ᠥᠪᠥᠷ ᠮᠣᠩᠭᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/4/10
      4 ᠰᠠᠷ᠎ᠠ ᠶᠢᠨ 8᠎ ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽ᠦᠨᠡᠨᠴᠢ ᠢᠲᠡᠭᠡᠮᠵᠢ ᠲᠠᠢ ᠥᠪᠥᠷ ᠮᠣᠩᠭᠤᠯ ᠤᠨ ᠪᠠᠶᠢᠭᠤᠯᠤᠯᠲᠠ︾ ᠭᠡᠬᠦ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠯ᠎ᠡ ᠭᠠᠵᠠᠷ ᠤᠨ ᠬᠦᠴᠦᠲᠡᠢ ᠠᠬᠢᠭᠤᠯᠤᠯ ᠳᠣᠣᠷ᠎ᠠ᠂ ᠣᠳᠣᠬᠠᠨ ᠳᠤ ᠥᠪᠥᠷ ᠮᠣᠩᠭᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠨᠢᠭᠡᠨᠲᠡ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠠᠳᠬᠤᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠠᠴᠠ ᠵᠥᠪᠳᠡᠯᠴᠡᠬᠦ᠂ ᠡᠯ᠎ᠡ ᠰᠠᠯᠠᠭ᠎ᠠ ᠮᠥᠴᠢᠷ ᠬᠠᠮᠲᠤ ᠪᠠᠷ ᠠᠳᠬᠤᠵᠤ ᠬᠠᠮᠲᠤ ᠪᠠᠷ ᠪᠠᠶᠢᠭᠤᠯᠬᠤ᠂ ᠪᠦᠭᠦ ᠨᠡᠶᠢᠭᠡᠮ ᠢᠶᠠᠷ ᠢᠶᠠᠨ ᠥᠷᠭᠡᠨ ᠢᠶᠠᠷ ᠣᠷᠤᠯᠴᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠭᠰᠡᠨ ᠪᠥᠭᠡᠳ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃      ᠲᠠᠨᠢᠯᠴᠠᠭᠤᠯᠤᠭᠰᠠᠨ ᠢᠶᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠦᠪᠰᠢᠨ ᠴᠢᠨᠠᠭᠰᠢᠳᠠ ᠳᠡᠭᠡᠭᠰᠢᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ 12345 ᠬᠠᠯᠠᠮᠰᠢᠯ ᠤᠲᠠᠰᠤᠨ ᠤ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠪᠤᠶᠢᠮ᠎ᠠ ᠠᠰᠠᠭᠤᠳᠠᠯ ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠪᠡ᠃ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠨᠠᠶᠢᠳᠠᠪᠤᠷᠢᠵᠢᠭᠤᠯᠤᠨ᠂ 681 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠪᠦᠭᠦ ᠡᠯᠧᠮᠧᠨ᠋ᠲ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠣᠳᠣᠬᠠᠨ ᠳᠤ ᠨᠢᠭᠡᠨᠲᠡ 3595 ᠵᠦᠢᠯ ᠤᠨ ᠵᠢᠷᠤᠮᠵᠢᠭᠤᠯᠤᠯᠲᠠ ᠶᠢ ᠨᠢᠭᠡᠳᠦᠯᠲᠡᠢ ᠬᠡᠷᠡᠭᠵᠢᠭᠦᠯᠬᠦ ᠪᠠᠷ           ᠨᠡᠶᠢᠲᠡᠯᠡᠪᠡ᠃ ᠪᠦᠭᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠂ ᠰᠢᠶᠠᠩ᠂ ᠲᠣᠰᠬᠤᠨ ᠲᠠᠪᠤᠨ ᠱᠠᠲᠤ ᠶᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠦᠭᠦ ᠣᠷᠣᠨ ᠤ ᠨᠢᠭᠡᠳᠦᠯᠲᠡᠢ ᠡᠯᠧᠺᠲᠷᠣᠨ ᠦᠨᠡᠮᠯᠡᠯ ᠤᠨ ᠬᠥᠮᠥᠷᠭᠡ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ 124 ᠲᠤᠬᠠᠶᠢᠯᠠᠭᠰᠠᠨ ᠠᠵᠢᠯ ᠤᠨ ᠰᠢᠰᠲ᠋ᠧᠮ ᠲᠠᠢ ᠵᠣᠯᠭᠠᠭᠤᠯᠵᠤ᠂ ᠦᠨᠡᠮᠯᠡᠯ ᠤᠨ ᠲᠥᠷᠥᠯ ᠭᠡᠯᠪᠡᠷᠢ ᠶᠢᠨ 687 ᠲᠥᠷᠥᠯ ᠤᠨ 7236 ᠲᠦᠮᠡ ᠭᠠᠷᠤᠢ ᠵᠤᠷᠪᠤᠰ ᠲᠤᠭ᠎ᠠ ᠪᠠᠷᠢᠮᠲᠠ ᠶᠢ ᠬᠤᠷᠠᠮᠳᠤᠭᠤᠯᠪᠠ︔ ᠲᠣᠭᠲᠠᠴᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠨ ᠤ ᠶᠠᠪᠤᠳᠠᠯ ᠎ ᠤᠨ ᠦᠨᠡᠨᠴᠢ ᠢᠲᠡᠭᠡᠮᠵᠢ ᠶᠢᠨ ᠲᠦᠪᠰᠢᠨ ᠴᠢᠨᠠᠭᠰᠢᠳᠠ ᠳᠡᠭᠡᠭᠰᠢᠯᠡᠪᠡ᠃ ᠢᠲᠡᠭᠡᠮᠵᠢ ᠪᠠᠷ ᠰᠠᠭᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠢᠨᠠᠨ ᠬᠠᠮᠢᠶᠠᠷᠬᠤ ᠠᠵᠢᠯ ᠲᠥᠷᠥᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠪᠡ᠃ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾᠎ ᠶᠢᠨ ᠳᠦᠷᠢᠮ ᠢ ᠰᠠᠶᠢᠲᠤᠷ ᠬᠡᠷᠡᠭᠯᠡᠵᠦ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠠᠷᠠᠭᠤᠯᠤᠭᠰᠠᠨ ᠎ ᠤ ᠳᠠᠷᠠᠭᠠᠬᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠠᠵᠢᠯ ᠤᠨ ᠲᠥᠰᠥᠯ ᠢ ᠲᠣᠭᠲᠠᠭᠠᠵᠤ᠂ ᠢᠲᠡᠭᠡᠮᠵᠢ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠦᠨ᠂ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠠᠷᠠᠭᠤᠯᠬᠤ ᠶᠢ ᠵᠣᠷᠢᠬᠵᠢᠭᠤᠯᠪᠠ︔ ᠦᠨᠡᠨᠴᠢ ᠢᠲᠡᠭᠡᠮᠵᠢ ᠶᠢᠨ ᠣᠷᠴᠢᠨ ᠠᠬᠤᠢ ᠶᠢ ᠪᠤᠢ ᠪᠤᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃ ︽ᠦᠨᠡᠨᠴᠢ ᠢᠲᠡᠭᠡᠮᠵᠢ ᠲᠠᠢ ᠥᠪᠥᠷ ᠮᠣᠩᠭᠤᠯ ᠤᠨ ᠪᠠᠶᠢᠭᠤᠯᠤᠯᠲᠠ︾ ᠭᠡᠬᠦ 4 ᠳᠡᠪᠲᠡᠷ ᠰᠢᠷᠢᠰ ᠨᠣᠮ ᠢ ᠢᠯᠡ ᠪᠠᠷ ᠬᠡᠪᠯᠡᠨ ᠲᠠᠷᠬᠠᠭᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠣᠯᠪᠠᠰᠤᠷᠠᠯ ᠤᠬᠠᠭᠤᠯᠭ᠎ᠠ ᠶᠢᠨ ᠠᠵᠢᠯ ᠢ ᠥᠷᠨᠢᠭᠦᠯᠪᠡ᠃ ᠡᠯ᠎ᠡ ᠲᠦᠷᠦᠯ ᠤᠨ ᠦᠨᠡᠨᠴᠢ ᠢᠲᠡᠭᠡᠮᠵᠢᠲᠡᠢ ᠬᠥᠮᠥᠰ ᠢ ︽ᠤᠨᠤᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾᠎ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ ᠳᠤ ᠣᠷᠣᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠠᠯᠭᠠᠭ᠎ᠠ ᠪᠠᠷ ᠡᠬᠢᠯᠡᠭᠦᠯᠵᠦ᠂ ᠢᠲᠡᠭᠡᠯ ᠠᠯᠳᠠᠭᠰᠠᠨ ᠲᠣᠪᠤᠶᠢᠮ᠎ᠠ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠵᠠᠰᠠᠬᠤ ᠠᠵᠢᠯ ᠢ ᠡᠬᠢᠯᠡᠭᠦᠯᠵᠦ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠪᠠ︔ ᠢᠯᠡ ᠲᠣᠳᠣ ᠲᠥᠪ ᠭᠤᠣᠯᠴᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠢᠲᠡᠭᠡᠮᠵᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ᠃ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠮᠡᠳᠡᠭᠡ ᠵᠠᠩᠭᠢ ᠪᠦᠭᠦᠨ ᠢ ᠢᠯᠡ ᠪᠤᠯᠭᠠᠬᠤ ᠶᠢ ᠠᠬᠢᠭᠤᠯᠵᠤ᠂ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ 5.7 ᠲᠦᠮᠡ ᠭᠠᠷᠤᠢ ᠬᠤᠪᠢ ᠢᠯᠡ ᠪᠤᠯᠭᠠᠵᠤ᠂ ᠰᠢᠭᠦᠨ ᠲᠠᠰᠤᠯᠬᠤ ᠶᠠᠪᠤᠴᠠ ᠶᠢᠨ ᠮᠡᠳᠡᠭᠡ ᠵᠠᠩᠭᠢ ᠶᠢ ᠢᠯᠡ ᠪᠤᠯᠭᠠᠬᠰᠠᠨ ᠨᠤᠷᠮ᠎ᠠ 99.91%᠎ ᠳᠤ ᠬᠦᠷᠴᠦ᠂ ᠪᠠᠶᠢᠴᠠᠭᠠᠬᠤ ᠬᠤᠷᠢᠶ᠎ᠠ 1.3 ᠲᠦᠮᠡ ᠭᠠᠷᠤᠢ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠪᠡ᠃ ᠬᠦᠨᠳᠦ ᠨᠣᠴᠢᠲᠠᠢ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠭᠦᠢᠴᠡᠳᠬᠡᠬᠦ ᠶᠢ ᠲᠡᠪᠴᠢᠭᠰᠡᠨ ᠰᠢᠭᠦᠬᠦ ᠬᠤᠷᠢᠶ᠎ᠠ ᠶᠢᠨ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ 3278 ᠬᠥᠮᠥᠨ ᠤᠳᠠᠭ᠎ᠠ ᠨᠡᠶᠢᠲᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号