮᠵᠢᠨ᠎ᠡ᠃ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠭᠠᠷᠬᠤ ᠶᠢ ᠲᠦᠷᠭᠡᠳᠬᠡᠵᠦ᠂ ︽ᠶᠡᠭᠡ | ᠠᠭᠤᠷᠬᠠᠢ ᠶᠢ ᠪᠤᠰᠢᠭᠤ ᠨᠡᠭᠡᠭᠡᠬᠦ᠂ ᠪᠠᠶᠠᠯᠢᠭ ᠠᠭᠤᠷᠬᠠᠢ ᠶᠢ ᠨᠠᠷᠢᠯᠢᠭ ᠨᠡᠭᠡᠭᠡᠬᠦ︾ ᠶᠢ ᠪᠠᠷᠢᠮᠲᠠᠯᠠᠨ᠂ ᠠᠭᠤᠷᠬᠠᠢ ᠶᠢᠨ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠷᠦᠯ ᠵᠦᠢᠯ ᠢ ᠵᠠᠭᠤᠨ ᠲᠦᠮᠡᠨ ᠲᠤᠨ ᠮᠢᠩᠭᠠᠨ ᠳ᠋ᠦᠩᠰᠢᠭᠤᠷ | ᠳᠡᠰ ᠠᠴᠠ ᠡᠬᠢᠯᠡᠭᠦᠯᠬᠦ ᠪᠠ ᠠᠵᠤ ᠦᠢᠯᠡᠰ ᠢ ᠪᠦᠬᠦ ᠬᠡᠯᠬᠢᠶ᠎ᠡ ᠪᠠᠷ ᠪᠦᠯᠦᠭᠵᠢᠭᠦᠯᠦᠨ ᠬᠥᠭᠵᠢᠭᠦᠯᠬᠦ ᠶᠢ ᠠᠬᠢᠭᠤᠯᠬᠤ | ᠬᠡᠷᠡᠭᠲᠡᠢ᠃ ᠤᠯᠠᠭᠠᠨᠬᠠᠳᠠ᠂ ᠰᠢᠯᠢ ᠶᠢᠨ ᠭᠤᠣᠯ ᠤᠨ ᠪᠦᠬᠦ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠢ | ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠤᠷᠰᠢᠯᠲᠠ ᠶᠢᠨ ᠴᠡᠭ ᠪᠤᠯᠬᠤ ᠪᠠᠷ | ᠴᠢᠷᠮᠠᠶᠢᠬᠤ ᠶᠢ ᠲᠡᠮᠵᠢᠨ᠎ᠡ᠃ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢᠶᠠᠷ | ᠲᠥᠯᠥᠭᠡᠯᠡᠭᠦᠯᠦᠭᠰᠡᠨ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠪᠣᠯ ᠮᠠᠨ ᠤ ᠣᠷᠣᠨ ᠤ ᠰᠢᠨ᠎ᠡ | ᠳᠠᠪᠠᠭᠤᠯᠢᠭ ᠢᠶᠠᠨ ᠪᠣᠢ ᠪᠣᠯᠭᠠᠬᠤ᠂ ᠰᠢᠨ᠎ᠡ ᠬᠥᠳᠡᠯᠭᠡᠭᠦᠷ ᠢ ᠴᠣᠭᠴᠠᠯᠠᠬᠤ ᠶᠢᠨ ᠵᠠᠩᠭᠢᠯᠠᠭ᠎ᠠ ᠪᠠᠶᠢᠵᠤ᠂ ᠡᠷᠬᠡᠪᠰᠢ | ᠢᠳᠡᠪᠬᠢᠲᠡᠢ ᠪᠠᠷ ᠱᠠᠯᠠᠪᠳᠠᠭᠤᠯᠤᠨ ᠪᠠᠶᠢᠷᠢᠰᠢᠭᠤᠯᠵᠤ᠂ ᠨᠢᠭᠡ ᠬᠤᠶᠠᠷ ᠴᠡᠭ ᠪᠠᠶᠢᠷᠢᠨ ᠳᠤ ᠤᠷᠢᠳ ᠢᠶᠠᠷ | ᠰᠢᠪᠲᠤᠯᠤᠯᠲᠠ ᠭᠠᠷᠭᠠᠨ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ | ᠪᠣᠳᠠᠰ ᠤᠨ ᠡᠮ ᠡᠮᠨᠡᠯᠭᠡ᠂ ᠬᠤᠳᠠᠯᠳᠤᠭᠠᠨ ᠤ ᠰᠠᠨᠰᠠᠷ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ | ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠲᠠᠯ᠎ᠠ ᠪᠠᠷ᠂ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠪᠠᠷ ᠵᠢᠯᠣᠭᠤᠳᠤᠮᠵᠢ ᠪᠣᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ᠂ ᠭᠤᠣᠯ ᠪᠣᠯᠬᠤ ᠰᠡᠯᠪᠢᠭ | ᠲᠤᠨᠤᠭ ᠢ ᠰᠤᠳᠤᠯᠤᠨ ᠨᠡᠭᠡᠭᠡᠵᠦ ᠦᠢᠯᠡᠳᠬᠦ ᠪᠣᠭᠤᠮᠲᠠ ᠶᠢ ᠰᠢᠪᠲᠤᠯᠬᠤ ᠪᠠᠨ ᠲᠦᠷᠭᠡᠳᠬᠡᠵᠦ᠂ ᠠᠭᠤᠰᠤᠯᠴᠠᠭᠤᠯᠵᠤ | ᠪᠦᠯᠦᠭᠵᠢᠭᠦᠯᠦᠨ ᠬᠥᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠲᠦᠷᠭᠡᠬᠡᠨ ᠬᠡᠪᠴᠢᠶ᠎ᠡ ᠪᠠᠨ ᠥᠷᠭᠡᠵᠢᠭᠦᠯᠵᠦ | ᠬᠤᠪᠢ ᠶᠢᠨ ᠵᠢᠩ ᠢᠶᠠᠨ ᠳᠡᠭᠡᠭᠰᠢᠯᠡᠭᠦᠯᠦᠨ᠎ᠡ᠃ ᠲᠣᠭᠠᠵᠢᠯᠲᠣ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠵᠤ | ᠦᠢᠯᠡᠰ ᠤᠨ ᠲᠣᠭᠠᠵᠢᠭᠤᠯᠤᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠣᠶᠤᠨᠴᠢᠯᠠᠨ ᠳᠡᠰ | ᠳᠡᠪᠰᠢᠭᠦᠯᠬᠦ ᠶᠢ ᠨᠢ ᠲᠦᠷᠭᠡᠳᠬᠡᠵᠦ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠲᠣᠭᠠᠵᠢᠭᠤᠯᠵᠤ ᠪᠤᠳᠤᠬᠤ | ᠬᠦᠴᠦᠨ ᠤ ᠰᠦᠯᠵᠢᠶ᠎ᠡ ᠶᠢᠨ ᠥᠪᠥᠷ ᠮᠣᠩᠭᠤᠯ ᠤᠨ ᠬᠦᠢᠰᠦ ᠵᠠᠩᠭᠢᠶᠠᠰᠤ᠂ ᠬᠤᠷᠢᠨᠭᠡᠷ ᠳ᠋ᠠᠶᠢᠲ᠋ᠠ ᠶᠢᠨ ᠲᠥᠪ ᠤᠨ | ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠡᠭᠡᠵᠢᠩ ᠲᠢᠶᠠᠨᠵᠢᠨ ᠾᠧᠪᠧᠢ ᠶᠢᠨ ᠮᠤᠨᠳᠠᠭ ᠶᠡᠭᠡ | ᠵᠣᠬᠢᠶᠠᠮᠠᠯ ᠤᠶᠤᠨ᠂ ᠲᠣᠮᠣ ᠵᠠᠭᠪᠤᠷ ᠤᠨ ᠵᠠᠬ᠎ᠠ ᠳᠡᠯᠭᠡᠭᠦᠷ ᠤᠨ ᠲᠣᠭᠤᠷᠢᠨ ᠳᠤ᠂ ᠬᠦᠴᠦᠷᠬᠡᠭ ᠪᠥᠭᠡᠳ | ᠨᠠᠶᠢᠳᠠᠪᠤᠷᠢᠲᠠᠢ ᠪᠣᠬᠢᠷᠳᠤᠯ ᠦᠭᠡᠢ ᠲᠣᠭᠠᠵᠢᠭᠤᠯᠵᠤ ᠪᠤᠳᠤᠬᠤ ᠬᠦᠴᠦᠨ ᠤ ᠪᠠᠲᠤᠯᠠᠭ᠎ᠠ ᠶᠢ ᠬᠠᠩᠭᠠᠵᠤ᠂ | ᠣᠶᠤᠨᠴᠢᠯᠠᠭᠰᠠᠨ ᠲᠣᠭᠠᠵᠢᠭᠤᠯᠵᠤ ᠪᠤᠳᠤᠬᠤ ᠬᠡᠪᠴᠢᠶ᠎ᠡ ᠶᠢ 2 ᠲᠦᠮᠡᠨ P ᠠᠴᠠ ᠳᠠᠪᠠᠭᠤᠯᠬᠤ ᠪᠠᠷ | ᠴᠢᠷᠮᠠᠶᠢᠨ᠎ᠠ᠃ ᠢᠷᠡᠭᠡᠳᠦᠢ ᠶᠢᠨ ᠠᠵᠤ ᠦᠢᠯᠡᠰ ᠤᠨ ᠲᠠᠯ᠎ᠠ ᠪᠠᠷ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠬᠢ᠂ | ᠬᠤᠰᠢᠭᠤᠷᠠᠯ ᠮᠠᠲ᠋ᠧᠷᠢᠶᠠᠯ᠂ ᠢᠷᠡᠭᠡᠳᠦᠢ ᠶᠢᠨ ᠰᠦᠯᠵᠢᠶ᠎ᠡ᠂ ᠠᠭᠠᠷ ᠰᠠᠨᠰᠠᠷ᠂ ᠠᠮᠢ ᠨᠠᠰᠤ ᠬᠢᠭᠡᠳ ᠡᠷᠡᠭᠦᠯ ᠴᠢᠭᠢᠷᠠᠭ | ᠵᠡᠷᠭᠡ ᠲᠠᠪᠤᠨ ᠶᠡᠭᠡ ᠬᠦᠷᠢᠶ᠎ᠡ ᠴᠠᠷᠠᠭ᠎ᠠ ᠪᠠ ᠰᠢᠨ᠎ᠡ ᠬᠡᠯᠪᠡᠷᠢ ᠶᠢᠨ ᠨᠥᠭᠡᠴᠡ ᠡᠨᠧᠷᠬᠢ᠂ ᠤᠰᠤᠳᠦ᠋ᠷᠦᠭᠴᠢ ᠡᠨᠧᠷᠬᠢ᠂ | ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ᠂ ᠥᠨᠳᠥᠷ ᠪᠦᠲᠦᠮᠵᠢᠲᠡᠢ ᠲᠦᠷᠭᠡᠳᠬᠡᠬᠦ ᠮᠠᠲ᠋ᠧᠷᠢᠶᠠᠯ᠂ ᠭᠤᠷᠪᠠᠳᠠᠭᠢ | ᠦᠶ᠎ᠡ ᠶᠢᠨ ᠬᠠᠭᠠᠰ ᠳᠠᠮᠵᠢᠭᠤᠯᠤᠭᠴᠢ᠂ ᠲᠣᠭᠠᠵᠢᠭᠤᠯᠵᠤ ᠪᠤᠳᠤᠬᠤ ᠬᠦᠴᠦᠨ ᠤ ᠰᠦᠯᠵᠢᠶ᠎ᠡ᠂ ᠳᠠᠭᠠᠭᠤᠯᠢ ᠤᠳᠤᠨ ᠤ | ᠴᠢᠮᠡᠭᠡ ᠬᠤᠯᠪᠣᠭᠠᠨ ᠤ ᠵᠠᠮᠴᠢᠯᠠᠭᠤᠷ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠡᠷᠭᠡ ᠨᠠᠢᠮᠠᠨ ᠶᠡᠭᠡ | ᠴᠢᠭᠯᠡᠯ ᠳᠤ ᠲᠥᠪᠯᠡᠷᠡᠭᠦᠯᠵᠦ᠂ ᠠᠯᠤᠰ ᠢ ᠪᠣᠳᠣᠯᠬᠢᠯᠠᠨ ᠰᠡᠳᠦᠨ ᠲᠥᠯᠥᠪᠯᠡᠵᠦ᠂ ᠴᠡᠭ ᠪᠠᠶᠢᠷᠢᠯᠠᠯ ᠢᠶᠠᠨ ᠣᠨᠣᠪᠴᠢᠲᠠᠢ | ᠣᠯᠵᠤ᠂ ᠵᠠᠪᠠᠯ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠬᠥᠬᠡᠬᠤᠲᠠ ᠶᠢᠨ ᠠᠭᠠᠷ ᠠᠶᠠᠯᠠᠯ ᠤᠨ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠦᠲᠦᠭᠡᠨ ᠪᠠᠶᠢᠭᠤᠯᠬᠤ ᠶᠢ ᠳᠡᠮᠵᠢᠵᠦ᠂ ᠤᠯᠤᠰ ᠤᠨ ᠳᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠣᠭᠴᠠᠯᠠᠨ᠎ᠠ᠃ ᠪᠦᠯᠦᠭᠵᠢᠯ ᠢ ᠪᠤᠵᠠᠭᠠᠶᠢᠷᠠᠭᠤᠯᠬᠤ ᠭᠡᠳᠡᠭ ᠨᠢ ᠨᠡᠯᠢᠶᠡᠳ | ᠴᠢᠩᠭ᠎ᠠ ᠥᠷᠢᠰᠦᠯᠳᠦᠬᠦ ᠬᠦᠴᠦᠨ ᠪᠦᠬᠦᠢ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠦᠲᠦᠭᠡᠨ | ᠪᠠᠶᠢᠭᠤᠯᠬᠤ ᠶᠢ ᠵᠢᠭᠠᠵᠤ ᠪᠣᠢ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ | ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠰᠦ ᠴᠠᠭᠠᠨ ᠢᠳᠡᠭᠡᠨ ᠤ ᠳᠡᠯᠡᠬᠡᠢ ᠶᠢᠨ | ᠳᠡᠰ ᠤᠨ ᠪᠦᠯᠦᠭᠵᠢᠯ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠴᠠᠬᠢᠭᠤᠷ ᠲᠠᠯᠠᠰᠲᠤ ᠶᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠦᠢᠯᠡᠳᠬᠦ ᠤᠯᠤᠰ ᠤᠨ | ᠳᠡᠰ ᠤᠨ ᠪᠦᠯᠦᠭᠵᠢᠯ ᠢ 3᠂ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ᠂ ᠤᠰᠤᠳᠦ᠋ᠷᠦᠭᠴᠢ | ᠡᠨᠧᠷᠬᠢ ᠦᠢᠯᠡᠳᠬᠦ᠂ ᠰᠢᠨ᠎ᠡ ᠬᠡᠯᠪᠡᠷᠢ ᠶᠢᠨ ᠨᠥᠭᠡᠴᠡ ᠡᠨᠧᠷᠬᠢ᠂ ᠠᠮᠢᠳᠤ ᠪᠣᠳᠠᠰ ᠤᠨ ᠡᠮ ᠡᠮᠨᠡᠯᠭᠡ᠂ ᠨᠠᠷᠢᠯᠢᠭ | ᠬᠢᠮᠢ ᠶᠢᠨ ᠠᠵᠤ ᠦᠢᠯᠡᠳᠪᠦᠷᠢ᠂ ᠬᠠᠶᠢᠯᠤᠰᠢ ᠶᠢᠨ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ | ᠪᠦᠯᠦᠭᠵᠢᠯ ᠢ 9 ᠬᠦᠴᠦ ᠪᠠᠨ ᠲᠥᠪᠯᠡᠷᠡᠭᠦᠯᠦᠨ ᠴᠣᠭᠴᠠᠯᠠᠵᠤ᠂ ᠴᠢᠨᠠᠷ ᠰᠠᠶᠢᠲᠠᠢ ᠠᠵᠤ ᠠᠬᠤᠶᠢᠯᠠᠯ᠂ ᠡᠬᠢ | ᠪᠠᠶᠠᠯᠢᠭ ᠤᠨ ᠬᠦᠴᠦᠨ ᠵᠦᠢᠯ᠂ ᠰᠢᠨ᠎ᠡ ᠶᠢ ᠡᠭᠦᠳᠬᠦ ᠴᠢᠳᠠᠪᠤᠷᠢᠲᠠᠨ ᠵᠡᠷᠭᠡ ᠶᠢ ᠬᠡᠯᠬᠢᠶᠡᠯᠡᠨ ᠳᠦᠬᠦᠷᠵᠢᠭᠦᠯᠬᠦ ᠶᠢ | ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷ᠎ᠠ ᠬᠡᠯᠬᠢᠶ᠎ᠡ ᠲᠡᠶᠢᠰᠢ ᠤᠷᠲᠤᠳᠬᠠᠬᠤ᠂ | ᠥᠷᠲᠡᠭ ᠤᠨ ᠬᠡᠯᠬᠢᠶ᠎ᠡ ᠶᠢ ᠳᠤᠮᠳᠠ ᠳᠡᠭᠡᠷ᠎ᠡ ᠦᠵᠦᠭᠦᠷ ᠲᠡᠶᠢᠰᠢ ᠳᠡᠭᠡᠭᠰᠢᠯᠡᠭᠦᠯᠬᠦ ᠪᠠᠷ ᠬᠥᠲᠥᠯᠥᠨ | ᠳᠠᠭᠠᠭᠤᠯᠤᠨ᠎ᠠ᠃ ᠲᠤᠯᠭᠠᠭᠤᠷᠢᠯᠠᠯ ᠢ ᠴᠢᠩᠭᠠᠳᠬᠠᠬᠤ ᠭᠡᠳᠡᠭ ᠨᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠶᠡᠷᠦᠩᠬᠡᠢ ᠪᠣᠳᠠᠲᠤ ᠬᠦᠴᠦᠨ ᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠵᠢᠭᠠᠵᠤ ᠪᠣᠢ᠃ ᠠᠵᠤ | ᠠᠬᠤᠶᠢᠯᠠᠯ ᠢ ᠲᠠᠲᠠᠨ ᠬᠦᠷᠢᠶᠡᠯᠡᠩ ᠲᠣᠭᠤᠷᠢᠭ ᠲᠤ ᠣᠷᠤᠭᠤᠯᠬᠤ᠂ ᠠᠵᠤ ᠠᠬᠤᠶᠢᠯᠠᠯ ᠢ ᠲᠡᠳᠬᠦᠨ ᠬᠦᠷᠢᠶᠡᠯᠡᠩ | ᠲᠣᠭᠤᠷᠢᠭ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢᠰᠢᠭᠤᠯᠤᠭᠰᠠᠨ ᠲᠦᠷᠦᠯ ᠵᠦᠢᠯ ᠢᠶᠠᠷ | ᠣᠯᠠᠨ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠪᠡᠯᠡ | ᠣᠷᠤᠭᠤᠯᠬᠤ ᠡᠷᠴᠢᠮ ᠴᠢᠩᠭ᠎ᠠ ᠪᠠᠶᠢᠭ᠎ᠠ ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠭᠤᠣᠯᠳᠠᠯᠭ᠎ᠠ ᠲᠠᠢ | ᠳᠡᠮᠵᠢᠨ᠎ᠡ︔ ᠬᠡᠯᠬᠢᠶᠡᠨ ᠤ ᠭᠤᠣᠯ ᠠᠵᠤ ᠠᠬᠤᠶᠢᠯᠠᠯ ᠤᠨ ᠲᠣᠭᠤᠷᠢᠨ ᠳᠤ ᠪᠦᠬᠦ ᠲᠠᠯ᠎ᠠ ᠪᠠᠷ ᠦᠢᠯᠡᠴᠢᠯᠡᠬᠦ᠂ ᠪᠦᠬᠦ | ᠬᠦᠴᠦᠨ ᠵᠦᠢᠯ ᠢᠶᠠᠷ ᠪᠠᠲᠤᠯᠠᠬᠤ᠂ ᠪᠦᠬᠦ ᠬᠡᠯᠬᠢᠶ᠎ᠡ ᠪᠠᠷ ᠲᠠᠲᠠᠨ ᠣᠷᠤᠭᠤᠯᠬᠤ ᠶᠢ ᠴᠢᠩᠭᠠᠳᠬᠠᠵᠤ᠂ ᠨᠡᠩ ᠣᠯᠠᠨ | ᠳᠡᠭᠡᠷ᠎ᠡ ᠳᠣᠣᠷ᠎ᠠ ᠬᠡᠯᠬᠢᠶᠡᠨ ᠤ ᠬᠤᠷᠰᠢᠭᠰᠠᠨ ᠬᠤᠳᠠᠯᠳᠤᠭᠠᠴᠢᠨ᠂ ᠬᠠᠩᠭᠠᠯᠭ᠎ᠠ ᠶᠢᠨ ᠬᠤᠳᠠᠯᠳᠤᠭᠠᠴᠢᠨ ᠢ | ᠬᠦᠷᠢᠶᠡᠯᠡᠩ ᠲᠣᠭᠤᠷᠢᠭ ᠲᠤ ᠪᠥᠭᠡᠭᠡᠨᠡᠷᠡᠭᠦᠯᠵᠦ᠂ ᠳᠠᠩ ᠳᠠᠩ ᠢᠶᠠᠷ ᠨᠢ ᠬᠦᠴᠦᠷᠬᠡᠭᠵᠢᠭᠦᠯᠦᠨ ᠭᠢᠯᠠᠷᠠᠭᠤᠯᠵᠤ᠂ ᠴᠡᠭ | ᠴᠡᠭ ᠢᠶᠠᠷ ᠨᠢ ᠬᠡᠯᠬᠢᠶᠡᠰᠦᠯᠡᠨ ᠬᠥᠭᠵᠢᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠬᠡᠷᠡᠭᠲᠡᠢ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠲᠡᠷᠢᠭᠦᠨ ᠤ ᠦᠢᠯᠡᠳᠬᠦ | ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠶᠢᠨ ᠭᠦᠨᠵᠡᠭᠡᠢ ᠠᠭᠤᠰᠤᠯᠴᠠᠯ ᠢ ᠶᠡᠭᠡ ᠪᠠᠷ | ᠠᠬᠢᠭᠤᠯᠵᠤ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠵᠠᠬᠢᠶᠠᠯᠠᠨ ᠬᠢᠯᠭᠡᠬᠦ ᠦᠢᠯᠡᠴᠢᠯᠡᠭᠡ᠂ ᠪᠠᠶᠢᠴᠠᠭᠠᠨ | ᠰᠢᠯᠭᠠᠵᠤ ᠬᠡᠮᠵᠢᠬᠦ᠂ ᠮᠡᠳᠡᠭᠡ ᠵᠠᠩᠭᠢ ᠶᠢᠨ ᠯᠠᠪᠯᠠᠭ᠎ᠠ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ | ᠢᠳᠡᠪᠬᠢᠲᠡᠢ ᠬᠥᠭᠵᠢᠭᠦᠯᠦᠨ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ ᠬᠥᠲᠥᠴᠢ ᠪᠣᠯᠬᠤ ᠨᠢᠷᠤᠭᠤᠪᠴᠢ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠪᠠᠷ ᠬᠦᠴᠦᠯᠡᠵᠦ᠂ ᠦᠢᠯᠡᠴᠢᠯᠡᠭᠡᠨ ᠤ ᠦᠢᠯᠡᠰ ᠤᠨ | ᠨᠢᠭᠡ ᠪᠦᠯᠦᠭ ᠨᠡᠷ᠎ᠡ ᠠᠯᠳᠠᠷᠰᠢᠭᠰᠠᠨ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠶᠢ ᠵᠣᠷᠢᠭᠵᠢᠭᠤᠯᠤᠨ᠂ ᠣᠷᠣᠨ ᠤ | ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠥᠨᠳᠦᠷᠯᠢᠭ ᠢ ᠴᠣᠭᠴᠠᠯᠠᠬᠤ ᠶᠢ ᠨᠢ | ᠳᠡᠮᠵᠢᠵᠦ᠂ ᠬᠥᠯᠥᠨ ᠪᠦᠢᠷ ᠤᠨ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠢ ᠳᠠᠭᠠᠭᠠᠬᠤ ᠲᠤᠷᠰᠢᠯᠲᠠ ᠶᠢᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠨᠢ ᠳᠡᠮᠵᠢᠨ᠎ᠡ᠃ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ | ᠦᠢᠯᠡᠴᠢᠯᠡᠭᠡᠨ ᠤ ᠦᠢᠯᠡᠰ ᠰᠠᠷᠠᠭᠤᠯ ᠠᠭᠤᠳᠠᠮ ᠬᠡᠳᠦ ᠶᠢᠨ ᠲᠥᠯᠥᠪ ᠲᠠᠢ᠂ ᠵᠢᠱᠢᠭᠰᠡᠨ ᠢᠶᠠᠷ 2025 ᠣᠨ | ᠪᠣᠯᠬᠤ ᠳᠤ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.5 ᠳ᠋ᠦᠩᠰᠢᠭᠤᠷ ᠺᠢᠯᠣᠸᠠᠲ ᠲᠤ ᠬᠦᠷᠬᠦ | ᠪᠣᠯᠣᠨ᠎ᠠ᠂ ᠣᠶᠤᠨᠯᠢᠭ ᠢᠶᠠᠷ ᠪᠠᠶᠢᠴᠠᠭᠠᠨ ᠰᠡᠯᠪᠢᠬᠦ᠂ ᠨᠠᠷᠢᠯᠢᠭ ᠬᠠᠮᠢᠶᠠᠷᠤᠨ ᠡᠵᠡᠮᠳᠡᠬᠦ᠂ ᠲᠥᠬᠦᠭᠡᠷᠦᠮᠵᠢ ᠶᠢ | ᠰᠢᠯᠢᠳᠡᠭᠵᠢᠭᠦᠯᠬᠦ ᠵᠡᠷᠭᠡ ᠦᠢᠯᠡᠴᠢᠯᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠤᠰᠬᠠᠶᠢᠵᠢᠭᠰᠠᠨ | ᠦᠢᠯᠡᠴᠢᠯᠡᠭᠡᠨ ᠤ ᠬᠤᠳᠠᠯᠳᠤᠭᠠᠴᠢᠨ ᠢ ᠪᠤᠶᠢᠵᠢᠭᠤᠯᠵᠤ᠂ ᠪᠦᠬᠦ ᠤᠯᠤᠰ ᠤᠨ ᠰᠢᠨ᠎ᠡ ᠡᠨᠧᠷᠬᠢ ᠶᠢᠨ ᠠᠵᠢᠯᠯᠠᠭᠤᠯᠵᠤ | ᠬᠠᠮᠠᠭᠠᠯᠠᠬᠤ ᠠᠵᠤ ᠦᠢᠯᠡᠰ ᠤᠨ ︽ᠲᠦᠷᠦᠭᠦᠦ ᠬᠤᠨᠢ︾ ᠪᠣᠯᠬᠤ ᠪᠠᠷ ᠴᠢᠷᠮᠠᠶᠢᠬᠤ ᠬᠡᠷᠡᠭᠲᠡᠢ᠃ ᠪᠠᠷᠠᠭᠠᠨ ᠤ | ᠭᠦᠢᠯᠭᠡᠭᠡᠨ ᠤ ᠬᠦᠮᠦᠷᠭᠡᠯᠡᠯᠲᠡ ᠲᠡᠭᠡᠭᠡᠪᠦᠷᠢ ᠶᠢᠨ ᠦᠢᠯᠡᠰ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠮᠠᠨ ᠤ | ᠣᠷᠣᠨ ᠤ ᠭᠦᠢᠯᠭᠡᠭᠡᠨ ᠶᠡᠬᠡᠲᠡᠢ ᠲᠠᠸᠠᠷ ᠦᠢᠯᠡᠳᠪᠦᠷᠢᠯᠡᠬᠦ ᠣᠯᠠᠨ᠂ ᠶᠡᠭᠡ ᠪᠠᠷ ᠭᠠᠳᠠᠭᠰᠢ ᠭᠠᠷᠭᠠᠬᠤ ᠶᠡᠭᠡ ᠪᠠᠷ | ᠭᠠᠳᠠᠨ᠎ᠠ ᠠᠴᠠ ᠣᠷᠣᠭᠤᠯᠬᠤ ᠣᠯᠠᠨ᠂ ᠬᠤᠯᠠ ᠵᠠᠢ ᠪᠠᠷ ᠲᠡᠭᠡᠭᠡᠪᠦᠷᠢᠯᠡᠬᠦ ᠣᠯᠠᠨ ᠵᠡᠷᠭᠡ ᠪᠣᠳᠠᠲᠠᠢ ᠳᠤ ᠰᠠᠭᠤᠷᠢᠯᠠᠨ᠂ | ︽ᠨᠡᠪᠲᠡᠷᠡᠯ ᠵᠠᠮ + ᠵᠠᠩᠭᠢᠶᠠᠰᠤ + ᠲᠣᠣᠷ︾ ᠤᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ | ᠲᠠᠪᠴᠠᠩᠲᠤ ᠠᠵᠤ ᠠᠬᠤᠶᠢᠯᠠᠯ ᠢ ᠪᠤᠶᠢᠵᠢᠭᠤᠯᠵᠤ᠂ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠶᠢ | ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠨᠢ ᠪᠠᠭᠤᠷᠠᠭᠤᠯᠤᠨ᠂ ᠠᠵᠤ | ᠠᠬᠤᠶᠢᠯᠠᠯ ᠢ ᠲᠡᠳᠬᠦᠨ᠂ ᠡᠵᠡᠩᠨᠡᠯᠲᠡ ᠶᠢᠨ ᠪᠠᠶᠢᠳᠠᠯ ᠢ ᠨᠢ ᠬᠥᠭᠵᠢᠭᠦᠯᠬᠦ ᠮᠥᠷᠲᠡᠭᠡᠨ ᠠᠵᠢᠯ ᠣᠯᠭᠤᠯᠲᠠ ᠶᠢ | ᠳᠠᠶᠢᠴᠢᠯᠠᠨ᠂ ᠣᠷᠣᠯᠭ᠎ᠠ ᠶᠢ ᠨᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ | ᠠᠬᠤᠢ ᠶᠢᠨ ᠠᠮᠢᠨ ᠰᠤᠳᠠᠰᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ | ᠭᠦᠢᠯᠭᠡᠭᠡᠨ ᠤ ᠳᠠᠷᠬᠠᠨ ᠡᠭᠦᠷᠭᠡ ᠮᠥᠨ᠂ ᠮᠥᠩᠭᠦᠨ ᠭᠦᠢᠯᠭᠡᠭᠡᠨ ᠤ ᠦᠢᠯᠡᠰ ᠲᠤ ᠲᠣᠬᠢᠶᠠᠯᠳᠤᠭᠰᠠᠨ ᠴᠢᠬᠤᠯᠠ ᠶᠡᠭᠡ | ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ | ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠵᠢᠯᠲᠣ ᠮᠥᠩᠭᠦᠨ ᠭᠦᠢᠯᠭᠡᠭᠡ ᠲᠠᠪᠤᠨ ᠲᠣᠮᠣ | ᠲᠦᠷᠦᠯ ᠢ ᠬᠦᠴᠦ ᠣᠷᠣᠭᠤᠯᠤᠨ ᠰᠠᠶᠢᠲᠤᠷ ᠬᠢᠵᠦ᠂ ᠲᠦᠷᠦᠯ ᠵᠦᠢᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ | ᠤᠯᠠᠮ ᠨᠢᠭᠡ ᠠᠯᠬᠤᠮ ᠰᠢᠯᠤᠭᠤᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠳᠡᠮᠵᠢᠬᠦ ᠡᠷᠴᠢᠮ ᠢ ᠨᠢ | ᠴᠢᠩᠭᠠᠷᠠᠭᠤᠯᠵᠤ᠂ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠴᠢᠳᠠᠮᠵᠢ ᠶᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ᠬᠦᠬᠡᠬᠤᠲᠠ ᠶᠢᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ | ᠲᠥᠪ ᠢ ᠬᠦᠴᠦᠨ ᠢᠶᠠᠨ ᠲᠥᠪᠯᠡᠷᠡᠭᠦᠯᠦᠨ ᠴᠣᠭᠴᠠᠯᠠᠵᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ | ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠢ ᠣᠯᠠᠨ ᠳᠡᠰ | ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠯᠦᠭᠡ ᠵᠠᠯᠭᠠᠯᠳᠤᠭᠤᠯᠬᠤ ᠪᠠ ᠣᠯᠠᠨ ᠡᠰᠢᠵᠢᠭᠰᠡᠨ ᠪᠡᠯᠡ | ᠲᠣᠬᠢᠷᠠᠭᠤᠯᠬᠤ ᠠᠵᠢᠯ ᠥᠷᠨᠢᠭᠦᠯᠬᠦ ᠶᠢ ᠨᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠥᠩᠭᠦᠨ ᠭᠦᠢᠯᠭᠡᠭᠡᠨ ᠤ ᠡᠬᠢ | ᠪᠠᠶᠠᠯᠢᠭ ᠢ ᠳᠦᠬᠦᠷᠵᠢᠭᠦᠯᠦᠨ ᠲᠣᠬᠢᠷᠠᠭᠤᠯᠬᠤ ᠠᠰᠢᠭᠯᠠᠮᠵᠢ ᠪᠣᠯᠣᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠮᠥᠩᠭᠦᠨ | ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠭᠡᠭᠡᠯᠲᠡ ᠬᠢᠬᠦ ᠶᠢ | ᠥᠷᠭᠡᠳᠬᠡᠨ᠎ᠡ ᠃ ᠣᠳᠣᠬᠢ ᠥᠪᠥᠷ ᠮᠣᠩᠭᠤᠯ ᠳᠤ ᠠᠪᠴᠤ ᠬᠡᠯᠡᠪᠡᠯ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ | ᠴᠢᠯᠦᠭᠡᠯᠡᠬᠦ᠂ ᠥᠭᠡᠷᠡᠴᠢᠯᠡᠯᠲᠡ ᠨᠡᠭᠡᠭᠡᠯᠲᠡ ᠬᠢᠬᠦ ᠪᠠ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ᠂ ᠨᠡᠶᠢᠭᠡᠮ ᠤᠨ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠬᠦ ᠶᠢ ᠥᠩᠭᠡᠷᠡᠭᠰᠡᠨ ᠤ ᠠᠯᠢ ᠴᠤ ᠴᠠᠭ | ᠦᠶ᠎ᠡ ᠠᠴᠠ ᠢᠯᠡᠭᠦᠦ ᠲᠤᠯᠭᠠᠮ ᠱᠠᠭᠠᠷᠳᠠᠵᠤ ᠪᠠᠶᠢᠨ᠎ᠠ᠃ | ᠦᠵᠡᠯᠲᠡ ᠪᠠᠨ ᠬᠤᠪᠢᠷᠠᠭᠤᠯᠬᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ | ᠵᠣᠷᠢᠭᠲᠠᠢ ᠬᠢᠵᠦ ᠠᠵᠢᠯᠯᠠᠬᠤ ᠬᠡᠷᠡᠭᠲᠡᠢ᠃ ᠣᠳᠣ ᠮᠠᠨ ᠤ ᠣᠷᠣᠨ ᠤ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ | ᠪᠠᠶᠢᠵᠤ᠂ ᠨᠡᠶᠢᠭᠡᠮ ᠳᠠᠶᠠᠭᠠᠷ ᠤᠨ ᠴᠥᠭᠡᠨ ᠪᠤᠰᠤ ᠮᠠᠭᠲᠠᠭᠠᠯ ᠰᠠᠶᠢᠰᠢᠶᠠᠯ ᠢ ᠣᠯᠪᠠ᠂ ᠭᠡᠪᠡᠴᠦ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠬᠤ ᠭᠡᠪᠡᠯ ᠡᠷᠬᠡᠪᠰᠢ ᠦᠵᠡᠯᠲᠡ ᠪᠠᠨ ᠬᠤᠪᠢᠷᠠᠭᠤᠯᠬᠤ ᠲᠠᠯ᠎ᠠ ᠪᠠᠷ ᠪᠠᠰᠠ | ᠬᠦᠴᠦ ᠣᠷᠤᠭᠤᠯᠬᠤ ᠬᠡᠷᠡᠭᠲᠡᠢ᠃ ᠪᠦᠬᠦ ᠤᠯᠤᠰ ᠤᠨ ᠲᠡᠷᠢᠭᠦᠨ ᠤ ᠬᠢ ᠲᠠᠢ ᠵᠣᠷᠢᠭᠲᠠᠢ ᠪᠠᠷ ᠬᠠᠷᠢᠴᠠᠭᠤᠯᠵᠤ᠂ | ᠵᠣᠷᠢᠭᠲᠠᠢ ᠰᠤᠷᠤᠯᠴᠠᠨ ᠲᠣᠯᠢᠳᠠᠵᠤ᠂ ᠬᠥᠭᠵᠢᠭᠰᠡᠨ ᠭᠠᠵᠠᠷ ᠣᠷᠣᠨ ᠤ ᠬᠢᠨ ᠬᠢᠵᠦ ᠳᠡᠶᠢᠯᠬᠦ ᠪᠦᠬᠦᠨ ᠢ ᠪᠢᠳᠡ ᠪᠠᠰᠠ | ᠬᠢᠵᠦ ᠳᠡᠶᠢᠯᠬᠦ ᠶᠣᠰᠣᠲᠠᠢ᠂ ᠣᠷᠣᠨ ᠳᠠᠶᠠᠭᠠᠷ ᠢᠶᠠᠨ ᠬᠦᠴᠦ ᠪᠠᠨ ᠬᠠᠮᠲᠤᠳᠬᠠᠨ᠂ ︽ᠪᠡᠯᠡ ᠣᠷᠣᠭᠤᠯᠤᠯᠲᠠ ᠶᠢᠨ | ᠥᠪᠥᠷ ᠮᠣᠩᠭᠤᠯ︾ ᠨᠡᠷᠡᠲᠦ ᠲᠡᠮᠳᠡᠭ ᠢ ᠬᠠᠮᠲᠤ ᠪᠠᠷ ᠴᠢᠷᠮᠠᠶᠢᠨ ᠠᠯᠳᠠᠷᠰᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠠᠴᠠ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠤᠷᠠᠳᠴᠤ᠂ ᠡᠯ᠎ᠡ | ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠶᠢ ᠡᠷᠬᠢᠮᠯᠡᠨ᠂ ᠬᠡᠯᠡᠭᠰᠡᠨ ᠳᠤ ᠪᠠᠨ ᠰᠠᠭᠤᠵᠤ᠂ | ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠳᠤ ᠠᠮᠠᠯᠳᠠᠭᠰᠠᠨ ᠵᠦᠢᠯ ᠢᠶᠠᠨ ᠡᠰᠡ ᠪᠡᠶᠡᠯᠡᠭᠦᠯᠬᠦ᠂ ᠠᠵᠤ | ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠪᠠᠨ ᠡᠰᠡ ᠪᠣᠳᠠᠲᠠᠶᠢᠵᠢᠭᠤᠯᠬᠤ ᠵᠡᠷᠭᠡ ᠦᠢᠯᠡ | ᠠᠵᠢᠯᠯᠠᠭ᠎ᠠ ᠶᠢ ᠡᠷᠡᠰ ᠵᠠᠰᠠᠵᠤ ᠵᠠᠯᠠᠷᠠᠭᠤᠯᠤᠨ᠂ ᠥᠪᠥᠷ ᠮᠣᠩᠭᠤᠯ ᠳᠤ ᠠᠵᠢᠯ ᠶᠠᠪᠤᠳᠠᠯ ᠭᠦᠢᠴᠡᠳᠬᠡᠬᠦ ᠳᠤ | ︽ᠳᠦᠷᠢᠮ ᠢ ᠦᠨᠳᠦᠰᠦᠯᠡᠬᠦ ᠠᠴᠠ ᠪᠢᠰᠢ ᠬᠠᠷᠢᠴᠠᠭ᠎ᠠ ᠳᠤ ᠲᠦᠰᠢᠭᠯᠡᠬᠦ ᠦᠭᠡᠢ︾ ᠨᠡᠶᠢᠭᠡᠮ ᠤᠨ ᠣᠷᠴᠢᠨ ᠠᠬᠤᠢ ᠲᠠᠢ᠂ | ᠲᠦᠷᠦᠯ ᠵᠦᠢᠯ ᠣᠷᠤᠭᠤᠯᠬᠤ ᠳᠤ ︽ᠠᠮᠠᠯᠠᠯᠲᠠ ᠶᠢᠨ ᠳᠦᠷᠢᠮ + ᠪᠦᠬᠦᠨ ᠢ ᠣᠷᠣᠯᠠᠨ ᠭᠦᠢᠴᠡᠳᠬᠡᠬᠦ︾ ᠰᠢᠯᠢᠳᠡᠭ | ᠦᠢᠯᠡᠴᠢᠯᠡᠭᠡ ᠲᠠᠢ᠂ ︽ᠰᠢᠨ᠎ᠡ ᠲᠤᠰᠢᠶᠠᠯᠲᠠᠨ ᠨᠢ ᠴᠦ ᠬᠠᠭᠤᠴᠢᠨ ᠳᠠᠩᠰᠠ ᠶᠢ ᠬᠠᠮᠢᠶᠠᠷᠬᠤ︾ ᠢᠷᠡᠭᠡᠳᠦᠢ ᠶᠢᠨ | ᠲᠣᠭᠲᠠᠭᠤᠨ ᠵᠢᠱᠢᠯᠲᠡ ᠲᠠᠢ ᠪᠣᠯᠭᠠᠵᠤ᠂ ᠬᠤᠳᠠᠯᠳᠤᠭᠠᠴᠢᠨ ᠢ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ | ᠳᠣᠲᠣᠨᠣᠴᠢᠯᠠᠬᠤ ᠬᠤᠳᠠᠯᠳᠤᠭᠠᠴᠢᠨ ᠢ ᠪᠠᠶᠠᠵᠢᠭᠤᠯᠬᠤ ᠶᠢ ᠤᠮᠠᠷᠠᠲᠤ ᠬᠢᠯᠢ ᠣᠷᠣᠨ ᠳᠤ ᠠᠮᠢᠳᠤᠯᠢᠭ ᠪᠣᠳᠠᠲᠤ ᠠᠬᠤᠢ | ᠪᠣᠯᠭᠠᠨ᠎ᠠ᠃ ᠵᠠᠰᠠᠭ ᠤᠨ ᠣᠷᠳᠣᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠪᠠᠷᠯᠠᠯ ᠤᠨ ᠲᠥᠰᠥᠯ ᠢ ᠨᠡᠶᠢᠲᠡᠯᠡᠵᠦ᠂ | ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ | ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢᠨ 13 ᠢᠵᠢ ᠦᠢᠯᠡᠴᠢᠯᠡᠭᠡ ᠭᠠᠷᠭᠠᠵᠤ᠂ ︽ᠪᠦᠬᠦ | ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 150 ᠵᠦᠢᠯ | ᠰᠢᠨ᠎ᠡ ᠪᠠᠷ ᠨᠡᠮᠡᠭᠳᠡᠭᠦᠯᠦᠨ᠎ᠡ︔ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠲᠤᠬᠠᠶᠢᠯᠠᠭᠰᠠᠨ ᠠᠵᠢᠯ ᠤᠨ ᠭᠤᠣᠯᠯᠠᠬᠤ ᠬᠦᠴᠦᠨ ᠪᠠ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠦᠴᠦᠨ ᠢ | ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠲᠤᠰᠬᠠᠶᠢᠵᠢᠭᠰᠠᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠥᠷᠨᠢᠩᠭᠦᠢ ᠪᠠᠷ ᠬᠥᠭᠵᠢᠬᠦ ᠶᠢ | ᠳᠡᠮᠵᠢᠬᠦ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ᠂ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠯᠢ ᠨᠢ ᠴᠦ | ᠭᠡᠰᠡᠨ ᠦᠭᠡᠢ᠂ ᠬᠦᠴᠢᠷᠳᠡᠯ ᠲᠤᠯᠭᠠᠷᠠᠪᠠᠯ ᠪᠢᠳᠡ ᠪᠦᠷ ᠴᠢᠳᠠᠯ ᠤᠨ ᠬᠢᠷᠢ ᠪᠠᠷ ᠢᠶᠠᠨ ᠬᠠᠪᠰᠤᠷᠴᠤ᠂ ᠠᠰᠠᠭᠤᠳᠠᠯ | ᠲᠣᠬᠢᠶᠠᠯᠳᠤᠪᠠᠯ ᠪᠢᠳᠡ ᠪᠦᠷ ᠦᠨᠡᠨ ᠪᠣᠳᠠᠲᠠᠢ ᠰᠢᠢᠳᠪᠦᠷᠢᠯᠡᠵᠦ ᠥᠭᠬᠦ ᠬᠡᠷᠡᠭᠲᠡᠢ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ | ᠥᠷᠨᠢᠭᠦᠯᠵᠦ᠂ ᠪᠤᠭᠤᠲᠤ ᠶᠢᠨ ᠪᠣᠯᠣᠳ ᠲᠡᠮᠦᠷ᠂ ᠴᠠᠬᠢᠯᠭᠠᠨ ᠬᠦᠴᠦᠨ᠂ ᠥᠪᠥᠷ ᠮᠣᠩᠭᠤᠯ ᠤᠨ ᠡᠨᠧᠷᠬᠢ᠂ ᠵᠠᠮ | ᠬᠠᠷᠢᠯᠴᠠᠭ᠎ᠠ᠂ ᠣᠢ ᠰᠢᠭᠤᠢ ᠶᠢᠨ ᠠᠵᠤ ᠦᠢᠯᠡᠳᠪᠦᠷᠢ᠂ ᠣᠯᠠᠨ ᠤᠯᠤᠰ ᠤᠨ ᠠᠷᠠᠯᠵᠢᠶ᠎ᠠ᠂ ᠣᠢ ᠰᠢᠭᠤᠢ ᠨᠤᠲᠤᠭ | ᠪᠡᠯᠴᠢᠭᠡᠷ᠂ ᠰᠣᠶᠣᠯ ᠵᠢᠭᠤᠯᠴᠢᠯᠠᠯ ᠵᠡᠷᠭᠡ ᠨᠢᠷᠤᠭᠤᠪᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ | ᠬᠦᠴᠦᠷᠬᠡᠭᠵᠢᠭᠦᠯᠬᠦ ᠶᠢ ᠠᠬᠢᠭᠤᠯᠵᠤ᠂ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ᠂ ᠨᠡᠭᠦᠷᠡᠰᠦᠨ ᠠᠭᠤᠷᠬᠠᠢ ᠶᠢᠨ | ᠬᠠᠶᠢᠨ ᠪᠠᠶᠢᠴᠠᠭᠠᠯᠲᠠ᠂ ᠥᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ | ᠪᠠᠶᠢᠭᠤᠯᠬᠤ ᠶᠢ ᠲᠦᠷᠭᠡᠳᠬᠡᠨ᠂ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠯᠳᠠᠭᠳᠠᠯ ᠲᠠᠢ ᠠᠵᠤ ᠠᠬᠤᠶᠢᠯᠠᠯ | ᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠵᠤ᠂ ᠨᠡᠩ ᠣᠯᠠᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠨ ᠥᠷᠢᠰᠦᠯᠳᠦᠬᠦ ᠬᠦᠴᠦᠨ ᠢ ᠨᠢ | ᠳᠡᠭᠡᠭᠰᠢᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠴᠢᠩ ᠰᠡᠳᠬᠢᠯ ᠠᠴᠠ ᠪᠠᠨ | ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ | ᠠᠳᠠᠯᠢᠬᠠᠨ ᠬᠠᠨᠳᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠠᠮᠤᠭ ᠤᠨ ᠥᠨᠳᠥᠷ ᠪᠠᠷᠢᠮᠵᠢᠶ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠬᠤᠳᠠᠯᠳᠤᠨ ᠠᠪᠬᠤ ᠳᠤ ᠪᠠᠨ ᠵᠣᠬᠢᠬᠤ ᠬᠠᠷᠢᠴᠠᠯ ᠤᠨ ᠲᠤᠭ᠎ᠠ | ᠨᠣᠷᠮ᠎ᠠ ᠶᠢ ᠲᠤᠰᠬᠠᠶᠢᠯᠠᠨ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠨ᠂ ᠥᠷᠢᠲᠦᠵᠦ ᠪᠠᠶᠢᠭ᠎ᠠ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠪᠠᠶᠢᠩᠭᠤᠵᠢᠭᠤᠯᠤᠭᠰᠠᠨ ᠲᠣᠭᠲᠠᠴᠠ | ᠪᠠᠶᠢᠭᠤᠯᠵᠤ ᠪᠠᠶᠢᠭᠠᠳ ᠲᠥᠯᠥᠵᠦ ᠳᠠᠭᠤᠰᠬᠠᠨ᠂ ᠤᠳᠠᠭᠠᠨ ᠥᠷᠢᠲᠦᠵᠦ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ | ᠪᠠᠶᠢᠭ᠎ᠠ ᠨᠢᠭᠡ ᠪᠦᠯᠦᠭ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠥᠪᠯᠡᠷᠡᠭᠦᠯᠦᠨ ᠢᠯᠭᠠᠷᠠᠭᠤᠯᠵᠤ᠂ | ᠮᠡᠷᠭᠡᠵᠢᠯ ᠢᠶᠠᠷ ᠰᠠᠶᠢᠨ᠂ ᠪᠦᠲᠦᠭᠡᠭᠳᠡᠬᠦᠨ ᠢᠶᠠᠷ ᠰᠠᠶᠢᠨ ᠠᠵᠤ ᠠᠬᠤᠶᠢᠯᠠᠯ ᠢ ᠣᠷᠣᠰᠢᠨ ᠲᠣᠭᠲᠠᠨᠢᠭᠤᠯᠵᠤ᠂ | ᠰᠠᠶᠢᠲᠤᠷ ᠡᠵᠡᠩᠨᠡᠭᠦᠯᠬᠦ ᠪᠠᠷ ᠴᠢᠷᠮᠠᠶᠢᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠶᠢ 30 ᠲᠦᠮᠡᠨ | ᠡᠷᠦᠬᠡ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ 4000 ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ | ᠨᠡᠭᠡᠭᠡᠯᠲᠡ ᠬᠢᠬᠦ ᠶᠢ ᠨᠡᠩ ᠰᠥᠰᠥ ᠵᠣᠷᠢᠭᠲᠠᠢ ᠪᠠᠷ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠨᠠᠢᠮᠠᠨ ᠵᠦᠢᠯ ᠤᠨ ᠠᠵᠢᠯᠯᠠᠭᠠᠨ ᠢᠶᠠᠷ ᠠᠵᠠ ᠳᠣᠬᠢᠶᠠᠯ ᠪᠣᠯᠭᠠᠵᠤ᠂ ᠳᠤᠮᠳᠠᠳᠤ ᠮᠣᠩᠭᠤᠯ | ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠨᠡᠩ ᠥᠷᠭᠡᠨ | ᠬᠡᠪᠴᠢᠶᠡᠨ ᠤ᠂ ᠨᠡᠩ ᠣᠯᠠᠨ ᠬᠦᠷᠢᠶ᠎ᠡ ᠴᠠᠷᠠᠭᠠᠨ ᠤ᠂ ᠨᠡᠩ ᠭᠦᠨ ᠳᠠᠪᠬᠤᠷᠭ᠎ᠠ ᠶᠢᠨ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠢ ᠡᠨᠡ ᠵᠢᠯ ᠤᠨ ᠨᠡᠭᠡᠭᠡᠯᠲᠡ ᠬᠢᠬᠦ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠳᠦᠷᠢᠮ ᠳᠤ | ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠶᠢᠨ | ᠵᠦᠢᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠭᠠᠷᠭᠠᠵᠤ᠂ | ᠡᠭᠦᠳᠦᠨ ᠪᠦᠲᠦᠭᠡᠬᠦ ᠠᠵᠢᠯ ᠦᠨᠡᠨ ᠪᠣᠳᠠᠲᠠᠢ ᠠᠬᠢᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠪᠠᠭᠲᠠᠭᠠᠮᠵᠢ ᠶᠢ ᠨᠢ ᠥᠷᠭᠡᠳᠬᠡᠨ | ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ᠂ ᠮᠠᠨᠵᠤᠤᠷ ᠡᠷᠢᠶᠡᠨ ᠬᠤᠲᠠ ᠶᠢᠨ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠴᠤᠪᠤᠭ᠎ᠠ ᠲᠡᠷᠭᠡᠨ ᠤ ᠰᠠᠭᠤᠷᠢᠨ ᠭᠠᠵᠠᠷ ᠪᠠ ᠬᠦᠬᠡᠬᠤᠲᠠ ᠤᠯᠠᠭᠠᠨᠴᠠᠪ ᠤᠨ ᠳᠤᠮᠳᠠᠳᠤ ᠡᠸᠦ᠋ᠷᠦᠫᠡ | ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠢ ᠲᠦᠷᠭᠡᠳᠬᠡᠨ ᠪᠠᠶᠢᠭᠤᠯᠵᠤ᠂ | ᠣᠶᠤᠨᠲᠤ ᠪᠣᠭᠤᠮᠲᠠ᠂ ᠣᠶᠤᠨᠲᠤ ᠬᠢᠯᠢ ᠶᠢᠨ ᠪᠣᠭᠤᠮᠲᠠ ᠶᠢ ᠴᠣᠭᠴᠠᠯᠠᠵᠤ᠂ ᠣᠷᠣᠨ ᠠᠴᠠ ᠡᠬᠢᠯᠡᠵᠦ ᠠᠶᠠᠯᠠᠬᠤ | ᠡᠭᠡᠯᠵᠢ ᠶᠢᠨ ᠴᠤᠪᠤᠭ᠎ᠠ ᠲᠡᠷᠭᠡᠨ ᠤ ᠶᠡᠷᠦᠩᠬᠡᠢ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠢ ᠬᠦᠴᠦ ᠣᠷᠣᠭᠤᠯᠤᠨ | ᠦᠷᠭᠦᠯᠵᠢᠯᠡᠨ ᠰᠢᠢᠳᠪᠦᠷᠢᠯᠡᠵᠦ᠂ ᠵᠡᠰ᠂ ᠲᠡᠮᠦᠷ᠂ ᠨᠡᠭᠦᠷᠡᠰᠦ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠵᠡᠷᠭᠡ | ᠭᠠᠳᠠᠭᠠᠳᠤ ᠠᠴᠠ ᠣᠷᠤᠭᠤᠯᠬᠤ ᠭᠤᠣᠯ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ | ᠢᠳᠡᠪᠬᠢᠲᠡᠢ ᠬᠥᠭᠵᠢᠭᠦᠯᠦᠨ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢᠶᠠᠷ | ᠵᠥᠪᠰᠢᠶᠡᠷᠡᠭᠳᠡᠬᠦ ᠶᠢ ᠠᠬᠢᠭᠤᠯᠵᠤ᠂ ᠮᠠᠨᠵᠤᠤᠷ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠰᠠᠭᠤᠷᠢᠰᠢᠭᠤᠯᠤᠨ ᠪᠣᠯᠪᠠᠰᠤᠷᠠᠭᠤᠯᠵᠤ ᠡᠳ᠋ᠰᠢᠭᠦᠯᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ | ᠳᠡᠮᠵᠢᠵᠦ᠂ ᠠᠯᠠᠱᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠶᠢ ᠨᠥᠭᠡᠴᠡᠯᠡᠨ ᠲᠣᠬᠢᠷᠠᠭᠤᠯᠬᠤ | ᠠᠷᠠᠯᠵᠢᠶᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠨ᠎ᠡ︔ ︽ᠥᠪᠥᠷ ᠮᠣᠩᠭᠤᠯ ᠤᠨ | ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ︽ᠥᠪᠥᠷ | ᠮᠣᠩᠭᠤᠯ ᠤᠨ ᠲᠠᠸᠠᠷ ᠬᠢᠯᠢ ᠠᠴᠠ ᠭᠠᠷᠬᠤ︾ ᠶᠢ ᠶᠡᠭᠡ ᠪᠠᠷ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | 2100 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 10% ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ ᠮᠠᠨ ᠤ ᠣᠷᠣᠨ ᠪᠣᠯ ᠬᠢᠯᠢ ᠳᠠᠭᠠᠤ ᠣᠷᠣᠨ ᠪᠣᠯᠪᠠᠴᠤ ᠳᠠᠯᠠᠢ ᠳᠠᠭᠠᠤ ᠣᠷᠣᠨ ᠪᠢᠰᠢ ᠪᠣᠯᠬᠤᠷ ᠨᠡᠩ | ᠥᠷᠭᠡᠨ ᠬᠡᠪᠴᠢᠶᠡᠨ ᠤ ᠨᠡᠭᠡᠭᠡᠯᠲᠡ ᠬᠢᠬᠦ ᠶᠢ ᠪᠡᠶᠡᠯᠡᠭᠦᠯᠬᠦ ᠭᠡᠪᠡᠯ ᠡᠷᠬᠡᠪᠰᠢ ᠤᠯᠤᠰ ᠤᠨ ᠳᠣᠲᠣᠭᠠᠳᠤ ᠶᠢᠨ ᠪᠤᠰᠤᠳ | ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ | ᠴᠣᠭᠴᠠᠵᠢᠭᠤᠯᠤᠭᠰᠠᠨ ᠬᠥᠭᠵᠢᠯᠲᠡ ᠶᠢ ᠲᠦᠷᠭᠡᠳᠬᠡᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠠᠨ ᠤ | ᠬᠥᠭᠵᠢᠯᠲᠡ ᠳᠤ ᠢᠳᠡᠪᠬᠢᠲᠡᠢ ᠠᠭᠤᠰᠤᠯᠴᠠᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠬᠤᠯᠪᠣᠯᠳᠤᠨ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠣᠨ | ᠭᠤᠸᠠᠩᠳᠦ᠋ᠩ ᠰᠢᠶᠠᠩᠭᠠᠩ ᠣᠣᠮᠧᠨ ᠲᠠᠢ ᠬᠥᠳᠡᠯᠦᠯᠴᠡᠬᠦ ᠪᠠᠨ ᠴᠢᠩᠭᠠᠳᠬᠠᠵᠤ᠂ ᠤᠯᠠᠭᠠᠨᠬᠠᠳᠠ ᠬᠢᠭᠡᠳ ᠵᠢᠨᠵᠧᠦ | ᠭᠠᠷᠠᠮ ᠤᠨ ᠭᠦᠨᠵᠡᠭᠡᠢ ᠬᠠᠮᠲᠤᠷᠠᠯᠴᠠᠭ᠎ᠠ ᠶᠢ ᠳᠡᠮᠵᠢᠵᠦ᠂ ᠡᠬᠡ ᠬᠠᠭᠤᠷᠠᠢ ᠪᠠ ᠭᠠᠷᠠᠮ ᠤᠨ ᠬᠤᠯᠪᠤᠭᠠᠯᠠᠨ | ᠬᠥᠳᠡᠯᠦᠯᠴᠡᠬᠦ ᠠᠵᠢᠯ ᠤᠨ ᠰᠢᠨ᠎ᠡ ᠠᠬᠢᠴᠠ ᠶᠢ ᠠᠬᠢᠭᠤᠯᠤᠨ᠎ᠠ᠃ | ︵ᠳᠤᠯᠤᠭ᠎ᠠ︶ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ | ᠪᠠᠶᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠡᠷᠬᠡᠪᠰᠢ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠵᠠᠬᠢᠪᠠ᠃ ᠪᠢᠳᠡ ᠪᠦᠬᠦ | ᠬᠦᠴᠦᠨ ᠵᠦᠢᠯ ᠪᠦᠬᠦ ᠲᠠᠯ᠎ᠠ ᠶᠢᠨ ᠠᠮᠢ ᠠᠬᠤᠢ ᠶᠢᠨ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠣᠢ ᠪᠣᠯᠭᠠᠵᠤ᠂ | ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠦᠵᠡᠰᠬᠦᠯᠡᠩᠲᠦ | ᠳᠤᠮᠳᠠᠳᠤ ᠤᠯᠤᠰ ᠤᠨ ᠬᠤᠰᠢᠭᠤᠴᠢ ᠣᠷᠣᠨ ᠢ ᠴᠢᠷᠮᠠᠶᠢᠨ ᠴᠣᠭᠴᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ | ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠨᠡᠩ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ | ᠭᠤᠣᠯ ᠬᠦᠴᠦᠨ ᠪᠥᠭᠡᠳ ᠬᠤᠰᠢᠭᠤᠴᠢ ᠪᠣᠯᠬᠤ ᠣᠪᠣᠷ ᠪᠠᠶᠢᠳᠠᠯ ᠢᠶᠠᠷ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ ᠡᠷᠲᠡ ᠠᠴᠠ | ᠭᠠᠷᠳᠠᠵᠤ ᠡᠷᠲᠡᠬᠡᠨ ᠪᠠᠶᠢᠷᠢᠯᠠᠭᠤᠯᠵᠤ᠂ ᠬᠠᠪᠤᠷ ᠰᠠᠭᠠᠲᠠᠮᠠᠭᠴᠠ ᠬᠥᠳᠡᠯᠦᠯᠴᠡᠵᠦ᠂ ᠵᠢᠯ ᠤᠨ ᠳᠣᠲᠣᠷ᠎ᠠ ᠬᠠᠲᠤᠨ | ᠭᠤᠣᠯ ᠤᠨ ︽ᠶᠡᠭᠡ ᠲᠣᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ 758 ᠲᠦᠮᠡᠨ ᠮᠦ᠂ ᠬᠤᠷᠴᠢᠨ ᠪᠠ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ 549 ᠲᠦᠮᠡᠨ ᠮᠦ᠂ | ᠾᠧᠰᠢ ᠶᠢᠨ ᠬᠤᠩᠭᠢᠯ— ᠲᠠᠺᠯᠢᠮᠠᠺᠠᠨ ᠡᠯᠡᠰᠦᠨ ᠴᠦᠯ ᠤᠨ ᠬᠦᠪᠡᠭᠡ ᠵᠠᠬ᠎ᠠ ᠶᠢᠨ ᠬᠤᠷᠢᠭᠯᠠᠯᠲᠠ ᠶᠢᠨ | ᠳᠠᠶᠢᠯᠠᠯᠳᠤᠭᠠᠨ ᠢ 131 ᠲᠦᠮᠡᠨ ᠮᠦ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠬᠥᠪᠴᠢ ᠶᠢᠨ ᠵᠠᠭᠪᠤᠷ᠂ ᠳ᠋ᠧᠩᠺᠧᠥ ᠶᠢᠨ ᠵᠠᠭᠪᠤᠷ ᠢ ᠢᠳᠡᠪᠬᠢᠲᠡᠢ ᠪᠠᠷ | ᠳᠡᠯᠭᠡᠷᠡᠭᠦᠯᠦᠨ᠂ ᠣᠷᠳᠣᠰ ᠤᠨ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ︾ ᠪᠠᠶᠢᠭᠤᠯᠬᠤ ᠶᠢ ᠨᠢ ᠳᠡᠮᠵᠢᠵᠦ᠂ | ᠲᠠᠷᠢᠶᠠᠯᠠᠩ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ᠂ ᠮᠠᠯ ᠠᠵᠤ ᠠᠬᠤᠢ ᠭᠡᠷᠡᠯᠴᠢ ᠴᠡᠨᠡᠭ ᠤᠨ ᠬᠠᠷᠢᠯᠴᠠᠨ | ᠨᠥᠬᠦᠪᠦᠷᠢᠯᠡᠬᠦ ᠶᠢ ᠠᠬᠢᠭᠤᠯᠵᠤ᠂ ᠡᠯᠡᠰᠦ ᠶᠢ ᠵᠠᠰᠠᠭᠰᠠᠨ ᠪᠥᠭᠡᠳ ᠪᠣᠬᠢᠷᠳᠤᠯ ᠦᠭᠡᠢ ᠴᠠᠬᠢᠯᠭᠠᠨ ᠭᠠᠷᠭᠠᠵᠤ ᠪᠠᠰᠠ | ᠣᠯᠠᠨ ᠲᠦᠮᠡᠨ ᠤ ᠣᠷᠣᠯᠭ᠎ᠠ ᠶᠢ ᠨᠢ ᠨᠡᠮᠡᠭᠳᠡᠭᠦᠯᠵᠦ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠭᠤᠷᠪᠠ ᠳᠤ | ᠴᠥᠮ ︽ᠠᠰᠢᠭ ᠬᠦᠷᠲᠡᠭᠡᠬᠦ︾ ᠶᠢ ᠪᠡᠶᠡᠯᠡᠭᠦᠯᠦᠨ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠡᠭᠦᠳᠦᠨ᠎ᠡ᠃ | ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠨ᠎ᠡ᠃ ᠬᠠᠲᠤᠨ ᠭᠤᠣᠯ ᠤᠨ ᠥᠪᠥᠷ ᠮᠣᠩᠭᠤᠯ ᠢᠶᠠᠷ ᠤᠷᠤᠰᠤᠨ ᠥᠩᠭᠡᠷᠡᠬᠦ 843.5 | ᠺᠢᠯᠣᠮᠧᠳ᠋ᠷ ᠤᠨ ᠪᠦᠬᠦ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠡᠵᠢ ᠭᠤᠣᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠬᠦᠬᠡᠬᠤᠲᠠ ᠪᠤᠭᠤᠲᠤ | ᠣᠷᠳᠣᠰ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠵᠤ᠂ ︽ᠬᠥᠯᠥᠨ ᠨᠠᠭᠤᠷ ᠳᠠᠭ᠎ᠠ ᠶᠢᠨ ᠨᠠᠭᠤᠷ | ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ | ᠤᠰᠤᠨ ᠴᠦᠬᠦᠷᠦᠮ ᠤᠨ ᠨᠦᠯᠦᠮᠡᠯ ᠰᠢᠪᠠᠷ ᠢ ᠠᠷᠢᠯᠭᠠᠨ ᠴᠡᠪᠡᠷᠯᠡᠬᠦ ᠲᠤᠷᠰᠢᠯᠲᠠ ᠶᠢ ᠡᠬᠢᠯᠡᠭᠦᠯᠦᠨ᠂ ᠠᠭᠤᠷᠬᠠᠢ ᠶᠢᠨ | ᠣᠷᠣᠨ ᠤ ᠠᠮᠢ ᠠᠬᠤᠢ ᠶᠢ ᠰᠡᠷᠭᠦᠭᠡᠬᠦ ᠠᠵᠢᠯ ᠢ ᠰᠠᠶᠢᠲᠤᠷ ᠠᠳᠬᠤᠵᠤ᠂ ᠨᠡᠩ ᠣᠯᠠᠨ ᠪᠣᠬᠢᠷᠳᠤᠯ ᠦᠭᠡᠢ | ᠠᠭᠤᠷᠬᠠᠢ ᠶᠢ ᠪᠦᠲᠦᠭᠡᠨ ᠪᠠᠶᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠶᠡᠭᠡ ᠪᠠᠷ ᠠᠬᠢᠭᠤᠯᠤᠨ᠎ᠠ᠃ ︽ᠲᠠᠪᠤ ᠶᠢ | ᠲᠦᠢᠯᠪᠤᠷᠢᠲᠠᠢ ᠰᠢᠢᠳᠪᠦᠷᠢᠯᠡᠬᠦ︾ ᠶᠢ ᠭᠦᠨᠵᠡᠭᠡᠶᠢᠷᠡᠭᠦᠯᠦᠨ ᠥᠷᠭᠡᠳᠬᠡᠵᠦ᠂ ᠵᠥᠪᠰᠢᠶᠡᠷᠡᠭᠰᠡᠨ ᠪᠠᠶᠢᠲᠠᠯ᠎ᠠ | ᠬᠠᠩᠭᠠᠭᠠᠳᠤᠢ 14.6 ᠲᠦᠮᠡᠨ ᠮᠦ ᠭᠠᠵᠠᠷ ᠰᠢᠷᠣᠢ᠂ ᠰᠤᠯᠠ ᠲᠠᠯᠪᠢᠭᠳᠠᠵᠤ ᠪᠠᠶᠢᠭ᠎ᠠ 1.2 ᠲᠦᠮᠡᠨ ᠮᠦ ᠭᠠᠵᠠᠷ | ᠰᠢᠷᠣᠢ ᠶᠢ ᠰᠢᠩᠭᠡᠬᠡᠨ ᠰᠢᠢᠳᠪᠦᠷᠢᠯᠡᠨ᠎ᠡ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢ ᠠᠬᠢᠭᠤᠯᠵᠤ᠂ ᠲᠤᠷᠰᠢᠯᠲᠠ ᠶᠢᠨ ᠴᠡᠭ ᠪᠣᠯᠬᠤ ᠬᠤᠰᠢᠭᠤ ᠰᠢᠶᠠᠨ ᠤ ᠪᠠᠶᠢᠭᠠᠯᠢᠯᠢᠭ | ᠨᠤᠲᠤᠭ ᠪᠡᠯᠴᠢᠭᠡᠷ ᠤᠨ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠶᠢ | 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠪᠣᠯ ᠮᠠᠨ ᠤ | ᠣᠷᠣᠨ ᠤ ᠬᠥᠭᠵᠢᠯᠲᠡ ᠶᠢᠨ ᠬᠠᠮᠤᠭ ᠤᠨ ᠬᠠᠲᠠᠭᠤ ᠬᠢᠵᠠᠭᠠᠷᠯᠠᠯ ᠪᠣᠯᠣᠨ᠎ᠠ᠂ ︽ᠨᠢᠭᠡ ᠠᠶᠢᠮᠠᠭ ︵ᠬᠤᠲᠠ︶ ᠲᠤ | ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ︾ ᠰᠢᠨᠵᠢᠯᠡᠬᠦ ᠤᠬᠠᠭᠠᠨᠴᠢ ᠪᠠᠷ ᠤᠰᠤ ᠠᠷᠪᠢᠯᠠᠬᠤ ᠶᠢ ᠠᠬᠢᠭᠤᠯᠵᠤ᠂ | ᠲᠠᠷᠢᠶᠠᠯᠠᠩ ᠠᠵᠤ ᠦᠢᠯᠡᠳᠪᠦᠷᠢ ᠪᠠ ᠬᠤᠲᠠ ᠪᠠᠯᠭᠠᠰᠤᠨ ᠤ ᠤᠰᠤ ᠠᠷᠪᠢᠯᠠᠬᠤ ᠶᠢ ᠲᠦᠷᠦᠯ ᠠᠩᠭᠢᠯᠠᠨ ᠰᠠᠶᠢᠲᠤᠷ | ᠠᠳᠬᠤᠵᠤ᠂ ︽ᠬᠤᠭᠤᠰᠤᠨ ᠭᠠᠵᠠᠷ ᠢ ᠤᠰᠤᠯᠠᠬᠤ︾᠂ ︽ᠨᠡᠯᠦ᠋ᠢᠲᠡᠯ᠎ᠡ ᠤᠰᠤᠯᠠᠬᠤ︾ ᠵᠡᠷᠭᠡ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠩᠯᠢᠶᠣᠣ ᠪᠠᠶᠠᠨᠨᠠᠭᠤᠷ ᠤᠨ ᠣᠳᠣ ᠦᠶ᠎ᠡ ᠶᠢᠨ ᠤᠰᠤ ᠠᠷᠪᠢᠯᠠᠬᠤ ᠥᠨᠳᠥᠷ | ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢ ᠨᠢ ᠳᠡᠮᠵᠢᠨ᠎ᠡ᠃ ︽ᠬᠠᠶᠠᠭᠳᠠᠮᠠᠯ ᠢ | ᠬᠡᠷᠡᠭᠴᠡᠭᠡ ᠲᠠᠢ ᠵᠦᠢᠯ ᠪᠣᠯᠭᠠᠨ ᠠᠰᠢᠭᠯᠠᠬᠤ︾ ᠲᠠᠯ᠎ᠠ ᠪᠠᠷ ᠮᠠᠨ ᠤ ᠣᠷᠣᠨ ᠮᠠᠰᠢ ᠣᠯᠠᠨ ᠠᠵᠢᠯ ᠬᠢᠵᠦ ᠪᠣᠯᠣᠨ᠎ᠠ᠂ | ᠨᠢᠭᠡ ᠲᠠᠯ᠎ᠠ ᠪᠠᠷ ᠨᠤᠨᠳᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ ᠵᠡᠷᠭᠡ ᠶᠡᠭᠡ ᠬᠡᠮᠵᠢᠶᠡᠨ ᠤ ᠤᠯᠠᠮᠵᠢᠯᠠᠯᠲᠤ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠤᠯᠠᠷᠢᠭᠤᠯᠤᠨ ᠠᠰᠢᠭᠯᠠᠬᠤ ᠶᠢ ᠠᠳᠬᠤᠵᠤ᠂ ᠨᠥᠭᠦᠭᠡ | ᠲᠠᠯ᠎ᠠ ᠪᠠᠷ ᠴᠢᠳᠠᠮᠵᠢ ᠨᠢ ᠪᠠᠭᠤᠷᠠᠭᠰᠠᠨ ᠳ᠋ᠢᠶᠠᠨ ᡂᠢ᠂ ᠭᠡᠷᠡᠯᠴᠢ ᠴᠡᠨᠡᠭ ᠤᠨ ᠲᠣᠨᠣᠭᠯᠠᠯ᠂ ᠰᠠᠯᠬᠢᠨ ᠬᠦᠴᠦ ᠪᠠᠷ | ᠴᠠᠬᠢᠯᠭᠠᠨ ᠭᠠᠷᠭᠠᠬᠤ ᠮᠠᠰᠢᠨ ᠪᠦᠯᠦᠭ ᠵᠡᠷᠭᠡ ᠰᠢᠨ᠎ᠡ ᠬᠡᠯᠪᠡᠷᠢ ᠪᠦᠬᠦᠢ ᠬᠠᠶᠠᠭᠳᠠᠮᠠᠯ ᠪᠣᠳᠠᠰ ᠢ ᠡᠷᠭᠢᠯᠳᠦᠭᠦᠯᠦᠨ | ᠠᠰᠢᠭᠯᠠᠬᠤ ᠶᠢ ᠠᠳᠬᠤᠵᠤ᠂ ᠪᠤᠭᠤᠲᠤ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠴᠢᠳᠠᠮᠵᠢ ᠨᠢ ᠪᠠᠭᠤᠷᠠᠭᠰᠠᠨ | ᠲᠤᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠶᠢᠨ ᠵᠢᠱᠢᠶ᠎ᠡ ᠦᠵᠡᠭᠦᠯᠬᠦ ᠣᠷᠣᠨ᠂ | ᠣᠷᠳᠣᠰ ᠤᠨ ᠨᠤᠨᠳᠠᠭ ᠨᠡᠭᠦᠷᠡᠰᠦᠨ ᠦᠨᠡᠰᠦ ᠠᠴᠠ ᠰᠠᠯᠭᠠᠨ ᠠᠪᠤᠭᠰᠠᠨ ᠢᠰᠦᠯᠳᠦᠭᠰᠡᠨ ᠬᠥᠩᠭᠡᠨᠴᠠᠭᠠᠨ ᠢ | ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ᠂ ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠬᠦ | ᠬᠡᠷᠡᠭᠲᠡᠢ᠃ ᠤᠯᠤᠰ ᠤᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠠᠴᠠ | ᠪᠠᠭᠤᠷᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠂ ᠡᠨᠧᠷᠬᠢ ᠶᠢᠨ ᠰᠠᠭᠤᠷᠢ | ᠪᠡᠯᠡᠳᠬᠡᠮᠵᠢ᠂ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠪᠠᠷ ᠥᠭᠡᠷᠡᠴᠢᠯᠡᠨ ᠰᠢᠨᠡᠳᠬᠡᠬᠦ᠂ | ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠣᠯᠳᠠᠯᠭ᠎ᠠ ᠲᠠᠢ | ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ︽ᠰᠠᠶᠢᠨ | ᠠᠷᠠᠯᠵᠢᠶ᠎ᠠ︾ ᠶᠢ ᠶᠡᠭᠡ ᠪᠠᠷ ᠬᠥᠭᠵᠢᠭᠦᠯᠬᠦ ᠪᠠᠷ ᠴᠢᠷᠮᠠᠶᠢᠨ᠎ᠠ᠂ ᠤᠢ ᠰᠢᠭᠤᠢ ᠨᠤᠲᠤᠭ ᠪᠡᠯᠴᠢᠭᠡᠷ ᠤᠨ | ᠨᠡᠭᠦᠷᠡᠰᠦᠳᠦ᠋ᠷᠦᠭᠴᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ | ᠤᠯᠤᠰ ᠤᠨ ᠨᠡᠭᠦᠷᠡᠰᠦᠳᠦ᠋ᠷᠦᠭᠴᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠪᠠᠷ | ᠣᠷᠣᠯᠴᠠᠨ᠂ ᠬᠥᠯᠥᠨ ᠪᠦᠢᠷ᠂ ᠬᠢᠩᠭᠠᠨ ᠠᠶᠢᠮᠠᠭ᠂ ᠤᠯᠠᠭᠠᠨᠬᠠᠳᠠ ᠵᠡᠷᠭᠡ ᠭᠠᠵᠠᠷ ᠤᠨ ᠠᠮᠢ ᠠᠬᠤᠢ ᠶᠢᠨ | ᠪᠦᠲᠦᠭᠡᠭᠳᠡᠬᠦᠨ ᠤ ᠦᠨ᠎ᠡ ᠥᠷᠲᠡᠭ ᠤᠨ ᠪᠡᠶᠡᠯᠡᠭᠳᠡᠯ ᠤᠨ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠵᠦ᠂ | ᠠᠭᠤᠳᠠᠮ ᠲᠡᠨᠢᠭᠡᠷ ᠲᠠᠯ᠎ᠠ ᠨᠤᠲᠤᠭ᠂ ᠢᠭᠴᠤ ᠰᠠᠬᠤᠯᠢᠭ ᠣᠢ ᠰᠢᠭᠤᠢ᠂ ᠨᠡᠯᠦ᠋ᠢᠮᠡ ᠶᠡᠭᠡ ᠨᠤᠭᠤ ᠭᠠᠵᠠᠷ ᠠᠴᠠ | ᠨᠡᠩ ᠣᠯᠠᠨ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ᠰᠢᠯᠢᠳᠡᠭ ᠪᠦᠲᠦᠭᠡᠭᠳᠡᠬᠦᠨ ᠤᠯᠠᠷᠢᠭᠤᠯᠤᠨ ᠭᠠᠷᠭᠠᠨ᠎ᠠ᠃ | ︵ᠨᠠᠢᠮᠠ︶ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ | ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ 60 ᠵᠤᠷᠪᠤᠰ ᠢ ᠪᠣᠳᠠᠲᠠᠶᠢᠵᠢᠭᠤᠯᠬᠤ ᠶᠢ ᠳᠡᠮᠵᠢᠵᠦ᠂ ᠬᠦᠬᠡᠬᠤᠲᠠ | ᠪᠤᠭᠤᠲᠤ ᠶᠢ ᠨᠢᠭᠡ ᠬᠤᠲᠠᠵᠢᠭᠤᠯᠬᠤ ᠪᠠᠷ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠵᠤ | ᠲᠦᠷᠭᠡᠳᠬᠡᠨ ᠬᠥᠭᠵᠢᠭᠦᠯᠬᠦ ᠶᠢ ᠳᠠᠶᠢᠴᠢᠯᠠᠵᠤ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠦᠨᠡᠨ ᠬᠦ | ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ︽ᠪᠤᠬ᠎ᠠ | ᠲᠡᠷᠭᠡ︾ ᠪᠣᠯᠭᠠᠨ᠎ᠠ᠃ ᠬᠦᠬᠡᠬᠤᠲᠠ ᠣᠷᠣᠨ ᠤ ᠲᠥᠪ ᠪᠣᠯᠤᠭᠰᠠᠨ ᠤ ᠬᠤᠪᠢ ᠳᠤ᠂ ᠦᠨᠡᠨ ᠬᠦ | ︽ᠬᠦᠴᠦᠷᠬᠡᠭᠵᠢᠨ︾᠂ ︽ᠲᠥᠪᠯᠡᠨ ᠲᠡᠷᠢᠭᠦᠯᠡᠵᠦ︾᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠰᠠᠭᠤᠷᠢᠨ ᠭᠠᠵᠠᠷ ᠢ ᠴᠣᠭᠴᠠᠯᠠᠵᠤ᠂ | ︽ᠳᠡᠯᠡᠬᠡᠢ ᠶᠢᠨ ᠰᠦ ᠰᠠᠭᠠᠯᠢ ᠶᠢᠨ ᠬᠤᠲᠠ︾ ᠶᠢ ᠪᠦᠲᠦᠭᠡᠨ ᠪᠠᠶᠢᠭᠤᠯᠬᠤ ᠬᠡᠷᠡᠭᠲᠡᠢ᠃ ᠪᠤᠭᠤᠲᠤ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠨ | ᠲᠦᠷᠭᠡᠳᠬᠡᠵᠦ᠂ ︽ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠰᠠᠭᠤᠷᠢᠨ ᠭᠠᠵᠠᠷ ᠪᠠ ᠪᠦᠬᠦ ᠪᠥᠮᠪᠥᠷᠴᠡᠭ ᠲᠤ ᠲᠦᠷᠦᠭᠦᠯᠡᠬᠦ ᠬᠤᠪᠣᠷ ᠰᠢᠷᠣᠢ ᠶᠢᠨ ᠬᠡᠷᠡᠭᠯᠡᠯᠲᠡ ᠶᠢᠨ ᠰᠠᠭᠤᠷᠢᠨ | ᠭᠠᠵᠠᠷ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠣᠷᠳᠣᠰ ᠥᠪᠡᠷᠲᠡᠭᠡᠨ ᠵᠠᠰᠠᠬᠤ | ᠣᠷᠣᠨ ᠤ ᠬᠥᠭᠵᠢᠯᠲᠡ ᠶᠢᠨ ᠰᠠᠶᠢᠨ ︽ᠨᠢᠷᠤᠭᠤ ᠲᠤᠯᠭᠠᠭᠤᠷᠢ︾᠂ ︽ᠬᠤᠰᠢᠭᠤᠴᠢ ᠴᠡᠷᠢᠭ︾ ᠪᠣᠯᠵᠤ᠂ | ᠤᠯᠤᠰ ᠤᠨ ᠳᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ | ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠥᠨᠳᠦᠷᠯᠢᠭ ᠢ ᠴᠣᠭᠴᠠᠯᠠᠬᠤ ᠬᠡᠷᠡᠭᠲᠡᠢ᠃ ᠤᠯᠠᠭᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ | ᠪᠠᠶᠢᠭᠤᠯᠵᠤ᠂ ᠬᠢᠯᠢ ᠬᠢᠵᠠᠭᠠᠷ ᠪᠠ ᠳᠣᠲᠣᠷ ᠭᠠᠵᠠᠷ ᠬᠤᠯᠪᠤᠭᠠᠯᠠᠨ ᠬᠥᠳᠡᠯᠦᠯᠴᠡᠬᠦ ᠬᠦᠢᠰᠦ ᠪᠣᠯᠬᠤ ᠠᠵᠤ ᠠᠬᠤᠢ ᠶᠢ | ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠠᠭᠠᠨᠬᠠᠳᠠ᠂ ᠲᠦᠩᠯᠢᠶᠣᠣ ᠤᠯᠤᠰ ᠤᠨ ᠠᠵᠤ ᠦᠢᠯᠡᠰ ᠤᠨ | ᠰᠢᠯᠵᠢᠯᠲᠡ ᠶᠢᠨ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ | ᠠᠵᠠ ᠲᠣᠬᠢᠶᠠᠯ ᠢᠶᠠᠨ ᠨᠠᠨᠳᠢᠩᠨᠠᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠠᠪᠠᠭᠤᠯᠢᠭ | ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ | ᠡᠷᠴᠢᠮ ᠢᠶᠠᠨ ᠴᠢᠩᠭᠠᠷᠠᠭᠤᠯᠵᠤ᠂ ᠪᠣᠬᠢᠷᠳᠤᠯ ᠦᠭᠡᠢ ᠤᠰᠤᠳᠦ᠋ᠷᠦᠭᠴᠢ᠂ ᠪᠣᠬᠢᠷᠳᠤᠯ ᠦᠭᠡᠢ ᠠᠮᠢᠨᠤ᠋᠂ ᠪᠣᠬᠢᠷᠳᠤᠯ | ᠦᠭᠡᠢ ᠠᠯᠺᠤᠤᠯ ᠵᠡᠷᠭᠡ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠦᠴᠦᠯᠡᠨ᠂ ︽ᠬᠤᠶᠠᠷ | ᠬᠥᠪᠡᠭᠦᠨ ᠣᠳᠣ︾ ᠶᠢᠨ ᠦᠳᠲᠡᠷ ᠲᠦᠷᠭᠡᠨ ᠬᠥᠭᠵᠢᠯᠲᠡ ᠪᠠᠷ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠪᠦᠬᠦ ᠲᠠᠯ᠎ᠠ ᠶᠢᠨ ᠬᠥᠭᠵᠢᠯᠲᠡ ᠮᠠᠨᠳᠤᠯᠲᠠ ᠳᠤ ᠬᠤᠷᠳᠤ ᠨᠡᠮᠡᠬᠦ ᠶᠢ ᠳᠠᠶᠢᠴᠢᠯᠠᠬᠤ ᠬᠡᠷᠡᠭᠲᠡᠢ᠃ | ᠤᠯᠠᠭᠠᠨᠬᠠᠳᠠ ︽ᠥᠩᠭᠡᠲᠦ ᠲᠡᠮᠦᠷᠯᠢᠭ ᠤᠨ ᠨᠤᠲᠤᠭ︾ ᠤᠨ ᠨᠡᠷ᠎ᠡ ᠨᠢᠳᠡᠷ ᠲᠤ ᠪᠠᠨ ᠦᠨᠡᠨ ᠬᠦ ᠲᠡᠩᠴᠡᠬᠦ ᠪᠠᠷ | ᠴᠢᠷᠮᠠᠶᠢᠬᠤ ᠬᠡᠷᠡᠭᠲᠡᠢ᠂ ᠪᠣᠬᠢᠷᠳᠤᠯ ᠦᠭᠡᠢ ᠯᠢᠲ᠋ᠢ ᠶᠢᠨ ᠰᠠᠭᠤᠷᠢ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ | ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠲᠦᠩᠯᠢᠶᠣᠣ ᠵᠡᠭᠦᠨ ᠬᠤᠶᠢᠲᠤ ᠭᠠᠵᠠᠷ ᠣᠷᠣᠨ ᠤ | ᠬᠠᠮᠤᠭ ᠤᠨ ᠲᠣᠮᠣ ᠡᠬᠡ ᠬᠠᠭᠤᠷᠠᠢ ᠶᠢᠨ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ | ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ | ︵ᠶᠢᠰᠦ︶ ᠠᠷᠠᠳ ᠤᠨ ᠠᠮᠢᠳᠤᠷᠠᠯ ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠶᠢᠵᠤ᠂ ᠡᠷᠬᠡᠪᠰᠢ | ᠪᠣᠳᠠᠲᠠᠢ ᠭᠦᠢᠴᠡᠳᠬᠡᠵᠦ ᠰᠠᠶᠢᠲᠤᠷ ᠭᠦᠢᠴᠡᠳᠬᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠦᠨᠳᠦᠰᠦᠨ ᠪᠠᠷᠢᠮᠵᠢᠶ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠦᠯᠬᠦ ᠪᠤᠶᠤ ᠳᠠᠪᠠᠭᠤᠯᠬᠤ ᠶᠢ | ᠠᠬᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠠᠷᠠᠳ ᠤᠨ | ᠠᠮᠢᠳᠤᠷᠠᠯ ᠤᠨ ᠠᠵᠢᠯ ᠤᠨ ᠬᠠᠲᠠᠭᠤ ᠡᠭᠦᠷᠭᠡ ᠪᠣᠯᠣᠨ᠎ᠠ᠂ ᠪᠣᠢ ᠪᠦᠬᠦᠢ ᠪᠠᠲᠤᠯᠠᠭ᠎ᠠ ᠶᠢᠨ ᠪᠠᠷᠢᠮᠵᠢᠶ᠎ᠠ ᠶᠢ ᠪᠦᠬᠦ | ᠲᠠᠯ᠎ᠠ ᠪᠠᠷ ᠡᠮᠬᠢᠯᠡᠵᠦ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠠᠶᠢᠭ᠎ᠠ ᠶᠢ ᠨᠢ ᠳᠡᠭᠡᠭᠰᠢᠯᠡᠭᠦᠯᠵᠦ᠂ | ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠢᠰᠢ ᠳᠤ ᠨᠢ ᠲᠣᠭᠲᠠᠭᠤᠨ ᠢᠶᠠᠷ ᠠᠶᠠᠨᠳᠠᠭᠠᠨ ᠨᠡᠮᠡᠭᠳᠡᠬᠦ | ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ 33 ᠪᠣᠳᠠᠲᠤ | ᠶᠠᠪᠤᠳᠠᠯ ᠢ ᠳᠤᠷᠠᠳᠴᠤ᠂ ᠡᠷᠬᠡᠪᠰᠢ ᠨᠢᠭᠡ ᠶᠢ ᠬᠢᠪᠡᠯ ᠨᠢᠭᠡ ᠶᠢ ᠪᠦᠲᠦᠭᠡᠵᠦ᠂ ᠣᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ | ᠳᠤᠯᠠᠭᠠᠯᠠᠭ᠎ᠠ ᠶᠢᠨ ᠢᠨᠵᠧᠨᠧᠷᠢᠩ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠥᠭᠡᠳ ᠪᠠᠰᠠ | ᠬᠥᠭᠵᠢᠯᠲᠡ ᠶᠢᠨ ᠢᠨᠵᠧᠨᠧᠷᠢᠩ ᠪᠣᠯᠣᠨ᠎ᠠ᠃ ᠬᠤᠲᠠ ᠶᠢᠨ ᠰᠢᠨᠡᠳᠬᠡᠯ ᠤᠨ ᠠᠵᠢᠯᠯᠠᠭᠠᠨ ᠲᠠᠢ ᠤᠶᠠᠯᠳᠤᠭᠤᠯᠤᠨ᠂ | ᠬᠤᠭᠤᠯᠠᠢ ᠭᠤᠤᠷᠰᠤ ᠶᠢᠨ ᠲᠣᠣᠷ ᠢ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠶᠢ ᠨᠢᠭᠡ ᠴᠣᠭᠴᠠ ᠪᠠᠷ ᠠᠬᠢᠭᠤᠯᠤᠨ᠂ ᠪᠦᠬᠦ ᠵᠢᠯ ᠳᠤ ᠰᠢᠲᠠᠮᠠᠬᠠᠢ ᠬᠡᠢ᠂ ᠢᠯᠴᠢ ᠬᠠᠩᠭᠠᠬᠤ᠂ ᠤᠰᠤ | ᠬᠠᠩᠭᠠᠵᠤ ᠭᠠᠳᠠᠭᠰᠢᠯᠠᠭᠤᠯᠬᠤ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠬᠦ | ᠪᠠ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠬᠤᠲᠠ ᠶᠢᠨ | ᠳᠤᠮᠳᠠᠬᠢ ᠲᠤᠰᠬᠤᠨ᠂ ᠬᠤᠲᠠ ᠶᠢᠨ ᠵᠠᠬ᠎ᠠ ᠶᠢᠨ ᠲᠤᠰᠬᠤᠨ ᠤ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ | ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠡᠬᠢᠯᠡᠭᠦᠯᠵᠦ᠂ ᠬᠤᠲᠠ ᠶᠢᠨ | ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ᠂ ᠣᠯᠠᠨ | ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠬᠥᠭᠵᠢᠯᠲᠡ ᠶᠢᠨ | ᠳᠤᠮᠳᠠ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠢ ᠲᠤᠰᠠᠯᠠᠵᠤ | ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠢᠨᠠᠮᠠᠭᠠᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠠᠷᠢᠶᠠᠨ | ᠭᠠᠵᠠᠷ ᠤᠨ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢᠯ ᠳᠤ ᠣᠯᠠᠨ ᠲᠦᠮᠡᠨ ᠢ ᠨᠡᠩ ᠣᠯᠠᠨ ᠣᠷᠣᠯᠴᠠᠭᠤᠯᠵᠤ᠂ ᠣᠷᠣᠯᠭ᠎ᠠ | ᠶᠢ ᠨᠢ ᠨᠡᠮᠡᠭᠳᠡᠭᠦᠯᠬᠦ ᠬᠡᠷᠡᠭᠲᠡᠢ᠃ ᠪᠣᠳᠠᠲᠠᠢ ᠶᠢ ᠤᠯᠠᠮ ᠢᠯᠡᠭᠦᠦ ᠡᠷᠬᠢᠮᠯᠡᠭᠰᠡᠨ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠨᠡᠩ ᠣᠯᠠᠨ ᠣᠶᠤᠲᠠᠳ ᠢ ᠥᠪᠥᠷ ᠮᠣᠩᠭᠤᠯ ᠳᠤ ᠢᠷᠡᠭᠦᠯᠵᠦ᠂ ᠥᠪᠥᠷ ᠮᠣᠩᠭᠤᠯ ᠳᠤ ᠦᠯᠡᠳᠡᠭᠡᠨ | ᠠᠵᠢᠯ ᠣᠯᠭᠤᠵᠤ ᠦᠢᠯᠡᠰ ᠪᠣᠰᠬᠠᠯᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ ᠬᠢᠨ ᠨᠢᠭᠡ ᠪᠦᠯᠦᠭ ᠡᠳᠦᠷ ᠤᠨ | ᠬᠦᠴᠦ ᠶᠠᠪᠤᠭᠰᠠᠳ ᠤᠨ ᠵᠠᠬ᠎ᠠ ᠳᠡᠯᠭᠡᠭᠦᠷ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ ᠲᠦᠷᠭᠡᠳᠬᠡᠨ | ᠪᠠᠶᠢᠭᠤᠯᠵᠤ᠂ ᠣᠯᠠᠨ ᠲᠦᠮᠡᠨ ᠤ ᠠᠵᠢᠯ ᠣᠯᠬᠤ ᠳᠤ ᠳᠦᠭᠦᠮ ᠦᠵᠡᠭᠦᠯᠬᠦ ᠬᠡᠷᠡᠭᠲᠡᠢ᠃ | ᠰᠤᠷᠭᠠᠨ ᠬᠥᠮᠦᠵᠢᠯ ᠨᠢ ᠦᠢ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠳᠣᠪᠦ᠋ᠢᠯᠭᠠᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢ ᠣᠯᠠᠨ ᠶᠠᠩᠵᠤᠴᠢᠯᠠᠨ᠂ ᠣᠨᠴᠠᠯᠢᠬᠵᠢᠭᠤᠯᠤᠨ ᠬᠥᠭᠵᠢᠭᠦᠯᠵᠦ᠂ 126 ᠬᠡᠦᠬᠡᠳ ᠤᠨ | ᠴᠡᠴᠡᠷᠯᠢᠭ᠂ 578 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠥᠭᠡᠷᠡᠴᠢᠯᠡᠨ | ᠰᠠᠶᠢᠵᠢᠷᠠᠭᠤᠯᠵᠤ᠂ ᠰᠢᠶᠠᠩ ᠪᠠᠯᠭᠠᠰᠤ ᠪᠦᠷᠢ ᠠᠳᠠᠭ ᠲᠤ ᠪᠠᠨ ᠨᠢᠭᠡ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠰᠠᠶᠢᠲᠤᠷ ᠡᠷᠬᠢᠯᠡᠵᠦ᠂ ᠬᠤᠰᠢᠭᠤ ᠰᠢᠶᠠᠨ ᠪᠦᠷᠢ ᠠᠳᠠᠭ ᠲᠤ ᠪᠠᠨ ᠨᠢᠭᠡ ᠴᠢᠨᠠᠷᠯᠢᠭ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠡᠷᠡᠯᠬᠡᠭ | ᠵᠣᠷᠢᠭ ᠠᠤᠭ᠎ᠠ ᠬᠦᠰᠡᠯ ᠢ ᠡᠪᠦᠷᠯᠡᠨ᠂ ᠲᠡᠷᠢᠭᠦᠨ ᠳᠡᠰ ᠤᠨ ᠪᠠᠷᠢᠮᠵᠢᠶ᠎ᠠ ᠪᠠᠷ ᠬᠠᠷᠠᠯᠲᠠ ᠪᠠᠨ ᠪᠣᠯᠭᠠᠵᠤ᠂ ᠲᠡᠷᠢᠭᠦᠨ | ᠳᠡᠰ ᠤᠨ ᠲᠤᠰᠬᠠᠢ ᠮᠡᠷᠭᠡᠵᠢᠯ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠴᠣᠭᠴᠠᠯᠠᠨ᠂ ᠬᠤᠪᠣᠷ | ᠰᠢᠷᠣᠢ᠂ ᠰᠦ ᠰᠠᠭᠠᠯᠢ ᠶᠢᠨ ᠦᠢᠯᠡᠰ᠂ ᠡᠨᠧᠷᠬᠢ᠂ ᠲᠡᠷᠢᠭᠦᠨ ᠤ ᠦᠢᠯᠡᠳᠬᠦ ᠠᠵᠢᠯ ᠤᠨ ᠲᠣᠭᠤᠷᠢᠨ ᠳᠤ ᠰᠤᠷᠭᠠᠨ | ᠬᠥᠮᠦᠵᠢᠯ ᠤᠨ ᠶᠠᠮᠤᠨ ᠯᠤᠭ᠎ᠠ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠵᠤ᠂ | ᠠᠮᠢᠳᠤ ᠪᠣᠳᠠᠰ᠂ ᠠᠮᠢ ᠠᠬᠤᠢ᠂ ᠡᠪᠡᠰᠦᠨ ᠤ ᠤᠬᠠᠭᠠᠨ᠂ ᠲᠡᠮᠦᠷᠯᠢᠭ ᠬᠠᠶᠢᠯᠤᠭᠤᠯᠬᠤ ᠰᠢᠨ᠎ᠡ ᠮᠠᠲ᠋ᠧᠷᠢᠶᠠᠯ ᠵᠡᠷᠭᠡ | ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠰᠠᠶᠢᠲᠤᠷ ᠪᠠᠶᠢᠭᠤᠯᠵᠤ᠂ ᠣᠳᠣ ᠦᠶ᠎ᠡ ᠶᠢᠨ ᠠᠵᠤ | ᠦᠢᠯᠡᠰ ᠤᠨ ᠳᠡᠭᠡᠳᠦ ᠰᠤᠷᠭᠠᠭᠤᠯᠢ ᠶᠢ 23᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ ᠶᠢ 6᠂ | ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ 2 ᠰᠠᠶᠢᠲᠤᠷ ᠴᠣᠭᠴᠠᠯᠠᠨ᠂ ᠪᠦᠬᠦ ᠣᠷᠣᠨ ᠤ ᠴᠢᠨᠠᠷ | ᠰᠠᠶᠢᠲᠠᠢ ᠬᠥᠭᠵᠢᠯᠲᠡ ᠳᠤ ᠲᠤᠰᠬᠠᠢ ᠮᠡᠷᠭᠡᠵᠢᠯ ᠤᠨ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠨᠡᠩ ᠣᠯᠠᠨ ᠴᠢᠷᠮᠠᠶᠢᠨ | ᠬᠥᠮᠥᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ | ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠥᠯᠥᠨ ᠪᠦᠢᠷ ᠤᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠬᠥᠭᠵᠢᠭᠦᠯᠬᠦ ᠶᠢ ᠨᠢ ᠳᠡᠮᠵᠢᠵᠦ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ︽ᠤᠷᠠᠨ ᠳᠠᠷᠬᠠᠨ ᠤ ᠠᠩᠭᠢ︾᠂ ︽ᠵᠠᠬᠢᠶᠠᠯᠠᠭ᠎ᠠ ᠶᠢᠨ ᠮᠠᠶ᠋ᠢᠭ ᠤᠨ ᠠᠩᠭᠢ︾ ᠳᠤ ᠬᠥᠮᠥᠵᠢᠭᠦᠯᠵᠦ ᠪᠠᠶᠢᠭ᠎ᠠ | ᠰᠤᠷᠤᠭᠴᠢ ᠶᠢ 3 ᠲᠦᠮᠡ ᠠᠴᠠ ᠳᠡᠭᠡᠭᠰᠢ ᠳᠤ ᠬᠦᠷᠭᠡᠵᠦ᠂ ᠦᠢᠯᠡᠳᠪᠦᠷᠢᠯᠡᠬᠦ ᠵᠢᠭᠠᠨ ᠰᠤᠷᠭᠠᠬᠤ ᠶᠢ | ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠤᠶᠢᠵᠢᠭᠤᠯᠤᠨ᠎ᠠ᠃ ᠶᠡᠭᠡ ᠰᠤᠷᠭᠠᠭᠤᠯᠢ ᠳᠤᠮᠳᠠᠳᠤ | ᠰᠤᠷᠭᠠᠭᠤᠯᠢ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ | ᠴᠣᠭᠴᠠᠵᠢᠭᠤᠯᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠥᠯ ᠪᠥᠮᠪᠦᠭᠡ ᠶᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ ᠮᠣᠷᠠᠯ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠢ | ᠰᠠᠶᠢᠲᠤᠷ ᠡᠷᠬᠢᠯᠡᠬᠦ ᠳᠤ ᠰᠠᠶᠢᠨ ᠵᠠᠬᠢᠷᠤᠯ᠂ ᠰᠠᠶᠢᠨ ᠪᠠᠭᠰᠢ ᠪᠣᠯ ᠵᠠᠩᠭᠢᠯᠠᠭ᠎ᠠ ᠶᠤᠮ᠂ ᠨᠡᠷᠡᠲᠦ ᠪᠠᠭᠰᠢ ᠨᠡᠷᠡᠲᠦ | ᠵᠠᠬᠢᠷᠤᠯ ᠢ ᠬᠥᠮᠥᠵᠢᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠᠷ ᠠᠵᠠ ᠳᠣᠬᠢᠶᠠᠯ ᠪᠣᠯᠭᠠᠨ᠂ | ᠨᠡᠩ ᠣᠯᠠᠨ ᠪᠡᠭᠡᠵᠢᠩ ᠤᠨ ᠪᠠᠭᠰᠢ ᠶᠢ ᠥᠪᠥᠷ ᠮᠣᠩᠭᠤᠯ ᠳᠤ ᠲᠠᠲᠠᠨ ᠢᠷᠡᠭᠦᠯᠵᠦ᠂ ᠣᠨᠴᠠᠭᠠᠢ ᠠᠷᠭ᠎ᠠ ᠬᠡᠮᠵᠢᠶ᠎ᠡ | ᠠᠪᠴᠤ ᠪᠠᠶᠢᠭᠠᠳ ᠪᠦᠬᠦ ᠤᠯᠤᠰ ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ | ᠥᠪᠥᠷ ᠮᠣᠩᠭᠤᠯ ᠤᠨ ᠢᠶᠠᠨ ᠬᠡᠦᠬᠡᠳ ᠤᠳ ᠲᠤ ᠪᠠᠨ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠃ | ᠨᠡᠩ ᠥᠨᠳᠥᠷ ᠲᠦᠪᠰᠢᠨ ᠪᠦᠬᠦᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠨᠢ ᠣᠯᠠᠨ ᠲᠦᠮᠡᠨ ᠤ ᠴᠢᠩ | ᠰᠡᠳᠬᠢᠯ ᠤᠨ ᠬᠦᠰᠡᠯ ᠡᠷᠡᠮᠡᠯᠵᠡᠯ ᠪᠣᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠦᠨ | ᠬᠡᠷᠡᠭᠵᠢᠭᠦᠯᠵᠦ᠂ ᠥᠪᠥᠷ ᠮᠣᠩᠭᠤᠯ ᠯᠢᠶᠣᠤᠨᠢᠩ᠂ ᠥᠪᠥᠷ ᠮᠣᠩᠭᠤᠯ ᠱᠠᠩᠬᠠᠢ ᠶᠢᠨ ᠡᠮᠴᠢᠯᠡᠭᠡᠨ ᠤ | ᠬᠠᠮᠲᠤᠷᠠᠯᠴᠠᠭ᠎ᠠ ᠶᠢ ᠥᠷᠭᠡᠳᠬᠡᠵᠦ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4᠂ ᠥᠪᠡᠷᠲᠡᠭᠡᠨ | ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ | ᠪᠠᠶᠢᠭᠤᠯᠵᠤ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠢ ᠲᠦᠷᠭᠡᠳᠬᠡᠨ ᠪᠠᠶᠢᠭᠤᠯᠵᠤ᠂ ᠣᠯᠠᠨ ᠳᠡᠰ | ᠳᠠᠪᠬᠤᠷᠭᠠᠲᠤ ᠡᠮᠴᠢᠯᠡᠭᠡᠨ ᠤ ᠬᠤᠯᠪᠣᠭᠠᠲᠤ ᠴᠣᠭᠴᠠ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠤᠨ᠂ ᠬᠢᠲᠠᠳ ︵ᠮᠣᠩᠭᠤᠯ︶ ᠡᠮᠨᠡᠯᠭᠡ ᠶᠢᠨ | ᠡᠮᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠪᠢᠯᠠᠬᠤ ᠦᠢᠯᠡᠴᠢᠯᠡᠭᠡᠨ ᠤ | ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠡᠯ᠎ᠡ ᠭᠠᠵᠠᠷ ᠤᠨ ᠣᠨᠴᠠ ᠬᠡᠷᠡᠭᠴᠡᠭᠡᠨ ᠤ ᠡᠭᠦᠳᠡᠨ ᠡᠮᠨᠡᠯᠭᠡ᠂ | ᠣᠨᠴᠠ ᠬᠡᠷᠡᠭᠴᠡᠭᠡᠨ ᠤ ᠡᠪᠡᠳᠴᠢᠲᠡᠨ ᠤ ᠥᠷᠥᠭᠡ ᠶᠢ ᠨᠡᠭᠡᠭᠡᠨ ᠲᠣᠬᠢᠷᠠᠭᠤᠯᠬᠤ ᠶᠢ ᠳᠡᠮᠵᠢᠵᠦ᠂ ᠰᠠᠶᠢᠨ | ᠡᠮᠨᠡᠯᠭᠡ ᠶᠢᠨ ᠬᠤᠷᠢᠶᠠᠨ ᠳᠠᠷᠤᠭ᠎ᠠ ᠶᠢ ᠰᠣᠩᠭᠤᠨ ᠲᠣᠮᠢᠯᠠᠵᠤ᠂ ᠰᠢᠯᠢᠳᠡᠭ ᠡᠮᠴᠢ ᠶᠢ ᠬᠥᠮᠥᠵᠢᠭᠦᠯᠵᠦ᠂ ᠣᠯᠠᠨ | ᠲᠦᠮᠡᠨ ᠳᠤ ᠭᠡᠷ ᠤᠨ ᠬᠠᠶᠠᠭᠠᠨ ᠳᠤ ᠨᠢ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ | ︽ᠨᠠᠰᠤᠲᠠᠶᠢᠴᠤᠳ ᠪᠠ ᠨᠢᠯᠬᠠᠰ︾ ᠲᠤ ᠨᠡᠩ ᠣᠯᠠᠨ ᠬᠠᠶᠢᠷ᠎ᠠ ᠬᠠᠯᠠᠮᠵᠢ ᠬᠦᠷᠲᠡᠭᠡᠨ᠎ᠡ᠃ ᠭᠡᠷ ᠲᠤ ᠪᠠᠨ | ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠨᠠᠷ ᠢ | ᠳᠡᠭᠡᠭᠰᠢᠯᠡᠭᠦᠯᠬᠦ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠳᠡᠰ ᠢ ᠳᠡᠪᠰᠢᠭᠦᠯᠬᠦ᠂ ᠲᠠᠷᠢᠶᠠᠯᠠᠬᠤ | ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠨᠠᠰᠤᠵᠢᠯ ᠤᠨ | ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠭᠤᠷᠢ ᠶᠢ ᠪᠠᠲᠤᠳᠬᠠᠬᠤ 4 ᠵᠦᠢᠯ ᠤᠨ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ | ᠲᠥᠪ ᠢ 170᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ | ᠪᠠᠶᠢᠭᠤᠯᠵᠤ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ | ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ᠃ ᠦᠷᠡᠵᠢᠯ ᠢ ᠳᠡᠮᠵᠢᠬᠦ | ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠵᠤ ᠠᠰᠠᠷᠠᠬᠤ ᠲᠦᠭᠡᠮᠡᠯ | ᠬᠠᠷᠠᠭᠠᠯᠵᠠᠯᠲᠤ ᠦᠢᠯᠡᠴᠢᠯᠡᠭᠡ ᠶᠢᠨ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ᠃ | ᠠᠵᠤ ᠲᠦᠷᠦᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ ᠰᠠᠶᠢᠬᠠᠨ ᠬᠥᠳᠡᠭᠡ ᠲᠤᠰᠬᠤᠨ ᠢ | ᠪᠦᠲᠦᠭᠡᠨ ᠪᠠᠶᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ᠂ ᠬᠥᠳᠡᠭᠡ | ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ᠂ ᠬᠥᠳᠡᠭᠡ ᠲᠤᠰᠬᠤᠨ ᠤ ᠵᠠᠰᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠂ ᠲᠠᠷᠢᠶᠠᠴᠢᠨ ᠮᠠᠯᠴᠢᠳ ᠢ ᠲᠤᠬᠠᠢ ᠶᠢᠨ ᠭᠠᠵᠠᠷ ᠲᠤ ᠨᠢ ᠣᠳᠣ ᠦᠶ᠎ᠡ ᠶᠢᠨ | ᠪᠣᠯᠪᠠᠰᠤᠨ ᠠᠮᠢᠳᠤᠷᠠᠯ ᠲᠠᠢ ᠪᠣᠯᠭᠠᠨ᠎ᠠ᠃ ᠪᠤᠶᠢᠲᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ | ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠤᠶᠢᠲᠠ ᠪᠥᠭᠯᠡᠭᠦᠦ ᠪᠠᠶᠢᠭ᠎ᠠ 2 | ᠲᠦᠮᠡᠨ ᠲᠠᠷᠢᠶᠠᠯᠠᠬᠤ ᠮᠠᠯᠵᠢᠬᠤ ᠡᠷᠦᠬᠡ᠂ ᠬᠢᠯᠢ ᠶᠢᠨ ᠰᠡᠷᠭᠡᠶᠢᠯᠡᠯᠲᠡ ᠶᠢᠨ 40 ᠬᠠᠷᠠᠭᠤᠯ ᠤᠨ ᠭᠠᠵᠠᠷ ᠲᠤ ᠰᠢᠨ᠎ᠡ | ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠵᠦ᠂ ᠪᠦᠬᠦ ᠣᠷᠣᠨ ᠤ ᠵᠠᠰᠠᠭ | ᠵᠠᠬᠢᠷᠭᠠᠨ ᠤ ᠲᠤᠰᠬᠤᠨ ᠳᠤ ᠴᠠᠬᠢᠯᠭᠠᠨ ᠨᠡᠪᠲᠡᠷᠡᠭᠦᠯᠬᠦ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠥᠮᠥᠨ | ᠠᠮᠠ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ | ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠬᠠᠮᠤᠷᠬᠤ ᠬᠡᠪᠴᠢᠶ᠎ᠡ ᠶᠢ 80% ᠠᠴᠠ ᠳᠠᠪᠠᠭᠤᠯᠵᠤ᠂ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ | 50% ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠠᠷᠪᠠ︶ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ | ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠪᠣᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ᠃ ᠡᠯ᠎ᠡ | ᠲᠥᠷᠥᠯ ᠤᠨ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠥᠨᠳᠥᠷ ᠲᠦᠪᠰᠢᠨ | ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ | ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠡᠷᠭᠢᠯᠲᠡ ᠭᠠᠷᠭᠠᠬᠤ ᠠᠵᠢᠯᠯᠠᠭ᠎ᠠ ᠶᠢ ᠰᠠᠶᠢᠲᠤᠷ | ᠬᠢᠨ᠎ᠡ᠃ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ | ᠠᠵᠢᠯᠯᠠᠭᠠᠨ ᠢ ᠡᠬᠢᠯᠡᠭᠦᠯᠦᠨ ᠬᠡᠷᠡᠭᠵᠢᠭᠦᠯᠵᠦ᠂ ᠡᠬᠢᠨ ᠠᠴᠠ ᠨᠢ ᠭᠠᠷᠳᠠᠨ ᠠᠵᠢᠯᠯᠠᠵᠤ᠂ ᠨᠢᠭᠡᠳᠦᠭᠡᠷ ᠹᠷᠣᠨᠲ ᠢ | ᠴᠢᠩᠭ᠎ᠠ ᠠᠳᠬᠤᠵᠤ ᠪᠣᠳᠠᠲᠠᠢ ᠠᠳᠬᠤᠨ᠂ ᠭᠤᠣᠯᠳᠠᠯᠭ᠎ᠠ ᠲᠠᠢ ᠬᠦᠷᠢᠶ᠎ᠡ ᠪᠠ ᠭᠤᠭᠴᠤᠭ᠎ᠠ ᠶᠢ ᠳᠣᠪᠦ᠋ᠢᠯᠭᠠᠵᠤ᠂ ᠡᠯ᠎ᠡ | ᠵᠦᠢᠯ ᠤᠨ ᠳᠦᠷᠢᠮ ᠪᠠ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠬᠦᠨᠳᠦ ᠶᠡᠭᠡ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠡᠮᠵᠢᠯᠡᠨ ᠰᠡᠷᠭᠡᠶᠢᠯᠡᠨ᠎ᠡ᠃ ᠠᠶᠤᠯ ᠦᠭᠡᠢ ᠦᠢᠯᠡᠳᠪᠦᠷᠢᠯᠡᠯ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ | ︽ᠵᠣᠬᠢᠶᠠᠮᠠᠯ ᠤᠶᠤᠨ +︾ ᠠᠵᠢᠯᠯᠠᠭᠠᠨ ᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠪᠠ | ᠲᠡᠮᠦᠷᠯᠢᠭ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠮᠧᠬᠠᠨᠢᠭᠵᠢᠯᠲᠠ ᠪᠠᠷ | ᠬᠥᠮᠥᠨ ᠢ ᠰᠣᠯᠢᠬᠤ᠂ ᠠᠦ᠋ᠲ᠋ᠣᠴᠢᠯᠠᠯᠲᠠ ᠪᠠᠷ ᠬᠥᠮᠥᠨ ᠢ ᠴᠥᠭᠡᠳᠬᠡᠬᠦ᠂ ᠣᠶᠤᠨᠴᠢᠯᠠᠯᠲᠠ ᠪᠠᠷ ᠬᠥᠮᠥᠨ ᠢ | ᠣᠷᠣᠯᠠᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠪᠠ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠦᠬᠦ ᠬᠦᠴᠦᠨ | ᠵᠦᠢᠯ ᠪᠦᠬᠦ ᠴᠤᠪᠤᠷᠠᠯ ᠳᠤ ᠪᠣᠳᠠᠲᠤ ᠰᠣᠷᠢᠯᠲᠠ ᠶᠢ ᠥᠷᠨᠢᠭᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃ | ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ | ᠠᠷᠢᠯᠭᠠᠨ᠎ᠠ᠃ ︽ᠦᠯᠡᠳᠡᠭᠳᠡᠯ ᠢ ᠪᠠᠭᠠᠰᠬᠠᠵᠤ ᠨᠡᠮᠡᠭᠳᠡᠯ ᠢ ᠡᠷᠡᠰ ᠬᠤᠷᠢᠭᠯᠠᠬᠤ︾ ᠶᠢ ᠪᠠᠷᠢᠮᠲᠠᠯᠠᠨ ᠵᠠᠰᠠᠭ ᠤᠨ | ᠣᠷᠳᠣᠨ ᠤ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ︽1 + 8︾ ᠥᠷᠢ ᠥᠭᠴᠡᠭᠡ ᠶᠢ | ᠠᠷᠢᠯᠭᠠᠬᠤ ᠲᠥᠰᠥᠯ ᠢ ᠨᠠᠶᠢᠳᠠᠪᠤᠷᠢᠵᠢᠭᠤᠯᠵᠤ᠂ ᠨᠢᠭᠡ ᠪᠦᠯᠦᠭ ᠲᠤ ᠨᠢ ᠳᠠᠮ ᠬᠦᠦ ᠮᠥᠩᠭᠦ ᠥᠭᠬᠦ᠂ ᠨᠢᠭᠡ | ᠪᠦᠯᠦᠭ ᠢ ᠨᠢ ᠬᠠᠰᠤᠬᠤ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠳᠡᠰ ᠠᠴᠠ ᠭᠠᠷᠭᠠᠬᠤ᠂ ᠨᠢᠭᠡ ᠪᠦᠯᠦᠭ ᠤᠨ | ᠬᠢᠨᠢ ᠬᠦᠴᠢᠷᠳᠡᠯ ᠢ ᠲᠠᠶᠢᠯᠬᠤ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠥᠷᠢ ᠥᠭᠴᠡᠭᠡ ᠪᠠᠨ | ᠠᠷᠢᠯᠭᠠᠬᠤ ᠶᠢ ᠦᠷᠭᠦᠯᠵᠢᠯᠡᠨ ᠳᠡᠮᠵᠢᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ 2.5 ᠲᠦᠮᠡᠨ ᠢᠵᠢ ᠠᠰᠠᠷ ᠢ ᠴᠠᠭ ᠲᠤ ᠪᠠᠨ | ᠪᠠᠲᠤᠯᠠᠨ ᠲᠤᠰᠢᠶᠠᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠩᠬᠢ ᠶᠢᠨ ᠪᠤᠴᠠᠭᠠᠯ ᠦᠭᠡᠢ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ | ᠰᠢᠪᠲᠤᠯᠤᠯᠲᠠ ᠶᠢᠨ ᠳᠠᠶᠢᠯᠠᠯᠳᠤᠭᠠᠨ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ᠂ | ᠵᠠᠬ᠎ᠠ ᠶᠢᠨ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ︽ᠥᠷᠭᠡᠰᠦ ᠰᠢᠪᠦᠭᠡ ᠲᠠᠢ︾ ᠴᠢᠩᠭ᠎ᠠ ᠬᠡᠷᠡᠭᠵᠢᠭᠦᠯᠵᠦ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠡᠬᠦ ᠶᠢ ᠦᠨᠡᠨ ᠬᠦ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ᠃ ᠰᠢᠨ᠎ᠡ ᠴᠠᠭ ᠦᠶ᠎ᠡ ᠶᠢᠨ ︽ᠹᠧᠩ | ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠦᠰᠢᠨ ᠬᠤᠰᠢᠭᠤᠨ ᠤ ︽ᠭᠤᠷᠪᠠᠨ ᠲᠦᠷᠦᠯ ᠬᠤᠪᠢᠶᠠᠵᠤ | ᠡᠶᠡᠳᠡᠭᠦᠯᠦᠨ ᠰᠢᠢᠳᠪᠦᠷᠢᠯᠡᠬᠦ ᠠᠷᠭ᠎ᠠ︾ ᠶᠢ ᠳ᠋ᠦᠩᠨᠡᠨ ᠳᠡᠯᠭᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ | ᠱᠠᠲᠤᠨ ᠳᠤ ᠡᠶᠡᠳᠡᠭᠦᠯᠦᠨ ᠰᠢᠢᠳᠪᠦᠷᠢᠯᠡᠵᠦ᠂ ᠴᠣᠬᠤᠢᠢᠮᠠᠭᠴᠠ ᠠᠷᠢᠯᠭᠠᠬᠤ ᠪᠠᠷ ᠴᠢᠷᠮᠠᠶᠢᠨ᠎ᠠ᠃ ᠠᠮᠤᠷ ᠠᠮᠤᠭᠤᠯᠠᠩ | ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠲᠣᠮᠣ ᠳ᠋ᠠᠶᠢᠲ᠋ᠠ + | ᠲᠣᠣᠷᠯᠢᠬᠵᠢᠯ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠪᠦᠷᠢᠨᠰᠢᠭᠦᠯᠦᠨ᠂ ᠬᠢᠯᠢ ᠬᠢᠵᠠᠭᠠᠷ ᠤᠨ | ᠭᠠᠵᠠᠷ ᠣᠷᠣᠨ ᠤ ︽ᠬᠥᠨᠳᠡᠶᠢᠷᠡᠬᠦ︾ ᠠᠰᠠᠭᠤᠳᠠᠯ ᠢ ᠰᠢᠢᠳᠪᠦᠷᠢᠯᠡᠵᠦ᠂ ᠢᠳᠡᠭᠡᠨ ᠤ ᠪᠠ ᠡᠮ ᠤᠨ ᠵᠦᠢᠯ ᠤᠨ ᠠᠮᠤᠷ | ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠪᠠᠬᠢᠯᠡᠵᠦ᠂ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠬᠢᠬᠠᠵᠤ | ᠮᠡᠬᠡᠯᠡᠬᠦ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠰᠠᠶᠢᠲᠤᠷ | ᠬᠠᠮᠠᠭᠠᠯᠠᠨ᠎ᠠ᠃ | ᠲᠥᠯᠥᠭᠡᠯᠡᠭᠴᠢᠳ ᠠ᠋︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠂ ᠡᠨᠡ | ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ | ᠴᠢᠬᠤᠯᠠ ᠱᠠᠭᠠᠷᠳᠠᠯᠭ᠎ᠠ ᠪᠣᠯᠣᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠠᠯᠢᠪᠠ ᠠᠵᠢᠯ ᠢᠶᠠᠨ ᠴᠥᠮ ᠡᠨᠡ ᠬᠦ | ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠭᠤᠯᠤᠨ᠂ ᠥᠴᠥᠬᠡᠨ ᠲᠡᠳᠦᠢ ᠴᠦ ᠬᠡᠯᠪᠠᠶᠢᠯᠭᠡᠬᠦ ᠦᠭᠡᠢ | ᠪᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ | ᠲᠤᠬᠠᠢ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ᠂ ᠪᠢᠳᠡ ᠡᠷᠬᠡᠪᠰᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠵᠤ᠂ ᠢᠮᠠᠭᠲᠠ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ | ᠴᠡᠭᠡᠵᠢᠯᠡᠨ᠂ ︽ᠳᠣᠯᠤᠭᠠᠨ ᠲᠠᠯ᠎ᠠ ᠪᠠᠷ ᠵᠢᠱᠢᠶᠡᠴᠢ ᠪᠣᠯᠬᠤ︾ ᠲᠠᠯ᠎ᠠ ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶᠢᠯᠭ᠎ᠠ | ᠭᠠᠷᠭᠠᠵᠤ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ | ᠦᠵᠡᠬᠦᠯᠬᠦ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠮᠠᠨ ᠤ ᠥᠪᠥᠷ ᠮᠣᠩᠭᠤᠯ ᠤᠨ ᠺᠠᠳ᠋ᠷ ᠣᠯᠠᠨ | ᠲᠦᠮᠡᠨ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠭᠡᠯ ᠪᠣᠯ ᠶᠡᠷᠦᠩᠬᠡᠢ | ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠮᠵᠢ ᠳᠣᠣᠷ᠎ᠠ ᠣᠯᠣᠭᠰᠠᠨ ᠶᠤᠮ᠂ ᠥᠪᠥᠷ | ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ | ᠰᠣᠨᠣᠰᠤᠭᠰᠠᠨ ᠳᠤ ᠪᠣᠢ ᠭᠡᠳᠡᠭ ᠢ ᠣᠨᠴᠠᠭᠠᠶᠢᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ ᠳᠤ | ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠳᠤ | ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠲᠠᠪᠢᠭᠠᠳ | ᠣᠨ ᠠᠴᠠ ︽ᠥᠩᠭᠡ ᠶᠢᠨ ᠴᠡᠴᠡᠭᠡᠰ ᠪᠠᠭᠰᠢᠷᠠᠨ ᠳᠡᠯᠭᠡᠷᠡᠵᠦ᠂ ᠦᠨᠳᠦᠰᠦᠲᠡᠨ ᠪᠦᠬᠦᠨ ᠨᠢᠭᠡ ᠭᠡᠷ ᠶᠤᠮ ᠠ᠋᠂ | ᠥᠨᠢ ᠡᠭᠦᠷᠢᠳᠡ ᠨᠢᠭᠲᠠᠷᠠᠨ ᠪᠦᠯᠬᠦᠮᠳᠡᠵᠦ᠂ ᠦᠶ᠎ᠡ ᠶᠢᠨ ᠦᠶ᠎ᠡ ᠳᠤ ᠨᠠᠮ ᠢᠶᠠᠨ ᠳᠠᠭᠠᠨ᠎ᠠ︾ ᠭᠡᠬᠦ ᠳᠠᠭᠤᠤ | ᠥᠷᠭᠡᠨ ᠢᠶᠠᠷ ᠳᠠᠭᠤᠯᠠᠭᠳᠠᠭᠰᠠᠨ ᠶᠤᠮ᠂ ᠡᠨᠡ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠮᠢᠳᠤᠯᠢᠭ | ᠵᠢᠷᠤᠭᠯᠠᠯ ᠮᠥᠨ᠂ ᠪᠠᠰᠠ ᠴᠦ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠥᠬᠢᠳ ᠬᠥᠪᠡᠭᠦᠳ ᠤᠨ | ᠬᠠᠮᠲᠤ ᠶᠢᠨ ᠳᠠᠭᠤᠨ ᠬᠤᠭᠤᠯᠠᠢ ᠪᠣᠯᠣᠨ᠎ᠠ︕ | ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠳᠤ ᠴᠢᠭᠯᠡᠭᠦᠯᠦᠨ᠂ ᠡᠯ᠎ᠡ ᠱᠠᠲᠤᠨ ᠤ | ᠵᠠᠰᠠᠭ ᠤᠨ ᠣᠷᠳᠣᠨ ︽ᠤᠯᠤᠰ ᠤᠨ ᠶᠡᠭᠡ ᠶᠠᠪᠤᠳᠠᠯ︾ ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ | ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ ᠳᠤ ᠨᠡᠶᠢᠳᠡᠮ | ᠲᠤᠭᠤᠰᠢᠯᠠᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ | ᠭᠦᠢᠴᠡᠳᠭᠡᠭᠴᠢ᠂ ᠭᠠᠷᠮᠠᠭᠠᠢ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ᠃ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠵᠠᠰᠠᠭ ᠤᠨ ᠣᠷᠳᠣᠨ ᠤ ᠪᠠᠶᠢᠭᠤᠯᠭ᠎ᠠ ᠪᠣᠯ ᠡᠩ | ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠤᠯᠤᠰ | ᠲᠦᠷᠦ ᠶᠢ ᠡᠷᠬᠢᠮᠯᠡᠬᠦ ᠶᠢ ᠡᠭᠦᠷᠢᠳᠡ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠭᠰᠠᠨ︾ ᠢ ᠪᠠᠲᠤ | ᠴᠢᠩᠭ᠎ᠠ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠤᠬᠠᠮᠰᠠᠷ ᠠᠴᠠ ᠪᠠᠨ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠯᠭᠠᠬᠤ ᠬᠡᠷᠡᠭᠲᠡᠢ᠃ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠣᠰᠣᠭᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠪᠠᠷᠢᠮᠲᠠᠯᠠᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠵᠦ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ | ᠪᠣᠳᠣᠯᠲᠠ᠂ ᠡᠳ᠋ ᠤᠨ ᠵᠠᠰᠠᠭ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠡᠷᠬᠡ ᠶᠢ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢᠨ ᠳᠣᠣᠷ᠎ᠠ ᠶᠠᠪᠤᠭᠳᠠᠭᠤᠯᠬᠤ | ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ | ︽ᠲᠡᠷᠡ ᠶᠣᠰᠣᠭᠠᠷ ᠨᠢ᠂ ᠡᠷᠡᠰ ᠰᠢᠭᠤᠷᠬᠠᠢ ᠪᠠᠷ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ᠂ ᠵᠣᠷᠢᠭᠲᠠᠢ | ᠣᠷᠣᠯᠳᠣᠨ ᠴᠢᠳᠠᠮᠠᠭᠠᠢ ᠬᠢᠬᠦ︾ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠭᠰᠠᠨ ᠶᠠᠪᠤᠳᠠᠯ ᠢᠶᠠᠨ | ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠤᠷᠤᠭᠰᠢ ᠠᠬᠢᠭᠤᠯᠵᠤ ᠳᠡᠶᠢᠯᠬᠦ ᠶᠢ ᠨᠢ ᠤᠷᠤᠭᠰᠢ ᠠᠬᠢᠭᠤᠯᠤᠨ᠂ | ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠨᠢ ᠰᠢᠢᠳᠪᠦᠷᠢᠯᠡᠵᠦ᠂ ᠬᠤᠳᠠᠯ ᠬᠠᠭᠤᠷᠮᠠᠭ᠂ ᠵᠠᠪᠰᠢᠨ | ᠳᠠᠯᠢᠮᠳᠠᠭᠤᠯᠬᠤ᠂ ᠲᠤᠭ᠎ᠠ ᠪᠠᠷᠢᠮᠲᠠ ᠶᠢ ᠬᠠᠭᠤᠷᠮᠠᠭᠯᠠᠬᠤ ᠵᠦᠢᠯ ᠢ ᠶᠠᠭᠠᠬᠢᠭᠰᠠᠨ ᠴᠦ ᠬᠢᠬᠦ ᠦᠭᠡᠢ᠂ ᠠᠪᠤᠨ | ᠳᠣᠣᠷ᠎ᠠ ᠪᠠᠨ ᠠᠰᠢᠭ ᠣᠯᠬᠤ ᠶᠢ ᠶᠠᠭᠠᠷᠠᠬᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ᠂ ᠬᠤᠭᠤᠰᠤᠷᠠᠲᠠᠯ᠎ᠠ | ᠰᠢᠪᠬᠠᠵᠤ ᠬᠤᠪᠠᠭ᠋ᠠᠶᠢᠷᠠᠲᠠᠯ᠎ᠠ ᠠᠪᠬᠤ ᠬᠡᠷᠡᠭ ᠢ ᠶᠠᠭᠠᠬᠢᠭᠰᠠᠨ ᠴᠦ ᠬᠢᠬᠦ ᠦᠭᠡᠢ᠃ ᠴᠡᠪᠡᠷ ᠡᠷᠬᠢᠮ ᠠᠷᠢᠭᠤᠨ ᠴᠢᠬᠡᠴᠢ | ᠪᠠᠶᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠬᠡᠷᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠰᠢᠨᠲᠠᠷᠠᠰᠢ ᠦᠭᠡᠢ | ᠪᠠᠷᠢᠮᠲᠠᠯᠠᠨ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠷᠪᠢᠴᠢ ᠭᠠᠮᠲᠠᠢ ᠠᠮᠢᠳᠤᠷᠠᠬᠤ ᠶᠢ ᠳᠠᠳᠬᠠᠯ ᠪᠤᠯᠭᠠᠵᠤ᠂ ᠦᠨᠡᠨ ᠢ ᠪᠠᠷᠢᠮᠲᠠᠯᠠᠨ | ᠬᠠᠲᠠᠭᠤ ᠲᠠᠢ ᠬᠦᠨᠳᠡᠵᠦ ︽ᠳᠥᠷᠪᠡᠨ ᠰᠤᠷᠲᠠᠯ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ︽ᠭᠤᠷᠪᠠᠨ | ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠣᠪᠣᠷ | ᠰᠤᠷᠲᠠᠯ ᠤᠨ ᠠᠷᠬᠠᠭ ᠢ ᠡᠷᠡᠰ ᠵᠠᠰᠠᠨ ᠵᠠᠯᠠᠷᠠᠭᠤᠯᠵᠤ᠂ ᠣᠬᠤᠷᠬᠠᠨ ᠬᠤᠷᠠᠯ ᠬᠢᠵᠦ᠂ ᠠᠪᠰᠠᠷᠬᠠᠨ ᠶᠠᠷᠢᠶ᠎ᠠ ᠲᠠᠯᠪᠢᠨ᠂ | ᠪᠣᠳᠠᠲᠠᠢ ᠠᠷᠭ᠎ᠠ ᠬᠡᠮᠵᠢᠶ᠎ᠡ ᠲᠠᠢ ᠪᠢᠴᠢᠭ ᠮᠠᠲ᠋ᠧᠷᠢᠶᠠᠯ ᠢ ᠲᠠᠷᠬᠠᠭᠠᠵᠤ᠂ ᠠᠰᠠᠭᠤᠳᠠᠯ ᠰᠢᠢᠳᠪᠦᠷᠢᠯᠡᠬᠦ ᠪᠠᠶᠢᠴᠠᠭᠠᠨ | ᠰᠤᠳᠤᠯᠤᠯᠲᠠ ᠶᠢ ᠥᠷᠨᠢᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ | ᠲᠥᠯᠥᠭᠡᠯᠡᠭᠴᠢᠳ ᠠ᠋︕ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ | ᠬᠠᠮᠤᠭ ᠤᠨ ᠶᠡᠭᠡ ᠤᠯᠤᠰ ᠲᠦᠷᠦ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ | ᠬᠠᠲᠠᠭᠤ ᠶᠣᠰᠣ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠠᠭᠠᠭᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠠᠴᠢ ᠳᠤ ᠲᠠᠯᠠᠷᠬᠠᠨ ᠡᠷᠡᠯᠬᠡᠭᠯᠡᠨ | ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | | | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ 2024 ᠣᠨ ᠤ ᠠᠷᠠᠳ ᠤᠨ ᠠᠮᠢᠳᠤᠷᠠᠯ ᠤᠨ 33 ᠵᠦᠢᠯ ᠤᠨ ᠪᠣᠳᠠᠲᠤ | ᠶᠠᠪᠤᠳᠠᠯ ᠤᠨ ᠲᠣᠳᠣᠷᠬᠠᠢ ᠬᠠᠭᠤᠳᠠᠰᠤ | ᠨᠢᠭᠡ᠂ ᠣᠯᠠᠨ ᠲᠦᠮᠡᠨ ᠳᠤ ᠠᠵᠢᠯ ᠣᠯᠭᠤᠵᠤ ᠣᠷᠤᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ | ᠲᠠᠯ᠎ᠠ ᠪᠠᠷ ᠬᠢ 5 ᠵᠦᠢᠯ | 1. ᠠᠵᠢᠯ ᠣᠯᠬᠤ ᠳᠤ ᠬᠦᠴᠢᠷᠳᠡᠵᠦ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ 5 ᠲᠦᠮᠡᠨ ᠬᠥᠮᠥᠨ ᠤ | ᠠᠵᠢᠯ ᠣᠯᠭᠤᠯᠲᠠ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 2. 8000 ᠢᠯᠡᠭᠦᠦ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠨ᠎ᠠ ︵ᠲᠦᠷᠦᠭᠦᠯᠡᠨ ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 3. ᠭᠡᠷ ᠠᠬᠤᠢ ᠶᠢᠨ ᠦᠢᠯᠡᠴᠢᠯᠡᠭᠡᠨ ᠤ ᠠᠵᠢᠯ ᠬᠢᠭᠰᠡᠳ ᠢ ᠲᠦᠮᠡᠨ ᠬᠥᠮᠥᠨ᠂ ᠭᠡᠷ ᠪᠦᠯᠢ ᠶᠢᠨ ᠰᠤᠷᠭᠠᠨ | ᠬᠥᠮᠦᠵᠢᠯ ᠤᠨ ᠵᠢᠯᠣᠭᠤᠳᠤᠭᠴᠢ ᠶᠢ ᠲᠦᠮᠡᠨ ᠬᠥᠮᠥᠨ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ︶᠃ | 4. ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠠᠵᠢᠯᠯᠠᠭᠠᠨ ᠢ ᠥᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ ᠴᠠᠯᠢᠩ ᠢ ᠴᠠᠭ ᠲᠤ ᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ︶᠃ | 5. ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠬᠡᠯᠬᠢᠶ᠎ᠡ᠂ ᠪᠦᠬᠦ ᠭᠤᠭᠴᠣᠭᠠᠨ ᠤ ᠲᠠᠷᠢᠶᠠᠯᠠᠩ ᠮᠠᠯ ᠠᠵᠤ | ᠠᠬᠤᠢ ᠶᠢᠨ ᠨᠡᠶᠢᠭᠡᠮᠴᠢᠯᠡᠭᠰᠡᠨ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠦᠢᠯᠡᠴᠢᠯᠡᠭᠡ ᠬᠠᠩᠭᠠᠬᠤ | ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ︶᠃ | ᠬᠤᠶᠠᠷ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠬᠢ 11 ᠵᠦᠢᠯ | 6. ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠬᠥᠮᠥᠨ ᠢ 1769 ᠲᠦᠮᠡ ᠳᠤ ᠬᠦᠷᠭᠡᠬᠦ ᠶᠢ | ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 7. ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠶᠢᠨ | ᠡᠬᠢᠯᠡᠵᠦ ᠲᠥᠯᠥᠬᠦ ᠬᠢᠵᠠᠭᠠᠷ ᠱᠤᠭᠤᠮ ᠢ ᠨᠢᠭᠡᠳᠦᠯᠲᠡᠢ 1000 ᠲᠥᠭᠦᠷᠢᠭ ᠠᠴᠠ ᠲᠤᠰ ᠲᠤᠰ 500 ᠲᠥᠭᠦᠷᠢᠭ᠂ | 300 ᠲᠥᠭᠦᠷᠢᠭ᠂ 200 ᠲᠥᠭᠦᠷᠢᠭ ᠪᠣᠯᠭᠠᠨ ᠪᠠᠭᠤᠷᠠᠭᠤᠯᠵᠤ᠂ ᠠᠵᠢᠯ ᠠᠴᠠ ᠪᠠᠨ ᠪᠠᠭᠤᠭᠰᠠᠳ ᠤᠨ ᠪᠣᠯ ᠲᠤᠰ | ᠲᠤᠰ 300 ᠲᠥᠭᠦᠷᠢᠭ᠂ 200 ᠲᠥᠭᠦᠷᠢᠭ᠂ 50 ᠲᠥᠭᠦᠷᠢᠭ ᠪᠣᠯᠭᠠᠨ ᠪᠠᠭᠤᠷᠠᠭᠤᠯᠤᠨ᠎ᠠ︔ ᠭᠠᠴᠠᠭ᠎ᠠ | ᠲᠤᠰᠬᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠢ 3176 ᠰᠢᠨ᠎ᠡ ᠪᠠᠷ ᠪᠠᠶᠢᠭᠤᠯᠵᠤ᠂ | ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶᠃ | 8. 1.3 ᠲᠦᠮᠡᠨ ᠡᠷᠥᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ | ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ | ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170᠂ ᠲᠤᠰᠬᠤᠨ ᠤ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ᠂ ᠬᠥᠳᠡᠭᠡ ᠲᠤᠰᠬᠤᠨ ᠤ ᠬᠠᠷᠢᠯᠴᠠᠨ | ᠲᠤᠰᠠᠯᠠᠯᠴᠠᠬᠤ ᠨᠠᠰᠤᠵᠢᠯ ᠤᠨ ᠵᠣᠯ ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠴᠢᠳᠠᠮᠵᠢ ᠶᠢ ᠥᠷᠭᠡᠳᠬᠡᠨ | ᠳᠡᠭᠡᠭᠰᠢᠯᠡᠭᠦᠯᠵᠦ᠂ ᠨᠠᠰᠤᠲᠠᠶᠢᠴᠤᠳ ᠤᠨ ᠢᠳᠡᠵᠦ ᠤᠤᠭᠤᠬᠤ ᠳᠤ ᠨᠢ ᠲᠤᠰᠠᠯᠠᠬᠤ ᠴᠡᠭ ᠢ 1200 ᠰᠢᠨ᠎ᠡ ᠪᠠᠷ | ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ︶᠃ | 9. ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠂ ᠪᠦᠬᠦ | ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ ᠠᠳᠠᠭ ᠲᠤ ᠪᠠᠨ 1 ᠠᠯᠪᠠᠨ ᠠᠴᠠ ᠡᠷᠬᠢᠯᠡᠭᠰᠡᠨ | ᠬᠡᠦᠬᠡᠳ ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠦᠲᠦᠭᠡᠨ ᠪᠠᠶᠢᠭᠤᠯᠤᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 10. ᠨᠡᠭᠦᠳᠡᠯ ᠬᠡᠦᠬᠡᠳ ᠪᠠᠭᠠᠴᠤᠳ ᠤᠨ ᠰᠠᠭᠤᠭ᠎ᠠ ᠭᠠᠵᠠᠷ ᠲᠤ ᠪᠠᠨ ᠬᠠᠶᠢᠷ᠎ᠠ ᠬᠠᠯᠠᠮᠵᠢ ᠬᠦᠷᠲᠡᠬᠦ | ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠰᠢᠶᠠᠨ ᠤ ᠱᠠᠲᠤᠨ ᠤ ︵ᠬᠤᠲᠠ ᠶᠢᠨ | ᠬᠠᠷᠢᠶ᠎ᠠ ᠲᠣᠭᠤᠷᠢᠭ ᠢ ᠪᠠᠭᠲᠠᠭᠠᠬᠤ ᠦᠭᠡᠢ︶ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ | ᠲᠥᠪ ᠢ 7 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠶᠢᠨ 93% ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | 11. ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ︶ ᠤᠨ ᠭᠡᠷ ᠢ 50 ᠰᠢᠨ᠎ᠡ ᠪᠠᠷ | ᠪᠠᠶᠢᠭᠤᠯᠵᠤ᠂ ᠬᠢᠯᠢ ᠬᠢᠵᠠᠭᠠᠷ᠂ ᠵᠠᠬ᠎ᠠ ᠬᠢᠵᠠᠭᠠᠷ ᠤᠨ ᠬᠤᠰᠢᠭᠤ ᠰᠢᠶᠠᠨ ᠪᠦᠬᠦᠨ ᠳᠤ ᠬᠠᠮᠤᠷᠤᠭᠤᠯᠬᠤ ᠶᠢ | ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ︶᠃ | 12. 6000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢ ᠰᠠᠭᠠᠳ ᠦᠭᠡᠢ ᠪᠣᠯᠭᠠᠨ | ᠥᠭᠡᠷᠡᠴᠢᠯᠡᠨ ᠰᠢᠨᠡᠳᠬᠡᠵᠦ᠂ ᠣᠶᠤᠨ ᠤᠬᠠᠭᠠᠨ᠂ ᠣᠶᠤᠨ ᠮᠡᠳᠡᠷᠡᠯ ᠵᠢᠴᠢ ᠦᠶ᠎ᠡ ᠮᠥᠴᠢ ᠨᠢ ᠬᠦᠨᠳᠦ ᠳᠡᠰ ᠤᠨ | ᠵᠡᠮᠳᠡᠭ ᠪᠣᠯᠤᠭᠰᠠᠨ 6500 ᠠᠵᠢᠯᠯᠠᠬᠤ ᠨᠠᠰᠤᠨ ᠤ ᠬᠥᠮᠥᠰ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 13. ᠲᠠᠷᠢᠶᠠᠯᠠᠬᠤ ᠮᠠᠯᠵᠢᠬᠤ ᠣᠷᠣᠨ ᠪᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠭᠰᠡᠨ ᠭᠡᠷ ᠪᠦᠯᠢ ᠶᠢᠨ ᠲᠣᠬᠢᠷᠠᠬᠤ ᠨᠠᠰᠤᠨ ᠤ ᠡᠮᠡᠭᠲᠡᠶᠢᠴᠦᠳ ᠲᠤ ︽ᠬᠤᠶᠠᠷ ᠵᠦᠢᠯ ᠤᠨ ᠦᠮᠠᠨ | ᠡᠪᠡᠳᠴᠢᠨ︾ ᠢ ᠰᠢᠭᠰᠢᠪᠡᠰᠦ ᠵᠣᠬᠢᠬᠤ ᠪᠦᠬᠦᠨ ᠢ ᠨᠢ ᠰᠢᠭᠰᠢᠵᠦ᠂ ᠪᠠᠶᠢᠴᠠᠭᠠᠪᠠᠰᠤ ᠵᠣᠬᠢᠬᠤ ᠪᠦᠬᠦᠨ ᠢ ᠨᠢ ᠪᠠᠶᠢᠴᠠᠭᠠᠨ | ᠥᠭᠬᠦ ᠶᠢ ᠪᠡᠶᠡᠯᠡᠭᠦᠯᠦᠨ᠂ ᠰᠠᠪᠠᠨ ᠬᠦᠵᠦᠭᠦᠨ ᠤ ᠦᠮᠡᠨ ᠤ 9 ᠸᠠᠯᠧᠨ᠋ᠳ᠋ᠲᠦ ᠸᠠᠺᠼᠢᠨ ᠢ 100 ᠲᠦᠮᠡᠨ ᠬᠥᠮᠥᠨ ᠤ | ᠬᠤᠪᠢ ᠰᠢᠨ᠎ᠡ ᠪᠠᠷ ᠨᠡᠮᠡᠭᠳᠡᠭᠦᠯᠵᠦ᠂ ᠲᠣᠬᠢᠷᠠᠬᠤ ᠨᠠᠰᠤᠨ ᠤ ᠡᠮᠡᠭᠲᠡᠶᠢᠴᠦᠳ ᠲᠤ ᠸᠠᠺᠼᠢᠨ ᠲᠠᠷᠢᠬᠤ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠵᠦ᠂ ᠲᠠᠷᠢᠭᠤᠯᠬᠤ ᠬᠦᠰᠡᠯ ᠲᠠᠢ ᠪᠣᠯᠭᠠᠨ ᠳᠤ ᠲᠠᠷᠢᠵᠤ ᠥᠭᠬᠦ ᠶᠢ ᠪᠡᠶᠡᠯᠡᠭᠦᠯᠦᠨ᠎ᠡ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶︔ ᠨᠥᠬᠦᠴᠡᠯ ᠳᠤ ᠨᠡᠶᠢᠴᠡᠭᠰᠡᠨ ᠣᠷᠣᠯᠭ᠎ᠠ ᠪᠠᠭᠠᠲᠠᠢ ᠭᠡᠷ ᠪᠦᠯᠢ ᠶᠢᠨ ︽ᠬᠤᠶᠠᠷ ᠵᠦᠢᠯ ᠤᠨ ᠦᠮᠠᠨ | ᠡᠪᠡᠳᠴᠢᠨ︾ ᠢᠶᠠᠷ ᠣᠨᠣᠰᠢᠯᠠᠭᠳᠠᠭᠰᠠᠨ ᠡᠮᠡᠭᠲᠡᠢ ᠪᠦᠷᠢ ᠳᠤ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ︶᠃ | 14. ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭᠠᠷ ᠤᠨ ᠬᠤᠰᠢᠭᠤ ᠬᠤᠲᠠ᠂ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠣᠷᠣᠨ ᠤ ᠴᠠᠭᠠᠨ ᠬᠠᠷᠠᠩ ᠲᠠᠢ ᠡᠪᠡᠳᠴᠢᠲᠡᠨ ᠳᠤ ᠰᠦᠢᠳᠬᠡᠯ | ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠢ 3500 ᠭᠠᠷᠤᠢ ᠬᠢᠵᠦ ᠥᠭᠭᠦᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠡᠷᠲᠡᠭᠡᠨ | ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 15. ᠬᠢᠯᠢ ᠬᠢᠵᠠᠭᠠᠷ ᠭᠠᠵᠠᠷ ᠣᠷᠣᠨ ᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠳᠤ ᠰᠦᠢᠳᠬᠡᠯ | ᠬᠤᠷᠢᠶᠠᠬᠤ ᠦᠭᠡᠢ ᠪᠠᠷ ᠡᠪᠦᠳᠦᠭ ᠰᠡᠭᠦᠵᠢ ᠶᠢᠨ ᠦᠶ᠎ᠡ ᠬᠠᠯᠠᠬᠤ ᠮᠡᠰᠡ ᠵᠠᠰᠠᠯ ᠢ 200 ᠭᠠᠷᠤᠢ ᠬᠢᠵᠦ ᠥᠭᠭᠦᠨ᠎ᠡ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃ | 16. ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠯᠲᠠ ᠰᠤᠪᠢᠯᠠᠯᠲᠠ ᠶᠢᠨ ᠦᠨᠡᠮᠯᠡᠯ | ᠣᠯᠭᠤᠬᠤ ᠪᠣᠯᠪᠠᠰᠤᠷᠠᠯ ᠢ 6 ᠲᠦᠮᠡᠨ ᠬᠥᠮᠥᠨ ᠳᠤ ᠬᠦᠷᠲᠡᠭᠡᠵᠦ᠂ ᠲᠦᠭᠡᠮᠡᠯᠵᠢᠭᠦᠯᠬᠦ ᠴᠢᠨᠠᠷᠲᠠᠢ ᠪᠣᠯᠪᠠᠰᠤᠷᠠᠯ ᠢ 20 | ᠲᠦᠮᠡᠨ ᠬᠥᠮᠥᠨ ᠤᠳᠠᠭ᠎ᠠ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃ | ᠭᠤᠷᠪᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠰᠢᠯᠢᠳᠡᠭᠵᠢᠭᠦᠯᠬᠦ ᠲᠠᠯ᠎ᠠ ᠪᠠᠷ ᠬᠢ 6 ᠵᠦᠢᠯ | 17. ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠷᠭᠠᠭᠤᠯᠢ ᠶᠢᠨ ᠨᠡᠷᠡᠲᠦ ᠵᠠᠬᠢᠷᠤᠯ ᠤᠨ ᠠᠵᠢᠯᠯᠠᠬᠤ | ᠲᠠᠰᠤᠭ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ ᠲᠤᠰ ᠲᠤᠰ 30 ᠪᠠᠶᠢᠭᠤᠯᠵᠤ᠂ ᠬᠤᠲᠠ ᠲᠣᠭᠤᠷᠢᠭ ᠤᠨ | 1000 ᠭᠠᠷᠤᠢ ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ | ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠨᠢ ᠳᠡᠮᠵᠢᠨ ᠲᠤᠰᠠᠯᠠᠬᠤ ᠠᠵᠢᠯ ᠥᠷᠨᠢᠭᠦᠯᠦᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶᠃ | 18. ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4᠂ ᠥᠪᠡᠷᠲᠡᠭᠡᠨ ᠵᠠᠰᠠᠬᠤ ᠣᠷᠣᠨ ᠤ | ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠤᠨ᠂ | ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ | ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶᠃ | 19. ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠲᠤᠷᠰᠢᠯᠲᠠ ᠶᠢᠨ ᠴᠡᠭ ᠪᠤᠯᠬᠤ 6 ᠠᠶᠢᠮᠠᠭ ᠬᠤᠲᠠ ᠶᠢᠨ | ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ ᠠᠳᠠᠭ ᠲᠤ ᠪᠠᠨ 1 ᠠᠮᠤᠷᠯᠢᠩᠭᠤᠢ ᠡᠮᠴᠢᠯᠡᠭᠡ | ᠰᠤᠪᠢᠯᠠᠯᠲᠠ ᠶᠢᠨ ᠡᠪᠡᠳᠴᠢᠲᠡᠨ ᠤ ᠲᠣᠭᠤᠷᠢᠭ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 20. ︽ᠤᠯᠠᠭᠠᠨᠮᠥ᠋ᠴᠢᠷ ᠤᠨ ᠲᠣᠭᠯᠠᠯᠲᠠ ᠶᠢ ᠲᠦᠮᠡᠨ ᠲᠤᠰᠬᠤᠨ ᠳᠤ ᠬᠦᠷᠭᠡᠬᠦ︾ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ ᠪᠠ ᠦᠨᠳᠦᠰᠦᠨ | ᠱᠠᠲᠤᠨ ᠤ ᠦᠢᠯᠡᠴᠢᠯᠡᠭᠡᠨ ᠢ ᠲᠦᠮᠡ ᠭᠠᠷᠤᠢ ᠲᠠᠯᠠᠪᠤᠷ ᠤᠳᠠᠭ᠎ᠠ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶᠃ | 21. ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠢᠵᠢ ᠦᠢᠯᠡᠴᠢᠯᠡᠭᠡ ᠶᠢ 13 | ᠨᠡᠶᠢᠲᠡᠯᠡᠵᠦ᠂ ᠬᠠᠯᠠᠮᠰᠢᠯ ᠤᠲᠠᠰᠤ 12345 ᠪᠠᠷ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠮᠵᠢ ᠶᠢ | ᠨᠡᠮᠡᠭᠳᠡᠭᠦᠯᠦᠨ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ 150 ᠰᠢᠨ᠎ᠡ ᠪᠠᠷ ᠨᠡᠮᠡᠭᠳᠡᠭᠦᠯᠵᠦ᠂ ᠬᠡᠪ ᠳᠠᠭᠤᠷᠢᠶᠠᠯ ᠪᠣᠯᠬᠤᠶᠢᠴᠠ ᠦᠨᠳᠦᠰᠦᠨ ᠱᠠᠲᠤᠨ ᠤ ᠠᠷᠠᠳ ᠲᠤ | ᠳᠦᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ 24᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠥᠷᠲᠡᠭᠡ ᠶᠢ 10 ᠴᠣᠭᠴᠠᠯᠠᠨ᠎ᠠ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ | ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶᠃ | 22. ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ | ᠴᠣᠩᠬᠤᠪᠴᠢ ᠶᠢ 100 ᠪᠠ ︽ᠨᠢᠭᠡ ᠥᠷᠲᠡᠭᠡᠴᠢᠯᠡᠭᠰᠡᠨ ᠮᠠᠶ᠋ᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ 100 ᠴᠣᠭᠴᠠᠯᠠᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ︶᠃ | ᠳᠥᠷᠪᠡ᠂ ᠣᠯᠠᠨ ᠲᠦᠮᠡᠨ ᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ | ᠲᠠᠯ᠎ᠠ ᠪᠠᠷ ᠬᠢ 11 ᠵᠦᠢᠯ | 23. ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠂ ᠢᠯᠴᠢ ᠬᠠᠩᠭᠠᠬᠤ ᠬᠤᠭᠤᠯᠠᠢ ᠭᠤᠤᠷᠰᠤ ᠶᠢ | 420 ᠺᠢᠯᠣᠮᠧᠳ᠋ᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶︔ ᠲᠠᠷᠢᠶᠠᠴᠢᠨ | ᠮᠠᠯᠴᠢᠳ ᠲᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ 320 ᠲᠦᠮᠡ ᠭᠠᠷᠤᠢ ᠲᠣᠨ | ᠨᠠᠶᠢᠳᠠᠪᠤᠷᠢᠵᠢᠭᠤᠯᠤᠨ᠂ ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠳᠤ ᠬᠠᠩᠭᠠᠯᠭ᠎ᠠ ᠶᠢ ᠪᠠᠲᠤᠯᠠᠬᠤ ᠳᠤ | ᠬᠡᠷᠡᠭᠯᠡᠬᠦ ᠨᠡᠭᠦᠷᠡᠰᠦ ᠶᠢ 1600 ᠲᠦᠮᠡ ᠭᠠᠷᠤᠢ ᠲᠣᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠯᠠᠭᠤᠨ | ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠨᠧᠷᠬᠢ ᠶᠢᠨ ᠲᠣᠪᠴᠢᠶ᠎ᠠ︶᠃ | 24. ᠤᠰᠤ ᠬᠠᠩᠭᠠᠵᠤ ᠭᠠᠳᠠᠭᠰᠢᠯᠠᠭᠤᠯᠬᠤ ᠬᠠᠭᠤᠴᠢᠨ ᠬᠤᠭᠤᠯᠠᠢ ᠭᠤᠤᠷᠰᠤ ᠶᠢ 870 ᠺᠢᠯᠤᠮᠧᠲᠷ᠂ | ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢ 210 ᠺᠢᠯᠤᠮᠧᠲᠷ ᠥᠭᠡᠷᠡᠴᠢᠯᠡᠨ ᠰᠢᠨᠡᠳᠬᠡᠵᠦ᠂ ᠲᠡᠷᠭᠡᠨ | ᠵᠣᠭᠰᠣᠭᠠᠯ ᠤᠨ ᠬᠠᠩᠭᠠᠯᠭ᠎ᠠ ᠶᠢ 3 ᠲᠦᠮᠡ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ︶᠃ | 25. ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185᠂ ᠬᠤᠲᠠ ᠶᠢᠨ ᠨᠤᠷᠠᠬᠤ | ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ | ᠭᠡᠷ ᠪᠠᠶᠢᠰᠢᠩ ᠢ 3419 ᠡᠷᠦᠬᠡ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ︶᠃ | 26. ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠪᠠᠶᠢᠭᠤᠯᠵᠤ᠂ | 2 ᠲᠦᠮᠡᠨ ᠡᠷᠦᠭᠡ ᠬᠤᠲᠠ ᠪᠠᠯᠭᠠᠰᠤᠨ ᠤ ᠪᠠᠲᠤᠯᠠᠭ᠎ᠠ ᠶᠢᠨ ᠣᠷᠣᠨ ᠰᠠᠭᠤᠴᠠᠲᠤ ᠭᠡᠷ ᠪᠦᠯᠢ ᠳᠤ ᠲᠦᠷᠢᠶᠡᠰᠦᠨ | ᠨᠡᠮᠡᠭᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 27. ᠪᠡᠶ᠎ᠡ ᠶᠢᠨ ᠲᠠᠮᠢᠷ ᠤᠨ ᠴᠡᠴᠡᠷᠯᠢᠭ ᠢ 20᠂ ᠣᠯᠠᠨ ᠲᠦᠮᠡᠨ ᠤ ᠲᠡᠰᠢᠯᠲᠡ ᠶᠢᠨ ᠲᠠᠯᠠᠪᠤᠷ ᠢ 28᠂ | ︽ᠫᠢᠩᠫᠠᠩ ᠪᠥᠮᠪᠦᠭᠡ ᠶᠢ ᠰᠠᠭᠤᠭᠠᠯᠢ ᠲᠣᠭᠤᠷᠢᠭ ᠲᠤ ᠣᠷᠣᠭᠤᠯᠬᠤ︾ ᠲᠥᠷᠥᠯ ᠵᠦᠢᠯ ᠢ 150 ᠰᠢᠨ᠎ᠡ ᠪᠠᠷ | ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ︶᠃ | 28. 1000 ᠭᠠᠷᠤᠢ ᠬᠥᠮᠥᠨ ᠠᠮᠠ ᠲᠠᠢ 100 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ | ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ︶︔ 400 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ 3000 | ᠭᠠᠷᠤᠢ ᠬᠥᠮᠥᠨ ᠠᠮᠠ ᠲᠠᠢ 10 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︶᠃ | 29. ᠲᠠᠷᠢᠶᠠᠯᠠᠬᠤ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 270᠂ | ᠲᠠᠷᠠᠬᠠᠢ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ 900 ᠰᠢᠨ᠎ᠡ ᠪᠠᠷ ᠪᠠᠶᠢᠭᠤᠯᠬᠤ ᠪᠠ ᠰᠢᠨᠡᠳᠬᠡᠨ | ᠰᠠᠶᠢᠵᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ︶᠃ | 30. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠤᠨ᠎ᠠ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶᠃ | 31. ᠲᠤᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠲᠤ | ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶᠃ | 32. ᠪᠦᠢᠳᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ | ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠦᠢᠳᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ | ᠮᠠᠯᠵᠢᠬᠤ ᠡᠷᠦᠬᠡ᠂ ᠬᠢᠯᠢ ᠶᠢᠨ ᠬᠠᠮᠠᠭᠠᠯᠠᠯᠲᠠ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ | ᠨᠡᠪᠲᠡᠷᠡᠭᠦᠯᠬᠦ ᠳᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ︔ 650 ᠬᠠᠭᠤᠴᠢᠨ ᠰᠠᠭᠤᠭᠠᠯᠢ ᠲᠣᠭᠤᠷᠢᠭ ᠤᠨ | ᠴᠠᠬᠢᠯᠭᠠᠨ ᠬᠠᠩᠭᠠᠬᠤ ᠪᠡᠯᠡᠳᠬᠡᠮᠵᠢ᠂ 2 ᠲᠦᠮᠡᠨ ᠴᠠᠬᠢᠯᠭᠠᠨ ᠴᠡᠨᠡᠭᠯᠡᠬᠦ ᠱᠣᠩ ︵ᠥᠷᠲᠡᠭᠡ︶ ᠢ ᠢᠵᠢ | ᠪᠦᠷᠢᠳᠦᠭᠦᠯᠦᠨ ᠴᠠᠬᠢᠯᠭᠠᠨ ᠲᠣᠣᠷ ᠲᠤ ᠵᠠᠯᠭᠠᠭᠤᠯᠵᠤ ᠥᠭᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠦᠨ᠎ᠡ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶᠃ | 33. ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠳ᠋ᠷ ᠡᠬᠢᠯᠡᠭᠦᠯᠦᠨ ᠪᠠᠶᠢᠭᠤᠯᠤᠨ᠎ᠠ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ︶᠃ | | | ᠳᠠᠭᠠᠯᠳᠤᠭᠤᠯᠤᠯ 2 | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | ︽ᠨᠢᠭᠡ ᠲᠥᠯᠦᠪᠵᠢᠭᠦᠯᠭᠡ ᠭᠤᠷᠪᠠᠨ ᠲᠥᠰᠥᠯ︾᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ | ᠲᠥᠯᠦᠪᠵᠢᠭᠦᠯᠭᠡ ︵2021—2030 ᠣᠨ︶︾ ᠪᠠ ︽ᠬᠠᠲᠤᠨ ᠭᠤᠣᠯ ᠤᠨ ︿ᠶᠡᠭᠡ ᠲᠣᠬᠤᠢ﹀ ᠶᠢᠨ | ᠰᠢᠪᠲᠤᠯᠤᠯᠲᠠ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021—2030 ᠣᠨ︶︾᠂ ︽ᠬᠤᠷᠴᠢᠨ ᠪᠠ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ | ︵2021 — 2030 ᠣᠨ︶︾᠂ ︽ᠡᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠦᠯ ᠤᠨ ᠬᠥᠪᠡᠭᠡ | ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ ︵2021 — 2030 ᠣᠨ︶︾ ᠢ | ᠵᠢᠭᠠᠵᠤ ᠪᠤᠢ᠃ | ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ᠄ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠵᠤ ᠨᠡᠭᠡᠭᠡᠬᠦ᠂ ᠬᠥᠷᠥᠩᠭᠡ ᠶᠢ ᠭᠦᠢᠯᠭᠡᠭᠡᠨ ᠠᠵᠢᠯᠯᠠᠭᠤᠯᠬᠤ᠂ | ᠲᠥᠷᠥᠯ ᠵᠦᠢᠯ ᠢ ᠨᠡᠪᠴᠢᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ | ᠬᠠᠮᠠᠭᠠᠯᠠᠬᠤ ᠵᠡᠷᠭᠡ ᠴᠢᠳᠠᠮᠵᠢ ᠶᠢ ᠬᠤᠷᠠᠭᠤᠯᠤᠭᠰᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠲᠠᠪᠴᠠᠩ | ︵www.mengkeju.com︶ ᠢ ᠵᠢᠭᠠᠵᠤ ᠪᠤᠢ᠃ | ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾᠄ ᠦᠶᠡᠷ ᠢ ᠰᠠᠭᠠᠳ ᠦᠭᠡᠢ ᠵᠠᠯᠠᠬᠤ ᠶᠢᠨ ᠠᠮᠤᠷ | ᠲᠦᠪᠰᠢᠨ ᠢ ᠰᠦᠷᠳᠡᠭᠦᠯᠦᠭᠰᠡᠨ᠂ ᠭᠤᠣᠯ ᠮᠥᠷᠡᠨ ᠨᠠᠭᠤᠷ ᠴᠥᠬᠦᠷᠤᠮ ᠤᠨ ᠬᠡᠪ ᠤᠨ ᠪᠠᠶᠢᠳᠠᠯ ᠢ ᠠᠯᠳᠠᠭᠳᠠᠭᠤᠯᠤᠭᠰᠠᠨ | ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ ᠦᠵᠡᠭᠳᠡᠯ ᠢ | ᠴᠡᠭᠴᠡᠯᠡᠨ ᠵᠠᠰᠠᠵᠤ ᠴᠡᠪᠡᠷᠯᠡᠬᠦ ᠶᠢ ᠵᠢᠭᠠᠵᠤ ᠪᠤᠢ᠃ | ︽ᠵᠢᠭᠤᠯᠴᠢᠯᠠᠯ ᠤᠨ ᠳᠥᠷᠪᠡᠨ ᠭᠠᠵᠠᠷ︾ ᠄ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠲᠡᠷᠢᠭᠦᠨ | ᠰᠣᠩᠭᠤᠯᠲᠠ ᠶᠢᠨ ᠭᠠᠵᠠᠷ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ᠂ ᠠᠮᠠᠷᠠᠯᠲᠠ ᠪᠠᠷ ᠵᠠᠪᠠᠯ | ᠵᠢᠭᠤᠯᠴᠢᠯᠠᠬᠤ ᠭᠠᠵᠠᠷ᠂ ᠡᠷᠡᠭᠦᠯᠵᠢᠯ ᠰᠤᠪᠢᠯᠠᠯᠲᠠ ᠬᠢᠬᠦ ᠰᠠᠶᠢᠨ ᠭᠠᠵᠠᠷ ᠢ ᠴᠣᠭᠴᠠᠯᠠᠬᠤ ᠶᠢ ᠵᠢᠭᠠᠵᠤ ᠪᠤᠢ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠄ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ | ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ | ᠠᠵᠤ ᠦᠢᠯᠡᠰ ᠤᠨ ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠵᠢᠭᠠᠵᠤ ᠪᠤᠢ᠃ | ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ | ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠪᠠ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠪᠴᠠᠩ ᠪᠠᠶᠢᠭᠤᠯᠵᠤ᠂ ᠠᠷᠠᠳ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠢ ᠵᠣᠬᠢᠶᠠᠨ ᠪᠠᠶᠢᠭᠤᠯᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ | ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠳᠤ ᠣᠷᠣᠯᠴᠠᠭᠤᠯᠬᠤ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠲᠣᠭᠲᠠᠴᠠ ᠶᠢ ᠵᠢᠭᠠᠵᠤ ᠪᠤᠢ᠃ | ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾᠄ ᠢᠳᠡᠭᠡᠨ | ᠦᠢᠯᠡᠳᠪᠦᠷᠢᠯᠡᠬᠦ ᠭᠤᠭᠴᠣᠭᠠᠨ ᠳᠠᠬᠢ ᠢᠳᠡᠭᠡᠨ ᠤ ᠨᠡᠮᠡᠯᠲᠡ ᠡᠳ᠋ ᠢ ᠬᠡᠪᠴᠢᠶᠡᠨ ᠠᠴᠠ ᠬᠡᠲᠦᠷᠡᠭᠦᠯᠬᠦ᠂ ᠬᠢᠵᠠᠭᠠᠷᠯᠠᠬᠤ | ᠬᠡᠮᠵᠢᠶᠡᠨ ᠠᠴᠠ ᠬᠡᠲᠦᠷᠡᠭᠦᠯᠬᠦ ᠪᠠ ᠢᠳᠡᠭᠡᠨ ᠤ ᠵᠦᠢᠯ ᠳᠤ ᠦᠯᠦ ᠬᠡᠷᠡᠭᠯᠡᠬᠦ ᠪᠣᠳᠠᠰ ᠢ ᠬᠠᠤᠯᠢ ᠪᠤᠰᠤ ᠪᠠᠷ ᠨᠡᠮᠡᠬᠦ ᠶᠢ | ᠵᠢᠭᠠᠵᠤ ᠪᠤᠢ᠃ | ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠬᠡᠬᠦ︾᠄ ᠠᠵᠢᠯ ᠲᠥᠷᠥᠯ ᠢ ᠬᠠᠮᠢᠶᠠᠷᠬᠤ ᠳᠤ | ᠠᠮᠤᠷ ᠲᠦᠪᠰᠢᠨ ᠢ ᠡᠷᠬᠡᠪᠰᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠠᠮᠤᠷ ᠲᠦᠪᠰᠢᠨ ᠢ | ᠡᠷᠬᠡᠪᠰᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ | ᠬᠠᠮᠢᠶᠠᠷᠬᠤ ᠶᠢ ᠵᠢᠭᠠᠵᠤ ᠪᠤᠢ᠃ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠄ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠴᠢᠬᠤᠯᠠ ᠡᠨᠧᠷᠬᠢ ᠶᠢᠨ ᠰᠣᠷᠪᠣᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ | ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠢ ᠵᠢᠭᠠᠵᠤ ᠪᠤᠢ᠃ | ︽ᠲᠤᠯᠤᠭ᠎ᠠ ᠶᠢ ᠲᠠᠶᠠᠭᠳᠠᠬᠤ︾᠄ ︽ᠪᠢ ᠪᠤᠰᠤᠳ ᠢ ᠬᠦᠷᠬᠦ ᠦᠭᠡᠢ︾ ᠬᠡᠮᠡᠬᠦ ᠰᠡᠳᠬᠢᠯ᠂ ︽ᠬᠥᠭᠵᠢᠭᠦᠯᠬᠦ ᠳᠤ | ᠳᠡᠩᠳᠡᠭᠦᠦ ᠶᠠᠭᠠᠷᠠᠬᠤ ᠬᠡᠷᠡᠭ ᠦᠭᠡᠢ︾ ᠬᠡᠮᠡᠬᠦ ᠪᠤᠳᠤᠯ᠂ ︽ᠶᠠᠪᠤᠴᠠ ᠶᠢ ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ | ᠴᠢᠬᠤᠯᠠᠴᠢᠯᠠᠬᠤ ᠦᠭᠡᠢ︾ ᠤᠬᠠᠮᠰᠠᠷ᠂ ︽ᠵᠣᠷ ᠦᠭᠡᠢ ᠪᠣᠯ ᠡᠮ ᠥᠭᠬᠦ ᠵᠣᠷᠢᠭ ᠦᠭᠡᠢ︾ ᠬᠢᠳᠡᠯ᠂ ︽ᠨᠢᠳᠦᠨ | ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠤᠯᠡ ᠶᠢ ᠬᠠᠷᠠᠬᠤ ᠦᠭᠡᠢ︾ ᠰᠡᠳᠬᠢᠬᠦᠢ᠂ ︽ᠨᠠᠷᠢᠯᠢᠭ ᠵᠦᠢᠯ ᠢ | ᠠᠩᠬᠠᠷᠬᠤ ᠦᠭᠡᠢ ᠪᠠᠷᠤᠭ ᠲᠥᠯᠥᠪ ᠢᠶᠠᠷ ᠨᠢ ᠪᠤᠯᠭᠠᠬᠤ︾ ᠰᠡᠳᠬᠢᠴᠡ᠂ ︽ᠦᠢᠯᠡᠳᠪᠦᠷᠢᠯᠡᠯ ᠢ ᠴᠢᠬᠤᠯᠠᠴᠢᠯᠠᠵᠤ | ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠵᠢᠭᠠᠵᠤ ᠪᠤᠢ᠃ | ︽ᠵᠢᠷᠭᠤᠭᠠᠨ ᠢᠨᠵᠧᠨᠧᠷᠢᠩ︾ ᠄ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ | ᠵᠢᠭᠠᠵᠤ ᠪᠤᠢ᠃ | ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ 4 | ᠰᠠᠭᠤᠷᠢᠨ ᠭᠠᠵᠠᠷ᠄ ᠬᠥᠪᠴᠢ ᠶᠢᠨ ᠡᠯᠡᠰᠦᠨ ᠴᠦᠯ ᠤᠨ ᠣᠷᠳᠣᠰ ᠤᠨ ᠳᠤᠮᠳᠠ ᠬᠤᠶᠢᠲᠤ ᠬᠡᠰᠡᠭ᠂ ᠬᠥᠪᠴᠢ ᠶᠢᠨ | ᠡᠯᠡᠰᠦᠨ ᠴᠦᠯ ᠤᠨ ᠣᠷᠳᠣᠰ ᠤᠨ ᠡᠮᠦᠨ᠎ᠡ ᠬᠡᠰᠡᠭ᠂ ᠲᠡᠭᠷᠢ ᠡᠯᠡᠰᠦᠨ ᠴᠦᠯ ᠤᠨ ᠵᠡᠭᠦᠨ ᠡᠮᠦᠨᠡᠲᠦ ᠬᠡᠰᠡᠭ᠂ | ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠬᠢ ᠶᠢᠨ ᠰᠠᠭᠤᠷᠢᠨ ᠢ ᠵᠢᠭᠠᠵᠤ ᠪᠤᠢ᠃ | ︽ᠭᠤᠷᠪᠠᠨ ᠶᠡᠭᠡ ᠳᠠᠪᠠᠭᠤᠯᠢᠭ︾ ᠄ ᠡᠨᠧᠷᠬᠢ ᠶᠢᠨ ᠠᠵᠤ ᠦᠢᠯᠡᠰ ᠤᠨ ᠳᠠᠪᠠᠭᠤᠯᠢᠭ᠂ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠵᠢᠭᠠᠵᠤ ᠪᠤᠢ᠃ | ︽ᠲᠢᠶᠠᠨ ᠵᠢᠶᠦ᠋ᠨ ᠲᠥᠯᠥᠪᠯᠡᠭᠡ︾᠄ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ᠳᠤ | ᠦᠢᠯᠡᠴᠢᠯᠡᠬᠦ ᠲᠥᠯᠥᠪᠯᠡᠭᠡ ᠪᠣᠯᠣᠨ᠎ᠠ᠂ ᠰᠲ᠋ᠣᠺ ᠤᠨ ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠳ ᠢ | ᠬᠥᠳᠡᠯᠦᠩᠭᠦᠢ ᠪᠠᠷ ᠠᠭᠤᠳᠠᠯᠤᠨ ᠰᠢᠭᠰᠢᠬᠦ ᠪᠠᠷ ᠳᠠᠮᠵᠢᠵᠤ᠂ ︽ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠬᠢᠬᠦ᠂ | ᠵᠠᠰᠠᠭ ᠤᠨ ᠣᠷᠳᠣᠨ ᠠᠴᠠ ᠠᠬᠢᠭᠤᠯᠬᠤ᠂ ᠪᠠᠶᠢᠭᠤᠯᠤᠮᠵᠢ ᠠᠴᠠ ᠳᠠᠶᠢᠴᠢᠯᠠᠬᠤ᠂ ᠨᠡᠶᠢᠭᠡᠮ ᠤᠨ ᠬᠢᠨ ᠬᠤᠯᠪᠤᠭᠠᠯᠠᠨ | ᠬᠥᠳᠡᠯᠦᠯᠴᠡᠬᠦ︾ ᠲᠣᠭᠲᠠᠴᠠ ᠶᠢ ᠬᠡᠷᠡᠭᠵᠢᠭᠦᠯᠵᠦ᠂ ︽ᠨᠢᠭᠡ ᠪᠦᠯᠦᠭ ᠢ ᠨᠢ ᠪᠤᠶᠢᠵᠢᠭᠤᠯᠬᠤ᠂ ᠨᠢᠭᠡ ᠪᠦᠯᠦᠭ ᠢ ᠨᠢ | ᠬᠠᠪᠰᠤᠷᠤᠨ ᠵᠢᠯᠤᠭᠤᠳᠬᠤ᠂ ᠨᠢᠭᠡ ᠪᠦᠯᠦᠭ ᠢ ᠨᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ ᠢ ᠨᠢ ᠵᠠᠬ᠎ᠠ ᠳᠤ | ᠭᠠᠷᠭᠠᠬᠤ︾ ᠱᠠᠲᠤᠯᠢᠭ ᠬᠡᠯᠪᠡᠷᠢ ᠶᠢ ᠪᠣᠢ ᠪᠣᠯᠭᠠᠨ᠂ ︽ᠰᠠᠶᠢᠨ ᠠᠵᠤ ᠠᠬᠤᠶᠢᠯᠠᠯ ᠢ ᠴᠣᠭᠴᠠᠯᠠᠬᠤ᠂ ᠰᠠᠶᠢᠨ ᠠᠵᠤ | ᠠᠬᠤᠶᠢᠯᠠᠯ ᠢ ᠰᠣᠩᠭᠤᠬᠤ᠂ ᠰᠠᠶᠢᠨ ᠠᠵᠤ ᠠᠬᠤᠶᠢᠯᠠᠯ ᠢ ᠪᠤᠶᠢᠵᠢᠭᠤᠯᠬᠤ᠂ ᠰᠠᠶᠢᠨ ᠠᠵᠤ ᠠᠬᠤᠶᠢᠯᠠᠯ ᠢ ᠰᠲ᠋ᠣᠺ ᠤᠨ | ᠵᠠᠬ᠎ᠠ ᠳᠤ ᠭᠠᠷᠭᠠᠬᠤ︾ ᠪᠠᠶᠢᠷᠢᠰᠢᠯ ᠢ ᠴᠣᠭᠴᠠᠯᠠᠬᠤ ᠶᠢ ᠵᠢᠭᠠᠵᠤ ᠪᠤᠢ᠃ | ︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ︾᠄ ᠦᠦᠰᠢᠨ ᠬᠤᠰᠢᠭᠤᠨ ᠤ | ᠡᠭᠦᠳᠦᠭᠰᠡᠨ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠬᠦ ᠲᠤᠷᠰᠢᠯᠭ᠎ᠠ ᠶᠢᠨ ᠠᠷᠭ᠎ᠠ ᠬᠢᠳᠡᠯ ᠪᠣᠯᠣᠨ᠎ᠠ᠂ | ︽ᠭᠤᠷᠪᠠᠨ ᠲᠦᠷᠦᠯ ᠬᠤᠪᠢᠶᠠᠬᠤ︾ ᠭᠡᠳᠡᠭ ᠨᠢ ᠪᠠᠭ᠎ᠠ ᠵᠥᠷᠢᠴᠡᠯ ᠵᠢᠭᠤᠷᠠᠯᠳᠤᠭᠠᠨ ᠢ ᠮᠡᠳᠡᠭᠰᠡᠨ ᠳᠠᠷᠤᠢ ᠳᠤ ᠨᠢ | ᠡᠶᠡᠳᠡᠭᠦᠯᠬᠦ᠂ ᠪᠤᠳᠤᠯᠢᠶᠠᠨ ᠲᠠᠢ ᠵᠦᠢᠯᠡᠰ ᠢ ᠲᠦᠷᠦᠯ ᠬᠤᠪᠢᠶᠠᠨ ᠡᠶᠡᠳᠡᠭᠦᠯᠬᠦ᠂ ᠶᠠᠷᠰᠢᠭ ᠲᠦᠪᠡᠭᠲᠡᠢ ᠬᠡᠷᠡᠭ ᠢ | ᠬᠠᠮᠲᠤᠷᠠᠨ ᠬᠠᠮᠢᠶᠠᠷᠴᠤ ᠡᠶᠡᠳᠡᠭᠦᠯᠬᠦ ᠶᠢ ᠵᠢᠭᠠᠵᠤ ᠪᠣᠢ︔ ︽ᠡᠶᠡᠳᠡᠭᠦᠯᠦᠨ ᠰᠢᠢᠳᠪᠦᠷᠢᠯᠡᠬᠦ︾ ᠭᠡᠳᠡᠭ ᠨᠢ ᠵᠠᠬᠢᠳᠠᠯ | ᠰᠤᠷᠪᠤᠯᠵᠢᠯᠠᠯ ᠬᠢᠬᠦ ᠭᠡᠰᠡᠨ ᠣᠯᠠᠨ ᠲᠦᠮᠡᠨ ᠢ ᠲᠤᠬᠠᠢ ᠶᠢᠨ ᠭᠠᠵᠠᠷ ᠲᠤ ᠨᠢ ᠡᠶᠡᠳᠡᠭᠦᠯᠦᠨ᠂ ᠵᠥᠷᠢᠴᠡᠯ | ᠵᠢᠭᠤᠷᠠᠯᠳᠤᠭᠠᠨ ᠢ ᠲᠤᠬᠠᠢ ᠶᠢᠨ ᠭᠠᠵᠠᠷ ᠲᠤ ᠨᠢ ᠠᠷᠢᠯᠭᠠᠨ ᠰᠢᠢᠳᠪᠦᠷᠢᠯᠡᠵᠦ᠂ ᠣᠯᠠᠨ ᠲᠦᠮᠡᠨ ᠢ ᠱᠠᠲᠤ | ᠳᠠᠪᠠᠭᠤᠯᠤᠨ ᠰᠤᠷᠪᠤᠯᠵᠢᠯᠠᠯ ᠬᠢᠯᠭᠡᠬᠦ ᠦᠭᠡᠢ᠂ ᠠᠰᠠᠭᠤᠳᠠᠯ ᠢ ᠬᠤᠰᠢᠭᠤᠨ ᠤ ᠬᠡᠪᠴᠢᠶ᠎ᠡ ᠠᠴᠠ ᠭᠠᠷᠭᠠᠬᠤ ᠦᠭᠡᠢ᠂ | ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠣᠯᠭᠠᠬᠤ ᠶᠢ ᠵᠢᠭᠠᠵᠤ ᠪᠣᠢ᠃ | ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾᠄ ᠥᠪᠥᠷ ᠮᠣᠩᠭᠤᠯ ᠣᠷᠣᠨ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ | ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠭᠰᠡᠨ | ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠶᠢ ᠴᠥᠮ | ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ | ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ | ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ | ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ᠃ | ︽ᠳᠤᠯᠤᠭᠠᠨ ᠲᠠᠯ᠎ᠠ ᠪᠠᠷ ᠵᠢᠱᠢᠶᠡᠴᠢ ᠪᠣᠯᠬᠤ︾᠄ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ | ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ | ᠲᠠᠯ᠎ᠠ ᠪᠠᠷ ᠵᠢᠱᠢᠶᠡᠴᠢ ᠪᠣᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠠᠯ᠎ᠠ ᠪᠠᠷ ᠵᠢᠱᠢᠶᠡᠴᠢ ᠪᠣᠯᠬᠤ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠬᠤ᠂ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠲᠠᠯ᠎ᠠ ᠪᠠᠷ ᠵᠢᠱᠢᠶᠡᠴᠢ | ᠪᠣᠯᠬᠤ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ | ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠣᠰ ᠣᠷᠴᠢᠯ ᠢ ᠬᠤᠯᠪᠤᠭᠠᠯᠠᠨ ᠨᠡᠪᠲᠡᠷᠡᠯᠴᠡᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠰᠢᠨ᠎ᠡ ᠰᠤᠷᠲᠠᠯ ᠲᠥᠪ | ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ᠃ | | | |