ᠨᠢᠭᠡ᠂ ᠨᠣᠣᠷᠠᠭᠯᠠᠭᠰᠠᠨ ᠠᠬᠤᠢ ᠪᠠᠶᠢᠳᠠᠯ | ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ | ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ | ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ | ᠬᠥᠳᠡᠭᠡᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ | ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠤ ᠳᠤᠮᠳᠠ ᠨᠡᠮᠡᠭᠳᠡᠵᠦ᠂ 2023 ᠣᠨ ᠳᠤ | ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ ᠣᠷᠣᠯᠴᠠᠭᠰᠠᠨ ᠬᠡᠦᠬᠡᠳ | ᠤᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ | ᠪᠠᠲᠤᠯᠠᠬᠤ ᠳᠤ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ | ᠪᠠᠶᠢᠨ᠎ᠠ᠃ ᠭᠡᠪᠡᠴᠦ ᠡᠭᠦᠨ ᠤ ᠬᠠᠮᠲᠤ ᠪᠠᠰᠠ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠳᠤ ᠭᠠᠷ | ᠭᠦᠢᠴᠡᠳᠬᠡᠯ ᠣᠯᠠᠨ᠂ ᠶᠠᠪᠤᠴᠠ ᠤᠷᠲᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ | ᠣᠷᠣᠯᠴᠠᠬᠤ ᠤᠬᠠᠮᠰᠠᠷ ᠳᠣᠷᠣᠢ᠂ ᠣᠨᠴᠠ ᠵᠠᠷᠢᠮ ᠬᠤᠲᠠ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ | ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠠᠷᠠᠬᠠᠨ ᠪᠦᠷᠢᠮᠦᠰᠦᠨ ᠴᠢᠯᠦᠭᠡᠲᠡᠢ ᠪᠣᠯᠭᠠᠭᠠᠳᠤᠢ ᠵᠡᠷᠭᠡ | ᠠᠰᠠᠭᠤᠳᠠᠯ ᠤᠳ ᠣᠷᠣᠰᠢᠵᠤ ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ ᠤᠯᠠᠮ ᠨᠢᠭᠲᠠᠷᠠᠭᠤᠯᠵᠤ᠂ | ᠰᠠᠯᠠᠭ᠎ᠠ ᠮᠥᠴᠢᠷ ᠤᠳ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ | ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠬᠡᠦᠬᠡᠳ ᠤᠳ ᠤᠨ | ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ ᠬᠥᠮᠦᠵᠢᠯ ᠤᠨ | ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ | ᠤᠯᠤᠰ ᠤᠨ ᠡᠮᠡᠭᠲᠡᠶᠢᠴᠦᠳ ᠤᠨ ᠬᠤᠯᠪᠤᠭᠠᠨ ᠤ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠢ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ | ︽ᠮᠡᠳᠡᠭᠳᠡᠯ︾ ᠭᠡᠵᠦ ᠲᠣᠪᠴᠢᠯᠠᠪᠠ︶ ᠢ ᠰᠤᠳᠤᠯᠤᠨ ᠲᠤᠭᠤᠷᠪᠢᠵᠠᠢ᠃ | ᠬᠤᠶᠠᠷ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ | ︽ᠮᠡᠳᠡᠭᠳᠡᠯ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ᠄ ᠨᠢᠭᠡ ᠳᠤ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠎ᠠ᠃ ︽︿14·5﹀ ᠶᠢᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ | ᠲᠥᠯᠥᠪᠯᠡᠭᠡ︾ ᠳᠤ ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ ᠣᠷᠣᠭᠤᠯᠬᠤ | ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ | ᠳᠡᠭᠡᠭᠰᠢᠬᠢ ᠨᠢᠷᠠᠢ ᠬᠡᠦᠬᠡᠳ ᠤᠳ ᠢ ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ | ᠲᠣᠳᠣᠷᠬᠠᠢ ᠳᠤᠷᠠᠳᠪᠠ᠃ ︽14·5︾ ᠶᠢᠨ ᠬᠤᠭᠤᠴᠠᠭᠠᠨ ᠤ ᠡᠴᠦᠰ ᠪᠣᠯᠬᠤ ᠳᠤ᠂ ᠬᠡᠦᠬᠡᠳ ᠤᠨ ᠳᠠᠭᠠᠳᠬᠠᠯ ᠳᠤ | ᠣᠷᠣᠯᠴᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ᠃ ᠬᠤᠶᠠᠷ ᠲᠤ ᠦᠢᠯᠡᠴᠢᠯᠡᠭᠡ | ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ | ᠪᠣᠳᠣᠯᠭ᠎ᠠ ᠶᠢ ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠤᠷᠢᠲᠠᠯ ᠳᠤ᠂ ᠨᠢᠷᠠᠢ ᠬᠡᠦᠬᠡᠳ ᠤᠨ | ᠳᠠᠭᠠᠳᠬᠠᠯ ᠳᠤ ᠣᠷᠣᠯᠴᠠᠬᠤ ᠴᠤᠪᠤᠷᠠᠯ ᠢ ᠭᠤᠣᠯᠳᠠᠯᠭ᠎ᠠ ᠲᠠᠢ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ | ᠳᠠᠩᠰᠠᠯᠠᠯᠲᠠ ᠶᠢᠨ ᠭᠤᠭᠴᠤᠭ᠎ᠠ ᠶᠢ ᠴᠣᠮᠬᠠᠯᠠᠨ᠂ ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ ᠴᠢᠨᠠᠷᠲᠠᠢ ᠪᠠᠷ | ᠠᠵᠢᠯ ᠤᠨ ᠱᠠᠭᠠᠷᠳᠠᠯᠭ᠎ᠠ ᠳᠤᠷᠠᠳᠤᠨ᠎ᠠ᠃ ᠭᠤᠷᠪᠠ ᠳᠤ ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ | ᠪᠠᠷᠢᠮᠲᠠᠯᠠᠨ᠎ᠠ᠃ ︽ᠮᠡᠳᠡᠭᠳᠡᠯ︾ ᠨᠢ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ | ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ︾ ᠢ ᠴᠢᠨᠠᠭᠰᠢᠳᠠ ᠤᠯᠠᠮ ᠪᠠᠬᠢᠵᠢᠭᠦᠯᠦᠨ | ᠲᠡᠭᠦᠯᠳᠡᠷᠵᠢᠭᠦᠯᠬᠦ ᠶᠢᠨ ᠬᠠᠮᠲᠤ ᠣᠷᠣᠨ ᠨᠤᠲᠤᠭ ᠤᠨ ᠬᠠᠶᠢᠨ ᠰᠦᠪᠡᠭᠴᠢᠯᠡᠯᠲᠡ ᠪᠠ ᠰᠢᠨᠡᠴᠢᠯᠡᠯᠲᠡ ᠶᠢ | ᠵᠣᠷᠢᠭᠵᠢᠭᠤᠯᠤᠨ᠎ᠠ᠃ | ︽ᠮᠡᠳᠡᠭᠳᠡᠯ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠬᠦ᠂ ᠨᠢᠷᠠᠢ | ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ | ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠬᠦ᠂ | ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ ᠵᠢᠯᠤᠭᠤᠳᠴᠤ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠲᠠ | ᠬᠢᠪᠡ᠃ ᠨᠢᠭᠡ ᠳᠤ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠦᠨ᠎ᠡ᠃ ᠡᠯ᠎ᠡ | ᠱᠠᠲᠤᠨ ᠤ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ | ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠪᠠᠨ ᠦᠨᠡᠨ ᠬᠦ | ᠡᠷᠴᠢᠮᠵᠢᠭᠦᠯᠦᠨ᠎ᠡ᠃ ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ | ᠰᠢᠯᠢᠳᠡᠭᠵᠢᠭᠦᠯᠦᠨ᠎ᠡ᠃ ᠡᠯ᠎ᠡ ᠭᠠᠵᠠᠷ ᠢ ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ ᠶᠠᠪᠤᠳᠠᠯ ᠤᠳ ᠢ ᠨᠢᠭᠡ ᠯᠠ | ᠠᠵᠢᠯ ᠶᠠᠪᠤᠳᠠᠯ ᠪᠣᠯᠭᠠᠨ︾ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ ᠨᠤᠲᠤᠭ ᠤᠨ | ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠨᠢᠷᠠᠢ ᠬᠡᠦᠬᠡᠳ ᠢ ᠳᠠᠭᠠᠳᠬᠠᠯ ᠳᠤ ᠣᠷᠣᠭᠤᠯᠬᠤ ᠶᠢ | ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ | ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ ᠣᠷᠣᠨ ᠤ | ᠡᠷᠦᠬᠡ ᠠᠮᠠ ᠲᠠᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ ᠭᠠᠵᠠᠷ ᠲᠤ ᠪᠠᠨ | ᠳᠠᠭᠠᠳᠬᠠᠯ ᠳᠤ ᠣᠷᠣᠯᠴᠠᠬᠤ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ | ᠤᠷᠮᠠᠰᠢᠭᠤᠯᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ | ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ ᠡᠷᠡᠭᠦᠯ ᠮᠡᠨᠳᠦ ᠶᠢᠨ | ᠡᠷᠬᠡ ᠠᠰᠢᠭ ᠢ ᠪᠠᠲᠤᠯᠠᠨ᠂ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ᠳᠥᠷᠪᠡ ᠳᠤ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠳ | ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ | ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ ᠳᠠᠭᠠᠳᠬᠠᠭᠤᠯᠬᠤ ᠶᠣᠰᠣᠲᠠᠢ ᠶᠢ ᠨᠢ ᠴᠥᠮ | ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ | ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ ᠬᠡᠦᠬᠡᠳ ᠢ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ | ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ ᠲᠣᠬᠢᠷᠠᠭᠤᠯᠬᠤ ᠪᠠ ᠰᠢᠮᠳᠠᠭᠤᠯᠬᠤ ᠶᠢ ᠰᠠᠶᠢᠲᠤᠷ ᠬᠢᠵᠦ᠂ | ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ | ᠭᠤᠷᠪᠠ᠂ ᠲᠠᠷᠠᠭᠠᠴᠢ ᠶᠢᠨ ᠠᠵᠢᠯ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ | ᠬᠤᠯᠪᠤᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠢ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ | ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠬᠡᠦᠬᠡᠳ ᠤᠨ | ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ | | |