ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠪᠠᠶᠢᠳᠠᠯ ᠢ ᠵᠢᠷᠤᠭᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠰᠤᠭᠠᠢ — ᠮᠠᠨ ᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2024/3/20
      ᠪᠡᠭᠡᠵᠢᠩ ᠥᠪᠥᠷ ᠮᠣᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠪᠠᠷ ᠨᠢᠭᠡᠳᠦᠯᠲᠡᠢ ᠲᠥᠯᠥᠪᠯᠡᠬᠦ᠂ ᠥᠨᠳᠥᠷ ᠵᠣᠭᠰᠣᠴᠠ ᠠᠴᠠ ᠵᠣᠬᠢᠴᠠᠭᠤᠯᠬᠤ᠂ ᠥᠨᠳᠥᠷ ᠲᠦᠪᠰᠢᠨ ᠢᠶᠠᠷ ᠬᠡᠷᠡᠭᠵᠢᠭᠦᠯᠬᠦ ᠶᠢ ᠪᠠᠷᠢᠮᠲᠠᠯᠠᠨ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠬᠤ᠂ ᠬᠤᠣᠰ ᠴᠢᠭᠯᠡᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠰᠢᠨ᠎ᠡ ᠪᠠᠶᠢᠳᠠᠯ ᠢ ᠪᠦᠬᠦ ᠲᠠᠯ᠎ᠠ ᠪᠠᠷ ᠨᠡᠭᠡᠭᠡᠵᠦ᠂ ᠪᠡᠭᠡᠵᠢᠩ ᠬᠤᠲᠠ ᠶᠢᠨ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠪᠥᠷ ᠮᠣᠩᠭᠤᠯ ᠤᠨ ᠡᠬᠡ ᠭᠠᠵᠠᠷ ᠲᠤ ᠦᠨᠳᠦᠰᠦᠯᠡᠭᠦᠯᠵᠦ᠂ ᠥᠷᠭᠡᠳᠭᠡᠵᠦ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠦᠴᠦᠲᠡᠢ ᠠᠬᠢᠭᠤᠯᠪᠠ᠃      2024 ᠣᠨ ᠤ 2 ᠰᠠᠷ᠎ᠠ ᠶᠢᠨ 27 - 28 ᠤ ᠡᠳᠦᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠵᠢᠯ ᠤᠨ ᠶᠠᠷᠢᠯᠴᠠᠬᠤ ᠬᠤᠷᠠᠯ ᠢ ᠪᠡᠭᠡᠵᠢᠩ ᠳᠤ ᠬᠤᠷᠠᠯᠳᠤᠭᠤᠯᠪᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠧᠢ ᠰᠢᠶᠣᠤ ᠳ᠋ᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠶᠠᠷᠢᠯᠴᠠᠬᠤ ᠬᠤᠷᠠᠯ ᠳᠤ ᠣᠷᠣᠯᠴᠠᠪᠠ᠃

1.jpg

      ᠬᠤᠷᠠᠯ ᠠᠴᠠ᠂ ᠪᠡᠭᠡᠵᠢᠩ ᠥᠪᠥᠷ ᠮᠣᠩᠭᠤᠯ ᠥᠪᠥᠷ ᠮᠣᠩᠭᠤᠯ ᠤᠨ ᠭᠤᠣᠯᠯᠠᠭᠴᠢ ᠪᠠᠭᠰᠢ ᠶᠢᠨ ᠡᠩᠨᠡᠭᠡᠨ ᠤ

ᠴᠢᠳᠠᠪᠤᠷᠢ ᠶᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠠᠵᠢᠯ ᠮᠡᠷᠭᠡᠵᠢᠯ  ᠤᠨ ᠰᠤᠷᠭᠠᠨ ᠬᠥᠮᠦᠵᠢᠯ ᠤᠨ ᠰᠢᠨ᠎ᠡ ᠶᠢ

ᠡᠭᠦᠳᠦᠨ ᠬᠥᠭᠵᠢᠭᠦᠯᠬᠦ᠂ ︽ᠪᠦᠯᠬᠦᠮ ᠪᠠᠶᠢᠭᠤᠯᠬᠤ ᠮᠠᠶ᠋ᠢᠭ︾ ᠤᠨ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂

ᠥᠪᠥᠷ ᠮᠣᠩᠭᠤᠯ ᠤᠨ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠳᠠᠷᠤᠭ᠎ᠠ ᠶᠢᠨ ᠠᠵᠢᠯᠯᠠᠬᠤ ᠭᠠᠵᠠᠷ ᠢ

ᠪᠦᠲᠦᠭᠡᠨ ᠪᠠᠶᠢᠭᠤᠯᠬᠤ ᠵᠡᠷᠭᠡ 9 ᠲᠠᠯ᠎ᠠ ᠶᠢᠨ ᠲᠣᠭᠤᠷᠢᠨ ᠳᠤ ᠨᠢᠭᠲᠠ ᠬᠠᠮᠵᠢᠯᠴᠠᠭ᠎ᠠ ᠥᠷᠨᠢᠭᠦᠯᠵᠦ᠂          

︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠱᠠᠲᠤᠴᠢ ᠴᠢᠨᠠᠷᠲᠠᠢ ᠦᠷ᠎ᠡ ᠪᠥᠲᠦᠮᠵᠢ          

ᠣᠯᠪᠠ᠃ ᠣᠳᠣᠬᠠᠨ ᠳᠤ᠂ ᠪᠡᠭᠡᠵᠢᠩ ᠥᠪᠥᠷ ᠮᠣᠩᠭᠤᠯ ᠨᠢᠭᠡᠨᠲᠡ 486 ᠬᠤᠣᠰ ᠳᠤᠮᠳᠠᠳᠤ ᠪᠠᠭ᠎ᠠ ᠰᠤᠷᠭᠠᠭᠤᠯᠢ ᠳᠤ

︽ᠭᠠᠷ ᠬᠤᠯᠪᠣᠯᠴᠠᠬᠤ︾ ᠬᠤᠷᠰᠢᠶᠠᠯᠠᠬᠤ ᠬᠠᠷᠢᠴᠠᠭ᠎ᠠ ᠪᠠᠶᠢᠭᠤᠯᠵᠤ᠂ ᠪᠡᠭᠡᠵᠢᠩ ᠤᠨ 20 ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠥᠪᠥᠷ ᠮᠣᠩᠭᠤᠯ ᠤᠨ 31 ᠠᠵᠢᠯ ᠮᠡᠷᠭᠡᠵᠢᠯ ᠤᠨ ᠰᠤᠷᠭᠠᠭᠤᠯᠢ ᠯᠤᠭ᠎ᠠ ᠬᠤᠷᠰᠢᠶᠠᠯᠠᠬᠤ ᠬᠠᠷᠢᠴᠠᠭ᠎ᠠ

ᠪᠠᠶᠢᠭᠤᠯᠤᠨ᠂ ᠪᠡᠭᠡᠵᠢᠩ  ᠤᠨ 10 ᠶᠡᠭᠡ ᠳᠡᠭᠡᠳᠦ ᠰᠤᠷᠭᠠᠭᠤᠯᠢ ᠥᠪᠥᠷ ᠮᠣᠩᠭᠤᠯ ᠤᠨ 6 ᠶᠡᠭᠡ ᠳᠡᠭᠡᠳᠦ

ᠰᠤᠷᠭᠠᠭᠤᠯᠢ ᠯᠤᠭ᠎ᠠ ᠬᠤᠷᠰᠢᠶᠠᠯᠠᠨ ᠰᠣᠯᠢᠯᠴᠠᠭ᠎ᠠ ᠬᠠᠮᠵᠢᠯᠴᠠᠭ᠎ᠠ ᠥᠷᠨᠢᠭᠦᠯᠪᠡ᠃ ᠪᠡᠭᠡᠵᠢᠩ ᠬᠤᠲᠠ  ᠶᠢᠨ

ᠬᠠᠶᠢᠳᠢᠶᠠᠨ ᠲᠣᠭᠤᠷᠢᠭ ᠪᠣᠯᠤᠨ ᠤᠯᠠᠭᠠᠨᠬᠠᠳᠠ ᠬᠤᠲᠠ ᠶᠢᠨ ᠠᠤᠬᠠᠨ ᠬᠤᠰᠢᠭᠤ᠂ ᠬᠢᠩᠭᠠᠨ ᠠᠶᠢᠮᠠᠭ ᠤᠨ ᠬᠤᠷᠴᠢᠨ

ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠭᠤᠷᠪᠠᠨ

ᠭᠠᠵᠠᠷ ᠵᠡᠭᠦᠨ ᠪᠠᠷᠠᠭᠤᠨ ᠬᠡᠰᠡᠭ ᠤᠨ ᠬᠠᠮᠵᠢᠯᠴᠠᠬᠤ ᠬᠠᠷᠢᠴᠠᠭ᠎ᠠ ᠶᠢ ᠪᠠᠶᠢᠭᠤᠯᠵᠤ᠂ ᠵᠢᠩᠬᠢᠨᠢ ᠡᠷᠳᠡᠮ ᠴᠢᠳᠠᠪᠤᠷᠢ ᠪᠠᠨ

ᠭᠠᠷᠭᠠᠵᠤ᠂ ᠰᠢᠯᠢᠳᠡᠭ ᠴᠢᠳᠠᠪᠤᠷᠢᠲᠠᠨ ᠢ ᠲᠣᠮᠢᠯᠠᠵᠤ᠂ ᠠᠵᠢᠯ ᠲᠥᠷᠥᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ᠂

ᠬᠤᠰᠢᠭᠤ ᠰᠢᠶᠠᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠬᠤᠶᠠᠷ ᠭᠠᠵᠠᠷ ᠤᠨ ᠠᠷᠠᠳ ᠲᠦᠮᠡᠨ ᠳᠤ ᠦᠨᠡᠨ

ᠪᠣᠳᠠᠲᠠᠢ ᠠᠰᠢᠭ ᠬᠦᠷᠲᠡᠭᠡᠪᠡ᠃ ᠳᠠᠷᠠᠭ᠎ᠠ ᠠᠯᠬᠤᠮ ᠳᠤ᠂ ᠬᠤᠶᠠᠷ ᠭᠠᠵᠠᠷ ᠤᠨ ᠬᠢᠨ ᠬᠠᠮᠵᠢᠯᠴᠠᠭ᠎ᠠ ᠪᠠᠨ ᠤᠯᠠᠮ ᠨᠢᠭᠡ

ᠠᠯᠬᠤᠮ ᠭᠦᠨᠵᠡᠭᠡᠶᠢᠷᠡᠭᠦᠯᠦᠨ᠂ ︽ᠥᠪᠥᠷ ᠮᠣᠩᠭᠤᠯ ᠤᠨ ᠭᠤᠣᠯᠯᠠᠭᠴᠢ ᠪᠠᠭᠰᠢ ᠶᠢᠨ ᠡᠩᠨᠡᠭᠡᠨ ᠤ ᠴᠢᠳᠠᠪᠤᠷᠢ ᠶᠢ

ᠳᠡᠭᠡᠭᠰᠢᠯᠡᠭᠦᠯᠬᠦ︾ ᠢᠨᠵᠧᠨᠧᠷᠢᠩ  ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ︽ᠪᠡᠭᠡᠵᠢᠩ ᠥᠪᠥᠷ ᠮᠣᠩᠭᠤᠯ ᠤᠨ

ᠰᠤᠷᠭᠠᠨ ᠬᠥᠮᠦᠵᠢᠯ ᠤᠨ ᠬᠠᠮᠵᠢᠯᠴᠠᠭᠠᠨ ᠤ ᠣᠶᠤᠨᠴᠢ ᠲᠠᠪᠴᠠᠩ︾ ᠤᠨ ᠬᠡᠷᠡᠭᠯᠡᠯᠲᠡ ᠶᠢ ᠯᠠᠪᠳᠠᠭᠤᠨ ᠪᠠᠲᠤᠲᠠᠢ

ᠠᠬᠢᠭᠤᠯᠤᠨ᠂ ︽ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ

ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ

ᠪᠢᠴᠢᠭᠯᠡᠬᠦ ᠲᠤᠬᠠᠢ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠡᠭᠡᠵᠢᠩ ᠲᠢᠶᠠᠨᠵᠢᠨ ᠾᠧᠪᠧᠶ

ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠪᠡᠭᠡᠵᠢᠩ ᠥᠪᠥᠷ

ᠮᠣᠩᠭᠤᠯ ᠤᠨ ᠰᠤᠷᠭᠠᠨ ᠬᠥᠮᠦᠵᠢᠯ ᠤᠨ ᠨᠡᠷᠡᠲᠦ ᠲᠡᠮᠳᠡᠭᠲᠦ ᠶᠢ ᠦᠷᠭᠦᠯᠵᠢᠯᠡᠨ ᠰᠠᠶᠢᠲᠤᠷ ᠪᠠᠶᠢᠭᠤᠯᠬᠤ ᠬᠡᠷᠡᠭᠲᠡᠢ

ᠭᠡᠵᠦ ᠵᠢᠭᠠᠵᠤ ᠭᠠᠷᠭᠠᠪᠠ᠃

   

2.jpg

      3 ᠳ᠋ᠤᠭᠠᠷ ᠰᠠᠷ᠎ᠠ ᠶᠢᠨ 14 - 15 ᠤ ᠡᠳᠦᠷ᠂ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ

ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠤᠨ ᠬᠠᠮᠢᠶ᠎ᠠ ᠪᠦᠬᠦᠢ ᠭᠠᠵᠠᠷ ᠳᠠᠰᠤᠭ ᠵᠢᠴᠢ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ

ᠳᠠᠬᠢᠨᠲᠠ ᠪᠡᠭᠡᠵᠢᠩ ᠳᠤ ᠬᠦᠷᠴᠦ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠲᠠᠢ ᠬᠠᠮᠲᠤ ᠳᠤ ᠪᠠᠨ

︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠵᠣᠯᠭᠠᠭᠤᠯᠬᠤ ᠶᠠᠷᠢᠯᠴᠠᠬᠤ          

ᠬᠤᠷᠠᠯ︾ ᠢ ᠬᠤᠷᠠᠯᠳᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ

ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠦᠭᠰᠡᠨ ᠪᠠᠶᠢᠳᠠᠯ᠂ 2024 ᠣᠨ ᠤ ᠪᠡᠭᠡᠵᠢᠩ ᠥᠪᠥᠷ

ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠶᠢᠨ

ᠲᠣᠭᠤᠷᠢᠨ ᠳᠤ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠲᠠᠢ ᠭᠦᠨᠵᠡᠭᠡᠢ ᠵᠣᠯᠭᠠᠭᠤᠯᠤᠨ ᠶᠠᠷᠢᠯᠴᠠᠵᠤ᠂

ᠪᠡᠭᠡᠵᠢᠩ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠪᠠᠭᠰᠢ ᠠᠵᠢᠯ ᠤᠨ

ᠪᠠᠶᠢᠷᠢ ᠲᠠᠭᠠᠨ ᠪᠣᠯᠪᠠᠰᠤᠷᠠᠯ ᠬᠢᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠠᠬᠤᠢ ᠲᠠᠯᠠᠪᠠᠢ ᠳᠤ ᠪᠡᠭᠡᠵᠢᠩ

ᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠪᠣᠯᠤᠨ ᠤᠯᠠᠭᠠᠨᠬᠠᠳᠠ ᠬᠤᠲᠠ ᠶᠢᠨ ᠠᠤᠬᠠᠨ

ᠬᠤᠰᠢᠭᠤᠨ ᠤ ᠰᠢᠨ ᠾᠦᠢ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠪᠡᠭᠡᠵᠢᠩ ᠥᠪᠥᠷ ᠮᠣᠩᠭᠤᠯ ᠤᠨ ᠰᠤᠷᠭᠠᠨ

ᠬᠥᠮᠦᠵᠢᠯ ᠤᠨ ᠬᠠᠮᠵᠢᠯᠴᠠᠭᠠᠨ ᠤ ᠣᠶᠤᠨᠴᠢ ᠲᠠᠪᠴᠠᠩ ᠳᠤ ᠲᠦᠰᠢᠭᠯᠡᠨ ᠥᠷᠨᠢᠭᠦᠯᠦᠭᠰᠡᠨ ︽ᠢᠵᠢᠯ ᠠᠯᠬᠤᠮᠲᠤ

ᠬᠢᠴᠢᠶᠡᠯ ᠤᠨ ᠲᠠᠩᠬᠢᠮ ᠪᠠ ᠢᠵᠢᠯ ᠠᠯᠬᠤᠮᠲᠤ ᠵᠢᠭᠠᠬᠤ ᠶᠢ ᠰᠤᠳᠤᠯᠬᠤ︾ ᠭᠤᠣᠯ ᠰᠡᠳᠦᠪᠲᠦ ᠠᠵᠢᠯᠯᠠᠭ᠎ᠠ ᠵᠡᠷᠭᠡ ᠶᠢ

ᠲᠣᠭᠤᠷᠢᠨ ᠦᠵᠡᠵᠦ᠂ 2024 ᠣᠨ ᠤ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ

ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠬᠠᠮᠲᠤ ᠶᠢᠨ ᠲᠠᠨᠢᠯᠲᠠ ᠲᠠᠢ ᠪᠣᠯᠪᠠ᠃

   

3.jpg

      ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠪᠡᠭᠡᠵᠢᠩ

ᠬᠤᠲᠠ ᠶᠢᠨ ᠰᠤᠷᠭᠠᠨ ᠬᠥᠮᠦᠵᠢᠯ ᠤᠨ ᠵᠦᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ

ᠬᠡᠯᠡᠯᠴᠡᠭᠡᠷ︾ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ

ᠨᠢᠭᠡ ᠠᠯᠬᠤᠮ ᠴᠢᠩᠭᠠᠳᠬᠠᠨ᠂ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ

ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠯᠠᠨ ᠳᠡᠰ ᠳᠠᠪᠬᠤᠷᠭᠠᠲᠤ᠂ ᠣᠯᠠᠨ ᠡᠰᠢᠵᠢᠭᠦᠯᠦᠭᠰᠡᠨ

ᠬᠠᠮᠵᠢᠯᠴᠠᠯᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ

ᠴᠢᠳᠠᠪᠤᠷᠢᠲᠠᠨ ᠢ ᠳᠡᠮᠵᠢᠬᠦ ᠦᠢᠯᠡᠴᠢᠯᠡᠭᠡ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠪᠡᠭᠡᠵᠢᠩ

ᠥᠪᠥᠷ ᠮᠣᠩᠭᠤᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠴᠢᠳᠠᠪᠤᠷᠢᠲᠠᠨ ᠢ

ᠬᠥᠮᠦᠵᠢᠭᠦᠯᠬᠦ᠂ ᠴᠢᠨᠠᠷᠯᠢᠭ ᠬᠢᠴᠢᠶᠡᠯ ᠤᠨ ᠡᠬᠢ ᠪᠠᠶᠠᠯᠢᠭ ᠢ ᠬᠠᠮᠲᠤ ᠳᠤ ᠪᠠᠨ ᠡᠳ᠋ᠯᠡᠬᠦ᠂ ᠳᠠᠳᠤᠯᠭ᠎ᠠ ᠪᠣᠯᠪᠠᠰᠤᠷᠠᠯ ᠤᠨ

ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠵᠢᠯᠴᠠᠭ᠎ᠠ ᠶᠢ ᠭᠤᠣᠯᠳᠠᠯᠭ᠎ᠠ ᠲᠠᠢ

ᠴᠢᠩᠭᠠᠳᠬᠠᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠶᠢᠨ

ᠲᠣᠬᠢᠷᠠᠯᠴᠠᠭ᠎ᠠ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ 

ᠬᠦᠴᠦᠲᠡᠢ ᠴᠢᠳᠠᠪᠤᠷᠢᠲᠠᠨ ᠪᠠ ᠣᠶᠤᠨ ᠤ ᠲᠤᠯᠭᠠᠭᠤᠷᠢᠯᠠᠯ ᠬᠠᠩᠭᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号