ᠰᠡᠴᠡᠨ | | | | | | ᠳᠡᠭᠡᠳᠦ ᠭᠤᠷᠪᠠ ᠶᠢᠨ ᠤᠯᠤᠰ ᠲᠥᠷᠦ ᠶᠢᠨ ᠬᠢᠴᠢᠶᠡᠯ ᠤᠨ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ | ᠭᠤᠣᠯ ᠡᠭᠦᠷᠭᠡ ᠪᠣᠯ ᠰᠢᠨᠵᠢᠯᠡᠬᠦ ᠤᠬᠠᠭᠠᠨᠴᠢ ᠪᠠᠷ ᠴᠠᠭ ᠢᠶᠠᠨ ᠲᠣᠬᠢᠷᠠᠭᠤᠯᠵᠤ᠂ ᠦᠨᠳᠦᠰᠦᠨ ᠮᠡᠳᠡᠯᠭᠡ ᠶᠢ ᠤᠯᠠᠮ | ᠨᠢᠭᠡ ᠠᠯᠬᠤᠮ ᠪᠠᠲᠤᠳᠬᠠᠵᠤ᠂ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠰᠠᠭᠤᠷᠢᠨ ᠳᠡᠭᠡᠷ᠎ᠡ ᠡ᠊ᠩ ᠤᠨ ᠲᠡᠭᠡᠳᠤ | ᠰᠤᠷᠭᠠᠭᠤᠯᠢ ᠶᠢᠨ ᠰᠤᠷᠤᠭᠴᠢ ᠡᠯᠰᠠᠭᠦ ᠪᠦᠭᠦ ᠤᠯᠤᠰ ᠤᠨ ᠨᠢᠭᠡᠳᠤᠯᠳᠠᠢ ᠰᠢᠯᠭᠠᠯᠲᠠ ︵ᠲᠤᠷᠤᠭᠰᠢ ︽ᠤᠯᠤᠰ ᠤᠨ | ᠨᠢᠭᠡᠳᠤᠯᠳᠠᠢ ᠰᠢᠯᠭᠠᠯᠳᠠ︾ ᠭᠡᠵᠦ ᠲᠦᠭᠦᠮᠴᠢᠯᠡᠪᠡ︶ ᠳᠤ ᠬᠠᠨᠳᠤᠭᠤᠯᠤᠨ ᠭᠤᠣᠯ ᠮᠡᠳᠡᠯᠭᠡ ᠶᠢᠨ ᠴᠡᠭ ᠢ ᠨᠢᠭᠡᠴᠢ | ᠪᠤᠶᠤ ᠲᠤᠰᠬᠠᠢ ᠰᠡᠳᠦᠪ ᠢᠶᠠᠷ ᠡᠮᠬᠢᠯᠡᠵᠦ ᠬᠤᠷᠢᠶᠠᠩᠭᠤᠶᠢᠯᠠᠨ ᠰᠣᠷᠣᠭᠴᠢᠳ ᠲᠤ ᠲᠣᠳᠣᠷᠬᠠᠢ ᠮᠡᠳᠡᠯᠭᠡ ᠶᠢᠨ | ᠬᠡᠯᠬᠢᠶᠡᠰᠦ ᠶᠢ ᠬᠠᠩᠭᠠᠨ ᠰᠤᠷᠤᠭᠴᠢᠳ ᠤᠨ ᠰᠡᠳᠦᠪ ᠵᠠᠳᠠᠯᠵᠤ ᠬᠠᠷᠢᠭᠤᠯᠬᠤ ᠳᠤ ᠬᠡᠷᠡᠭᠯᠡᠬᠦ ᠭᠤᠣᠯ ᠤᠭ ᠶᠣᠰᠣ ᠶᠢ | ᠬᠤᠷᠢᠶᠠᠩᠭᠤᠢ ᠡᠵᠡᠮᠰᠢᠭᠦᠯᠬᠦ ᠶᠠᠪᠤᠳᠠᠯ ᠪᠣᠯᠣᠨ᠎ᠠ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠪᠣᠯ ᠶᠡᠷᠦᠩᠬᠡᠶᠢᠯᠡᠭᠰᠡᠨ | ᠳᠡᠭᠡᠭᠰᠢᠯᠡᠯᠲᠡ ᠶᠢᠨ ᠱᠠᠲᠤ᠂ ᠡᠭᠦᠨ ᠳᠤ ᠬᠠᠮᠤᠭ ᠤᠨ ᠦᠨᠳᠦᠰᠦᠨ ᠵᠠᠷᠴᠢᠮ ᠪᠣᠯ ᠲᠤᠰᠬᠠᠢ ᠰᠡᠳᠦᠪᠲᠦ | ᠳᠠᠪᠲᠠᠯᠭ᠎ᠠ ᠪᠠᠷ ᠭᠤᠣᠯ ᠪᠤᠯᠭᠠᠵᠦ ᠴᠢᠳᠠᠪᠤᠷᠢ ᠶᠢ ᠬᠥᠮᠥᠵᠢᠭᠦᠯᠬᠦ᠂ ᠪᠣᠯᠪᠠᠰᠤᠷᠠᠯ ᠢ ᠴᠢᠩᠭᠠᠳᠬᠠᠬᠤ᠂ | ᠳᠡᠭᠡᠭᠰᠢᠯᠡᠯᠲᠡ ᠶᠢ ᠪᠠᠲᠤᠳᠬᠠᠬᠤ ᠶᠠᠪᠤᠳᠠᠯ ᠪᠣᠯᠣᠨ᠎ᠠ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ ᠭᠤᠣᠯ ᠠᠷᠭ᠎ᠠ | ᠪᠠᠷᠢᠯ ᠪᠣᠯ ᠨᠢᠭᠡ ᠳᠤ ᠮᠡᠳᠡᠯᠭᠡ ᠶᠢᠨ ᠲᠤᠰᠬᠠᠢ ᠰᠡᠳᠦᠪ ᠤᠨ ᠳᠠᠪᠲᠠᠯᠭ᠎ᠠ ᠶᠢ ᠰᠠᠶᠢᠨ ᠬᠢᠬᠦ᠂ ᠬᠤᠶᠠᠷ ᠲᠤ ᠴᠠᠭ ᠤᠨ | ᠪᠠᠶᠢᠳᠠᠯ ᠤᠨ ᠬᠠᠯᠠᠮᠰᠢᠯ ᠤᠨ ᠲᠤᠬᠠᠢ ᠲᠤᠰᠬᠠᠢ ᠰᠡᠳᠦᠪ ᠤᠨ ᠪᠣᠯᠪᠠᠰᠤᠷᠠᠯ ᠢ ᠰᠠᠶᠢᠲᠤᠷ ᠬᠢᠬᠦ᠂ ᠭᠤᠷᠪᠠ ᠳᠤ | ᠬᠠᠨᠳᠤᠯᠭᠠᠲᠤ ᠴᠢᠨᠠᠷᠲᠠᠢ ᠪᠣᠯᠪᠠᠰᠤᠷᠠᠯ ᠢ ᠴᠢᠩᠭᠠᠳᠬᠠᠵᠤ᠂ ᠪᠡᠶᠡᠴᠢ ᠪᠤᠰᠤᠳᠴᠢ ᠰᠡᠳᠦᠪ ᠢ ᠵᠠᠳᠠᠯᠵᠤ ᠬᠠᠷᠢᠭᠤᠯᠬᠤ | ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ ᠡᠭᠦᠨ ᠳᠤ ᠲᠤᠰᠬᠠᠢ ᠰᠡᠳᠦᠪ ᠤᠨ ᠳᠠᠪᠲᠠᠯᠭ᠎ᠠ ᠶᠢᠨ ᠳᠤᠮᠳᠠ | ᠮᠡᠳᠡᠯᠭᠡ ᠶᠢᠨ ᠲᠤᠰᠬᠠᠢ ᠰᠡᠳᠦᠪ ᠤᠨ ᠪᠣᠯᠪᠠᠰᠤᠷᠠᠯ ᠪᠣᠯ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ ᠭᠤᠣᠯ | ᠠᠭᠤᠯᠭ᠎ᠠ ᠪᠠᠶᠢᠵᠤ᠂ ᠦᠨᠳᠦᠰᠦᠨ ᠮᠡᠳᠡᠯᠭᠡ ᠡᠵᠡᠮᠰᠢᠯ᠂ ᠮᠡᠳᠡᠯᠭᠡ ᠶᠢᠨ ᠴᠡᠭ ᠤᠨ ᠬᠤᠯᠪᠣᠭᠠᠰᠤ ᠶᠢ ᠨᠡᠩ ᠰᠠᠶᠢᠲᠤᠷ | ᠡᠵᠡᠮᠰᠢᠬᠦ ᠶᠢ ᠭᠤᠣᠯ ᠰᠢᠢᠳᠪᠦᠷᠢᠯᠡᠨ᠎ᠡ᠃ ᠪᠠᠰᠠ ᠴᠠᠭ ᠤᠨ ᠪᠠᠶᠢᠳᠠᠯ ᠤᠨ ᠬᠠᠯᠠᠮᠰᠢᠯ ᠤᠨ ᠲᠤᠬᠠᠢ ᠳᠠᠪᠲᠠᠯᠭ᠎ᠠ ᠶᠢ ᠴᠦ | ᠤᠮᠳᠤᠭᠠᠶᠢᠯᠠᠵᠦ ᠪᠣᠯᠬᠤ ᠦᠭᠡᠢ᠂ ᠡᠨᠡ ᠪᠣᠯ ᠤᠯᠤᠰ ᠲᠥᠷᠦ ᠶᠢᠨ ᠬᠢᠴᠢᠶᠡᠯ ᠤᠨ ᠤᠯᠤᠰ ᠤᠨ ᠨᠢᠭᠡᠳᠤᠯᠳᠠᠢ | ᠰᠢᠯᠭᠠᠯᠲᠠ ᠶᠢᠨ ᠬᠢᠷᠢ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠭᠤᠭᠴᠤᠭ᠎ᠠ ᠮᠥᠨ᠂ ᠡᠶᠢᠮᠦ ᠠᠴᠠ ᠡᠨᠡ ᠬᠤᠶᠠᠷ | ᠲᠤᠰᠬᠠᠢ ᠰᠡᠳᠦᠪ ᠤᠨ ᠳᠠᠪᠲᠠᠯᠭ᠎ᠠ ᠶᠢ ᠪᠦᠷ ᠴᠢᠬᠤᠯᠠᠴᠢᠯᠠᠵᠤ ᠬᠤᠶᠠᠷ ᠭᠠᠷ ᠢᠶᠠᠷ ᠴᠢᠩᠭ᠎ᠠ ᠠᠳᠬᠤᠬᠤ ᠬᠡᠷᠡᠭᠲᠡᠢ᠃ | ᠳᠣᠣᠷ᠎ᠠ ᠬᠡᠳᠦᠨ ᠲᠠᠯ᠎ᠠ ᠠᠴᠠ ᠦᠵᠡᠯᠲᠡ ᠪᠠᠨ ᠶᠠᠷᠢᠶ᠎ᠠ᠃ | ᠨᠢᠭᠡ ᠳᠤ᠂ ᠮᠡᠳᠡᠯᠭᠡ ᠶᠢᠨ ᠲᠤᠰᠬᠠᠢ ᠰᠡᠳᠦᠪᠲᠦ ᠳᠠᠪᠲᠠᠯᠭ᠎ᠠ ᠶᠢ ᠰᠠᠶᠢᠲᠤᠷ ᠬᠢᠵᠦ᠂ ᠦᠷᠭᠦᠯᠵᠢᠯᠡᠨ | ᠦᠨᠳᠦᠰᠦᠨ ᠮᠡᠳᠡᠯᠭᠡ ᠡᠵᠡᠮᠰᠢᠯ ᠢ ᠴᠢᠩᠭ᠎ᠠ ᠠᠳᠬᠤᠬᠤ | 1. ᠰᠠᠭᠤᠷᠢ ᠶᠢ ᠪᠠᠲᠤᠳᠬᠠᠵᠤ᠂ ᠮᠡᠳᠡᠯᠭᠡ ᠶᠢ ᠡᠮᠬᠢᠯᠡᠨ᠂ ᠰᠢᠯᠭᠠᠬᠤ ᠴᠡᠭ ᠤᠨ ᠬᠡᠯᠬᠢᠶᠡᠰᠦ ᠶᠢ ᠪᠠᠶᠢᠭᠤᠯᠬᠤ | ᠬᠤᠶᠠᠳᠤᠭᠠᠷ ᠡᠭᠡᠯᠵᠢ ᠶᠢᠨ ᠳᠠᠪᠲᠠᠯᠭ᠎ᠠ ᠪᠣᠯ ᠬᠤᠶᠠᠳᠤᠭᠠᠷ ᠤᠳᠠᠭᠠᠨ ᠤ ᠳᠠᠪᠲᠠᠯᠭ᠎ᠠ ᠲᠡᠳᠦᠢ ᠪᠢᠰᠢ᠂ | ᠵᠥᠪᠬᠡᠨ ᠳᠥᠭᠦᠮᠬᠡᠨ ᠢᠶᠠᠷ ᠳᠠᠬᠢᠨ ᠳᠠᠪᠲᠠᠵᠤ ᠪᠣᠯᠬᠤ ᠦᠭᠡᠢ᠃ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ | ᠭᠤᠣᠯᠳᠠᠯᠭ᠎ᠠ ᠪᠣᠯ ᠦᠨᠳᠦᠰᠦᠨ ᠰᠠᠭᠤᠷᠢ ᠮᠡᠳᠡᠯᠭᠡ ᠶᠢ ᠴᠡᠭᠡᠵᠢᠯᠡᠬᠦ᠂ ᠣᠶᠢᠯᠠᠭᠠᠬᠤ᠂ ᠪᠣᠯᠪᠠᠰᠤᠷᠠᠩᠭᠤᠢ ᠡᠵᠡᠮᠰᠢᠭᠰᠡᠨ | ᠪᠠᠶᠢᠬᠤ ᠪᠣᠯᠣᠨ᠎ᠠ᠃ ᠢᠩᠭᠢᠬᠦ ᠪᠠᠷ ᠢᠶᠠᠨ ᠨᠢᠭᠡᠳᠦᠭᠡᠷ ᠡᠭᠡᠯᠵᠢ ᠶᠢᠨ ᠳᠠᠪᠲᠠᠯᠭ᠎ᠠ ᠳᠤ ᠰᠤᠷᠤᠭᠴᠢᠳ ᠢᠶᠠᠷ | ᠬᠢᠴᠢᠶᠡᠯ ᠢᠶᠠᠷ ᠨᠢᠭᠡᠴᠢᠯᠡᠨ ᠰᠡᠳᠬᠢᠬᠦᠢ ᠶᠢᠨ ᠬᠥᠲᠥᠯᠪᠦᠷᠢ ᠵᠢᠷᠤᠭ ᠵᠢᠷᠤᠭᠤᠯᠵᠤ᠂ ᠦᠨᠳᠦᠰᠦᠨ ᠮᠡᠳᠡᠯᠭᠡ ᠶᠢᠨ | ᠪᠠᠲᠤᠳᠬᠠᠯ ᠡᠵᠡᠮᠰᠢᠯ ᠢ ᠴᠢᠩᠭᠠᠳᠬᠠᠭᠰᠠᠨ ᠪᠠᠶᠢᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠶᠢᠨ | ᠭᠤᠣᠯᠳᠠᠯᠭ᠎ᠠ ᠪᠣᠯ ᠦᠨᠳᠦᠰᠦᠨ ᠮᠡᠳᠡᠯᠭᠡ ᠶᠢᠨ ᠰᠢᠰᠲ᠋ᠧᠮᠵᠢᠯᠡᠯᠲᠡ ᠪᠠ ᠶᠡᠷᠦᠩᠬᠡᠶᠢᠯᠡᠯ᠂ ᠮᠡᠳᠡᠯᠭᠡ ᠶᠢ ᠡᠮᠬᠢᠯᠡᠬᠦ᠂ | ᠮᠡᠳᠡᠯᠭᠡ ᠪᠠᠨ ᠶᠡᠷᠦᠩᠬᠡᠶᠢᠯᠡᠨ ᠬᠡᠷᠡᠭᠯᠡᠵᠦ ᠠᠰᠠᠭᠤᠳᠠᠯ ᠢ ᠵᠠᠳᠠᠯᠵᠤ ᠰᠢᠢᠳᠪᠦᠷᠢᠯᠡᠬᠦ ᠴᠢᠳᠠᠪᠤᠷᠢ ᠶᠢ ᠬᠥᠮᠥᠵᠢᠭᠦᠯᠬᠦ | ᠪᠣᠯᠣᠨ᠎ᠠ᠃ ᠡᠶᠢᠮᠦ ᠠᠴᠠ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠰᠠᠭᠤᠷᠢᠨ ᠳᠡᠭᠡᠷ᠎ᠡ ᠦᠷᠭᠦᠯᠵᠢᠯᠡᠨ | ᠰᠤᠷᠤᠭᠴᠢᠳ ᠢᠶᠠᠷ ᠰᠡᠳᠬᠢᠬᠦᠢ ᠶᠢᠨ ᠬᠥᠲᠥᠯᠪᠦᠷᠢ ᠵᠢᠷᠤᠭ ᠵᠢᠷᠤᠭᠤᠯᠵᠤ᠂ ᠤᠤᠯ ᠤᠨ ᠬᠢᠴᠢᠶᠡᠯ ᠢᠶᠠᠷ | ᠬᠤᠷᠢᠶᠠᠩᠭᠤᠶᠢᠯᠠᠵᠤ ᠵᠢᠷᠤᠭᠰᠠᠠ ᠬᠥᠲᠥᠯᠪᠦᠷᠢ ᠵᠢᠷᠤᠭ ᠢᠶᠠᠨ ᠨᠢᠭᠡᠴᠢ ᠶᠢᠨ ᠬᠥᠲᠥᠯᠪᠦᠷᠢ ᠵᠢᠷᠤᠭ ᠪᠣᠯᠭᠠᠨ | ᠥᠷᠭᠡᠳᠬᠡᠵᠦ᠂ ᠰᠢᠯᠭᠠᠬᠤ ᠴᠡᠭ ᠤᠨ ᠬᠡᠯᠬᠢᠶᠡᠰᠦ ᠶᠢ ᠤᠯᠠᠮ ᠨᠢᠭᠡ ᠠᠯᠬᠤᠮ ᠲᠣᠪᠴᠢ ᠠᠪᠰᠠᠷᠬᠠᠨ ᠪᠤᠯᠭᠠᠵᠦ᠂ | ᠰᠤᠷᠤᠭᠴᠢᠳ ᠤᠨ ᠦᠨᠳᠦᠰᠦᠨ ᠮᠡᠳᠡᠯᠭᠡ ᠶᠢᠨ ᠡᠮᠬᠢᠯᠡᠯ᠂ ᠪᠠᠲᠤᠳᠬᠠᠯ ᠢ ᠭᠦᠨᠵᠡᠭᠡᠶᠢᠷᠡᠭᠦᠯᠦᠨ᠎ᠡ᠃ ᠤᠴᠢᠷ ᠨᠢ | ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠰᠡᠭᠦᠯᠡᠷ ᠰᠤᠷᠤᠭᠴᠢᠳ ᠤᠨ ᠡᠵᠡᠮᠰᠢᠭᠰᠡᠨ ᠮᠡᠳᠡᠯᠭᠡ ᠶᠢᠨ ᠰᠢᠰᠲ᠋ᠧᠮᠲᠦ | ᠴᠢᠨᠠᠷ᠂ ᠶᠡᠷᠦᠩᠬᠡᠶᠢᠯᠡᠭᠰᠡᠨ ᠴᠢᠨᠠᠷ ᠪᠣᠯ ᠭᠦᠢᠴᠡᠳ ᠦᠭᠡᠢ ᠳᠤᠯᠢᠮᠠᠭ ᠪᠠᠶᠢᠳᠠᠭ᠃ ᠬᠤᠶᠠᠳᠤᠭᠠᠷ ᠡᠭᠡᠯᠵᠢ ᠶᠢᠨ | ᠳᠠᠪᠲᠠᠯᠭ᠎ᠠ ᠶᠢᠨ ᠭᠤᠣᠯᠳᠠᠯᠭ᠎ᠠ ᠪᠣᠯ ᠡ᠊ᠨᠡ ᠭᠦ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃ ᠮᠡᠳᠡᠯᠭᠡ ᠶᠢᠨ ᠰᠢᠰᠲ᠋ᠧᠮ ᠢ | ᠶᠡᠭᠡ ᠰᠢᠰᠲ᠋ᠧᠮ ᠪᠠ ᠪᠠᠭ᠎ᠠ ᠰᠢᠰᠲ᠋ᠧᠮ ᠭᠡᠵᠦ ᠬᠤᠪᠢᠶᠠᠨ᠂ ᠶᠡᠭᠡ ᠰᠢᠰᠲ᠋ᠧᠮ ᠪᠣᠯ ᠵᠢᠭᠠᠬᠤ ᠮᠠᠲ᠋ᠧᠷᠢᠶᠡᠯ ᠤᠨ | ᠠᠭᠤᠯᠭ᠎ᠠ ᠶᠢ ᠡᠮᠬᠢᠯᠡᠨ ᠬᠡᠯᠬᠢᠵᠦ ᠪᠠᠶᠢᠭᠤᠯᠤᠭᠰᠠᠨ ᠮᠡᠳᠡᠯᠭᠡ ᠶᠢᠨ ᠰᠢᠰᠲ᠋ᠧᠮ ᠮᠥᠨ᠂ ᠭᠤᠣᠯᠳᠠᠭᠤ ᠨᠢᠭᠡᠴᠢ ᠪᠠ | ᠬᠢᠴᠢᠶᠡᠯ ᠤᠨ ᠪᠦᠲᠦᠴᠡ ᠠᠴᠠ ᠪᠦᠷᠢᠯᠳᠦᠨ᠎ᠡ᠃ ᠪᠠᠭ᠎ᠠ ᠰᠢᠰᠲ᠋ᠧᠮ ᠪᠣᠯ ᠰᠢᠯᠭᠠᠬᠤ ᠮᠡᠳᠡᠯᠭᠡ ᠶᠢᠨ ᠴᠡᠭ ᠤᠨ | ᠬᠤᠭᠤᠷᠤᠨᠳᠤᠬᠢ ᠳᠣᠲᠣᠭᠠᠳᠤ ᠬᠤᠯᠪᠤᠭ᠎ᠠ ᠪᠠᠷ ᠪᠦᠷᠢᠯᠳᠦᠨ᠎ᠡ᠃ ᠪᠢᠳᠡ ᠬᠤᠶᠠᠳᠤᠭᠠᠷ ᠡᠭᠡᠯᠵᠢ ᠶᠢᠨ ᠳᠠᠪᠲᠠᠯᠭ᠎ᠠ | ᠳᠤᠮᠳᠠ ᠪᠠᠨ ᠪᠠᠭ᠎ᠠ ᠰᠢᠰᠲ᠋ᠧᠮ ᠢ ᠢᠯᠡᠭᠦᠬᠡᠨ ᠪᠠᠶᠢᠭᠤᠯᠵᠤ᠂ ᠰᠤᠷᠤᠭᠴᠢᠳ ᠲᠤ ᠪᠠᠭ᠎ᠠ ᠰᠢᠰᠲ᠋ᠧᠮ ᠢ | ᠡᠵᠡᠮᠰᠢᠭᠦᠯᠦᠭᠰᠡᠨ ᠰᠠᠭᠤᠷᠢᠨ ᠳᠡᠭᠡᠷ᠎ᠡ ᠲᠠᠬᠢᠨ ᠮᠠᠰᠢ ᠤᠯᠠᠨ ᠪᠠᠭ᠎ᠠ ᠰᠢᠰᠲ᠋ᠧᠮ ᠢ ᠨᠡᠶᠢᠯᠡᠭᠦᠯᠦᠭᠡᠳ ᠶᠡᠭᠡ ᠰᠢᠰᠲ᠋ᠧᠮ | ᠪᠣᠯᠭᠠᠪᠠᠯ ᠵᠣᠬᠢᠨ᠎ᠠ᠃ ᠰᠤᠷᠤᠭᠴᠢᠳ ᠢ ᠮᠡᠳᠡᠯᠭᠡ ᠶᠢᠨ ᠴᠡᠭ ᠨᠢᠭᠡ ᠪᠦᠷᠢ ᠶᠢ ᠴᠥᠮ ᠮᠡᠳᠡᠯᠭᠡ ᠶᠢᠨ ᠰᠢᠰᠲ᠋ᠧᠮ ᠳᠤ | ᠣᠷᠣᠭᠤᠯᠤᠨ ᠡᠵᠡᠮᠰᠢᠭᠦᠯᠵᠦ᠂ ᠵᠠᠪᠠᠯ ᠰᠤᠷᠬᠤ ᠳᠥᠷᠪᠡᠨ ᠳᠡᠪᠲᠡᠷ ᠤᠨ ᠠᠭᠤᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠬᠤ | ᠬᠡᠷᠡᠭᠲᠡᠢ᠃ ᠭᠠᠭᠴᠠ ᠭᠦ ᠢᠩᠭᠢᠪᠡᠯ ᠰᠠᠶ᠋ᠢ ᠤᠯᠤᠰ ᠤᠨ ᠨᠢᠭᠡᠳᠤᠯᠳᠠᠢ ᠰᠢᠯᠭᠠᠯᠲᠠ ᠳᠤ ᠰᠡᠳᠦᠪ ᠤᠨ ᠵᠢᠱᠢᠭᠰᠡᠨ | ᠠᠰᠠᠭᠤᠯᠲᠠ ᠶᠢ ᠦᠨᠳᠦᠰᠦᠯᠡᠨ᠂ ᠮᠡᠳᠡᠯᠭᠡ ᠶᠢ ᠵᠥᠪ ᠬᠡᠷᠡᠭᠯᠡᠵᠦ᠂ ᠤᠯᠠᠨ ᠲᠠᠯ᠎ᠠ ᠠᠴᠠ᠂ ᠤᠯᠠᠨ ᠲᠡᠰ | ᠳᠠᠪᠬᠤᠷᠭ᠎ᠠ ᠠᠴᠠ ᠡᠮᠬᠢᠯᠡᠨ᠂ ᠠᠮᠢᠳᠤᠯᠢᠭ ᠢᠶᠠᠷ ᠨᠡᠭᠦᠯᠭᠡᠵᠤ᠂ ᠰᠡᠳᠦᠪ ᠲᠤ ᠲᠣᠭᠲᠠᠭᠠᠭᠰᠠᠨ ᠠᠬᠤᠢ ᠪᠠᠶᠢᠳᠠᠯ ᠤᠨ | ᠠᠰᠠᠭᠤᠳᠠᠯ ᠳᠤᠮᠳᠠ ᠪᠣᠳᠠᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠵᠦ ᠴᠢᠳᠠᠬᠤ ᠪᠣᠯᠭᠠᠨ᠎ᠠ᠃ ᠵᠢᠱᠢᠶᠡᠯᠡᠪᠡᠯ᠂ | ᠮᠡᠳᠡᠯᠭᠡ ᠶᠢᠨ ᠲᠤᠰᠬᠠᠢ ᠰᠡᠳᠦᠪ ᠤᠨ ᠳᠠᠪᠲᠠᠯᠭ᠎ᠠ ᠬᠢᠬᠦ ᠳᠤ ᠪᠠᠨ ᠪᠢᠳᠡ ᠵᠠᠪᠠᠯ ᠰᠤᠷᠬᠤ ᠳᠥᠷᠪᠡᠨ ᠳᠡᠪᠲᠡᠷ ᠤᠨ | ᠠᠭᠤᠯᠭ᠎ᠠ ᠶᠢ ᠠᠷᠪᠠᠨ ᠨᠢᠭᠡᠨ ᠲᠤᠰᠬᠠᠢ ᠰᠡᠳᠦᠪ ᠪᠣᠯᠭᠠᠨ ᠬᠤᠪᠢᠶᠠᠵᠤ᠂ ᠠᠭᠤᠯᠭ᠎ᠠ ᠶᠢᠨ ᠬᠤᠷᠢᠶᠠᠩᠭᠤᠶᠢᠯᠠᠯ ᠬᠢᠵᠦ | ᠮᠡᠳᠡᠯᠭᠡ ᠶᠢᠨ ᠶᠡᠭᠡ ᠰᠢᠰᠲ᠋ᠧᠮ ᠪᠠ ᠪᠠᠭ᠎ᠠ ᠰᠢᠰᠲ᠋ᠧᠮ ᠢ ᠤᠶᠠᠯᠳᠤᠭᠤᠯᠤᠨ ᠰᠢᠯᠭᠠᠬᠤ ᠴᠡᠭ ᠤᠨ ᠬᠡᠯᠬᠢᠶᠡᠰᠦ ᠶᠢ | ᠪᠦᠷᠢᠯᠳᠦᠭᠦᠯᠦᠨ ᠬᠥᠲᠥᠯᠥᠮᠵᠢ ᠵᠢᠷᠤᠭ ᠢᠶᠠᠷ ᠰᠤᠷᠤᠭᠴᠢᠳ ᠲᠤ ᠠᠮᠢᠳᠤᠯᠢᠭ ᠪᠣᠳᠠᠲᠠᠢ ᠲᠣᠪᠴᠢ ᠲᠣᠳᠤᠷᠠᠭᠤᠨ | ᠡᠵᠡᠮᠰᠢᠭᠦᠯᠬᠦ ᠪᠠᠷ ᠬᠠᠷᠠᠯᠲᠠ ᠪᠠᠨ ᠪᠣᠯᠭᠠᠬᠤ ᠴᠢᠬᠤᠯᠠᠲᠠᠢ᠃ ᠠᠵᠤ ᠠᠬᠤᠢ ᠶᠢᠨ ᠠᠮᠢᠳᠤᠷᠠᠯ ᠤᠨ ᠠᠭᠤᠯᠭ᠎ᠠ ᠪᠠᠷ | ᠵᠢᠱᠢᠶᠡᠯᠡᠵᠦ ᠬᠡᠯᠡᠪᠡᠯ᠂ ᠠᠵᠤ ᠠᠬᠤᠢ ᠶᠢᠨ ᠠᠵᠢᠯᠯᠠᠭᠠᠨ ᠳᠤ ᠣᠷᠣᠯᠴᠠᠭᠴᠢ ᠬᠤᠪᠢ ᠬᠥᠮᠥᠨ᠂ ᠠᠵᠤ ᠠᠬᠤᠢ ᠶᠢᠨ | ᠠᠵᠢᠯᠯᠠᠭᠠᠨ ᠳᠤ ᠣᠷᠣᠯᠴᠠᠭᠴᠢ ᠠᠵᠤ ᠠᠬᠤᠶᠢᠯᠠᠯ᠂ ᠠᠵᠤ ᠠᠬᠤᠢ ᠶᠢᠨ ᠠᠵᠢᠯᠯᠠᠭᠠᠨ ᠳᠤ ᠣᠷᠣᠯᠴᠠᠭᠴᠢ ᠤᠯᠤᠰ᠂ | ᠠᠵᠤ ᠠᠬᠤᠢ ᠶᠢᠨ ᠠᠮᠢᠳᠤᠷᠠᠯ ᠳᠤᠮᠳᠠᠬᠢ ᠦᠨ᠎ᠡ ᠶᠢᠨ ᠮᠤᠷᠤᠢ ᠱᠤᠭᠤᠮ ᠭᠡᠵᠦ ᠳᠥᠷᠪᠡᠨ ᠲᠤᠰᠬᠠᠢ ᠰᠡᠳᠦᠪ ᠪᠣᠯᠭᠠᠨ | ᠬᠤᠪᠢᠶᠠᠵᠦ᠂ ᠪᠦᠬᠦ ᠠᠭᠤᠯᠭ᠎ᠠ ᠶᠢ ᠳᠥᠷᠪᠡᠨ ᠶᠡᠭᠡ ᠮᠡᠳᠡᠯᠭᠡ ᠶᠢᠨ ᠰᠢᠰᠲ᠋ᠧᠮ ᠪᠣᠯᠭᠠᠨ ᠡᠮᠬᠢᠯᠡᠨ᠎ᠡ᠃ ᠡᠭᠦᠨ ᠳᠤ | ᠠᠵᠤ ᠠᠬᠤᠢ ᠶᠢᠨ ᠠᠵᠢᠯᠯᠠᠭᠠᠨ ᠳᠤ ᠣᠷᠣᠯᠴᠠᠭᠴᠢ ᠬᠤᠪᠢ ᠬᠥᠮᠥᠨ ᠢᠶᠠᠷ ᠠᠪᠴᠤ ᠬᠡᠯᠡᠪᠡᠯ᠂ ᠠᠵᠤ ᠠᠬᠤᠢ ᠶᠢᠨ | ᠳᠥᠷᠪᠡᠨ ᠶᠡᠭᠡ ᠭᠤᠭᠴᠤᠭ᠎ᠠ ᠪᠣᠯᠬᠤ ᠦᠢᠯᠡᠳᠪᠦᠷᠢᠯᠡᠯ᠂ ᠬᠤᠪᠢᠶᠠᠷᠢᠯᠠᠯᠲᠠ᠂ ᠰᠣᠯᠢᠯᠴᠠᠭ᠎ᠠ᠂ ᠬᠡᠷᠡᠭᠯᠡᠭᠡᠨ ᠤ | ᠳᠤᠮᠳᠠᠬᠢ ᠬᠤᠪᠢ ᠬᠥᠮᠥᠨ ᠤ ᠳᠦᠷᠢ ᠶᠢ ᠵᠢᠷᠭᠤᠭᠠᠨ ᠲᠠᠯ᠎ᠠ ᠠᠴᠠ ᠬᠤᠷᠢᠶᠠᠩᠭᠤᠶᠢᠯᠠᠵᠤ᠂ ᠶᠡᠭᠡ ᠮᠡᠳᠡᠯᠭᠡ ᠶᠢᠨ | ᠰᠢᠰᠲ᠋ᠧᠮ ᠢ ᠪᠠᠶᠢᠭᠤᠯᠤᠨ᠂ ᠲᠠᠬᠢᠨ ᠵᠢᠷᠭᠤᠭᠠᠨ ᠲᠠᠯ᠎ᠠ ᠶᠢᠨ ᠳᠣᠲᠣᠭᠠᠳᠤ ᠮᠡᠳᠡᠯᠭᠡ ᠶᠢᠨ ᠪᠠᠭ᠎ᠠ ᠰᠢᠰᠲ᠋ᠧᠮ ᠢ ᠨᠠᠷᠢᠯᠢᠬ | ᠡᠮᠬᠢᠯᠡᠨ ᠬᠡᠯᠬᠢᠵᠦ᠂ ᠰᠤᠷᠤᠭᠴᠢᠳ ᠤᠨ ᠲᠤᠰᠬᠠᠢ ᠰᠡᠳᠦᠪ ᠤᠨ ᠮᠡᠳᠡᠯᠭᠡ ᠡᠵᠡᠮᠰᠢᠯ ᠢ ᠪᠠᠲᠤᠳᠬᠠᠵᠤ᠂ ᠰᠡᠳᠦᠪ | ᠵᠠᠳᠠᠯᠵᠤ ᠬᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠡᠳᠡᠯᠭᠡ ᠶᠢᠨ ᠰᠠᠭᠤᠷᠢ ᠲᠠᠯᠪᠢᠨ᠎ᠠ᠃ | 2. ᠭᠤᠣᠯ ᠪᠣᠯᠬᠤ ᠮᠡᠳᠡᠯᠭᠡ ᠶᠢᠨ ᠴᠡᠭ ᠤᠨ ᠳᠠᠪᠲᠠᠯᠲᠠ ᠶᠢ ᠭᠤᠣᠯᠴᠢᠯᠠᠨ ᠰᠠᠶᠢᠲᠤᠷ ᠠᠳᠬᠤᠬᠤ | ᠬᠤᠶᠠᠳᠤᠭᠠᠷ ᠡᠭᠡᠯᠵᠢ ᠶᠢᠨ ᠳᠠᠪᠲᠠᠬᠤ ᠴᠠᠭ ᠨᠢ ᠣᠬᠤᠷ᠂ ᠨᠢᠭᠡᠳᠦᠭᠡᠷ ᠡᠭᠡᠯᠵᠢ ᠶᠢᠨ ᠳᠠᠪᠲᠠᠯᠭ᠎ᠠ ᠶᠢᠨ ᠬᠢ ᠲᠠᠢ | ᠠᠳᠠᠯᠢ ᠪᠠᠷ ᠬᠢᠴᠢᠶᠡᠯ ᠪᠣᠯᠭᠠᠨ ᠢ ᠨᠠᠷᠢᠯᠢᠬ ᠳᠠᠪᠲᠠᠵᠤ᠂ ᠮᠡᠳᠡᠯᠭᠡ ᠶᠢᠨ ᠬᠦᠷᠢᠶ᠎ᠡ ᠶᠢ ᠥᠷᠭᠡᠳᠬᠡᠵᠦ᠂ ᠠᠭᠤᠯᠭ᠎ᠠ | ᠪᠣᠯᠭᠠᠨ ᠢ ᠦᠯᠡᠳᠡᠭᠡᠯ ᠦᠭᠡᠢ ᠳᠠᠪᠲᠠᠬᠤ ᠪᠣᠯᠣᠮᠵᠢ ᠦᠭᠡᠢ᠂ ᠢᠩᠭᠢᠬᠦ ᠪᠠᠷ ᠢᠶᠠᠨ ᠭᠤᠣᠯ ᠪᠣᠯᠬᠤ ᠮᠡᠳᠡᠯᠭᠡ ᠶᠢ | ᠲᠣᠪᠤᠶᠢᠯᠭᠠᠬᠤ ᠬᠡᠷᠡᠭᠲᠡᠢ᠃ ᠤᠯᠤᠰ ᠤᠨ ᠨᠢᠭᠡᠳᠤᠯᠳᠠᠢ ᠰᠢᠯᠭᠠᠯᠲᠠ ᠨᠢ ᠭᠤᠣᠯᠳᠠᠭᠤ ᠨᠢᠭᠡ ᠳᠤ ᠰᠤᠷᠤᠭᠴᠢᠳ ᠤᠨ | ᠭᠤᠣᠯ ᠪᠣᠯᠬᠤ ᠮᠡᠳᠡᠯᠭᠡ ᠶᠢᠨ ᠴᠡᠭ ᠢ ᠬᠢᠷᠢ ᠵᠡᠷᠭᠡ ᠡᠵᠡᠮᠰᠢᠭᠰᠡᠨ ᠢ ᠰᠢᠯᠭᠠᠨ ᠪᠠᠶᠢᠴᠠᠭᠠᠨ᠎ᠠ᠂ ᠬᠤᠶᠠᠷ ᠲᠤ | ᠰᠤᠷᠤᠭᠴᠢᠳ ᠤᠨ ᠭᠤᠣᠯ ᠪᠣᠯᠬᠤ ᠮᠡᠳᠡᠯᠭᠡ ᠶᠢ ᠶᠡᠷᠦᠩᠬᠡᠶᠢᠯᠡᠨ ᠬᠡᠷᠡᠭᠯᠡᠬᠦ ᠴᠢᠳᠠᠪᠤᠷᠢ ᠶᠢ ᠰᠢᠯᠭᠠᠨ | ᠪᠠᠶᠢᠴᠠᠭᠠᠨ᠎ᠠ᠃ ᠭᠤᠣᠯ ᠪᠣᠯᠬᠤ ᠮᠡᠳᠡᠯᠭᠡ ᠳᠤ ᠬᠤᠶᠠᠷ ᠲᠠᠯ᠎ᠠ ᠶᠢ ᠪᠠᠭᠲᠠᠭᠠᠨ᠎ᠠ᠂ ᠨᠢᠭᠡ ᠲᠠᠯ᠎ᠠ ᠪᠠᠷ ᠵᠢᠭᠠᠬᠤ | ᠮᠠᠲ᠋ᠧᠷᠢᠶᠠᠯ ᠤᠨ ᠭᠤᠣᠯ ᠪᠣᠯᠬᠤ ᠮᠡᠳᠡᠯᠭᠡ᠂ ᠲᠤᠬᠠᠶᠢᠯᠠᠪᠠᠯ᠂ ᠴᠢᠬᠤᠯᠠ ᠤᠬᠠᠭᠳᠠᠬᠤᠨ᠂ ᠦᠨᠳᠦᠰᠦᠨ ᠣᠨᠤᠯ ᠤᠨ | ᠦᠵᠡᠯᠲᠡ ᠪᠠ ᠴᠢᠬᠤᠯᠠ ᠦᠨᠳᠦᠰᠦᠯᠡᠯ ᠪᠣᠯᠣᠨ᠎ᠠ᠂ ᠨᠥᠭᠦᠭᠡ ᠲᠠᠯ᠎ᠠ ᠪᠠᠷ ᠨᠡᠶᠢᠭᠡᠮ ᠤᠨ ᠬᠠᠯᠠᠮᠰᠢᠯ ᠴᠡᠭ ᠤᠨ | ᠡᠭᠦᠳᠡᠨ ᠠᠴᠠ ᠠᠪᠴᠤ ᠦᠵᠡᠭᠰᠡᠨ ᠭᠤᠣᠯ ᠪᠣᠯᠬᠤ ᠮᠡᠳᠡᠯᠭᠡ ᠪᠣᠯᠣᠨ᠎ᠠ᠂ ᠪᠠᠭᠰᠢ ᠨᠠᠷ ᠰᠢᠯᠭᠠᠯᠲᠠ ᠶᠢᠨ | ᠬᠥᠲᠥᠯᠪᠦᠷᠢ ᠳᠤ ᠲᠣᠭᠲᠠᠭᠠᠭᠰᠠᠨ ᠰᠢᠯᠭᠠᠯᠲᠠ ᠶᠢᠨ ᠴᠡᠭ ᠲᠠᠢ ᠤᠶᠠᠯᠳᠤᠭᠤᠯᠤᠨ᠂ ᠬᠢᠴᠢᠶᠡᠯ ᠤᠨ ᠳᠡᠪᠲᠡᠷ ᠢᠶᠠᠷ | ᠦᠨᠳᠦᠰᠦᠯᠡᠯ ᠪᠤᠯᠭᠠᠵᠦ᠂ ᠵᠢᠭᠠᠬᠤ ᠮᠠᠲ᠋ᠧᠷᠢᠶᠠᠯ ᠤᠨ ᠭᠤᠣᠯ ᠮᠡᠳᠡᠯᠭᠡ ᠶᠢᠨ ᠴᠡᠭ ᠪᠠ ᠨᠡᠶᠢᠭᠡᠮ ᠤᠨ ᠬᠠᠯᠠᠮᠰᠢᠯ | ᠠᠰᠠᠭᠤᠳᠠᠯ ᠲᠠᠢ ᠬᠤᠯᠪᠣᠭᠳᠠᠭᠰᠠᠨ ᠭᠤᠣᠯ ᠮᠡᠳᠡᠯᠭᠡ ᠶᠢ ᠲᠤᠰ ᠲᠤᠰ ᠳᠤ ᠨᠢ ᠡᠷᠢᠨ ᠭᠠᠷᠭᠠᠵᠤ᠂ ᠭᠤᠣᠯ | ᠮᠡᠳᠡᠯᠭᠡ ᠶᠢᠨ ᠲᠡᠰ ᠳᠠᠪᠬᠤᠷᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ | ᠳᠠᠪᠲᠠᠯᠭ᠎ᠠ ᠶᠢᠨ ᠬᠤᠭᠤᠴᠠᠭᠠᠨ ᠳᠤ ᠰᠢᠯᠭᠠᠯᠲᠠ ᠶᠢᠨ ᠬᠥᠲᠥᠯᠪᠦᠷᠢ ᠶᠢ ᠤᠯᠠᠮ ᠨᠢᠭᠡ ᠠᠯᠬᠤᠮ ᠰᠤᠳᠤᠯᠵᠤ | ᠲᠤᠭᠤᠷᠠᠲᠠᠯ᠎ᠠ ᠣᠶᠢᠯᠠᠭᠠᠨ᠂ ᠬᠢᠴᠢᠶᠡᠯ ᠤᠨ ᠪᠢᠴᠢᠭ ᠢ ᠬᠦᠨᠳᠦᠳᠬᠡᠬᠦ ᠬᠡᠷᠡᠭᠲᠡᠢ᠃ ᠣᠶᠢᠷ᠎ᠠ ᠶᠢᠨ ᠬᠡᠳᠦᠨ ᠵᠢᠯ ᠤᠨ | ᠤᠯᠤᠰ ᠤᠨ ᠨᠢᠭᠡᠳᠤᠯᠳᠠᠢ ᠰᠢᠯᠭᠠᠯᠲᠠ ᠠᠴᠠ ᠦᠵᠡᠪᠡᠯ᠂ ᠠᠭᠤᠯᠭ᠎ᠠ ᠨᠢ ᠬᠡᠳᠦᠢ ᠰᠢᠨ᠎ᠡ᠂ ᠬᠡᠯᠪᠡᠷᠢ ᠨᠢ ᠬᠡᠳᠦᠢ | ᠠᠮᠢᠳᠤᠯᠢᠭ ᠪᠠᠶᠢᠭᠰᠠᠨ ᠴᠦ ᠬᠠᠷᠢᠭᠤᠯᠲᠠ ᠶᠢᠨ ᠮᠡᠳᠡᠯᠭᠡ ᠶᠢ ᠴᠥᠮ ᠵᠢᠭᠠᠬᠤ ᠮᠠᠲ᠋ᠧᠷᠢᠶᠠᠯ ᠠᠴᠠ ᠣᠯᠵᠤ ᠪᠣᠯᠣᠨ᠎ᠠ᠂ | ᠥᠭᠡᠷ᠎ᠡ ᠪᠠᠷ ᠬᠡᠯᠡᠪᠡᠯ ᠰᠡᠳᠦᠪ ᠨᠢ ︽ᠨᠣᠮ ᠤᠨ ᠭᠠᠳᠠᠨ᠎ᠠ᠂ ᠶᠣᠰᠣ ᠨᠢ ᠨᠣᠮ ᠤᠨ ᠳᠣᠲᠣᠷ᠎ᠠ︾᠂ ᠠᠯᠢᠪᠠ | ᠰᠢᠯᠭᠠᠯᠲᠠ ᠶᠢᠨ ᠰᠡᠳᠦᠪ ᠨᠢ ᠴᠥᠮ ᠬᠢᠴᠢᠶᠡᠯ ᠤᠨ ᠪᠢᠴᠢᠭ ᠤᠨ ᠮᠡᠳᠡᠯᠭᠡ ᠶᠢᠨ ᠭᠦᠨᠵᠡᠭᠡᠶᠢᠷᠡᠯ᠂ ᠥᠷᠭᠡᠵᠢᠯ ᠪᠠ | ᠤᠯᠠᠷᠢᠭᠤᠯᠤᠯ ᠪᠣᠯᠣᠨ᠎ᠠ᠃ ᠬᠤᠶᠠᠳᠤᠭᠠᠷ ᠡᠭᠡᠯᠵᠢ ᠶᠢᠨ ᠳᠠᠪᠲᠠᠯᠭ᠎ᠠ ᠳᠡᠭᠡᠷ᠎ᠡ ᠶᠠᠭᠠᠬᠢᠭᠰᠠᠨ ᠴᠦ ᠬᠢᠴᠢᠶᠡᠯ ᠤᠨ | ᠳᠡᠪᠲᠡᠷ ᠢᠶᠠᠨ ᠤᠷᠬᠢᠵᠦ ᠳᠠᠪᠲᠠᠵᠤ ᠪᠣᠯᠬᠤ ᠦᠭᠡᠢ᠂ ᠬᠡᠳᠦᠢ ᠰᠠᠶᠢᠨ ᠰᠤᠷᠬᠤ ᠲᠥᠰᠥᠯ᠂ ᠬᠡᠳᠦᠢ ᠰᠠᠶᠢᠨ ᠳᠠᠪᠲᠠᠬᠤ | ᠲᠣᠪᠴᠢ ᠨᠢ ᠴᠦ ᠬᠢᠴᠢᠶᠡᠯ ᠤᠨ ᠪᠢᠴᠢᠭ ᠢ ᠣᠷᠣᠯᠠᠵᠤ ᠴᠢᠳᠠᠬᠤ ᠦᠭᠡᠢ ᠶᠤᠮ᠃ ᠠᠰᠠᠭᠤᠳᠠᠯ ᠢ ᠰᠦᠪᠡᠭᠴᠢᠯᠡᠬᠦ ᠪᠠ | ᠰᠡᠳᠦᠪ ᠢ ᠵᠠᠳᠠᠯᠬᠤ ᠦᠶ᠎ᠡ ᠳᠤ ᠬᠡᠷᠡᠭᠯᠡᠭᠰᠡᠨ ᠮᠡᠳᠡᠯᠭᠡ ᠶᠢ ᠴᠥᠮ ᠵᠢᠭᠠᠬᠤ ᠮᠠᠲ᠋ᠧᠷᠢᠶᠠᠯ ᠳᠤ ᠪᠤᠴᠠᠭᠠᠵᠤ᠂ ᠵᠢᠭᠠᠬᠤ | ᠮᠠᠲ᠋ᠧᠷᠢᠶᠠᠯ ᠳᠤ ᠲᠦᠰᠢᠭᠯᠡᠨ᠂ ᠵᠢᠭᠠᠬᠤ ᠮᠠᠲ᠋ᠧᠷᠢᠶᠠᠯ ᠤᠨ ᠳᠣᠲᠣᠷ᠎ᠠ ᠠᠴᠠ ᠤᠭ ᠦᠨᠳᠦᠰᠦ ᠶᠢ ᠨᠢ ᠡᠷᠢᠬᠦ | ᠬᠡᠷᠡᠭᠲᠡᠢ᠃ ᠬᠠᠷᠢᠨ ᠰᠤᠷᠤᠭᠴᠢᠳ ᠢ ᠰᠡᠳᠦᠪ ᠤᠨ ᠲᠠᠯᠠᠢ ᠳᠤ ᠱᠤᠩᠪᠠᠭᠤᠯᠵᠦ ᠵᠦᠭ ᠴᠢᠭᠯᠡᠯ ᠢ ᠨᠢ ᠠᠯᠳᠠᠭᠤᠯᠵᠤ᠂ | ᠬᠢᠴᠢᠶᠡᠯ ᠤᠨ ᠳᠡᠪᠲᠡᠷ ᠠᠴᠠ ᠨᠢ ᠵᠠᠶᠢᠳᠠᠭᠤᠯᠵᠤ ᠪᠣᠯᠬᠤ ᠦᠭᠡᠢ᠃ ᠶᠡᠷᠦᠩᠬᠡᠶᠢᠯᠡᠪᠡᠯ ᠵᠢᠭᠠᠬᠤ ᠮᠡᠲ᠋ᠧᠷᠢᠶᠡᠯ ᠤᠨ | ᠭᠤᠣᠯᠳᠠᠯᠭ᠎ᠠ ᠶᠢ ᠲᠣᠪᠤᠶᠢᠯᠭᠠᠨ ᠰᠠᠶᠢᠲᠤᠷ ᠡᠵᠡᠮᠰᠢᠭᠦᠯᠵᠦ᠂ ᠪᠠᠲᠤ ᠪᠣᠯᠪᠠᠰᠤᠷᠠᠩᠭᠤᠢ ᠰᠠᠭᠤᠷᠢ ᠮᠡᠳᠡᠯᠭᠡ ᠪᠠᠷ | ᠤᠯᠤᠰ ᠤᠨ ᠨᠢᠭᠡᠳᠤᠯᠳᠠᠢ ᠰᠢᠯᠭᠠᠯᠲᠠ ᠶᠢᠨ ᠲᠦᠮᠡ ᠮᠢᠩᠭᠠᠨ ᠬᠤᠪᠢᠷᠠᠯᠲᠠ ᠳᠤ ᠵᠣᠬᠢᠴᠠᠭᠤᠯᠬᠤ ᠪᠣᠯ ᠰᠠᠶ᠋ᠢ | ᠳᠠᠪᠲᠠᠯᠭ᠎ᠠ ᠶᠢᠨ ᠳᠤᠮᠳᠠᠬᠢ ᠬᠠᠮᠤᠭ ᠤᠨ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠂ ᠢᠯᠠᠩᠭᠤᠶ᠎ᠠ ᠬᠤᠶᠠᠳᠤᠭᠠᠷ | ᠡᠭᠡᠯᠵᠢ ᠶᠢᠨ ᠳᠠᠪᠲᠠᠯᠭ᠎ᠠ ᠶᠢᠨ ᠰᠡᠭᠦᠯᠴᠢ ᠶᠢᠨ ᠬᠤᠭᠤᠴᠠᠭᠠᠨ ᠳᠤ ᠳᠠᠪᠲᠠᠯᠭ᠎ᠠ ᠪᠠᠨ ᠡᠷᠬᠡᠪᠰᠢ ᠬᠢᠴᠢᠶᠡᠯ ᠤᠨ | ᠳᠡᠪᠲᠡᠷ ᠲᠤ ᠪᠠᠨ ᠪᠤᠴᠠᠭᠠᠬᠤ ᠬᠡᠷᠡᠭᠲᠡᠢ᠃ | ᠬᠤᠶᠠᠷ ᠲᠤ᠂ ᠴᠠᠭ ᠤᠨ ᠪᠠᠶᠢᠳᠠᠯ ᠤᠨ ᠤᠯᠤᠰ ᠲᠥᠷᠦ ᠶᠢᠨ ᠬᠠᠯᠠᠮᠰᠢᠯ ᠴᠡᠭ ᠤᠨ ᠲᠤᠰᠬᠠᠢ ᠰᠡᠳᠦᠪᠲᠦ | ᠳᠠᠪᠲᠠᠯᠭ᠎ᠠ ᠶᠢ ᠰᠠᠶᠢᠲᠤᠷ ᠬᠢᠵᠦ᠂ ᠣᠨᠤᠯ ᠢ ᠪᠣᠳᠠᠲᠠᠢ ᠲᠠᠢ ᠤᠶᠠᠯᠳᠤᠭᠤᠯᠬᠤ ᠶᠢ ᠴᠢᠩᠭᠠᠳᠬᠠᠬᠤ | 1. ᠨᠡᠶᠢᠭᠡᠮ ᠤᠨ ᠬᠠᠯᠠᠮᠰᠢᠯ ᠴᠡᠭ ᠤᠨ ᠠᠰᠠᠭᠤᠳᠠᠯ ᠢ ᠣᠨᠤᠪᠴᠢᠲᠠᠢ ᠡᠷᠢᠨ ᠭᠠᠷᠭᠠᠵᠤ᠂ ᠬᠠᠯᠠᠮᠰᠢᠯ ᠴᠡᠭ ᠤᠨ | ᠲᠤᠰᠬᠠᠢ ᠰᠡᠳᠦᠪ ᠢ ᠪᠤᠢ ᠪᠣᠯᠭᠠᠨ᠎ᠠ᠃ ᠭᠡᠬᠦ ᠳᠤ ᠪᠠᠨ ᠲᠥᠯᠥᠭᠡᠯᠡᠬᠦ ᠴᠢᠨᠠᠷᠲᠠᠢ᠂ ᠬᠠᠨᠳᠤᠯᠭᠠᠲᠤ ᠴᠢᠨᠠᠷᠲᠠᠢ᠂ | ᠨᠡᠶᠢᠲᠡᠯᠢᠭ ᠴᠢᠨᠠᠷᠲᠠᠢ ᠲᠤᠰᠬᠠᠢ ᠰᠡᠳᠦᠪ ᠢ ᠰᠣᠩᠭᠤᠬᠤ ᠶᠢ ᠠᠩᠬᠠᠷᠬᠤ ᠬᠡᠷᠡᠭᠲᠡᠢ᠃ ᠨᠡᠶᠢᠭᠡᠮ ᠤᠨ ᠬᠠᠯᠠᠮᠰᠢᠯ | ᠴᠡᠭ ᠤᠨ ᠠᠰᠠᠭᠤᠳᠠᠯ ᠤᠨ ᠵᠠᠷᠢᠮ ᠨᠢ ᠪᠡᠶᠡᠴᠢ ᠰᠡᠳᠦᠪ ᠲᠤ ᠲᠣᠬᠢᠷᠠᠵᠤ᠂ ᠵᠠᠷᠢᠮ ᠨᠢ ᠵᠥᠪᠬᠡᠨ ᠰᠣᠩᠭᠤᠬᠤ | ᠰᠡᠳᠦᠪ ᠲᠤ ᠲᠣᠬᠢᠷᠠᠳᠠᠭ᠂ ᠡᠶᠢᠮᠦ ᠠᠴᠠ ᠰᠣᠩᠭᠤᠯᠲᠠ ᠪᠠ ᠭᠤᠣᠯᠳᠠᠯᠭ᠎ᠠ ᠲᠠᠢ ᠪᠠᠶᠢᠬᠤ ᠬᠡᠷᠡᠭᠲᠡᠢ᠃ ᠪᠡᠶᠡᠴᠢ | ᠰᠡᠳᠦᠪ ᠤᠨ ᠬᠠᠯᠠᠮᠰᠢᠯ ᠴᠡᠭ ᠤᠨ ᠲᠤᠰᠬᠠᠢ ᠰᠡᠳᠦᠪ ᠤᠨ ᠳᠠᠪᠲᠠᠯᠭ᠎ᠠ ᠪᠠᠨ ᠴᠢᠩᠭᠠᠳᠬᠠᠬᠤ ᠳᠤ ᠬᠤᠶᠠᠷ ᠲᠠᠯ᠎ᠠ ᠶᠢ | ᠠᠩᠬᠠᠷᠬᠤ ᠬᠡᠷᠡᠭᠲᠡᠢ᠃ ᠨᠢᠭᠡ ᠳᠤ ᠨᠠᠮ ᠪᠠ ᠲᠥᠷᠦ ᠶᠢᠨ ᠣᠳᠣᠬᠠᠨ ᠤ ᠴᠢᠬᠤᠯᠠ ᠶᠡᠭᠡ ᠴᠢᠭᠯᠡᠯᠲᠡ ᠲᠥᠷᠦ ᠶᠢᠨ | ᠪᠣᠳᠣᠯᠭ᠎ᠠ ᠪᠤᠶᠤ ᠤᠯᠤᠰ ᠲᠥᠷᠦ᠂ ᠠᠵᠤ ᠠᠬᠤᠢ᠂ ᠨᠡᠶᠢᠭᠡᠮ ᠤᠨ ᠠᠮᠢᠳᠤᠷᠠᠯ ᠤᠨ ᠳᠤᠮᠳᠠᠬᠢ ᠴᠢᠬᠤᠯᠠ ᠶᠡᠭᠡ | ᠬᠠᠯᠠᠮᠰᠢᠯ ᠴᠡᠭ ᠤᠨ ᠠᠰᠠᠭᠤᠳᠠᠯ ᠢ ᠠᠩᠬᠠᠷᠤᠨ᠎ᠠ᠃ ᠬᠤᠶᠠᠷ ᠲᠤ ᠵᠢᠭᠠᠬᠤ ᠮᠠᠲ᠋ᠧᠷᠢᠶᠠᠯ ᠤᠨ ᠦᠨᠳᠦᠰᠦᠨ | ᠮᠡᠳᠡᠯᠭᠡ ᠲᠠᠢ ᠤᠶᠠᠯᠳᠤᠬᠤ ᠮᠥᠷᠲᠡᠭᠡᠨ ᠨᠢᠭᠲᠠ ᠬᠤᠯᠪᠤᠭ᠎ᠠ ᠲᠠᠢ ᠠᠰᠠᠭᠤᠳᠠᠯ ᠢ ᠠᠩᠬᠠᠷᠤᠨ᠎ᠠ᠃ ᠵᠢᠱᠢᠶᠡᠯᠡᠪᠡᠯ᠂ | ᠮᠠᠨ ᠤ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠤᠷᠸ᠎ᠠ ᠲᠣᠬᠢᠷᠠᠭᠤᠯᠭ᠎ᠠ | ᠡᠵᠡᠮᠰᠢᠯ ᠤᠨ ᠬᠡᠮᠵᠢᠶ᠎ᠡ᠂ ᠠᠵᠤ ᠠᠬᠤᠢ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠪᠠᠲᠤᠯᠠᠬᠤ | ᠠᠰᠠᠭᠤᠳᠠᠯ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠬᠦ | ᠠᠰᠠᠭᠤᠳᠠᠯ᠂ ᠡᠬᠢ ᠪᠠᠶᠠᠯᠢᠭ ᠢ ᠠᠷᠪᠢᠯᠠᠬᠤ ᠮᠠᠶ᠋ᠢᠬ ᠤᠨ᠂ ᠣᠷᠴᠢᠨ ᠲᠣᠭᠤᠷᠢᠨ ᠲᠠᠢ ᠨᠥᠬᠦᠷᠰᠡᠭ ᠮᠠᠶ᠋ᠢᠭ ᠤᠨ | ᠨᠡᠶᠢᠭᠡᠮ ᠢ ᠪᠦᠲᠦᠭᠡᠨ ᠪᠠᠶᠢᠭᠤᠯᠬᠤ ᠪᠠ ᠡᠶ᠎ᠡ ᠵᠣᠬᠢᠴᠠᠩᠭᠤᠢ ᠨᠡᠶᠢᠭᠡᠮ ᠢ ᠪᠦᠲᠦᠭᠡᠨ ᠪᠠᠶᠢᠭᠤᠯᠬᠤ ᠠᠰᠠᠭᠤᠳᠠᠯ᠂ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ ᠬᠢᠭᠡᠳ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠣᠷᠣᠨ ᠢ | ᠪᠦᠲᠦᠭᠡᠨ ᠪᠠᠶᠢᠭᠤᠯᠬᠤ ᠠᠰᠠᠭᠤᠳᠠᠯ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ | ᠡᠷᠴᠢᠮ ᠢᠶᠠᠨ ᠴᠢᠩᠭᠠᠷᠠᠭᠤᠯᠵᠦ᠂ ᠲᠠᠷᠢᠶᠠᠴᠢᠨ᠂ ᠬᠥᠳᠡᠭᠡ ᠲᠣᠰᠬᠤᠨ᠂ ᠲᠠᠷᠢᠶᠠᠯᠠᠩ ᠤᠨ ᠠᠰᠠᠭᠤᠳᠠᠯ ᠢ | ᠰᠢᠢᠳᠪᠦᠷᠢᠯᠡᠬᠦ᠂ ᠨᠡᠶᠢᠭᠡᠮ ᠤᠨ ᠪᠠᠲᠤᠯᠠᠭᠠᠨ ᠤ ᠠᠰᠠᠭᠤᠳᠠᠯ᠂ ᠬᠤᠪᠢᠶᠠᠷᠢᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢᠨ ᠠᠰᠠᠭᠤᠳᠠᠯ᠃ ᠡᠳᠡᠭᠡᠷ ᠪᠣᠯ ᠴᠥᠮ ᠮᠠᠨ ᠤ ᠤᠯᠤᠰ ᠤᠨ ᠠᠵᠤ ᠠᠬᠤᠢ᠂ ᠤᠯᠤᠰ ᠲᠥᠷᠦ᠂ | ᠨᠡᠶᠢᠭᠡᠮ ᠤᠨ ᠠᠮᠢᠳᠤᠷᠠᠯ ᠤᠨ ᠳᠤᠮᠳᠠᠬᠢ ᠭᠤᠣᠯᠳᠠᠯᠭ᠎ᠠ ᠲᠠᠢ ᠠᠰᠠᠭᠤᠳᠠᠯ ᠮᠥᠨ᠂ ᠡᠳᠡᠭᠡᠷ ᠢ ᠬᠢᠷᠢ ᠵᠡᠷᠭᠡ | ᠰᠢᠢᠳᠪᠦᠷᠢᠯᠡᠭᠰᠡᠨ ᠨᠢ ᠴᠥᠮ ᠮᠠᠨ ᠤ ᠤᠯᠤᠰ ᠤᠨ ᠣᠷᠣᠰᠢᠨ ᠲᠣᠭᠲᠠᠨᠢᠬᠤ ᠪᠠ ᠬᠥᠭᠵᠢᠬᠦ ᠲᠠᠢ ᠰᠢᠭᠤᠳ | ᠬᠤᠯᠪᠣᠭᠳᠠᠵᠤ᠂ ᠪᠤᠰᠤᠳ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢ ᠬᠢᠵᠠᠭᠠᠷᠯᠠᠵᠤ ᠪᠠᠶᠢᠳᠠᠭ᠃ | 2. ᠬᠠᠯᠠᠮᠰᠢᠯ ᠴᠡᠭ ᠤᠨ ᠲᠤᠰᠬᠠᠢ ᠰᠡᠳᠦᠪ ᠢ ᠨᠠᠷᠢᠯᠢᠬ ᠪᠤᠯᠪᠠᠰᠤᠷᠠᠭᠤᠯᠵᠦ᠂ ᠵᠢᠷᠤᠮᠵᠢᠭᠤᠯᠤᠨ᠂ ᠪᠣᠳᠠᠲᠤ | ᠦᠷ᠎ᠡ ᠠᠰᠢᠭ ᠲᠠᠢ ᠪᠠᠶᠢᠯᠭᠠᠬᠤ ᠬᠡᠷᠡᠭᠲᠡᠢ᠃ | ᠲᠤᠬᠠᠢ ᠶᠢᠨ ᠦᠶ᠎ᠡ ᠶᠢᠨ ᠤᠯᠤᠰ ᠲᠥᠷᠦ ᠶᠢᠨ ᠬᠠᠯᠠᠮᠰᠢᠯ ᠴᠡᠭ ᠤᠨ ᠲᠤᠰᠬᠠᠢ ᠰᠡᠳᠦᠪ ᠤᠨ ᠪᠣᠯᠪᠠᠰᠤᠷᠠᠯ | ᠬᠢᠬᠦ ᠳᠤ ᠪᠠᠨ ᠪᠠᠭᠰᠢ ᠠᠴᠠ ᠭᠤᠣᠯᠳᠠᠯᠭ᠎ᠠ ᠶᠢ ᠠᠳᠬᠤᠵᠤ᠂ ᠨᠡᠶᠢᠲᠡᠯᠢᠭ ᠵᠢᠱᠢᠶ᠎ᠡ ᠶᠢ ᠶᠠᠷᠢᠬᠤ ᠬᠡᠷᠡᠭᠲᠡᠢ ᠮᠥᠷᠲᠡᠭᠡᠨ | ᠵᠠᠩᠭᠢᠯᠠᠭ᠎ᠠ ᠶᠢᠨ ᠦᠭᠡ ᠶᠢ ᠰᠤᠷᠤᠭᠴᠢᠳ ᠲᠤ ᠪᠠᠲᠤ ᠴᠡᠭᠡᠵᠢᠯᠡᠭᠦᠯᠬᠦ ᠬᠡᠷᠡᠭᠲᠡᠢ᠃ ᠬᠠᠯᠠᠮᠰᠢᠯ ᠴᠡᠭ ᠤᠨ ᠪᠡᠶᠡᠴᠢ | ᠰᠡᠳᠦᠪ ᠤᠨ ᠬᠠᠷᠢᠭᠤᠯᠲᠠ ᠨᠢ ᠭᠤᠣᠯᠳᠠᠭᠤ ᠵᠢᠭᠠᠬᠤ ᠮᠠᠲ᠋ᠧᠷᠢᠶᠠᠯ ᠤᠨ ᠮᠡᠳᠡᠯᠭᠡ ᠪᠠ ᠨᠡᠶᠢᠭᠡᠮ ᠤᠨ ᠬᠠᠯᠠᠮᠰᠢᠯ | ᠴᠡᠭ ᠤᠨ ᠠᠰᠠᠭᠤᠳᠠᠯ ᠢ ᠤᠶᠠᠯᠳᠤᠭᠤᠯᠤᠨ ᠬᠠᠷᠢᠭᠤᠯᠲᠠ ᠶᠢᠨ ᠭᠤᠣᠯᠳᠠᠯᠭ᠎ᠠ ᠶᠢ ᠵᠣᠬᠢᠶᠠᠨ ᠪᠠᠶᠢᠭᠤᠯᠬᠤ ᠶᠠᠪᠤᠳᠠᠯ | ᠪᠣᠯᠣᠨ᠎ᠠ᠃ ᠲᠤᠬᠠᠢ ᠶᠢᠨ ᠦᠶ᠎ᠡ ᠶᠢᠨ ᠤᠯᠤᠰ ᠲᠥᠷᠦ ᠶᠢᠨ ᠴᠢᠬᠤᠯᠠ ᠪᠢᠴᠢᠭ ᠮᠠᠲ᠋ᠧᠷᠢᠶᠠᠯ ᠪᠤᠶᠤ ᠲᠥᠪ ᠤᠨ | ᠤᠳᠤᠷᠢᠳᠬᠤ ᠬᠥᠮᠥᠰ ᠤᠨ ᠶᠠᠷᠢᠶᠠᠨ ᠲᠠᠬᠢ ᠡᠷᠬᠡ ᠰᠦᠷᠲᠦ ᠴᠢᠨᠠᠷᠲᠠᠢ᠂ ᠰᠣᠩᠭᠤᠳᠠᠭ ᠴᠢᠨᠠᠷᠲᠠᠢ᠂ ᠭᠤᠣᠯᠯᠠᠬᠤ | ᠴᠢᠨᠠᠷᠲᠠᠢ᠂ ᠲᠥᠯᠥᠭᠡᠯᠡᠬᠦ ᠴᠢᠨᠠᠷᠲᠠᠢ ᠵᠠᠩᠭᠢᠯᠠᠭ᠎ᠠ ᠶᠢᠨ ᠦᠭᠡ ᠬᠡᠯᠡᠯᠭᠡ ᠶᠢ ᠪᠠᠭᠰᠢ ᠪᠣᠯᠣᠭᠰᠠᠳ ᠭᠤᠣᠯᠳᠠᠯᠭ᠎ᠠ ᠲᠠᠢ | ᠪᠥᠭᠡᠳ ᠲᠠᠬᠢᠨ ᠳᠠᠪᠲᠠᠨ ᠴᠢᠬᠤᠯᠠᠴᠢᠯᠠᠵᠤ᠂ ᠰᠤᠷᠤᠭᠴᠢᠳ ᠤᠨ ᠴᠡᠭᠡᠵᠢᠯᠡᠬᠦ ᠴᠢᠳᠠᠪᠤᠷᠢ ᠶᠢ ᠵᠠᠪᠠᠯ ᠴᠢᠩᠭᠠᠳᠬᠠᠬᠤ | ᠬᠡᠷᠡᠭᠲᠡᠢ᠃ ᠤᠯᠤᠰ ᠤᠨ ᠨᠢᠭᠡᠳᠤᠯᠳᠠᠢ ᠰᠢᠯᠭᠠᠯᠲᠠ ᠶᠢ ᠦᠵᠡᠬᠦ ᠦᠶ᠎ᠡ ᠳᠤ᠂ ᠬᠤᠯᠪᠣᠭᠳᠠᠯ ᠪᠦᠬᠦᠢ ᠰᠡᠳᠦᠪ ᠤᠨ | ᠳᠣᠲᠣᠷ᠎ᠠ ᠰᠢᠯᠭᠠᠭᠤᠯᠤᠭᠴᠢ ᠡᠳᠡᠭᠡᠷ ᠵᠠᠩᠭᠢᠯᠠᠭ᠎ᠠ ᠶᠢᠨ ᠦᠭᠡᠰ ᠢ ᠬᠠᠷᠢᠭᠤᠯᠪᠠᠯ ᠳᠠᠷᠤᠢ ᠬᠠᠷᠢᠭᠤᠯᠲᠠ ᠶᠢᠨ ᠬᠢᠯᠠᠰ | ᠴᠡᠭ ᠪᠣᠯᠵᠤ᠂ ᠵᠣᠬᠢᠬᠤ ᠬᠤᠪᠢ ᠣᠯᠵᠤ ᠪᠣᠯᠬᠤ ᠶᠢ ᠰᠣᠷᠣᠭᠴᠢᠳ ᠲᠤ ᠵᠠᠪᠠᠯ ᠮᠡᠳᠡᠭᠦᠯᠬᠦ ᠴᠢᠬᠤᠯᠠᠲᠠᠢ᠃ | ᠭᠤᠷᠪᠠ ᠳᠤ᠂ ᠬᠠᠨᠳᠤᠯᠭᠠᠲᠤ ᠴᠢᠨᠠᠷ ᠲᠠᠢ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠨᠢᠭᠡᠳᠤᠯᠳᠠᠢ | ᠰᠢᠯᠭᠠᠯᠲᠠ ᠳᠤ ᠰᠡᠳᠦᠪ ᠬᠠᠷᠢᠭᠤᠯᠬᠤ ᠴᠢᠳᠠᠪᠤᠷᠢ ᠶᠢ ᠲᠡᠭᠡᠭᠰᠢᠯᠡᠬᠦᠯᠬᠦ | 1. ᠪᠣᠯᠪᠠᠰᠤᠷᠠᠯ ᠤᠨ ᠰᠡᠳᠦᠪ ᠢ ᠨᠠᠷᠢᠯᠢᠬ ᠰᠣᠩᠭᠤᠵᠤ᠂ ᠪᠡᠶᠡᠴᠢ ᠰᠡᠳᠦᠪ ᠬᠠᠷᠢᠭᠤᠯᠬᠤ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠬᠦᠯᠬᠦ | ᠬᠠᠨᠳᠤᠯᠭᠠᠲᠤ ᠴᠢᠨᠠᠷ ᠲᠠᠢ ᠪᠣᠯᠪᠠᠰᠤᠷᠠᠯ ᠢ ᠰᠣᠩᠭᠤᠬᠤ ᠳᠤ ᠪᠠᠨ ᠭᠤᠣᠯᠳᠠᠭᠤ ᠣᠶᠢᠷ᠎ᠠ ᠶᠢᠨ ᠬᠡᠳᠦᠨ ᠵᠢᠯ ᠤᠨ | ᠤᠯᠤᠰ ᠤᠨ ᠨᠢᠭᠡᠳᠤᠯᠳᠠᠢ ᠰᠢᠯᠭᠠᠯᠲᠠ ᠶᠢᠨ ᠰᠡᠳᠦᠪ ᠢᠶᠠᠷ ᠰᠤᠷᠤᠭᠴᠢᠳ ᠢ ᠪᠣᠯᠪᠠᠰᠤᠷᠠᠭᠤᠯᠤᠨ᠂ ᠤᠯᠤᠰ ᠤᠨ | ᠨᠢᠭᠡᠳᠤᠯᠳᠠᠢ ᠰᠢᠯᠭᠠᠯᠲᠠ ᠶᠢᠨ ᠰᠡᠳᠦᠪ ᠭᠠᠷᠭᠠᠬᠤ ᠠᠷᠭ᠎ᠠ ᠮᠠᠶ᠋ᠢᠭ ᠪᠠ ᠬᠠᠷᠢᠭᠤᠯᠲᠠ ᠶᠢᠨ ᠱᠠᠭᠠᠷᠳᠠᠯᠭ᠎ᠠ ᠶᠢ | ᠰᠤᠷᠤᠭᠴᠢᠳ ᠲᠤ ᠣᠶᠢᠯᠠᠭᠠᠭᠤᠯᠤᠨ᠎ᠠ᠃ ᠪᠠᠭᠰᠢ ᠠᠴᠠ ᠬᠠᠮᠤᠭ ᠤᠨ ᠰᠢᠨ᠎ᠡ ᠬᠠᠯᠠᠮᠰᠢᠯ ᠴᠡᠭ ᠤᠨ ᠮᠠᠲ᠋ᠧᠷᠢᠶᠠᠯ ᠢ ᠴᠠᠭ | ᠲᠤᠬᠠᠢ ᠳᠤ ᠨᠢ ᠠᠰᠢᠭᠯᠠᠨ ᠬᠡᠷᠡᠭᠯᠡᠵᠦ᠂ ᠤᠯᠠᠨ ᠲᠠᠯ᠎ᠠ ᠠᠴᠠ ᠵᠢᠱᠢᠭᠰᠡᠨ ᠠᠰᠠᠭᠤᠯᠲᠠ ᠳᠤᠷᠠᠳᠴᠤ᠂ ᠠᠩᠬᠠᠨ ᠤ | ᠡᠭᠦᠳᠦᠯᠲᠡ ᠶᠢᠨ ᠴᠢᠨᠠᠷᠲᠠᠢ ᠰᠡᠳᠦᠪ ᠢ ᠨᠠᠶᠢᠷᠠᠭᠤᠯᠤᠨ ᠵᠣᠬᠢᠶᠠᠵᠤ᠂ ᠰᠤᠷᠤᠭᠴᠢᠳ ᠢ ᠰᠡᠳᠦᠪ ᠢᠶᠠᠷ ᠬᠥᠲᠥᠯᠥᠨ | ᠪᠤᠯᠪᠠᠰᠤᠷᠠᠭᠤᠯᠵᠦ᠂ ᠰᠡᠳᠦᠪ ᠵᠠᠳᠠᠯᠵᠤ ᠬᠠᠷᠢᠭᠤᠯᠬᠤ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠲᠡᠢ᠃ ᠢᠩᠭᠢᠪᠡᠯ ᠰᠠᠶ᠋ᠢ | ᠵᠢᠭᠠᠬᠤ ᠮᠠᠲ᠋ᠧᠷᠢᠶᠠᠯ ᠤᠨ ᠮᠡᠳᠡᠯᠭᠡ ᠪᠠ ᠬᠠᠯᠠᠮᠰᠢᠯ ᠠᠰᠠᠭᠤᠳᠠᠯ ᠤᠨ ᠤᠶᠠᠯᠳᠤᠯ ᠢ ᠬᠠᠮᠤᠭ ᠤᠨ ᠪᠦᠲᠦᠮᠵᠢᠲᠠᠢ ᠪᠠᠷ | ᠪᠡᠶᠡᠯᠡᠭᠦᠯᠵᠦ᠂ ᠰᠤᠷᠤᠭᠴᠢᠳ ᠤᠨ ᠤᠯᠤᠰ ᠤᠨ ᠨᠢᠭᠡᠳᠤᠯᠳᠠᠢ ᠰᠢᠯᠭᠠᠯᠲᠠ ᠳᠤ ᠥᠨᠳᠥᠷ ᠬᠢᠷᠢ ᠪᠦᠲᠦᠮᠵᠢ ᠣᠯᠬᠤ ᠳᠤ | ᠰᠠᠭᠤᠷᠢ ᠲᠠᠯᠪᠢᠵᠤ ᠥᠭᠬᠦ ᠪᠣᠯᠣᠨ᠎ᠠ᠃ ᠵᠢᠱᠢᠶᠡᠯᠡᠪᠡᠯ᠂ 2022 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠬᠥᠬᠡᠭᠴᠢᠨ ᠰᠡᠳᠦᠪ ᠤᠨ 39 ᠳ᠋ᠤᠭᠡᠷ ᠰᠡᠳᠦᠪ ᠤᠨ ᠦᠭᠭᠦᠭᠳᠡᠭᠰᠡᠨ ᠮᠠᠲ᠋ᠧᠷᠢᠶᠠᠯ ᠪᠣᠯ᠄ ᠪᠦᠸᠧ ᠣᠤ ᠲᠠᠬᠢ ᠠᠽᠢᠶ᠎ᠠ | ᠲᠢᠪ ᠤᠨ ᠶᠠᠷᠢᠯᠴᠠᠭᠠᠨ ᠤ ᠲᠠᠪᠴᠠᠩ ᠤᠨ 2022 ᠤ ᠬᠤᠷᠠᠯ ᠳᠡᠭᠡᠷ᠎ᠡ ᠰᠢ ᠶᠢᠨ ᠫᠢᠩ ᠨᠦᠭᠦᠷ ᠤᠨ ᠶᠠᠷᠢᠭᠰᠠᠨ᠄ | ︽ᠳᠡᠯᠡᠬᠡᠢ ᠳᠤ ᠶᠠᠮᠠᠷ ᠶᠠᠩᠵᠤ ᠶᠢᠨ ᠬᠤᠪᠢᠷᠠᠯᠲᠠ ᠭᠠᠷᠤᠭᠰᠠᠨ ᠴᠦ ᠳᠣᠮᠳᠠᠳᠦ ᠤᠯᠤᠰ ᠤᠨ ᠥᠭᠡᠷᠡᠴᠢᠯᠡᠯᠲᠡ | ᠨᠡᠭᠡᠭᠡᠯᠲᠡ ᠶᠢᠨ ᠢᠲᠡᠭᠡᠯ ᠪᠠ ᠡᠷᠴᠢ ᠵᠣᠷᠢᠭ ᠪᠦᠷ ᠭᠤᠶᠢᠪᠢᠰᠢ ᠦᠭᠡᠢ ᠶᠤᠮ︾ ᠭᠡᠵᠦ ᠴᠢᠬᠤᠯᠠᠴᠢᠯᠠᠪᠠ᠃ ︽ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠦᠯᠦᠪᠵᠢᠬᠦᠯᠭᠡ ᠬᠢᠭᠡᠳ 2035 ᠣᠨ ᠤ ᠠᠯᠤᠰ ᠬᠡᠳᠦ ᠶᠢᠨ ᠬᠠᠷᠠᠯᠲᠠ ᠶᠢᠨ ᠬᠥᠲᠥᠯᠪᠦᠷᠢ︾ ᠳᠤ ᠨᠡᠩ ᠶᠡᠭᠡ | ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠳᠤ ᠭᠠᠳᠠᠭᠠᠳᠤ ᠨᠡᠭᠡᠭᠡᠯᠲᠡ ᠶᠢ ᠪᠠᠷᠢᠮᠲᠠᠯᠠᠨ᠎ᠠ ᠭᠡᠵᠦ | ᠳᠤᠷᠠᠳᠤᠭᠰᠠᠨ ᠪᠠᠶᠢᠨ᠎ᠠ᠃ ᠥᠩᠭᠡᠷᠡᠭᠰᠡᠨ ᠬᠤᠶᠠᠷ ᠵᠢᠯ ᠳᠤ ᠮᠠᠨ ᠤ ᠤᠯᠤᠰ ᠬᠠᠶᠢᠨᠠᠨ ᠤ ᠴᠢᠯᠦᠭᠡᠲᠦ ᠠᠷᠠᠯᠵᠢᠶᠠᠨ ᠤ | ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ︔ ᠭᠠᠳᠠᠭᠠᠳᠤ ᠪᠡᠯᠡ ᠶᠢ ᠣᠷᠣᠭᠤᠯᠬᠤ | ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ 31 ᠵᠤᠷᠪᠤᠰ ᠪᠣᠯᠳᠠᠯ᠎ᠠ ᠬᠠᠰᠤᠪᠠ︔ | ᠨᠣᠮᠣᠬᠠᠨ ᠲᠠᠯᠠᠢ ᠶᠢ ᠰᠤᠨᠳᠠᠯᠠᠭᠰᠠᠨ ᠪᠦᠬᠦ ᠲᠠᠯ᠎ᠠ ᠪᠠᠷ ᠲᠠᠪᠰᠢᠬᠤ ᠬᠠᠨᠢᠲᠠᠨ ᠤ ᠬᠠᠷᠢᠴᠠᠭ᠎ᠠ ᠶᠢᠨ ᠵᠥᠪᠳᠡᠯᠴᠡᠭᠡᠷ ᠲᠤ | ᠣᠷᠣᠬᠤ ᠪᠠᠷ ᠭᠤᠶᠤᠴᠢᠯᠠᠪᠠ︔ ᠣᠷᠣᠨ ᠪᠦᠰᠡ ᠶᠢᠨ ᠣᠯᠠᠨ ᠲᠠᠯᠠᠲᠤ ᠠᠵᠤ ᠠᠬᠤᠢ ᠬᠠᠮᠲᠤᠷᠠᠭᠴᠢ ᠬᠠᠷᠢᠴᠠᠭᠠᠨ ᠤ | ᠵᠥᠪᠳᠡᠯᠴᠡᠭᠡᠷ ᠤᠨ ᠬᠦᠴᠦᠨ ᠲᠠᠢ ᠪᠣᠯᠵᠤ ᠬᠡᠷᠡᠭᠵᠢᠭᠦᠯᠦᠭᠳᠡᠬᠦ ᠶᠢ ᠠᠬᠢᠭᠤᠯᠪᠠ︔ 2022 ᠣᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠢ ᠵᠢᠭᠠᠭᠰᠠᠨ ᠨᠢ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠬᠦ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ | ᠠᠷᠢᠯᠵᠢᠶ᠎ᠠ ᠶᠢ ᠲᠣᠭᠲᠠᠪᠤᠷᠢᠵᠢᠭᠤᠯᠤᠨ᠂ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠵᠤ ︽ᠨᠢᠭᠡ ᠪᠦᠰᠡ ᠨᠢᠭᠡ | ᠵᠡᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠤᠨ᠂ ᠣᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠢ ᠶᠢᠨ | ᠠᠷᠠᠯᠵᠢᠶᠠᠨ ᠤ ᠬᠠᠮᠲᠣᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠲᠠᠭᠡᠷᠡᠬᠢ ᠰᠡᠳᠤᠪ ᠲᠤ ︽ᠮᠠᠲ᠋ᠧᠷᠢᠶᠠᠯ ᠲᠠᠢ ᠤᠶᠠᠯᠳᠤᠭᠤᠯᠤᠨ᠂ ᠣᠳᠣᠬᠢ ᠳᠡᠯᠡᠬᠡᠢ ᠶᠢᠨ ᠨᠡᠶᠢᠭᠡᠮ ᠤᠨ | ᠮᠡᠳᠡᠯᠭᠡ ᠪᠠᠨ ᠬᠡᠷᠡᠭᠯᠡᠵᠦ᠂ ᠮᠠᠨ ᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠶᠢᠨ | ᠴᠢᠬᠤᠯᠠ ᠴᠢᠨᠠᠷ ᠢ ᠲᠣᠳᠣᠷᠬᠠᠶᠢᠯᠠᠭᠠᠷᠠᠢ︾ ᠭᠡᠰᠡᠨ ᠠᠰᠠᠭᠤᠯᠲᠠ ᠳᠤᠷᠠᠳᠤᠭᠰᠠᠨ ᠪᠠᠶᠢᠳᠠᠭ᠃ ᠡᠶᠢᠮᠦ ᠮᠠᠶ᠋ᠢᠭ ᠤᠨ | ᠴᠠᠭ ᠤᠨ ᠪᠠᠶᠢᠳᠠᠯ ᠤᠨ ᠬᠠᠯᠠᠮᠰᠢᠯ ᠠᠰᠠᠭᠤᠳᠠᠯ ᠢᠶᠠᠷ ᠮᠠᠲ᠋ᠧᠷᠢᠶᠠᠯ ᠪᠣᠯᠭᠠᠭᠰᠠᠨ ᠪᠡᠶᠡᠴᠢ ᠰᠡᠳᠦᠪ ᠢ ᠬᠢᠬᠦ ᠳᠤ ᠪᠠᠨ | ᠤᠷᠢᠳ ᠢᠶᠠᠷ ᠠᠰᠠᠭᠤᠯᠲᠠ ᠶᠢ ᠬᠢᠨᠠᠬᠤ ᠨᠢ ᠲᠣᠩ ᠴᠢᠬᠤᠯᠠ᠂ ᠤᠴᠢᠷ ᠨᠢ ᠠᠰᠠᠭᠤᠯᠲᠠ ᠶᠢ ᠬᠢᠨᠠᠵᠤ ᠬᠠᠷᠠᠯᠲᠠ ᠪᠠᠨ | ᠲᠣᠭᠲᠠᠭᠠᠴᠢᠬᠠᠪᠠᠯ ᠰᠡᠳᠦᠪ ᠬᠠᠷᠢᠭᠤᠯᠬᠤ ᠣᠨᠣᠪᠴᠢᠲᠤ ᠴᠢᠨᠠᠷ ᠳᠡᠭᠡᠭᠰᠢᠯᠡᠬᠦ ᠮᠥᠷᠲᠡᠭᠡᠨ ᠴᠠᠭ ᠢ | ᠠᠷᠪᠢᠯᠠᠨ᠎ᠠ᠃ ᠠᠰᠠᠭᠤᠯᠲᠠ ᠶᠢ ᠬᠢᠨᠠᠬᠤ ᠦᠶ᠎ᠡ ︽ᠶᠠᠮᠠᠷ ᠮᠡᠳᠡᠯᠭᠡ ᠪᠠᠷ᠂ ᠶᠠᠭᠤᠨ ᠤ ᠲᠤᠬᠠᠢ᠂ ᠶᠠᠮᠠᠷ ᠠᠷᠭ᠎ᠠ | ᠪᠠᠷ︾ ᠬᠠᠷᠢᠭᠤᠯᠬᠤ ᠶᠢ ᠲᠣᠳᠣᠷᠬᠠᠢ ᠢᠯᠭᠠᠵᠦ ᠲᠠᠨᠢᠬᠤ ᠬᠡᠷᠡᠭᠲᠡᠢ᠃ ᠨᠢᠭᠡ ᠳᠤ ᠶᠠᠮᠠᠷ ᠮᠡᠳᠡᠯᠭᠡ ᠪᠠᠷ ᠭᠡᠳᠡᠭ ᠲᠤ ᠠᠯᠢ | ᠬᠦᠷᠢᠶᠡᠨ ᠤ ᠬᠢ᠂ ᠲᠤᠬᠠᠶᠢᠯᠠᠪᠠᠯ ᠠᠵᠤ ᠠᠬᠤᠢ᠂ ᠤᠯᠤᠰ ᠲᠦᠷᠦ᠂ ᠰᠣᠶᠣᠯ᠂ ᠭᠦᠨ ᠤᠬᠠᠭᠠᠨ ᠤ ᠠᠯᠢ ᠬᠦᠷᠢᠶᠡᠨ ᠤ | ᠮᠡᠳᠡᠯᠭᠡ ᠪᠣᠯᠬᠤ᠂ ᠠᠯᠢ ᠨᠢᠭᠡᠴᠢ ᠶᠢᠨ ᠬᠢ᠂ ᠠᠯᠢ ᠮᠡᠳᠡᠯᠭᠡ ᠶᠢᠨ ᠴᠡᠭ ᠢᠶᠠᠷ ᠬᠠᠷᠢᠭᠤᠯᠬᠤ᠂ ᠶᠠᠮᠠᠷ ᠲᠦᠷᠦᠯ ᠤᠨ ᠰᠡᠳᠦᠪ | ᠪᠣᠯᠬᠤ ᠶᠢ ᠲᠣᠳᠣᠷᠬᠠᠢ ᠪᠣᠯᠭᠠᠨ᠎ᠠ᠂ ᠲᠣᠰ ᠰᠡᠳᠦᠪ ᠤᠨ ᠠᠰᠠᠭᠤᠯᠲᠠ ᠠᠴᠠ ᠦᠵᠡᠪᠡᠯ ᠤᠯᠤᠰ ᠲᠦᠷᠦ ᠶᠢᠨ | ᠠᠮᠢᠳᠤᠷᠠᠯ ᠢ ᠳᠡᠯᠡᠬᠡᠢ ᠶᠢᠨ ᠨᠡᠶᠢᠭᠡᠮ ᠤᠨ ᠮᠡᠳᠡᠯᠭᠡ ᠪᠠᠷ ᠬᠠᠷᠢᠭᠤᠯᠬᠤ ᠲᠦᠷᠦᠯ ᠤᠨ ᠰᠡᠳᠦᠪ ᠪᠣᠯᠣᠨ᠎ᠠ᠃ ᠬᠤᠶᠠᠷ ᠲᠤ | ᠮᠠᠲ᠋ᠧᠷᠢᠶᠠᠯ ᠲᠠᠢ ᠤᠶᠠᠯᠳᠤᠭᠤᠯᠵᠤ᠂ ᠮᠠᠲ᠋ᠧᠷᠢᠶᠠᠯ ᠤᠨ ᠳᠣᠲᠣᠷ᠎ᠠ ᠠᠴᠠ ᠪᠦᠳᠦᠮᠵᠢᠲᠠᠢ ᠮᠡᠳᠡᠭᠡ ᠵᠠᠩᠭᠢ ᠶᠢ ᠡᠷᠢᠵᠦ | ᠣᠯᠬᠤ ᠪᠣᠯ ᠰᠡᠳᠦᠪ ᠢ ᠵᠥᠪ ᠬᠠᠷᠢᠭᠤᠯᠬᠤ ᠶᠢᠨ ᠵᠠᠩᠭᠢᠯᠠᠭ᠎ᠠ ᠮᠥᠨ᠃ ᠭᠤᠷᠪᠠ ᠳᠤ ᠬᠢᠴᠢᠶᠡᠯ ᠤᠨ ᠪᠢᠴᠢᠭ ᠤᠨ | ᠮᠡᠳᠡᠯᠭᠡ ᠪᠠ ᠮᠠᠲ᠋ᠧᠷᠢᠶᠠᠯ ᠤᠨ ᠵᠠᠩᠭᠢᠯᠠᠭ᠎ᠠ ᠶᠢᠨ ᠮᠡᠳᠡᠭᠡ ᠵᠠᠩᠭᠢ ᠲᠠᠢ ᠪᠠᠨ ᠤᠶᠠᠯᠳᠤᠭᠤᠯᠤᠨ ᠠᠰᠠᠭᠤᠯᠲᠠ ᠳᠤ | ᠬᠤᠯᠪᠣᠭᠳᠠᠭᠰᠠᠨ ᠮᠡᠳᠡᠯᠭᠡ ᠶᠢᠨ ᠴᠡᠭ ᠲᠠᠢ ᠪᠠᠨ ᠬᠤᠯᠪᠣᠭᠳᠠᠭᠤᠯᠤᠨ ᠬᠠᠷᠢᠭᠤᠯᠲᠠ ᠪᠠᠨ ᠵᠣᠬᠢᠶᠠᠨ ᠪᠠᠶᠢᠭᠤᠯᠵᠤ | ᠪᠢᠴᠢᠨ᠎ᠡ᠃ ᠵᠢᠱᠢᠶ᠎ᠡ ᠰᠡᠳᠦᠪ ᠤᠨ ᠬᠠᠷᠢᠭᠤᠯᠲᠠ ᠶᠢ ᠡᠮᠬᠢᠯᠡᠪᠡᠯ᠄ ① ᠤᠯᠤᠰ ᠤᠳ ᠤᠨ ᠬᠤᠭᠤᠷᠤᠨᠳᠣᠬᠢ | ᠬᠠᠮᠲᠤ ᠶᠢᠨ ᠠᠰᠢᠭ ᠲᠤᠰᠠ ᠪᠣᠯ ᠤᠯᠤᠰ ᠤᠳ ᠤᠨ ᠬᠠᠮᠲᠤᠷᠠᠨ ᠠᠵᠢᠯᠯᠠᠬᠤ ᠰᠠᠭᠤᠷᠢ ᠮᠥᠨ᠂ ᠣᠯᠠᠨ ᠤᠯᠤᠰ ᠤᠨ | ᠬᠠᠷᠢᠴᠠᠭ᠎ᠠ ᠨᠢ ᠮᠥᠨ ᠴᠢᠨᠠᠷ ᠳᠡᠭᠡᠷ᠎ᠡ ᠪᠠᠨ ᠨᠢᠭᠡ ᠵᠦᠢᠯ ᠤᠨ ᠠᠰᠢᠭ ᠲᠤᠰᠠ ᠶᠢᠨ ᠬᠠᠷᠢᠴᠠᠭ᠎ᠠ ᠮᠥᠨ᠃ ᠮᠠᠨ ᠤ | ᠤᠯᠤᠰ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠨᠢ ᠤᠯᠤᠰ ᠤᠨ | ᠳᠣᠲᠣᠭᠠᠳᠤ ᠶᠢᠨ ᠵᠠᠬ᠎ᠠ ᠳᠡᠯᠭᠡᠭᠦᠷ ᠪᠣᠯᠣᠨ ᠳᠡᠯᠡᠬᠡᠢ ᠶᠢᠨ ᠵᠠᠬ᠎ᠠ ᠳᠡᠯᠭᠡᠭᠦᠷ ᠢ ᠨᠡᠩ ᠰᠠᠶᠢᠨ ᠬᠤᠯᠪᠣᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠡᠬᠢ ᠪᠠᠶᠠᠯᠢᠭ ᠢ ᠨᠡᠩ ᠰᠠᠶᠢᠨ ᠠᠰᠢᠭᠯᠠᠵᠤ᠂ | ᠳᠡᠯᠡᠬᠡᠢ ᠶᠢᠷᠲᠢᠨᠴᠦ ᠳᠤ ᠮᠠᠨ ᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦᠯᠦᠨ᠎ᠡ᠃ ② ᠡᠩᠬᠡ ᠲᠠᠶᠢᠪᠤᠩ | ᠬᠢᠭᠡᠳ ᠬᠥᠭᠵᠢᠯᠲᠡ ᠪᠣᠯ ᠣᠳᠣᠬᠢ ᠴᠠᠭ ᠦᠶ᠎ᠡ ᠶᠢᠨ ᠭᠤᠣᠯ ᠰᠡᠳᠦᠪ᠂ ᠳᠡᠯᠡᠬᠡᠢ ᠶᠢᠨ ᠡᠩᠬᠡ ᠲᠠᠶᠢᠪᠤᠩ ᠢ | ᠬᠠᠮᠠᠭᠠᠯᠠᠵᠤ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠶᠢᠨ ᠵᠣᠷᠢᠯᠲᠠ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠬᠦ ᠨᠢ ᠣᠳᠣᠬᠢ ᠴᠠᠭ ᠦᠶ᠎ᠡ ᠶᠢᠨ ᠭᠤᠣᠯ ᠰᠡᠳᠦᠪ ᠲᠠᠢ ᠵᠣᠬᠢᠴᠠᠨ᠂ ᠳᠡᠯᠡᠬᠡᠢ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠤᠨ᠎ᠠ᠃ ③ ᠣᠯᠠᠨ ᠤᠯᠤᠰ ᠤᠨ ᠥᠷᠢᠰᠦᠯᠳᠦᠭᠡᠨ ᠤ ᠮᠥᠨ ᠴᠢᠨᠠᠷ ᠨᠢ ᠠᠵᠤ ᠠᠬᠤᠢ | ᠰᠢᠨᠵᠢᠯᠡᠭᠡ ᠮᠡᠷᠭᠡᠵᠢᠯ ᠤᠨ ᠪᠣᠳᠠᠲᠤ ᠬᠦᠴᠦᠨ ᠢᠶᠠᠷ ᠰᠠᠭᠤᠷᠢ ᠪᠤᠯᠭᠠᠭᠰᠠᠨ ᠤᠯᠤᠰ ᠤᠨ ᠶᠡᠷᠦᠩᠬᠡᠶᠢᠯᠡᠭᠰᠡᠨ ᠬᠦᠴᠦᠨ ᠤ | ᠦᠵᠡᠯᠴᠡᠭᠡᠨ ᠮᠥᠨ᠂ ᠮᠠᠨ ᠤ ᠤᠯᠤᠰ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠬᠦ ᠨᠢ ᠮᠠᠨ ᠤ ᠤᠯᠤᠰ ᠤᠨ ᠤᠯᠤᠰ ᠤᠨ ᠶᠡᠷᠦᠩᠬᠡᠶᠢᠯᠡᠭᠰᠡᠨ ᠬᠦᠴᠦᠨ ᠢ ᠳᠡᠭᠡᠭᠰᠢᠯᠡᠬᠦᠯᠵᠦ᠂ ᠬᠥᠭᠵᠢᠯᠲᠡ | ᠶᠢᠨ ᠰᠢᠨ᠎ᠡ ᠳᠠᠪᠠᠭᠤᠯᠢᠭ ᠢ ᠪᠦᠷᠢᠯᠳᠦᠭᠦᠯᠬᠦ ᠳᠤ ᠠᠰᠢᠭᠲᠠᠢ᠃ ④ ᠮᠠᠨ ᠤ ᠤᠯᠤᠰ ᠥᠨᠳᠥᠷ ᠬᠢᠷᠢ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠨᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠠᠷᠠᠯᠵᠢᠶ᠎ᠠ ᠪᠣᠯᠣᠨ ᠪᠡᠯᠡ ᠣᠷᠣᠭᠤᠯᠣᠯᠲᠠ ᠶᠢ ᠠᠬᠢᠭᠤᠯᠵᠤ᠂ | ᠪᠦᠬᠦ ᠪᠥᠮᠪᠥᠷᠴᠡᠭ ᠤᠨ ᠲᠠᠶᠠᠭᠠᠷᠴᠢᠯᠠᠯᠲᠠ ᠶᠢᠨ ᠨᠡᠩ ᠨᠡᠭᠡᠭᠡᠯᠲᠡᠲᠤ ᠪᠠᠭᠲᠠᠭᠠᠮᠵᠢᠲᠠᠢ ᠲᠦᠭᠡᠮᠡᠯ ᠬᠠᠷᠠᠭᠠᠯᠵᠠᠯᠠᠯ ᠲᠠᠢ | ᠬᠠᠮᠲᠤ ᠪᠠᠷ ᠢᠯᠠᠬᠤ ᠴᠢᠭᠯᠡᠯ ᠲᠡᠶᠢᠰᠢ ᠬᠥᠭᠵᠢᠬᠦ ᠶᠢ ᠲᠦᠯᠬᠢᠨ ᠠᠬᠢᠭᠤᠯᠤᠨ᠎ᠠ᠃ | ᠶᠡᠷᠦᠩᠬᠡᠶᠢᠯᠡᠪᠡᠯ᠂ ᠤᠯᠤᠰ ᠲᠦᠷᠦ ᠶᠢᠨ ᠪᠡᠶᠡᠴᠢ ᠰᠡᠳᠦᠪ ᠢ ᠵᠠᠳᠠᠯᠵᠤ ᠬᠠᠷᠢᠭᠤᠯᠬᠤ ᠳᠤ ᠪᠠᠨ ᠠᠰᠠᠭᠤᠯᠲᠠ ᠶᠢ | ᠨᠠᠷᠢᠯᠢᠬ ᠬᠢᠨᠠᠬᠤ᠂ ᠮᠠᠲ᠋ᠧᠷᠢᠶᠠᠯ ᠢ ᠬᠠᠨᠳᠤᠯᠭ᠎ᠠ ᠲᠠᠢ ᠤᠩᠰᠢᠵᠤ ︽ᠪᠦᠲᠦᠮᠵᠢᠲᠠᠢ ᠮᠡᠳᠡᠭᠡ ᠵᠠᠩᠭᠢ︾ ᠶᠢ ᠣᠯᠬᠤ᠂ | ᠰᠤᠷᠬᠤ ᠪᠢᠴᠢᠭ ᠤᠨ ᠬᠤᠯᠪᠣᠭᠳᠠᠬᠤ ᠮᠡᠳᠡᠯᠭᠡ᠂ ᠦᠨᠳᠦᠰᠦᠨ ᠤᠬᠠᠭᠳᠠᠬᠤᠨ᠂ ᠶᠣᠰᠣ᠂ ᠦᠵᠡᠯᠲᠡ ᠪᠠᠨ | ᠣᠨᠣᠪᠴᠢᠲᠠᠢ ᠣᠯᠬᠤ᠂ ᠪᠠᠲᠤᠳᠬᠠᠭᠰᠠᠨ ᠮᠡᠳᠡᠯᠭᠡ ᠶᠢᠨ ᠴᠡᠭ ᠢ ᠠᠮᠢᠳᠤᠯᠢᠭ ᠬᠡᠷᠡᠭᠯᠡᠵᠦ᠂ ᠰᠡᠳᠦᠪ ᠬᠠᠷᠢᠭᠤᠯᠬᠤ | ᠠᠷᠭ᠎ᠠ ᠲᠠᠢ ᠨᠢᠭᠡᠳᠬᠡᠨ ᠬᠠᠷᠢᠭᠤᠯᠲᠠ ᠪᠠᠨ ᠳᠦᠷᠢᠮᠵᠢᠭᠦᠯᠬᠦ ᠲᠡᠰ ᠳᠠᠷᠠᠭ᠎ᠠ ᠶᠢ ᠠᠩᠬᠠᠷᠪᠠᠯ ᠬᠠᠷᠢᠭᠤᠯᠲᠠ ᠶᠢᠨ | ᠣᠨᠣᠪᠴᠢᠲᠤ ᠴᠢᠨᠠᠷ ᠳᠡᠭᠡᠭᠰᠢᠯᠡᠵᠦ᠂ ᠬᠤᠪᠢ ᠣᠯᠬᠤ ᠬᠠᠷᠢᠴᠠᠯ ᠠᠶᠠᠨᠳᠠᠭᠠᠨ ᠳᠡᠭᠡᠭᠰᠢᠯᠡᠬᠦ ᠪᠣᠯᠣᠨ᠎ᠠ᠃ | 2. ᠪᠣᠯᠪᠠᠰᠤᠷᠠᠯ ᠬᠢᠬᠦ ᠳᠤ ᠪᠠᠨ ᠴᠠᠭ ᠢ ᠨᠢ ᠬᠢᠵᠠᠭᠠᠷᠯᠠᠵᠤ᠂ ᠬᠡᠮᠵᠢᠶ᠎ᠡ ᠶᠢ ᠨᠢ ᠲᠣᠭᠲᠠᠭᠠᠬᠤ | ᠤᠩᠰᠢᠬᠤ ᠪᠠ ᠰᠡᠳᠦᠪ ᠬᠠᠷᠢᠭᠤᠯᠬᠤ ᠬᠤᠷᠳᠤᠴᠠ ᠤᠳᠠᠭᠠᠨ᠂ ᠰᠤᠷᠤᠭᠴᠢᠳ ᠰᠡᠳᠦᠪ ᠢᠶᠠᠨ ᠬᠢᠵᠦ ᠪᠠᠷᠠᠬᠤ | ᠦᠭᠡᠢ ᠪᠠᠶᠢᠳᠠᠭ ᠨᠢ ᠤᠯᠤᠰ ᠤᠨ ᠨᠢᠭᠡᠳᠤᠯᠳᠠᠢ ᠰᠢᠯᠭᠠᠯᠲᠠ ᠳᠤ ᠬᠤᠪᠢ ᠠᠯᠳᠠᠵᠤ ᠪᠠᠶᠢᠬᠤ ᠶᠢᠨ ᠴᠢᠬᠤᠯᠠ | ᠰᠢᠯᠲᠠᠭᠠᠨ ᠤ ᠨᠢᠭᠡ ᠪᠣᠯᠣᠨ᠎ᠠ᠃ ᠬᠢᠴᠢᠶᠡᠯ ᠤᠨ ᠲᠠᠩᠬᠢᠮ ᠳᠤ ᠰᠡᠳᠦᠪ ᠬᠢᠬᠦ ᠪᠤᠶᠤ ᠰᠢᠯᠭᠠᠯᠲᠠ ᠪᠣᠯᠪᠠᠰᠤᠷᠠᠯ ᠬᠢᠬᠦ ᠳᠤ | ᠵᠠᠪᠠᠯ ᠴᠠᠭ ᠢ ᠬᠢᠵᠠᠭᠠᠷᠯᠠᠨ᠂ ᠲᠣᠭᠲᠠᠭᠰᠠᠨ ᠴᠠᠭ ᠤᠨ ᠳᠣᠲᠣᠷ᠎ᠠ ᠲᠣᠭᠲᠠᠭᠰᠠᠨ ᠬᠡᠮᠵᠢᠶᠡᠨ ᠤ ᠰᠡᠳᠦᠪ ᠢ ᠬᠢᠵᠦ | ᠴᠠᠭᠠᠷᠠᠭᠤᠯᠬᠤ ᠬᠡᠷᠡᠭᠲᠡᠢ᠃ ᠡᠭᠦᠨ ᠤ ᠵᠣᠷᠢᠯᠭ᠎ᠠ ᠨᠢ ᠰᠤᠷᠤᠭᠴᠢᠳ ᠢ ᠥᠨᠳᠥᠷ ᠬᠦᠴᠦᠯᠡᠴᠡ ᠲᠠᠢ ᠰᠡᠳᠬᠢᠬᠦ ᠪᠠ | ᠲᠦᠷᠭᠡᠨ ᠪᠢᠴᠢᠬᠦ ᠳᠤᠮᠳᠠ ᠰᠡᠳᠦᠪ ᠬᠠᠷᠢᠭᠤᠯᠬᠤ ᠬᠤᠷᠳᠤᠴᠠ ᠶᠢ ᠳᠡᠭᠡᠭᠰᠢᠯᠡᠭᠦᠯᠵᠦ᠂ ᠤᠯᠤᠰ ᠤᠨ ᠨᠢᠭᠡᠳᠤᠯᠳᠠᠢ | ᠰᠢᠯᠭᠠᠯᠲᠠ ᠶᠢᠨ ᠪᠠᠴᠢᠮ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ ᠶᠤᠮ᠃ ᠡᠶᠢᠮᠦ ᠠᠴᠠ ᠬᠤᠶᠠᠳᠤᠭᠠᠷ | ᠡᠭᠡᠯᠵᠢ ᠢᠶᠠᠨ ᠳᠠᠪᠲᠠᠯᠭ᠎ᠠ ᠶᠢᠨ ᠬᠤᠭᠤᠴᠠᠭᠠᠨ ᠳᠤ ᠬᠠᠨᠳᠤᠯᠭᠠᠲᠤ ᠴᠢᠨᠠᠷᠲᠠᠢ ᠪᠣᠯᠪᠠᠰᠤᠷᠠᠯ ᠢ ᠴᠢᠩᠭᠠᠳᠬᠠᠵᠦ᠂ | ᠰᠤᠷᠤᠭᠴᠢᠳ ᠤᠨ ᠤᠷᠮ᠎ᠠ ᠵᠣᠷᠢᠭ ᠢ ᠬᠥᠭᠵᠢᠭᠡᠨ ᠤᠯᠤᠰ ᠤᠨ ᠨᠢᠭᠡᠳᠤᠯᠳᠠᠢ ᠰᠢᠯᠭᠠᠯᠲᠠ ᠳᠤ ᠰᠢᠯᠢᠳᠡᠭ ᠬᠢᠷᠢ | ᠪᠦᠲᠦᠮᠵᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ | ︵ᠮᠦᠡᠭᠭᠦᠨᠴᠢᠮᠡᠭ ᠨᠠᠶᠢᠷᠠᠭᠤᠯᠪᠠ︶ | | | |