ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ ᠳᠡᠭᠡᠳᠦ ᠰᠤᠷᠭᠠᠭᠤᠯᠢ ᠶᠢᠨ ᠠᠮᠤᠷ ᠢ ᠬᠠᠮᠠᠭᠠᠯᠠᠬᠤ ᠲᠠᠰᠤᠭ ᠤᠨ ᠠᠮᠤᠷ ᠢ ᠬᠠᠮᠠᠭᠠᠯᠠᠬᠤ ᠠᠵᠢᠯᠲᠠᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/2/7
      2 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠯᠪᠤᠭᠠᠲᠤ ᠲᠣᠬᠤᠨᠢᠭᠤᠯᠬᠤ ᠳᠤᠭᠤᠶᠢᠯᠠᠩ ᠥᠪᠥᠷ ᠮᠣᠩᠭᠤᠯ ᠤᠨ ᠶᠡᠭᠡ ᠰᠤᠷᠭᠠᠭᠤᠯᠢ ᠪᠠ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠠᠮᠤᠷ ᠢ ᠬᠠᠮᠠᠭᠠᠯᠠᠬᠤ ᠲᠠᠰᠤᠭ ᠲᠤ ᠬᠦᠷᠴᠦ᠂ ᠨᠢᠭᠡᠳᠦᠭᠡᠷ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠪᠠ ᠠᠮᠤᠷ ᠢ ᠬᠠᠮᠠᠭᠠᠯᠠᠬᠤ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠣᠷᠣᠯᠴᠠᠵᠠᠢ᠃

e4cbd0060cd65bc9d892a1aef249032a.jpg

      ᠲᠣᠬᠤᠨᠢᠭᠤᠯᠬᠤ ᠳᠤᠭᠤᠶᠢᠯᠠᠩ ᠤᠨ ᠬᠢᠨ ᠠᠮᠤᠷ ᠢ ᠬᠠᠮᠠᠭᠠᠯᠠᠬᠤ ᠲᠠᠰᠤᠭ ᠤᠨ ᠠᠵᠢᠯᠲᠠᠨ ᠲᠠᠢ ᠳᠣᠲᠣᠨᠣ          

 ᠪᠠᠷ ᠶᠠᠷᠢᠯᠴᠠᠵᠤ᠂ ᠠᠮᠤᠷ ᠢ ᠬᠠᠮᠠᠭᠠᠯᠠᠬᠤ ᠠᠵᠢᠯᠲᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ          

 ᠪᠠᠨ ᠢᠯᠡᠳᠬᠡᠭᠰᠡᠨ ᠪᠥᠭᠡᠳ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠠᠴᠠ ᠪᠦᠬᠦ ᠣᠷᠣᠨ ᠤ ᠡᠯ᠎ᠡ ᠳᠡᠭᠡᠳᠦ

ᠰᠤᠷᠭᠠᠭᠤᠯᠢ ᠶᠢᠨ ᠬᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ

ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠠᠮᠤᠷ ᠢ ᠬᠠᠮᠠᠭᠠᠯᠠᠬᠤ ᠲᠠᠰᠤᠭ ᠤᠨ ᠪᠠᠶᠢᠭᠤᠯᠤᠯᠲᠠ ᠶᠢ ᠲᠠᠰᠤᠷᠠᠯᠲᠠ

ᠥᠬᠡᠶ ᠵᠢᠷᠤᠮᠵᠢᠭᠤᠯᠤᠨ᠂ ᠠᠮᠤᠷ ᠲᠦᠪᠰᠢᠨ ᠤ ᠪᠠᠶᠢᠳᠠᠯ ᠢ ᠬᠠᠮᠲᠤᠷᠠᠨ ᠪᠠᠶᠢᠴᠠᠭᠠᠬᠤ᠂ ᠰᠡᠷᠭᠡᠶᠢᠯᠡᠵᠦ ᠤᠬᠠᠭᠤᠯᠬᠤ᠂

ᠲᠦᠷᠭᠡᠨ ᠲᠤᠰᠬᠠᠬᠤ᠂ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ᠂ ᠡᠷᠭᠢᠨ ᠲᠣᠭᠤᠷᠢᠨ ᠤ ᠪᠠ ᠣᠶᠤᠨᠴᠢ

ᠠᠮᠤᠷ ᠢ ᠬᠠᠮᠠᠭᠠᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠮᠲᠤ ᠳᠤ ᠪᠠᠨ ᠪᠠᠶᠢᠭᠤᠯᠬᠤ᠂

ᠬᠠᠮᠲᠤ ᠳᠤ ᠪᠠᠨ ᠵᠠᠰᠠᠬᠤ᠂ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠪᠠᠷ ᠵᠠᠷᠴᠢᠮ ᠪᠣᠯᠭᠠᠨ᠂ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠪᠦᠬᠦᠯᠢ ᠡᠳᠦᠷ ᠤᠨ᠂ ᠵᠠᠢ ᠵᠠᠪᠰᠠᠷ ᠦᠭᠡᠢ

ᠪᠣᠯᠭᠠᠬᠤ ᠠᠵᠢᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ︽ᠭᠡᠷ ᠤᠨ ᠠᠬᠠᠮᠠᠳ ᠢ ᠰᠠᠨᠠᠭ᠎ᠠ ᠠᠮᠤᠷ᠂

ᠰᠤᠷᠤᠭᠴᠢᠳ ᠢ ᠰᠡᠳᠬᠢᠯ ᠠᠮᠤᠷ᠂ ᠪᠠᠭᠰᠢ ᠶᠢ ᠰᠠᠨᠠᠭ᠎ᠠ ᠠᠮᠤᠷ ᠪᠠᠶᠢᠯᠭᠠᠬᠤ︾ ᠰᠤᠷᠭᠠᠭᠤᠯᠢ ᠶᠢᠨ ᠬᠦᠷᠢᠶᠡᠨ ᠤ

ᠣᠷᠴᠢᠨ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠳᠣᠲᠣᠭᠠᠳᠤ ᠶᠢ ᠬᠠᠮᠠᠭᠠᠯᠠᠬᠤ ᠲᠢᠩᠬᠢᠮ ᠶᠡᠭᠡ ᠳᠡᠭᠡᠳᠦ ᠰᠤᠷᠭᠠᠭᠤᠯᠢ ᠶᠢᠨ ᠠᠮᠤᠷ ᠢ ᠬᠠᠮᠠᠭᠠᠯᠠᠬᠤ ᠲᠠᠰᠤᠭ ᠤᠨ ᠡᠨᠡ

ᠬᠦ ᠪᠠᠭᠰᠢ ᠰᠤᠷᠤᠭᠴᠢ ᠠᠵᠢᠯᠲᠠᠨ ᠳᠤ ᠦᠢᠯᠡᠴᠢᠯᠡᠬᠦ ᠲᠠᠪᠴᠠᠩ ᠢ ᠭᠦᠢᠴᠡᠳ ᠠᠰᠢᠭᠯᠠᠨ᠂ ᠬᠠᠯᠠᠭᠤᠨ ᠳᠤᠯᠠᠭᠠᠨ

ᠦᠢᠯᠡᠴᠢᠯᠡᠭᠡ ᠶᠢ ᠦᠨᠡᠨ ᠬᠦ ᠪᠠᠭᠰᠢ ᠰᠤᠷᠤᠭᠴᠢ ᠠᠵᠢᠯᠲᠠᠨ ᠤ ᠳᠡᠷᠭᠡᠳᠡ ᠬᠦᠷᠭᠡᠵᠦ᠂ ᠦᠨᠳᠦᠰᠦᠨ ᠱᠠᠲᠤᠨ ᠤ

ᠵᠥᠷᠢᠴᠡᠯ ᠢ ᠡᠭᠦᠰᠦᠮᠡᠭᠴᠡ ᠠᠷᠢᠯᠭᠠᠵᠤ᠂ ᠪᠠᠭᠰᠢ ᠰᠤᠷᠤᠭᠴᠢ ᠠᠵᠢᠯᠲᠠᠨ ᠶᠡᠭᠡ ᠰᠤᠷᠭᠠᠭᠤᠯᠢ ᠶᠢᠨ ᠬᠦᠷᠢᠶᠡᠨ ᠳᠤ

ᠠᠮᠤᠷ ᠲᠠᠶᠢᠪᠤᠩ ᠪᠠ ᠬᠠᠨᠤᠮᠵᠢᠲᠠᠢ ᠪᠠᠶᠢᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠡᠶ᠎ᠡ ᠵᠣᠬᠢᠴᠠᠯ

 ᠲᠠᠢ ᠬᠡᠵᠢᠶᠡᠳᠡ ᠠᠮᠤᠷ ᠲᠦᠪᠰᠢᠨ ᠪᠠᠶᠢᠬᠤ ᠶᠢ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号