ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠶᠢᠴᠠᠭᠠᠵᠤ ᠬᠢᠨᠠᠨ ᠵᠢᠯᠣᠭᠤᠳᠬᠤ ᠳᠤᠭᠤᠶᠢᠯᠠᠩ ᠰᠢᠯᠢ ᠶᠢᠨ ᠭᠤᠣᠯ ᠠᠶᠢᠮᠠᠭ ᠲᠤ ᠬᠦᠷᠴᠦ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/2/7
      ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2024 ᠣᠨ ᠤ 1 ᠰᠠᠷ᠎ᠠ ᠶᠢᠨ 29 - 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠨᠠᠷ ᠡᠷᠢᠶᠡᠨ ᠬᠤᠲᠠ᠂ ᠰᠥᠨᠢᠳ ᠪᠠᠷᠠᠭᠤᠨ ᠬᠤᠰᠢᠭᠤᠨ ᠳᠤ ᠭᠦᠨᠵᠡᠭᠡᠶᠢᠷᠡᠨ᠂ ᠰᠤᠷᠭᠠᠭᠤᠯᠢ ᠶᠢᠨ ᠬᠦᠷᠢᠶ᠎ᠡ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ᠃ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠣᠶᠤᠩᠭᠤᠸ᠎ᠠ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠴᠢᠦᠢ ᠵᠢᠶᠧ᠂ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠬᠤᠲᠠ ᠶᠢᠨ ᠳᠡᠳ᠋ ᠳᠠᠷᠤᠭ᠎ᠠ ᠵᠧᠦ ᠵᠢᠩ ᠿᠠᠨ᠂ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠥᠷᠡᠨ ᠵᠢᠴᠢ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ᠂ ᠳᠡᠳ᠋ ᠲᠣᠪᠴᠢᠶᠠᠨ ᠳᠠᠷᠤᠭ᠎ᠠ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃   

1.jpg

      ᠪᠠᠶᠢᠴᠠᠭᠠᠵᠤ ᠬᠢᠨᠠᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠰᠥᠨᠢᠳ ᠪᠠᠷᠠᠭᠤᠨ ᠬᠤᠰᠢᠭᠤᠨ ᠤ

ᠳᠥᠷᠪᠡᠳᠦᠭᠡᠷ ᠪᠠᠭ᠎ᠠ ᠰᠤᠷᠭᠠᠭᠤᠯᠢ᠂ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ᠂ ᠱᠧᠨ

ᠮᠦᠸᠧ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ 7 ᠰᠤᠷᠭᠠᠭᠤᠯᠢ ᠵᠢᠴᠢ

ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠭᠦᠨᠵᠡᠭᠡᠶᠢᠷᠡᠵᠦ᠂ ᠰᠤᠷᠭᠠᠭᠤᠯᠢ ᠶᠢᠨ

ᠬᠦᠷᠢᠶᠡᠨ ᠤ ᠠᠮᠤᠷ ᠢ ᠬᠠᠮᠠᠭᠠᠯᠠᠬᠤ ᠲᠠᠰᠤᠭ᠂ ᠬᠢᠨᠠᠨ ᠡᠵᠡᠮᠳᠡᠬᠦ ᠲᠠᠰᠤᠭ᠂ ᠭᠠᠯ ᠤᠨᠲᠠᠷᠠᠭᠠᠬᠤ ᠲᠥᠬᠦᠭᠡᠷᠦᠮᠵᠢ᠂

ᠬᠤᠭᠤᠯᠠᠨ ᠭᠡᠷ᠂ ᠰᠤᠷᠤᠭᠴᠢ ᠶᠢᠨ ᠪᠠᠶᠢᠷᠢ᠂ ᠲᠤᠷᠰᠢᠯᠲᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠭᠠᠵᠠᠷ ᠤᠨ ᠠᠮᠤᠷ

ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠠᠮᠤᠷ ᠲᠦᠪᠰᠢᠨ

ᠭᠠᠷᠴᠠ᠂ ᠲᠠᠷᠬᠠᠭᠠᠨ ᠵᠠᠶᠢᠯᠠᠭᠤᠯᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ᠂ ᠭᠠᠯ

ᠤᠨᠲᠠᠷᠠᠭᠠᠭᠤᠷ᠂ ᠭᠠᠯ ᠤᠨᠲᠠᠷᠠᠭᠠᠭᠤᠯ᠂ ᠴᠠᠬᠢᠯᠭᠠᠨ ᠤᠲᠠᠰᠤ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠵᠡᠷᠭᠡ ᠪᠠᠶᠢᠳᠠᠯ ᠢ

ᠨᠠᠷᠢᠨ ᠪᠠᠶᠢᠴᠠᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠭᠠᠯ ᠰᠡᠷᠭᠡᠶᠢᠯᠡᠵᠦ ᠭᠠᠯ ᠤᠨᠲᠠᠷᠠᠭᠠᠬᠤ

ᠵᠢᠴᠢ ᠠᠶᠤᠯᠲᠠᠢ ᠬᠢᠮᠢ ᠶᠢᠨ ᠪᠣᠳᠠᠰ ᠤᠨ ᠬᠠᠮᠢᠶᠠᠷᠤᠯᠲᠠ ᠬᠡᠷᠡᠭᠯᠡᠯᠲᠡ᠂ ᠠᠮᠤᠷ ᠲᠦᠪᠰᠢᠨ ᠤ ᠪᠠᠴᠢᠮ ᠪᠠᠶᠢᠳᠠᠯ ᠢ

ᠠᠷᠭᠠᠴᠠᠬᠤ ᠪᠡᠯᠡᠳᠬᠡᠯ ᠲᠥᠰᠦᠯ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂

ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ

ᠵᠡᠷᠭᠡ ᠬᠠᠮᠢᠶ᠎ᠠ ᠪᠦᠬᠦᠢ ᠠᠵᠢᠯ ᠢ ᠨᠣᠲᠠᠯᠠᠭᠰᠠᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ

ᠰᠠᠶᠢᠵᠢᠷᠠᠭᠤᠯᠬᠤ ᠰᠠᠨᠠᠯ ᠳᠤᠷᠠᠳᠪᠠ᠃

  

2.jpg

      ᠪᠠᠶᠢᠴᠠᠭᠠᠵᠤ ᠬᠢᠨᠠᠨ ᠵᠢᠯᠣᠭᠤᠳᠬᠤ ᠳᠤᠭᠤᠶᠢᠯᠠᠩ ᠠᠴᠠ᠂ ᠨᠢᠭᠡ ᠳᠤ᠂ ᠤᠯᠤᠰ ᠲᠥᠷᠥ  ᠶᠢᠨ ᠵᠣᠭᠰᠣᠴᠠ ᠪᠠᠨ

ᠦᠨᠡᠨ ᠬᠦ ᠳᠡᠭᠡᠭᠰᠢᠯᠡᠭᠦᠯᠵᠦ᠂ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠤ

ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠳᠠᠯᠳᠠ

ᠭᠡᠮ ᠢ ᠠᠷᠢᠯᠭᠠᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ

ᠬᠡᠷᠡᠭᠲᠡᠢ᠃ ᠬᠤᠶᠠᠷ ᠲᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠩ ᠤᠨ ᠴᠠᠭ ᠲᠤ

ᠴᠢᠬᠤᠯᠠᠴᠢᠯᠠᠵᠤ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ  ᠶᠢᠨ ᠠᠵᠢᠯ ᠢ ᠨᠠᠷᠢᠨ ᠨᠢᠮᠪᠠᠢ

ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ  ᠢ ᠲᠡᠭᠦᠯᠳᠡᠷᠵᠢᠭᠦᠯᠵᠦ᠂ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠣᠭᠲᠠᠯᠴᠠᠭ᠎ᠠ ᠪᠠ ᠪᠠᠴᠢᠮ ᠪᠠᠶᠢᠳᠠᠯ ᠢ

ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠰᠤᠷᠭᠠᠭᠤᠯᠢ ᠶᠢᠨ ᠭᠠᠳᠠᠨᠠᠬᠢ

ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠪᠠ ᠪᠠᠶᠢᠴᠠᠭᠠᠯᠲᠠ ᠶᠢᠨ ᠠᠵᠢᠯ ᠢ ᠭᠤᠣᠯᠳᠠᠯᠭ᠎ᠠ ᠲᠠᠢ

ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂

ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ

ᠲᠣᠭᠲᠠᠮᠠᠯ ᠬᠤᠭᠤᠴᠠᠭ᠎ᠠ ᠲᠠᠢ ᠥᠷᠨᠢᠭᠦᠯᠦᠨ᠂ ᠪᠠᠭᠰᠢ ᠰᠤᠷᠤᠭᠴᠢᠳ ᠭᠠᠯ ᠤᠨᠲᠠᠷᠠᠭᠠᠬᠤ ᠪᠠᠭᠠᠵᠢ ᠲᠣᠨᠤᠭ

ᠲᠥᠬᠦᠭᠡᠷᠦᠮᠵᠢ ᠶᠢ ᠠᠵᠢᠯᠯᠠᠭᠤᠯᠵᠤ ᠬᠡᠷᠡᠭᠯᠡᠬᠦ ᠠᠷᠭ᠎ᠠ ᠶᠢ ᠪᠣᠯᠪᠠᠰᠤᠷᠠᠩᠭᠤᠢ ᠡᠵᠡᠮᠰᠢᠬᠦ ᠶᠢ ᠦᠨᠡᠨ ᠬᠦ ᠪᠠᠲᠤᠯᠠᠵᠤ᠂

ᠪᠠᠭᠰᠢ ᠰᠤᠷᠤᠭᠴᠢᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠦᠷᠭᠦᠯᠵᠢᠯᠡᠨ

ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ

ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

   

3.jpg

      ᠳᠠᠷᠠᠭ᠎ᠠ ᠠᠯᠬᠤᠮ ᠳᠤ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠨᠡ

ᠤᠳᠠᠭᠠᠨ ᠤ ᠲᠤᠰᠬᠠᠢ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ

ᠨᠢᠭᠡ ᠠᠯᠬᠤᠮ ᠳᠡᠭᠡᠭᠰᠢᠯᠡᠭᠦᠯᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ

ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠳᠤ ᠪᠠᠨ ᠬᠠᠮᠢᠶᠠᠷᠬᠤ᠂ ᠲᠤᠰᠢᠶᠠᠯ ᠳᠤ ᠪᠠᠨ

ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ  ᠶᠢ

ᠪᠠᠷᠢᠮᠲᠠᠯᠠᠬᠤ︾ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ

ᠲᠦᠪᠰᠢᠨ ᠤ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ

ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂

ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ

ᠰᠡᠷᠭᠡᠶᠢᠯᠡᠯᠲᠡ ᠶᠢᠨ ᠱᠤᠭᠤᠮ ᠢ ᠴᠢᠷᠮᠠᠶᠢᠨ ᠪᠠᠬᠢᠵᠢᠭᠦᠯᠵᠦ᠂ ᠪᠦᠬᠦ ᠠᠶᠢᠮᠠᠭ ᠤᠨ ᠰᠤᠷᠭᠠᠨ ᠬᠥᠮᠦᠵᠢᠯ‌‍ᠤᠨ ᠴᠢᠨᠠᠷᠯᠢᠭ

ᠬᠥᠭᠵᠢᠯᠲᠡ ᠶᠢ ᠪᠠᠲᠤᠯᠠᠨ᠎ᠠ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号