ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/3/8
      ᠣᠶᠢᠷ᠎ᠠ ᠳᠤ᠂ 2023-2024 ᠰᠤᠷᠤᠯᠭ᠎ᠠ ᠶᠢᠨ ᠣᠨ ᠤ ᠥᠪᠥᠷ ᠮᠣᠩᠭᠤᠯ ᠎ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠤᠨ ᠠᠩᠭᠢ — ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠭᠠᠵᠠᠷ ᠤᠨ ᠰᠢᠯᠢᠳᠡᠭᠴᠤᠤᠯ ᠤᠨ ᠤᠷᠤᠯᠳᠤᠭᠠᠨ ︵24 ᠳ᠋ᠦ᠋ᠭᠡᠷ ᠬᠤᠭᠤᠴᠠᠭ᠎ᠠ︶᠎ ᠤ ᠪᠦᠬᠦ ᠣᠳᠣᠳ ᠤᠨ ᠤᠷᠤᠯᠳᠤᠭᠠᠨ ᠥᠪᠥᠷ ᠮᠣᠩᠭᠤᠯ ᠤᠨ ᠡᠮᠦᠨᠡᠲᠦ ᠣᠷᠣᠨ ᠳᠠᠬᠢ ᠬᠥᠯ ᠪᠥᠮᠪᠦᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠭᠳᠠᠵᠤ᠂ 2023 - 2024 ᠰᠤᠷᠤᠯᠭ᠎ᠠ ᠶᠢᠨ ᠣᠨ ᠤ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠤᠨ ᠠᠵᠢᠯ ᠲᠡᠭᠦᠰ ᠠᠮᠵᠢᠯᠲᠠ ᠲᠠᠢ ᠥᠨᠳᠥᠷᠯᠡᠪᠡ᠃

1.jpg

2.jpg

            ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ

            ᠠᠩᠭᠢ ᠶᠢᠨ ᠪᠦᠬᠦ ᠣᠳᠣᠳ ᠤᠨ ᠤᠷᠤᠯᠳᠤᠭᠠᠨ ᠤ ᠠᠬᠤᠢ ᠲᠠᠯᠠᠪᠠᠢ

      ᠡᠨᠡ ᠤᠳᠠᠭᠠᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠤᠨ ᠠᠵᠢᠯ 1 ᠰᠠᠷ᠎ᠠ ᠶᠢᠨ 11᠎ ᠤ

ᠡᠳᠦᠷ ᠠᠴᠠ ᠡᠬᠢᠯᠡᠨ 3 ᠰᠠᠷ᠎ᠠ ᠶᠢᠨ 1᠎ ᠤ ᠡᠳᠦᠷ ᠥᠨᠳᠦᠷᠯᠡᠪᠡ᠂ ᠡᠨᠡ ᠬᠤᠭᠤᠴᠠᠭᠠᠨ ᠳᠤ ᠵᠠᠯᠭᠠᠭ᠎ᠠ ᠪᠠᠷ ᠭᠤᠷᠪᠠᠨ

ᠬᠤᠭᠤᠴᠠᠭᠠᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ

ᠥᠷᠨᠢᠭᠦᠯᠵᠦ᠂ ᠲᠤᠰ ᠲᠤᠰ ᠪᠠᠭ᠎ᠠ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠤᠨ ︽ᠠᠩᠭᠢ ᠶᠢᠨ ᠬᠤᠯᠪᠣᠭᠠᠲᠤ

ᠤᠷᠤᠯᠳᠤᠭᠠᠨ︾᠎ ᠤ ᠰᠢᠯᠢᠳᠡᠭᠴᠤᠤᠯ ᠤᠨ ᠳᠤᠭᠤᠶᠢᠯᠠᠩ ᠤᠨ ᠤᠷᠤᠯᠳᠤᠭᠠᠨ ᠤ ᠪᠣᠯᠪᠠᠰᠤᠷᠠᠯ ᠤᠨ ᠠᠩᠭᠢ ︵22

ᠳ᠋ᠤᠭᠠᠷ ᠬᠤᠭᠤᠴᠠᠭ᠎ᠠ︶᠂ ᠪᠠᠭ᠎ᠠ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠤᠨ ︽ᠭᠠᠷᠠᠭ ᠤᠨ ᠰᠡᠭᠦᠯᠴᠢ ᠶᠢᠨ

ᠬᠤᠯᠪᠣᠭᠠᠲᠤ ᠤᠷᠤᠯᠳᠤᠭᠠᠨ︾᠎ ᠤ ᠮᠠᠩᠯᠠᠶᠢᠯᠠᠭᠴᠢ ᠶᠢᠨ ᠳᠤᠭᠤᠶᠢᠯᠠᠩ ᠤᠨ ᠤᠷᠤᠯᠳᠤᠭᠠᠨ ᠤ ᠪᠣᠯᠪᠠᠰᠤᠷᠠᠯ ᠤᠨ ᠠᠩᠭᠢ

︵23 ᠳ᠋ᠤᠭᠠᠷ ᠬᠤᠭᠤᠴᠠᠭ᠎ᠠ︶᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠤᠨ

︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠭᠠᠵᠠᠷ ᠤᠨ ᠰᠢᠯᠢᠳᠡᠭᠴᠤᠤᠯ ᠤᠨ ᠤᠷᠤᠯᠳᠤᠭᠠᠨ

︵24 ᠳ᠋ᠦ᠋ᠭᠡᠷ ᠬᠤᠭᠤᠴᠠᠭ᠎ᠠ︶ ᠬᠤᠪᠢᠶᠠᠨ᠂ ᠡᠯ᠎ᠡ ᠠᠶᠢᠮᠠᠭ ᠬᠤᠲᠠ ᠶᠢᠨ ᠬᠥᠯ 44 ᠪᠥᠮᠪᠥᠭᠡᠨ ᠤ ᠠᠩᠭᠢ ᠶᠢᠨ 900

ᠭᠠᠷᠤᠢ ᠪᠠᠭᠰᠢ ᠰᠤᠷᠤᠭᠴᠢ ᠡᠨᠡ ᠤᠳᠠᠭᠠᠨ ᠤ ᠡᠪᠦᠯ ᠤᠨ ᠤᠯᠠᠷᠢᠯ ᠤᠨ ᠪᠣᠯᠪᠠᠰᠤᠷᠠᠯ ᠤᠨ ᠭᠠᠵᠠᠷ ᠤᠨ

ᠠᠵᠢᠯᠯᠠᠭ᠎ᠠ ᠳᠤ ᠣᠷᠣᠯᠴᠠᠪᠠ᠃

   

3.png

4.png

            ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ︽ᠭᠠᠷᠠᠭ ᠤᠨ ᠰᠡᠭᠦᠯᠴᠢ ᠶᠢᠨ ᠬᠤᠯᠪᠣᠭᠠᠲᠤ

            ᠤᠷᠤᠯᠳᠤᠭᠠᠨ︾᠎ ᠤ ᠮᠠᠩᠯᠠᠶᠢᠯᠠᠭᠴᠢ ᠶᠢᠨ ᠳᠤᠭᠤᠶᠢᠯᠠᠩ ᠤᠨ ᠤᠷᠤᠯᠳᠤᠭᠠᠨ ︵23 ᠳ᠋ᠤᠭᠠᠷ

            ᠬᠤᠭᠤᠴᠠᠭ᠎ᠠ︶

      ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ︵ᠬᠠᠶᠢᠨᠠᠨ︶᠎ ᠤ ᠡᠪᠦᠯ ᠤᠨ

ᠤᠯᠠᠷᠢᠯ ᠤᠨ ᠤᠷᠤᠯᠳᠤᠭᠠᠨ ᠤ ᠪᠣᠯᠪᠠᠰᠤᠷᠠᠯ ᠤᠨ ᠠᠵᠢᠯ 2016 ᠣᠨ ᠠᠴᠠ ᠡᠬᠢᠯᠡᠨ ᠨᠢᠭᠡᠨᠲᠡ 24 ᠬᠤᠭᠤᠴᠠᠭ᠎ᠠ

ᠶᠠᠪᠤᠭᠳᠠᠵᠤ᠂ 13000 ᠭᠠᠷᠤᠢ ᠬᠥᠮᠦᠨ ᠣᠷᠣᠯᠴᠠᠨ᠂ ᠤᠷᠤᠯᠳᠤᠭᠠᠨ ᠤ ᠪᠣᠯᠪᠠᠰᠤᠷᠠᠯ ᠤᠨ ᠠᠵᠢᠯᠯᠠᠭ᠎ᠠ ᠶᠢ

ᠦᠷᠭᠦᠯᠵᠢᠯᠡᠨ ᠥᠷᠨᠢᠭᠦᠯᠦᠭᠰᠡᠨ ᠨᠢ ᠮᠠᠨ ᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠦᠯ ᠪᠥᠮᠪᠥᠭᠡᠨ ᠤ

ᠴᠢᠳᠠᠪᠤᠷᠢᠲᠠᠨ ᠢ ᠬᠥᠮᠦᠵᠢᠭᠦᠯᠬᠦ ᠪᠠ ᠰᠤᠷᠭᠠᠭᠤᠯᠢ ᠶᠢᠨ ᠬᠦᠷᠢᠶᠡᠨ ᠤ ᠬᠦᠯ ᠪᠥᠮᠪᠥᠭᠡᠨ ᠤ ᠰᠣᠶᠣᠯ ᠤᠨ

ᠪᠠᠶᠢᠭᠤᠯᠤᠯᠲᠠ ᠳᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠭᠰᠠᠨ ᠪᠠᠶᠢᠨ᠎ᠠ᠃ ᠡᠨᠡ ᠤᠳᠠᠭᠠᠨ ᠤ ᠡᠪᠦᠯ ᠤᠨ

ᠤᠯᠠᠷᠢᠯ ᠤᠨ ᠤᠷᠤᠯᠳᠤᠭᠠᠨ ᠪᠣᠯ ᠬᠥᠯ ᠪᠥᠮᠪᠦᠭᠡᠨ ᠤ ᠤᠷᠤᠯᠳᠤᠭᠠᠨ ᠪᠣᠯᠤᠨ ᠬᠥᠯ ᠪᠥᠮᠪᠦᠭᠡᠨ ᠤ ᠲᠤᠰᠬᠠᠢ

ᠪᠣᠯᠪᠠᠰᠤᠷᠠᠯ ᠪᠣᠯᠬᠤ ᠪᠥᠭᠡᠳ ᠪᠠᠰᠠ ᠲᠤᠬᠠᠢ ᠶᠢᠨ ᠭᠠᠵᠠᠷ ᠲᠤ ᠨᠢ ᠰᠤᠳᠤᠯᠤᠨ ᠰᠤᠷᠤᠯᠴᠠᠬᠤ᠂ ᠭᠠᠷ ᠪᠢᠴᠢᠮᠡᠯ

ᠰᠣᠨᠢᠨ ᠪᠢᠴᠢᠬᠦ᠂ ᠬᠥᠳᠡᠯᠮᠦᠷᠢ ᠶᠢᠨ ᠦᠢᠯᠡᠳᠦᠯᠭᠡ᠂ ᠬᠥᠭᠵᠢᠶᠡᠨᠲᠦ ᠪᠡᠶ᠎ᠡ ᠶᠢᠨ ᠲᠠᠮᠢᠷ ᠵᠡᠷᠭᠡ ᠠᠵᠢᠯᠯᠠᠭ᠎ᠠ ᠶᠢ

ᠥᠷᠨᠢᠭᠦᠯᠵᠦ᠂ ᠰᠤᠷᠤᠯᠴᠠᠬᠤ᠂ ᠪᠣᠯᠪᠠᠰᠤᠷᠠᠬᠤ᠂ ᠤᠷᠤᠯᠳᠤᠬᠤ᠂ ᠪᠣᠯᠪᠠᠰᠤᠷᠠᠭᠤᠯᠬᠤ᠂ ᠰᠤᠳᠤᠯᠬᠤ ᠶᠢ ᠨᠢᠭᠡ

ᠴᠣᠭᠴᠠᠵᠢᠭᠤᠯᠵᠤ᠂ ᠣᠨᠴᠠᠯᠢᠭᠲᠤ ᠤᠷᠤᠯᠳᠤᠭᠠᠨ ᠤ ᠳᠣᠭᠲᠠᠯᠴᠠᠭ᠎ᠠ ᠶᠢ ᠪᠦᠷᠢᠯᠳᠦᠭᠦᠯᠵᠡᠢ᠃

   

5.jpg

6.jpg

           ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠰᠠᠭᠤᠷᠢᠨ ᠭᠠᠵᠠᠷ ᠤᠨ

            ᠰᠢᠯᠢᠳᠡᠭᠴᠤᠤᠯ ᠤᠨ ᠳᠤᠭᠤᠶᠢᠯᠠᠩ ᠤᠨ ᠤᠷᠤᠯᠳᠤᠭᠠᠨ ︵24 ᠳ᠋ᠦ᠋ᠭᠡᠷ ᠬᠤᠭᠤᠴᠠᠭ᠎ᠠ︶

      ᠣᠶᠢᠷ᠎ᠠ ᠶᠢᠨ ᠵᠢᠯ᠂ ᠮᠠᠨ ᠤ ᠣᠷᠣᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠥᠭᠵᠢᠯᠲᠡ ᠶᠢ

ᠦᠷᠭᠦᠯᠵᠢᠯᠡᠨ ᠠᠬᠢᠭᠤᠯᠵᠤ᠂ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ

ᠣᠨᠴᠠᠯᠢᠭᠲᠤ ᠰᠤᠷᠭᠠᠭᠤᠯᠢ 1286᠎ ᠶᠢ ᠪᠠᠶᠢᠭᠤᠯᠵᠤ᠂ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠣᠨᠴᠠᠯᠢᠭᠲᠤ ᠬᠡᠦᠬᠡᠳ ᠤᠨ ᠴᠡᠴᠡᠷᠯᠢᠭ 446᠎ ᠶᠢ ᠪᠠᠶᠢᠭᠤᠯᠤᠨ᠂ ᠪᠦᠬᠦ ᠤᠯᠤᠰ ᠤᠨ ᠵᠠᠯᠠᠭᠤᠴᠤᠳ

ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠲᠤᠷᠰᠢᠯᠲᠠ ᠶᠢᠨ ᠴᠡᠭ ᠤᠨ ᠰᠢᠶᠠᠨ

︵ᠲᠣᠭᠤᠷᠢᠭ︶ 9 ᠪᠣᠯᠵᠣ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ︽ᠣᠭᠲᠠᠷᠭᠤᠢ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠰᠠᠭᠤᠷᠢᠨ ᠭᠠᠵᠠᠷ 5 ᠪᠣᠯᠤᠨ᠂

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠲᠥᠭᠡᠮᠡᠯᠵᠢᠭᠦᠯᠦᠭᠰᠡᠨ ᠬᠡᠪᠴᠢᠶ᠎ᠡ ᠵᠢᠯ ᠳᠠᠷᠠᠭᠠᠯᠠᠨ          

ᠨᠡᠮᠡᠭᠳᠡᠪᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠷᠤᠯᠳᠤᠭᠠᠨ ᠤ ᠳᠣᠭᠲᠠᠯᠴᠠᠭᠠᠨ ᠤ ᠲᠠᠯ᠎ᠠ ᠎ ᠪᠠᠷ

ᠠᠯᠢ ᠣᠯᠠᠨ ᠲᠠᠯ᠎ᠠ ᠶᠢᠨ ᠬᠥᠭᠵᠢᠯᠲᠡ ᠶᠢ ᠪᠡᠶᠡᠯᠡᠭᠦᠯᠵᠦ᠂ ᠣᠭᠲᠠᠷᠭᠤᠢ ᠳᠦᠭᠦᠷᠡᠩ ᠣᠳᠣᠨ ᠮᠡᠴᠢᠳ

ᠪᠣᠯᠪᠠᠰᠤᠷᠠᠯ ᠤᠨ ᠰᠠᠭᠤᠷᠢᠨ᠂ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ ᠪᠠ ᠠᠩᠭᠢ ᠶᠢᠨ ᠳᠡᠰ ᠤᠨ

ᠬᠤᠯᠪᠣᠭᠠᠲᠤ ᠤᠷᠤᠯᠳᠤᠭᠠᠨ ᠵᠡᠷᠭᠡ ᠰᠢᠷᠢᠰ ᠤᠷᠤᠯᠳᠤᠭᠠᠨ ᠎ ᠤ ᠠᠵᠢᠯᠯᠠᠭ᠎ᠠ ᠶᠢ ᠪᠣᠢ ᠪᠣᠯᠭᠠᠨ ᠪᠤᠶᠢᠵᠢᠭᠤᠯᠵᠤ᠂ ᠪᠦᠬᠦ

ᠰᠤᠷᠤᠯᠭ᠎ᠠ ᠶᠢᠨ ᠱᠠᠲᠤ ᠪᠠ ᠪᠦᠬᠦ ᠣᠷᠣᠨ ᠪᠦᠰᠡ ᠶᠢᠨ ︽4 +1︾᠎ ᠶᠢᠨ ᠬᠤᠯᠪᠣᠭᠠᠲᠤ ᠤᠷᠤᠯᠳᠤᠭᠠᠨ ᠤ 

ᠳᠣᠭᠲᠠᠯᠴᠠᠭ᠎ᠠ ︵ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ᠂ ᠶᠡᠭᠡ ᠰᠤᠷᠭᠠᠭᠤᠯᠢ+ᠬᠡᠦᠬᠡᠳ ᠤᠨ ᠴᠡᠴᠡᠷᠯᠢᠭ︶᠎ ᠶᠢ ᠨᠢᠭᠡᠨᠲᠡ ᠪᠠᠶᠢᠭᠤᠯᠵᠤ᠂ ᠭᠤᠯᠳᠤ ᠪᠠᠷ

ᠵᠣᠯᠭᠠᠯᠳᠤᠭᠰᠠᠨ᠂ ᠬᠥᠨᠳᠡᠯᠡᠨ ᠢᠶᠠᠷ ᠬᠠᠮᠤᠷᠤᠭᠰᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ

ᠤᠷᠤᠯᠳᠤᠭᠠᠨ ᠤ ᠲᠠᠪᠴᠠᠩ ᠢ ᠪᠣᠢ ᠪᠣᠯᠭᠠᠪᠠ᠃ ᠪᠦᠬᠦ ᠣᠷᠣᠨ ᠤ ᠤᠷᠤᠯᠳᠤᠭᠠᠨ ᠳᠤ ᠣᠷᠣᠯᠴᠠᠭᠰᠠᠨ ᠰᠤᠷᠤᠭᠴᠢ 50

ᠲᠦᠮᠡᠨ ᠬᠥᠮᠦᠨ ᠤᠳᠠᠭ᠎ᠠ ᠶᠢ ᠳᠠᠪᠠᠵᠤ᠂ ᠤᠷᠤᠯᠳᠤᠭᠠᠨ 6 ᠲᠦᠮᠡᠨ ᠲᠠᠯᠠᠪᠤᠷ ᠤᠳᠠᠭ᠎ᠠ ᠶᠢ ᠳᠠᠪᠠᠵᠤ᠂

ᠤᠷᠤᠯᠳᠤᠭᠠᠨ ᠤ ᠳᠣᠭᠲᠠᠯᠴᠠᠭ᠎ᠠ ᠶᠢ ᠣᠯᠠᠨ ᠲᠠᠯᠠᠴᠢᠯᠠᠬᠤ᠂ ᠵᠢᠷᠤᠮᠵᠢᠭᠤᠯᠬᠤ ᠪᠠ ᠰᠢᠰᠲ᠋ᠧᠮᠵᠢᠭᠦᠯᠬᠦ ᠬᠠᠷᠠᠯᠲᠠ ᠶᠢ

ᠪᠡᠶᠡᠯᠡᠭᠦᠯᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号