ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠲᠥᠷᠥᠯ ᠵᠦᠢᠯ ᠢᠶᠠᠷ ᠲᠠᠨᠢᠯᠴᠠᠭᠤᠯᠬᠤ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/3/21
      ︽ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠰᠤᠷᠭᠠᠨ ᠳᠡᠭᠡᠳᠦ ᠵᠤᠷᠭᠠᠨ ᠪᠢᠴᠢᠭ ﹇2024﹈ 1 ᠳ᠋ᠦ᠋ᠭᠡᠷ ᠲᠣᠭᠠᠲᠤ︶᠎ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠠᠴᠠ ᠮᠡᠳᠡᠭᠦᠯᠬᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨᠠᠨ ᠲᠣᠭᠲᠠᠭᠠᠬᠤ ᠪᠠᠷ ᠳᠠᠮᠵᠢᠨ᠂ 5 ᠲᠥᠷᠥᠯ ᠵᠦᠢᠯ ᠢ ᠰᠤᠷᠭᠠᠨ ᠬᠥᠮᠦᠵᠢᠯ ᠤᠨ ᠶᠠᠮᠤᠨ ᠳᠤ ᠲᠠᠨᠢᠯᠴᠠᠭᠤᠯᠬᠤ ᠪᠠᠷ ᠲᠣᠭᠲᠠᠪᠠ᠃ ᠡᠳᠦᠭᠡ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ 2024 ᠣᠨ ᠤ 3 ᠰᠠᠷ᠎ᠠ ᠶᠢᠨ 21- 3 ᠰᠠᠷ᠎ᠠ ᠶᠢᠨ 27᠎ ᠤ ᠡᠳᠦᠷ᠂ 5 ᠠᠵᠢᠯᠯᠠᠬᠤ ᠡᠳᠦᠷ ᠪᠣᠯᠤᠨ᠎ᠠ᠃      ᠳᠡᠭᠡᠷ᠎ᠡ ᠳᠤᠷᠠᠳᠤᠭᠰᠠᠨ ᠢᠯᠡ ᠨᠡᠶᠢᠲᠡᠯᠡᠯ ᠳᠤ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠲᠤᠰᠬᠠᠬᠤ ᠶᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠦᠨ᠎ᠡ᠃ ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠣᠯ᠂ ᠨᠢᠭᠡᠴᠢ ᠶᠢᠨ ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠷᠢᠯᠴᠠᠬᠤ ᠤᠲᠠᠰᠤ ᠶᠢ ᠬᠠᠩᠭᠠᠬᠤ ᠶᠢᠨ ᠬᠠᠮᠲᠤ ᠲᠤᠰ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠦᠨ ᠤ ᠨᠡᠷ᠎ᠡ ᠪᠠᠷ ᠲᠤᠰᠬᠠᠭᠰᠠᠨ ᠪᠣᠯ᠂ ᠦᠨᠡᠨ ᠪᠣᠳᠠᠲᠠᠢ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯᠯᠠᠵᠤ ᠪᠠᠶᠢᠭ᠎ᠠ ᠨᠢᠭᠡᠴᠢ ᠪᠠ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠢ᠃ ᠮᠠᠨ ᠤ ᠲᠢᠩᠬᠢᠮ ᠠᠴᠠ ᠰᠠᠨᠠᠯ ᠳᠤᠷᠠᠳᠤᠭᠰᠠᠨ ᠨᠢᠭᠡᠴᠢ ᠪᠣᠯᠤᠨ ᠬᠤᠪᠢ ᠬᠥᠮᠦᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠲᠣᠭᠲᠠᠭᠠᠯ ᠪᠠ ᠱᠠᠭᠠᠷᠳᠠᠯᠭ᠎ᠠ ᠳᠤ ᠦᠯᠦ ᠨᠡᠶᠢᠴᠡᠭᠰᠡᠨ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ 606 ᠠᠯᠪᠠᠨ ᠭᠡᠷ᠂ ᠰᠢᠤᠳᠠᠨ ᠨᠣᠮᠧᠷ 010010᠂ ᠬᠠᠷᠢᠯᠴᠠᠬᠤ ᠤᠲᠠᠰᠤ᠄ 0471 - 2856629᠂ ᠢᠮᠧᠯ᠄ nmggjc@163.com          ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠲᠥᠷᠥᠯ ᠵᠦᠢᠯ ᠢᠶᠠᠷ ᠲᠠᠨᠢᠯᠴᠠᠭᠤᠯᠬᠤ ᠨᠡᠷᠡᠰ ᠤᠨ ᠢᠯᠡ ᠨᠡᠶᠢᠲᠡᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                  2024 ᠣᠨ ᠤ 3 ᠰᠠᠷ᠎ᠠ ᠶᠢᠨ 20᠎ ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠬᠤ ᠰᠤᠳᠤᠯᠭᠠᠨ ᠤ ᠲᠥᠷᠥᠯ ᠵᠦᠢᠯ ᠢᠶᠠᠷ ᠲᠠᠨᠢᠯᠴᠠᠭᠤᠯᠬᠤ ᠨᠡᠷᠡᠰ ᠤᠨ ᠢᠯᠡ ᠨᠡᠶᠢᠲᠡᠯᠡᠯ .xls 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号