ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠨᠳᠥᠷᠯᠡᠪᠡ ᠭᠤᠤ ᡁᠢ ᠳ᠋ᠠᠨ ᠸᠠᠩ ᠯᠢ ᠰᠢᠶᠠ ᠪᠠᠶᠠᠷ ᠤᠨ ᠦᠭᠡ ᠬᠡᠯᠡᠵᠦ ᠯᠢ ᠯᠧ ᠴᠧᠩ ᠳᠤᠭ ᠢ ᠳᠤᠰᠪᠠ
ᠨᠡᠶᠢᠲᠡᠯᠡᠭᠰᠡᠨ ᠴᠠᠭ᠄
2024/3/1
      2 ᠰᠠᠷ᠎ᠠ ᠶᠢᠨ 27᠎ ᠤ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠤᠶᠢᠷ ᠲᠤ ᠥᠨᠳᠥᠷᠯᠡᠪᠡ᠃ ᠤᠷᠤᠯᠳᠤᠭᠠᠨ ᠳᠤ ᠣᠷᠣᠯᠴᠠᠬᠰᠠᠨ ᠲᠠᠮᠢᠷᠴᠢᠨ ᠂ ᠳᠠᠰᠬᠠᠯᠵᠢᠭᠤᠯᠤᠭᠴᠢ ᠂ ᠠᠵᠢᠯᠲᠠᠨ ᠪᠣᠯᠣᠨ ᠵᠣᠴᠢᠨ ᠬᠥᠯᠥᠨ ᠪᠤᠶᠢᠷ ᠤᠨ ᠲᠣᠮᠣ ᠲᠢᠶᠠᠲᠷ ᠲᠤ ᠴᠤᠭᠯᠠᠷᠠᠵᠤ ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠣᠭᠰᠠᠨ ᠢ ᠪᠡᠯᠭᠡᠯᠡᠪᠡ ᠃

6384471464163977269324583 (1).jpg

      2 ᠰᠠᠷ᠎ᠠ ᠶᠢᠨ 27᠎ ᠤ ᠣᠷᠣᠢ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ

ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠤᠶᠢᠷ ᠲᠤ ᠥᠨᠳᠥᠷᠯᠡᠪᠡ᠃ ᠲᠤᠰ ᠰᠣᠨᠢᠨ ᠤ ᠰᠤᠷᠪᠤᠯᠵᠢᠯᠠᠬᠴᠢ 

ᠮᠥᠩᠬᠡᠴᠢᠯᠠᠭᠤ ᠰᠡᠭᠦᠳᠡᠷᠯᠡᠪᠡ

      ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ ᠭᠤᠤ ᡁᠢ ᠳ᠋ᠠᠨ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋

ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠵᠡᠢ᠃ ᠯᠢᠶᠣᠤᠨᠢᠩ

ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠮᠤᠵᠢ ᠶᠢᠨ ᠳᠠᠷᠤᠭ᠎ᠠ ᠯᠢ ᠯᠧ ᠴᠧᠩ ᠂ ᠮᠤᠵᠢ ᠶᠢᠨ ᠳᠡᠳ᠋

ᠳᠠᠷᠤᠭ᠎ᠠ ᠭᠦᠸᠧ ᠼᠠᠢ ᠶᠦᠨ ᠬᠤᠷᠠᠯ ᠳᠤ ᠣᠷᠣᠯᠴᠠᠪᠠ ᠃

      20 ᠴᠠᠭ ᠠᠴᠠ ᠲᠡᠭᠦᠰᠬᠦ ᠶᠣᠰᠣᠯᠠᠯ ᠡᠬᠢᠯᠡᠵᠦ ᠂ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠳᠡᠳ᠋

ᠲᠡᠷᠢᠭᠦᠯᠡᠭᠴᠢ ᠶᠣᠣ ᠶᠦᠩ ᠪᠦᠸᠧ ᠡᠷᠭᠢᠯᠡᠪᠡ ᠃ ᠡᠯ᠎ᠡ ᠲᠥᠯᠥᠭᠡᠯᠡᠭᠴᠢᠳ ᠤᠨ ᠪᠦᠯᠭᠦᠮ ᠡᠮᠬᠢ ᠳᠠᠷᠠᠭ᠎ᠠ ᠲᠠᠢ

ᠲᠠᠯᠠᠪᠠᠢ ᠳᠤ ᠣᠷᠣᠵᠤ ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ

ᠳᠠᠭᠤᠤ ᠶᠢ ᠬᠠᠩᠭᠢᠨᠠᠲᠠᠯ᠎ᠠ ᠳᠠᠭᠤᠯᠠᠪᠠ᠃

      ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠵᠧᠦ ᠶᠢᠨ ᠴᠢᠶᠠᠩ ᠠᠷᠪᠠᠨ

ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ

ᠣᠷᠣᠯᠴᠠᠬᠰᠠᠨ ᠲᠥᠯᠥᠭᠡᠯᠡᠭᠴᠢᠳ ᠤᠨ ᠪᠦᠯᠭᠦᠮ ᠳᠤ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠪᠠ

ᠤᠷᠤᠯᠳᠤᠭᠠᠨ ᠳᠤ ᠣᠷᠣᠯᠴᠠᠬᠰᠠᠨ ᠳᠤᠷᠠᠰᠬᠠᠯ ᠤᠨ ᠱᠠᠩᠨᠠᠯ ᠣᠯᠭᠤᠬᠤ ᠲᠤᠬᠠᠢ ᠲᠣᠭᠲᠠᠭᠠᠯ ᠢ ᠤᠩᠰᠢᠨ          

ᠨᠡᠶᠢᠲᠡᠯᠡᠪᠡ᠃ ᠤᠯᠤᠰ ᠤᠨ ᠪᠡᠶ᠎ᠡ ᠶᠢᠨ ᠲᠠᠮᠢᠷ ᠎ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠂ ᠨᠠᠮ ᠤᠨ

ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠷᠦᠢ ᠯᠢᠶᠠᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ

ᠲᠣᠪᠴᠢᠶ᠎ᠠ ᠎ ᠶᠢ ᠲᠥᠯᠥᠭᠡᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠤᠷᠠᠰᠬᠠᠯ ᠤᠨ ᠪᠣᠳᠠᠰ

ᠪᠡᠯᠡᠭᠯᠡᠪᠡ ᠃

      ᠸᠠᠩ ᠯᠢ ᠰᠢᠶᠠ ᠪᠠᠶᠠᠷ ᠤᠨ ᠦᠭᠡ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ

ᠪᠠ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠂ 

ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠪᠦᠭᠦ ᠲᠠᠮᠢᠷᠴᠢᠨ᠂ 

ᠳᠠᠰᠬᠠᠯᠵᠢᠭᠤᠯᠤᠭᠴᠢ᠂ ᠬᠢᠨᠠᠭᠴᠢ ᠬᠠᠮᠲᠤ ᠪᠠᠷ ᠴᠢᠷᠮᠠᠶᠢᠵᠤ᠂ ᠥᠷᠭᠡᠨ ᠣᠯᠠᠨ ᠦᠢᠯᠡᠴᠢᠯᠡᠭᠡᠨ ᠤ ᠪᠠᠲᠤᠯᠠᠭ᠎ᠠ ᠶᠢᠨ

ᠠᠵᠢᠯᠲᠠᠨ ᠪᠠ ᠨᠡᠶᠢᠭᠡᠮ ᠎ ᠤᠨ ᠡᠯ᠎ᠡ ᠡᠲᠡᠭᠡᠳ ᠤᠨ ᠬᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠵᠦ᠂ ᠠᠷᠪᠠᠨ

ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ

ᠠᠮᠵᠢᠯᠲᠠ ᠣᠯᠵᠤ ᠂ ᠤᠳᠠᠯ ᠦᠭᠡᠢ ᠥᠨᠳᠥᠷᠯᠡᠬᠦ ᠪᠣᠯᠣᠯ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠣᠷᠣᠨ ᠤ ᠳᠣᠲᠣᠨ᠎ᠠ ᠭᠠᠳᠠᠨᠠᠬᠢ ᠡᠯ᠎ᠡ ᠤᠷᠤᠯᠳᠤᠭᠠᠨ ᠤ

ᠲᠣᠭᠤᠷᠢᠭ᠂ ᠪᠤᠢ ᠪᠦᠬᠦᠢ ᠣᠷᠣᠯᠴᠠᠭᠴᠢ᠂ ᠬᠤᠪᠢ ᠨᠡᠮᠡᠷᠢ ᠦᠵᠡᠭᠦᠯᠦᠭᠰᠡᠳ ᠲᠤ ᠴᠢᠩ ᠰᠡᠳᠬᠢᠯ ᠤᠨ ᠲᠠᠯᠠᠷᠬᠠᠯ ᠢᠶᠠᠨ

ᠳᠡᠪᠰᠢᠭᠦᠯᠵᠦ ᠪᠠᠶᠢᠨ᠎ᠠ︕ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ 

ᠲᠠᠮᠢᠷ ᠤᠨ ᠴᠤᠭᠯᠠᠭᠠᠨ ᠪᠣᠯ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ 

ᠡᠮᠦᠨᠡᠬᠢ ᠨᠢᠭᠡ ᠤᠳᠠᠭ᠎ᠠ ᠶᠢᠨ ᠶᠡᠭᠡ ᠪᠣᠯᠪᠠᠰᠤᠷᠠᠯ᠂ ᠶᠡᠭᠡ ᠰᠢᠯᠭᠠᠨ ᠪᠠᠶᠢᠴᠠᠭᠠᠯᠲᠠ ᠮᠥᠨ᠂ ᠮᠥᠨ ᠴᠦ ᠮᠠᠨ ᠤ

ᠤᠯᠤᠰ ᠤᠨ ᠮᠥᠰᠥ ᠴᠠᠰᠤᠨ ᠤ ᠦᠢᠯᠡᠰ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠭᠢᠶᠠᠯ          

ᠣᠯᠭᠤᠵᠠᠢ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠢ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠂ ︽ ᠭᠤᠷᠪᠠᠨ ᠳ᠋ᠦᠩᠰᠢᠭᠤᠷ ᠬᠥᠮᠥᠨ ᠢ ᠲᠠᠶᠢᠴᠢᠯᠠᠨ

ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ︾ ᠴᠢᠬᠤᠯᠠ ᠱᠠᠭᠠᠷᠳᠠᠯᠭ᠎ᠠ ᠶᠢ ᠪᠠᠲᠤ

ᠴᠡᠭᠡᠵᠢᠯᠡᠵᠦ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠢ ᠶᠡᠭᠡ ᠪᠠᠷ 

ᠬᠥᠭᠵᠢᠭᠦᠯᠵᠦ ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ

ᠬᠦᠴᠦᠨ ᠴᠢᠳᠠᠯ ᠎ ᠢᠶᠠᠨ ᠡᠷᠭᠦᠨ᠎ᠡ︕ ᠭᠡᠪᠡ ᠃

      ᠭᠤᠤ ᡁᠢ ᠳ᠋ᠠᠨ ᠪᠠᠶᠠᠷ ᠤᠨ ᠦᠭᠡ ᠬᠡᠯᠡᠬᠦ ᠳᠡᠭᠡᠨ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ

ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠪᠦᠭᠦ ᠤᠯᠤᠰ ᠤᠨ ᠠᠷᠠᠳ ᠲᠦᠮᠡᠨ ᠳᠤ ᠨᠢᠭᠡ

ᠬᠤᠭᠤᠴᠠᠭᠠᠨ ᠤ ᠭᠤᠶᠢᠳᠠ ᠰᠠᠶᠢᠬᠠᠨ ᠂ ᠲᠥᠭᠦᠮ ᠠᠪᠰᠠᠷᠬᠠᠨ ᠪᠥᠭᠡᠳ ᠠᠮᠤᠷ ᠲᠦᠪᠰᠢᠨ ᠂ ᠪᠣᠬᠢᠷᠳᠤᠯ ᠦᠭᠡᠢ

ᠠᠷᠠᠳ ᠲᠤ ᠠᠰᠢᠭ ᠬᠦᠷᠲᠡᠭᠡᠭᠰᠡᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠳᠡᠯᠭᠡᠨ ᠦᠵᠡᠭᠦᠯᠵᠡᠢ ᠂ ᠡᠨᠡ ᠨᠢ

ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ

ᠪᠠᠳᠠᠷᠠᠭᠤᠯᠤᠭᠰᠠᠨ ᠪᠦᠷᠢᠨ ᠲᠡᠭᠦᠯᠳᠡᠷ ᠢᠯᠡᠷᠡᠯ ᠪᠤᠯᠬᠤ ᠪᠥᠭᠡᠳ ᠪᠠᠰᠠ ᠴᠤ ᠦᠨᠳᠦᠰᠦᠲᠡᠨ ᠨᠦᠭᠦᠳ ᠤᠨ

ᠶᠠᠪᠤᠯᠴᠠᠭ᠎ᠠ ᠠᠭᠤᠰᠤᠯᠴᠠᠯ ᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠦᠢᠯᠡᠳᠦᠯᠭᠡ ᠮᠥᠨ᠃ ᠲᠠᠮᠢᠷ ᠤᠨ ᠴᠤᠭᠯᠠᠭᠠᠨ ᠨᠢ ᠥᠪᠥᠷ

ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠦᠨᠳᠦᠰᠦᠲᠡᠨ ᠤ

ᠪᠦᠯᠬᠦᠮᠳᠡᠯ ᠤᠨ ᠡᠶ᠎ᠡ ᠵᠣᠬᠢᠴᠠᠯ᠂ ᠥᠨᠳᠥᠷ ᠲᠦᠪᠰᠢᠨ ᠪᠦᠬᠦᠢ ᠪᠡᠶ᠎ᠡ ᠎ ᠶᠢᠨ ᠲᠠᠮᠢᠷ ᠤᠨ ᠴᠤᠭᠯᠠᠭᠠᠨ ᠢ ᠡᠷᠭᠢᠯᠡᠭᠦ

ᠲᠦᠪᠰᠢᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠲᠡᠭᠦᠯᠳᠡᠷᠵᠢᠯ ᠪᠠ ᠴᠢᠳᠠᠪᠤᠷᠢᠲᠠᠨ ᠤ

ᠥᠨᠢᠷ ᠪᠠᠶᠠᠯᠢᠭ ᠪᠠᠶᠢᠬᠤ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ

ᠬᠥᠭᠵᠢᠯᠲᠡ ᠶᠢᠨ ᠲᠡᠦᠬᠡᠨ ᠳᠤ ᠥᠩᠭᠡ ᠢᠯᠭᠠᠷᠠᠮ᠎ᠠ ᠤᠯᠠ ᠮᠥᠷ ᠢ ᠦᠯᠡᠳᠡᠭᠡᠬᠦ ᠨᠢ ᠯᠠᠪᠲᠠᠢ ᠶᠤᠮ᠃ ᠪᠢᠳᠡ ᠰᠢ ᠶᠢᠨ

ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ

ᠪᠦᠯᠬᠦᠮᠳᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ ᠂ ᠪᠡᠶ᠎ᠡ ᠶᠢᠨ

ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠂ ᠤᠯᠤᠰ ᠢᠶᠠᠨ

ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ

ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠢᠯᠡᠳᠬᠡᠪᠡ ᠃ 

      ᠳᠠᠷᠠᠭ᠎ᠠ ᠨᠢ᠂ ᠭᠤᠤ ᡁᠢ ᠳ᠋ᠠᠨ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ

ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰᠪᠡ ᠭᠡᠵᠦ          

ᠨᠡᠶᠢᠲᠡᠯᠡᠪᠡ᠃ ᠴᠤᠭᠯᠠᠭᠠᠨ ᠤ ᠲᠤᠭ ᠢ ᠠᠯᠭᠤᠷᠬᠠᠨ ᠪᠠᠭᠤᠯᠭᠠᠵᠤ ᠂ 11 ᠡᠳᠦᠷ ᠳᠦᠷᠡᠯᠵᠡᠭᠰᠡᠨ ᠭᠤᠣᠯ ᠭᠠᠯ ᠪᠠᠮᠪᠠᠷ

ᠠᠭᠠᠵᠢᠮ ᠢᠶᠠᠷ ᠤᠨᠲᠠᠷᠠᠪᠠ ᠃

      ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 31 ᠮᠤᠵᠢ ᠣᠷᠣᠨ

ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠂ ᠰᠢᠶᠠᠩᠭᠠᠩ ᠣᠣᠮᠧᠨ

ᠣᠷᠣᠨ ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ 35

ᠲᠥᠯᠥᠭᠡᠯᠡᠭᠴᠢᠳ ᠤᠨ ᠪᠦᠯᠭᠦᠮ ᠤᠨ 3000 ᠭᠠᠷᠤᠢ ᠲᠠᠮᠢᠷᠴᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ

ᠪᠦᠯᠭᠦᠮ ᠤᠨ ᠲᠥᠷᠥᠯ ᠵᠦᠢᠯ ᠎ ᠤᠨ ᠤᠷᠤᠯᠳᠤᠭᠠᠨ ᠳᠤ ᠣᠷᠣᠯᠴᠠᠪᠠ ᠃ ᠡᠯ᠎ᠡ ᠲᠥᠷᠥᠯ ᠵᠦᠢᠯ ᠤᠨ ᠮᠥᠰᠥ ᠴᠠᠰᠤᠨ ᠤ

ᠲᠠᠮᠢᠷᠴᠢᠳ ᠡᠷᠡᠮᠡᠬᠡᠶᠢᠯᠡᠨ ᠲᠡᠮᠡᠴᠡᠵᠦ ᠂ ᠥᠷᠢᠰᠦᠯᠳᠦᠭᠡᠨ ᠵᠠᠷᠯᠠᠵᠤ ᠂ ᠲᠦᠷᠭᠡᠨ ᠲᠡᠰᠢᠯᠲᠡ ᠶᠢᠨ ᠲᠥᠷᠥᠯ ᠵᠦᠢᠯ ᠳᠤ

1 ᠬᠥᠮᠥᠨ 1 ᠤᠳᠠᠭ᠎ᠠ 1 ᠲᠦᠷᠦᠯ ᠤᠨ ᠪᠦᠭᠦ ᠤᠯᠤᠰ ᠤᠨ ᠲᠡᠮᠳᠡᠭᠯᠡᠯ ᠢ ᠰᠢᠨᠡᠳᠬᠡᠵᠦ ᠂ 2 ᠠᠩᠭᠢ 2 ᠤᠳᠠᠭ᠎ᠠ

1 ᠲᠦᠷᠦᠯ ᠤᠨ ᠪᠦᠭᠦ ᠤᠯᠤᠰ ᠤᠨ ᠵᠠᠯᠠᠭᠤᠴᠤᠳ ᠤᠨ ᠲᠡᠮᠳᠡᠭᠯᠡᠯ ᠢ ᠰᠢᠨᠡᠳᠬᠡᠪᠡ ᠃

      ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠭ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ

ᠳᠡᠭᠡᠷ᠎ᠡ᠂ ᠸᠠᠩ ᠯᠢ ᠰᠢᠶᠠ ᠲᠠᠮᠢᠷ ᠤᠨ ᠴᠤᠭᠯᠠᠭᠠᠨ ᠤ ᠲᠤᠭ ᠢ ᠬᠤᠷᠦ᠋ᠢᠯᠠᠵᠤ᠂ ᠲᠠᠷᠠᠭ᠎ᠠ ᠨᠢ ᠭᠤᠤ ᡁᠢ ᠳ᠋ᠠᠨ ᠳᠤ

ᠭᠠᠷᠳᠠᠭᠤᠯᠵᠤ ᠂ ᠭᠤᠤ ᡁᠢ ᠳ᠋ᠠᠨ ᠲᠠᠮᠢᠷ ᠤᠨ ᠴᠤᠭᠯᠠᠭᠠᠨ ᠤ ᠲᠤᠭ ᠢ ᠯᠢ ᠯᠧ ᠴᠧᠩ ᠳᠤ ᠭᠠᠷᠳᠠᠭᠤᠯᠪᠠ ᠃ ᠠᠷᠪᠠᠨ

ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2028

ᠣᠨ ᠳᠤ ᠯᠢᠶᠣᠤᠨᠢᠩ ᠮᠤᠵᠢ ᠳᠤ ᠶᠠᠪᠤᠭᠳᠠᠬᠤ ᠪᠣᠯᠣᠨ᠎ᠠ ᠃

      ᠪᠠᠶᠠᠷ ᠪᠠᠶᠠᠰᠬᠤᠯᠠᠩᠲᠤ ᠬᠥᠭᠵᠢᠮ ᠤᠨ ᠳᠤᠮᠳᠠ ᠂ ᠤᠷᠠᠨ ᠰᠠᠶᠢᠬᠠᠨ ᠤ ᠲᠣᠬᠯᠠᠯᠲᠠ ᠡᠬᠢᠯᠡᠪᠡ᠃ ᠠᠷᠪᠠᠨ

ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠎ ᠤᠨ ᠲᠠᠮᠢᠷ ᠤᠨ ᠴᠤᠭᠯᠠᠭᠠᠨ ᠎ ᠢ ᠳᠠᠭᠠᠭᠠᠨ ᠡᠷᠭᠢᠯᠡᠭᠦ ᠭᠠᠵᠠᠷ

ᠯᠢᠶᠣᠤᠨᠢᠩ ᠮᠤᠵᠢ ︽ᠠᠭᠤᠯᠠ ᠤᠰᠤᠨ ᠤ ᠡᠪᠦᠯ ᠤᠨ ᠡᠭᠡᠰᠢᠭᠯᠢᠭ︾᠎ ᠢ ᠭᠤᠶᠢᠳᠠ ᠰᠠᠶᠢᠬᠠᠨ ᠲᠣᠭᠯᠠᠪᠠ᠃ ᠲᠠᠷᠠᠭ᠎ᠠ ᠨᠢ᠂ 

︽ᠪᠢ ᠲᠠᠯ᠎ᠠ ᠨᠤᠲᠤᠭ ᠲᠠᠢ ᠪᠣᠯᠵᠤᠭ᠎ᠠ ᠎ ᠲᠠᠢ︾ ᠭᠡᠬᠦ ᠭᠤᠣᠯ ᠰᠡᠳᠦᠪᠲᠦ ᠲᠣᠬᠯᠠᠯᠲᠠ ᠭᠤᠶᠢᠳᠠ ᠰᠠᠶᠢᠬᠠᠨ

ᠶᠠᠪᠤᠭᠳᠠᠪᠠ ᠃ ᠪᠥᠵᠢᠭ ︽ ᠤᠢ ᠰᠢᠭᠤᠢ ᠶᠢ ᠮᠡᠳᠡᠭᠴᠢ ︾᠎ ᠨᠢ ᠬᠥᠯᠥᠨ ᠪᠤᠶᠢᠷ ᠤᠨ ᠬᠥᠬᠡᠮᠳᠦᠭ ᠨᠣᠭᠤᠭᠠᠨ ᠠᠭᠤᠯᠠ

ᠤᠰᠤ ᠪᠠ ᠠᠷᠠᠳ ᠤᠨ ᠵᠠᠩ ᠦᠢᠯᠡ ᠶᠢ ᠢᠯᠡᠷᠡᠭᠦᠯᠵᠦ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ

ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠲᠦᠷᠭᠡᠳᠬᠡᠨ

ᠪᠦᠲᠦᠭᠡᠨ ᠪᠠᠶᠢᠭᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠳᠬᠡᠪᠡ ᠃ ︽ ᠴᠢ ᠮᠢᠨᠢ ᠳᠡᠷᠭᠡᠳᠡ ᠪᠠᠶᠢᠭ᠎ᠠ

ᠪᠣᠯᠬᠤᠷ ︾ ᠭᠡᠬᠦ ᠳᠠᠭᠤᠤ ᠪᠥᠵᠢᠭ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ

ᠤᠯᠠᠷᠢᠯ ᠤᠨ ᠲᠠᠮᠢᠷ ᠤᠨ ᠴᠤᠭᠯᠠᠭᠠᠨ ᠤ ᠲᠥᠯᠥᠭᠡ ᠬᠠᠷᠠᠮ ᠦᠭᠡᠢ ᠵᠣᠷᠢᠭᠤᠯᠤᠭᠰᠠᠨ ᠪᠤᠢ ᠪᠦᠬᠦᠢ ᠬᠥᠮᠥᠰ ᠲᠤ

ᠬᠦᠨᠳᠦᠳᠬᠡᠯ ᠳᠡᠪᠰᠢᠭᠦᠯᠪᠡ ᠃ ᠳᠠᠭᠤᠤ ︽ ᠰᠢᠨ᠎ᠡ ᠭᠠᠷᠤᠭ᠎ᠠ ︾᠎ ᠨᠢ ᠮᠥᠰᠥ ᠴᠠᠰᠤᠨ ᠤ ᠲᠠᠮᠢᠷᠴᠢᠳ ᠤᠨ ᠰᠢᠨ᠎ᠡ

ᠠᠶᠠᠨ ᠳᠠᠭᠠᠨ ᠮᠣᠷᠳᠠᠵᠤ ᠂ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠴᠢᠩ

ᠰᠡᠳᠬᠢᠯ ᠤᠨ ᠵᠥᠩᠨᠡᠯ ᠳᠡᠪᠰᠢᠭᠦᠯᠪᠡ ᠃

      ᠬᠠᠮᠤᠭ ᠤᠨ ᠰᠡᠭᠦᠯ ᠳᠤ ᠂ ︽ ᠲᠠᠯ᠎ᠠ ᠨᠤᠲᠤᠭ ᠲᠤ ᠵᠣᠭᠰᠣᠵᠤ ᠪᠡᠭᠡᠵᠢᠩ ᠢ ᠪᠠᠷᠠᠯᠠᠬᠤᠶ᠎ᠠ ︾ ᠭᠡᠬᠦ ᠬᠥᠮᠥᠨ ᠢ

ᠰᠣᠬᠲᠣᠷᠠᠭᠤᠯᠤᠮ᠎ᠠ ᠳᠠᠭᠤᠤ ᠶᠢᠨ ᠳᠤᠮᠳᠠ ᠣᠯᠠᠨ ᠢᠶᠠᠷ ᠢᠶᠠᠨ ᠰᠠᠯᠵᠤ ᠶᠠᠳᠠᠨ ᠂ ᠬᠠᠷᠢᠯᠴᠠᠨ ᠵᠥᠩᠨᠡᠯ ᠳᠡᠪᠰᠢᠭᠦᠯᠵᠦ ᠂ 

ᠳᠠᠷᠠᠭ᠎ᠠ ᠤᠳᠠᠭ᠎ᠠ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠳᠠᠭᠢᠨ ᠠᠭᠤᠯᠵᠠᠬᠤ ᠶᠢᠨ ᠢᠷᠦᠭᠡᠯ

ᠲᠠᠯᠪᠢᠯ᠎ᠠ ᠃

 

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号