ᠲᠠᠭᠡᠳᠤ ᠲᠤᠮᠳᠠᠳᠤ ᠶᠢᠨ ᠠᠮᠢᠳᠣ ᠪᠣᠳᠠᠰ ᠤᠨ ᠵᠢᠭᠠᠨ ᠰᠣᠷᠭᠠᠯᠲᠠ ᠳᠤᠮᠳᠠ ᠰᠢᠨᠵᠢᠯᠡᠬᠦ ᠤᠬᠠᠭᠠᠨᠴᠢ ᠰᠡᠳᠬᠢᠬᠦᠢ ᠶᠢ ᠬᠦᠮᠦᠵᠢᠬᠦᠯᠬᠦ ᠲᠤᠬᠠᠢ ᠳᠦᠬᠦᠮ ᠦᠬᠦᠯᠡᠬᠦ ᠨᠢ
ᠨᠡᠶᠢᠲᠡᠯᠡᠭᠰᠡᠨ ᠴᠠᠭ᠄
2024/4/10
                     ᠰᠠᠷᠭᠦᠯᠠᠩ   

教学研究2.png

      ᠬᠡᠪ ᠴᠢᠨᠠᠷ ᠤᠨ ᠰᠣᠷᠭᠠᠨ ᠬᠦᠮᠦᠵᠢᠯ ᠤᠨ ᠬᠦᠭᠵᠢᠯᠳᠡ ᠶᠢ ᠳᠠᠭᠠᠯᠳᠣᠨ᠂ ᠨᠡᠩ ᠣᠯᠠᠨ ᠬᠦᠮᠦᠨ ᠡᠬᠢᠯᠡᠭᠡᠳ

ᠰᠣᠷᠣᠭᠴᠢᠳ ᠤᠨ ᠰᠢᠨᠵᠢᠯᠡᠬᠦ ᠣᠬᠠᠭᠠᠨᠴᠢ ᠰᠡᠳᠬᠢᠬᠦᠢ ᠪᠠ ᠭᠤᠣᠯᠯᠠᠭᠴᠢ ᠬᠡᠪ ᠪᠣᠯᠪᠠᠰᠣᠷᠠᠯ ᠢ ᠳᠡᠭᠡᠭᠰᠢᠯᠡᠬᠦᠯᠬᠦ ᠶᠢ

ᠴᠢᠬᠤᠯᠠᠴᠢᠯᠠᠳᠠᠭ ᠪᠣᠯᠵᠠᠢ᠃ ᠡᠭᠦᠨ ᠢ ᠪᠡᠶᠡᠯᠡᠬᠦᠯᠬᠦ ᠳᠤ ᠪᠠᠭᠰᠢ ᠠᠴᠠ ᠵᠢᠭᠠᠨ ᠰᠣᠷᠭᠠᠯᠲᠠ ᠶᠢᠨ ᠶᠠᠪᠣᠴᠠ ᠳᠤ

ᠰᠣᠷᠣᠭᠴᠢᠳ ᠤᠨ ᠠᠮᠢᠳᠣ ᠪᠣᠳᠠᠰ ᠤᠨ ᠵᠣᠭᠰᠣᠴᠠ ᠠᠴᠠ ᠮᠡᠳᠡᠯᠭᠡ ᠶᠢ ᠣᠶᠢᠯᠠᠭᠠᠬᠤ ᠪᠠ ᠣᠯᠠᠨ ᠲᠠᠯ᠎ᠠ ᠶᠢᠨ

ᠵᠣᠭᠰᠣᠴᠠ  ᠠᠴᠠ ᠠᠮᠢᠳᠣ ᠪᠣᠳᠠᠰ ᠰᠣᠷᠣᠯᠴᠠᠬᠤ ᠪᠠᠭ᠋ᠠᠳᠣᠯ ᠢ ᠮᠡᠳᠡᠷᠡᠬᠦ ᠶᠢᠨ ᠤᠯᠠᠮ ᠢᠶᠠᠷ ᠠᠮᠢᠳᠣ ᠪᠣᠳᠠᠰ

ᠰᠣᠷᠣᠯᠴᠠᠬᠤ ᠢᠳᠡᠪᠬᠢᠵᠢᠯ ᠢ ᠳᠡᠭᠡᠭᠰᠢᠯᠡᠬᠦᠯᠵᠦ ᠪᠣᠯᠣᠨ᠎ᠠ᠃ ᠮᠦᠨ ᠴᠦ ᠪᠠᠭᠰᠢ ᠠᠴᠠ ᠵᠢᠭᠠᠨ ᠰᠣᠷᠭᠠᠯᠲᠠ ᠶᠢᠨ

ᠶᠠᠪᠣᠴᠠ ᠳᠤ ᠪᠠᠨ ᠦᠨᠳᠦᠷ ᠦᠷ᠎ᠡ ᠠᠰᠢᠭ ᠲᠠᠢ ᠪᠠᠷ ᠠᠮᠢᠳᠣ ᠪᠣᠳᠠᠰ ᠤᠨ ᠬᠢᠴᠢᠶᠡᠯ ᠤᠨ ᠳᠠᠩᠬᠢᠮ ᠤᠨ ᠵᠢᠭᠠᠨ

ᠰᠣᠷᠭᠠᠯᠲᠠ ᠶᠢ ᠪᠡᠶᠡᠯᠡᠬᠦᠯᠬᠦ ᠮᠦᠷᠲᠡᠭᠡᠨ ᠳᠠᠭᠠᠯᠠᠮᠵᠢᠲᠠᠢ ᠰᠣᠷᠣᠯᠴᠠᠬᠤ ᠣᠷᠴᠢᠨ ᠢ ᠪᠠᠶᠢᠭᠤᠯᠵᠣ᠂ ᠰᠣᠷᠣᠭᠴᠢᠳ ᠤᠨ

ᠰᠢᠨᠵᠢᠯᠡᠬᠦ ᠣᠬᠠᠭᠠᠨᠴᠢ ᠰᠡᠳᠬᠢᠬᠦᠢ ᠶᠢ ᠬᠦᠮᠦᠵᠢᠬᠦᠯᠬᠦ ᠶᠢ ᠠᠬᠢᠭᠤᠯᠵᠣ᠂ ᠰᠣᠷᠣᠭᠴᠢᠳ ᠤᠨ ᠵᠦᠢᠴᠢᠯᠡᠨ

ᠪᠣᠳᠣᠯᠬᠢᠯᠠᠬᠤ᠂ ᠮᠦᠷᠳᠡᠨ ᠮᠠᠭᠠᠳᠯᠠᠬᠤ᠂ ᠵᠠᠭᠪᠣᠷ ᠴᠣᠭᠴᠠᠯᠠᠬᠤ ᠵᠡᠷᠭᠡ ᠠᠳᠠᠯᠢ ᠪᠣᠰᠣ ᠠᠷᠭ᠎ᠠ ᠶᠢ ᠬᠡᠷᠡᠭᠯᠡᠨ ᠠᠮᠢᠳᠣ

ᠪᠣᠳᠠᠰ ᠰᠣᠷᠣᠯᠴᠠᠬᠤ ᠪᠠ ᠶᠡᠷᠦᠩᠬᠡᠶᠢᠯᠡᠭᠰᠡᠨ ᠴᠢᠳᠠᠪᠦᠷᠢ ᠶᠢ ᠳᠡᠭᠡᠭᠰᠢᠯᠡᠬᠦᠯᠬᠦ ᠳᠤ ᠠᠰᠢᠭᠲᠠᠢ᠃

      1. ᠳᠡᠭᠡᠳᠣ ᠳᠣᠮᠳᠠᠳᠣ ᠶᠢᠨ ᠠᠮᠢᠳᠣ ᠪᠣᠳᠠᠰ ᠤᠨ ᠬᠢᠴᠢᠶᠡᠯ ᠤᠨ ᠳᠠᠩᠬᠢᠮ ᠤᠨ ᠵᠢᠭᠠᠨ ᠰᠣᠷᠭᠠᠯᠲᠠ ᠳᠤ

ᠰᠢᠨᠵᠢᠯᠡᠬᠦ ᠣᠬᠠᠭᠠᠨᠴᠢ ᠰᠡᠳᠬᠢᠬᠦᠢ ᠶᠢ ᠬᠦᠮᠦᠵᠢᠬᠦᠯᠬᠦ ᠶᠢᠨ ᠣᠳᠬ᠎ᠠ ᠠᠭᠤᠯᠭ᠎ᠠ 

      ᠳᠡᠭᠡᠳᠣ ᠳᠣᠮᠳᠠᠳᠣ ᠶᠢᠨ ᠠᠮᠢᠳᠣ ᠪᠣᠳᠠᠰ ᠨᠢ ᠰᠣᠷᠣᠭᠴᠢᠳ ᠤᠨ ᠰᠡᠳᠬᠢᠬᠦᠢ ᠶᠢᠨ ᠴᠢᠳᠠᠪᠦᠷᠢ ᠪᠠ ᠰᠢᠨᠵᠢᠯᠡᠬᠦ

ᠣᠬᠠᠭᠠᠨᠴᠢ ᠰᠡᠳᠬᠢᠬᠦᠢ ᠶᠢ ᠬᠦᠮᠦᠵᠢᠬᠦᠯᠬᠦ ᠪᠠᠷ ᠭᠤᠣᠯ ᠡᠭᠦᠷᠭᠡ ᠪᠣᠯᠭᠠᠳᠠᠭ᠃ ᠰᠢᠨᠵᠢᠯᠡᠬᠦ ᠣᠬᠠᠭᠠᠨᠴᠢ

ᠰᠡᠳᠬᠢᠬᠦᠢ ᠶᠢ ᠬᠦᠭᠵᠢᠬᠦᠯᠬᠦ ᠵᠢᠭᠠᠨ ᠰᠣᠷᠭᠠᠯᠲᠠ ᠶᠢᠨ ᠣᠷᠢᠶᠠᠯᠠᠭ᠎ᠠ ᠳᠣᠣᠷ᠎ᠠ᠂ ᠪᠠᠭᠰᠢ ᠨᠠᠷ ᠢᠳᠡᠪᠬᠢᠳᠡᠢ ᠪᠠᠷ

ᠬᠠᠮᠢᠶ᠎ᠠ ᠪᠦᠬᠦᠢ ᠵᠢᠭᠠᠨ ᠰᠣᠷᠭᠠᠯᠲᠠ  ᠶᠢᠨ ᠣᠨᠣᠯᠵᠢᠬᠤᠨ ᠢ ᠦᠢᠯᠡᠳᠦᠯᠭᠡᠵᠢᠬᠦᠯᠵᠦ᠂ ᠬᠢᠴᠢᠶᠡᠯ ᠤᠨ ᠳᠠᠩᠬᠢᠮ ᠤᠨ

ᠵᠢᠭᠠᠨ ᠰᠣᠷᠭᠠᠯᠲᠠ ᠳᠤ ᠰᠢᠨᠵᠢᠯᠡᠬᠦ ᠣᠬᠠᠭᠠᠨᠴᠢ ᠰᠡᠳᠬᠢᠬᠦᠢ ᠶᠢᠨ ᠬᠡᠪ ᠮᠠᠶ᠋ᠢᠭ ᠢ ᠠᠰᠢᠭᠯᠠᠨ᠂ ᠰᠣᠷᠣᠭᠴᠢᠳ ᠤᠨ

ᠠᠳᠠᠯᠢ ᠪᠣᠰᠣ ᠵᠣᠭᠰᠣᠴᠠ ᠠᠴᠠ ᠠᠰᠠᠭᠤᠳᠠᠯ ᠢ ᠰᠢᠨᠵᠢᠬᠦ ᠪᠠ ᠠᠰᠠᠭᠤᠳᠠᠯ ᠢ ᠰᠡᠳᠬᠢᠬᠦ ᠵᠢᠴᠢ ᠠᠰᠠᠭᠤᠳᠠᠯ ᠢ

ᠰᠢᠢᠳᠪᠦᠷᠢᠯᠡᠬᠦ ᠴᠢᠳᠠᠪᠦᠷᠢ ᠶᠢ ᠬᠦᠮᠦᠵᠢᠬᠦᠯᠬᠦ ᠪᠠᠷ ᠴᠢᠷᠮᠠᠶᠢᠬᠤ ᠬᠡᠷᠡᠭᠳᠡᠢ᠃

      2. ᠳᠡᠭᠡᠳᠣ ᠳᠣᠮᠳᠠᠳᠣ ᠶᠢᠨ ᠠᠮᠢᠳᠣ ᠪᠣᠳᠠᠰ ᠤᠨ ᠬᠢᠴᠢᠶᠡᠯ ᠤᠨ ᠳᠠᠩᠬᠢᠮ ᠤᠨ ᠵᠢᠭᠠᠨ ᠰᠣᠷᠭᠠᠯᠲᠠ ᠳᠤ

ᠰᠢᠨᠵᠢᠯᠡᠬᠦ ᠣᠬᠠᠭᠠᠨᠴᠢ ᠰᠡᠳᠬᠢᠬᠦᠢ ᠶᠢ ᠬᠦᠮᠦᠵᠢᠬᠦᠯᠬᠦ ᠠᠷᠭ᠎ᠠ ᠠᠪᠴᠠᠯ

      2.1 ᠳᠣᠬᠢᠷᠠᠮᠵᠢᠳᠡᠢ ᠠᠰᠠᠭᠤᠳᠠᠯ ᠤᠨ ᠣᠷᠴᠢᠨ ᠢ ᠪᠣᠢ ᠪᠣᠯᠭᠠᠵᠣ᠂ ᠠᠮᠢᠳᠣᠯᠢᠭ ᠰᠡᠳᠬᠢᠬᠦᠯᠬᠦ

      ᠰᠣᠷᠣᠭᠴᠢᠳ ᠤᠨ ᠰᠢᠨᠵᠢᠯᠡᠬᠦ ᠣᠬᠠᠭᠠᠨᠴᠢ ᠰᠡᠳᠬᠢᠬᠦᠢ ᠶᠢ ᠬᠦᠮᠦᠵᠢᠬᠦᠯᠬᠦ ᠶᠢᠨ ᠳᠦᠯᠦᠭᠡ᠂

ᠰᠡᠳᠬᠢᠬᠦᠢ ᠶᠢ ᠨᠢ ᠭᠦᠭᠵᠢᠭᠡᠨ ᠨᠡᠯᠢᠶᠡᠳ ᠰᠠᠶᠢᠨ ᠰᠡᠳᠬᠢᠬᠦᠢ ᠶᠢᠨ ᠳᠦᠯᠦᠪ ᠲᠠᠢ ᠪᠣᠯᠭᠠᠬᠤ ᠨᠢ ᠴᠢᠬᠤᠯᠠ ᠤᠷᠢᠳᠠᠴᠢ

ᠨᠦᠬᠦᠴᠡᠯ ᠮᠦᠨ᠃ ᠡᠭᠦᠨ ᠢ ᠪᠡᠶᠡᠯᠡᠬᠦᠯᠬᠦ ᠳᠤ ᠪᠠᠭᠰᠢ ᠠᠴᠠ ᠠᠰᠠᠭᠤᠳᠠᠯ ᠤᠨ ᠣᠷᠴᠢᠨ ᠢ ᠰᠠᠶᠢᠨ ᠪᠡᠯᠡᠳᠬᠡᠵᠦ᠂

ᠠᠰᠠᠭᠤᠳᠠᠯ ᠤᠨ ᠣᠷᠴᠢᠨ ᠢ ᠠᠰᠢᠭᠯᠠᠨ᠂ ᠰᠣᠷᠣᠭᠴᠢᠳ ᠤᠨ ᠰᠡᠳᠬᠢᠭᠦᠢ ᠶᠢ ᠨᠢ ᠰᠡᠩᠬᠡᠷᠡᠬᠦᠯᠵᠦ ᠪᠣᠯᠬᠤ ᠮᠦᠷᠲᠡᠭᠡᠨ

ᠵᠠᠷᠢᠮ ᠮᠡᠳᠡᠯᠭᠡ ᠶᠢ ᠲᠠᠨᠢᠨ ᠮᠡᠳᠡᠷᠡᠬᠦ ᠪᠣᠯᠭᠠᠵᠣ᠂ ᠲᠠᠷᠠᠭᠠᠴᠢ ᠶᠢᠨ ᠰᠣᠷᠣᠯᠴᠠᠯᠭ᠎ᠠ ᠳᠤ ᠰᠠᠭᠤᠷᠢ ᠲᠠᠯᠪᠢᠵᠤ          

ᠪᠣᠯᠣᠨ᠎ᠠ᠃

      ︽ATP ᠤᠨ ᠭᠤᠣᠯ ᠢᠷᠡᠯᠳᠡ — ᠡᠰ ᠤᠨ ᠠᠮᠢᠰᠬᠤᠯ︾ ᠢᠶᠠᠷ ᠵᠢᠱᠢᠶᠡᠯᠡᠪᠡᠯ᠂ ᠵᠢᠭᠠᠨ

ᠰᠣᠷᠭᠠᠯᠲᠠ ᠶᠢᠨ ᠶᠠᠪᠣᠴᠠ ᠳᠤᠮᠳᠠ ᠪᠠᠨ ᠵᠠᠷᠢᠮ ᠡᠰ ᠤᠨ ᠠᠮᠢᠰᠬᠤᠯ ᠲᠠᠢ ᠬᠠᠮᠢᠶ᠎ᠠ ᠪᠦᠬᠦᠢ ᠦᠵᠡᠭᠳᠡᠯ ᠢ ᠠᠰᠢᠭᠯᠠᠨ᠂

ᠠᠰᠠᠭᠤᠳᠠᠯ ᠤᠨ ᠣᠷᠴᠢᠨ ᠢ ᠪᠠᠶᠢᠭᠤᠯᠵᠣ ᠪᠣᠯᠣᠨ᠎ᠠ᠃ ① ᠨᠡᠯᠢᠶᠡᠳ ᠣᠷᠲᠣ ᠬᠤᠭᠤᠴᠠᠭ᠎ᠠ ᠬᠠᠳᠠᠭᠠᠯᠠᠭᠰᠠᠨ

ᠠᠯᠮᠣᠷᠠᠳ ᠠᠴᠠ ᠶᠠᠮᠠᠷ ᠦᠨᠦᠷ ᠦᠨᠦᠷᠳᠦᠭᠳᠡᠭᠦ ᠪᠣᠢ︖ ② ᠰᠢᠷᠦᠬᠦᠨ ᠬᠦᠳᠡᠯᠭᠡᠭᠡᠨ ᠬᠢᠭᠰᠡᠨ ᠤ ᠳᠠᠷᠠᠭ᠎ᠠ ᠠᠷᠤᠭ

ᠶᠠᠰᠣᠨ ᠤ ᠪᠣᠯᠴᠢᠩ ᠳᠤ ᠶᠠᠮᠠᠷ ᠮᠡᠳᠡᠷᠡᠮᠵᠢ ᠲᠠᠢ ᠪᠣᠯᠬᠤ ᠪᠣᠢ︖ ③ ᠠᠷᠢᠬᠢ ᠨᠡᠷᠡᠬᠦ ᠳᠤ ᠶᠠᠭᠤᠨ ᠳᠤ ᠨᠢᠭᠲᠠ

ᠪᠢᠳᠡᠬᠦᠮᠵᠢᠯᠡᠬᠦ ᠪᠣᠢ︖ ④ ᠵᠠᠷᠢᠮ ᠳᠡᠭᠡᠳᠦ ᠵᠡᠷᠭᠡ ᠶᠢᠨ ᠣᠷᠭᠤᠮᠠᠯ ᠨᠢ ᠣᠰᠣᠨ ᠳᠤ ᠬᠦᠴᠢᠯᠳᠦ᠋ᠷᠦᠭᠴᠢᠬᠦᠢ

ᠠᠮᠢᠰᠬᠤᠯ ᠬᠢᠵᠦ ᠪᠣᠯᠬᠤ ᠪᠣᠯᠪᠠᠴᠦ ᠤᠰᠤ ᠳᠠᠳᠠᠷᠠᠭᠰᠠᠨ ᠤ ᠳᠠᠷᠠᠭ᠎ᠠ ᠶᠠᠭᠠᠬᠢᠭᠠᠳ ᠠᠮᠠᠷᠬᠠᠨ ᠦᠬᠦᠳᠡᠭ ᠪᠣᠢ︖          

⑤ ᠶᠠᠭᠠᠬᠢᠭᠠᠳ ᠣᠰᠣᠨ ᠳᠣᠳᠣᠷᠭ᠎ᠠ ᠮᠡᠲᠦ ᠶᠢᠨ ᠣᠷᠭᠤᠮᠠᠯ ᠤᠨ ᠦᠨᠳᠦᠰᠦ ᠨᠢ ᠤᠰᠤᠨ ᠳᠤ ᠠᠮᠢᠳᠣᠷᠠᠵᠣ

ᠣᠷᠣᠰᠢᠵᠦ ᠳᠡᠶᠢᠯᠳᠡᠭ ᠪᠣᠢ︖ ᠭᠡᠭᠦ ᠮᠠᠳᠤ ᠶᠢᠨ ᠠᠰᠠᠭᠤᠳᠠᠯ ᠤᠨ ᠲᠤᠬᠠᠢ ᠰᠣᠷᠣᠭᠴᠢᠳ ᠨᠡᠯᠢᠶᠡᠳ ᠪᠠᠯᠠᠷᠬᠠᠢ᠂

ᠮᠠᠳᠠᠭ ᠲᠠᠢ ᠰᠠᠡᠳᠬᠢᠵᠤ᠂ ᠡᠷᠡᠭᠡᠯᠵᠡᠭᠡ ᠲᠠᠢ ᠬᠠᠷᠢᠭᠤᠯᠲᠠ ᠥᠭᠬᠦ ᠮᠠᠭᠠᠳ᠃ ᠡᠨᠡ ᠨᠢ ᠨᠡᠩ ᠢᠯᠡᠬᠦᠦ ᠦᠪᠡᠷ ᠢᠶᠠᠨ

ᠣᠶᠢᠯᠠᠭᠠᠨ᠎ᠠ ᠮᠡᠳᠡᠨ᠎ᠡ ᠭᠡᠰᠡᠨ ᠬᠦᠰᠡᠯ ᠳᠦᠷᠦᠭᠳᠡᠬᠦᠯᠭᠦ ᠪᠣᠯᠣᠨ᠎ᠠ᠃ ᠡᠭᠦᠨ ᠢᠶᠠᠷ ᠳᠠᠮᠵᠢᠨ ᠲᠡᠳᠡᠨ ᠤ ᠰᠡᠳᠬᠢᠬᠦᠢ ᠶᠢᠨ

ᠠᠵᠢᠯᠯᠠᠭ᠎ᠠ ᠶᠢ ᠬᠦᠭᠵᠢᠭᠡᠵᠦ᠂ ᠰᠢᠨᠵᠢᠯᠡᠬᠦ ᠣᠬᠠᠭᠠᠨᠴᠢ ᠰᠡᠳᠬᠢᠬᠦᠢ ᠶᠢᠨ ᠬᠦᠭᠵᠢᠯᠲᠡ ᠳᠤ ᠠᠰᠢᠭᠲᠠᠢ ᠨᠦᠯᠦᠭᠡ

ᠪᠤᠯᠭᠠᠵᠤ ᠪᠣᠯᠣᠨ᠎ᠠ᠃

      2.2 ᠳᠣᠷᠰᠢᠯᠲᠠ ᠬᠢᠯᠭᠡᠬᠦ ᠪᠠᠷ ᠳᠠᠮᠵᠢᠨ ᠰᠡᠳᠬᠢᠬᠦ ᠴᠢᠳᠠᠪᠦᠷᠢ ᠶᠢ ᠨᠢ ᠪᠣᠯᠪᠠᠰᠣᠷᠠᠭᠤᠯᠬᠤ

      ᠠᠮᠢᠳᠣ ᠪᠣᠳᠠᠰ ᠤᠨ ᠬᠢᠴᠢᠶᠡᠯᠯᠡᠭᠡ ᠳᠤ᠂ ᠮᠡᠳᠡᠯᠭᠡ ᠴᠣᠭᠴᠠᠯᠠᠬᠤ ᠪᠠ ᠰᠦᠪᠡᠭᠴᠢᠯᠡᠬᠦ  ᠳᠤ ᠳᠣᠷᠰᠢᠯᠲᠠ

ᠶᠡᠷᠦ ᠨᠢ ᠳᠣᠳᠠᠭᠳᠠᠵᠣ ᠪᠣᠯᠣᠰᠢ ᠦᠭᠡᠢ ᠪᠠᠶᠢᠳᠠᠭ᠃ ᠰᠦᠪᠡᠭᠴᠢᠯᠡᠬᠦ ᠳᠣᠷᠰᠢᠯᠲᠠ ᠬᠢᠬᠦ ᠨᠢ ᠨᠡᠩ ᠦᠷ᠎ᠡ

ᠠᠰᠢᠭ ᠲᠠᠢ ᠪᠠᠷ ᠰᠣᠷᠣᠭᠴᠢ ᠶᠢᠨ ᠯᠣᠬᠢᠭ ᠰᠡᠳᠬᠢᠬᠦᠢ ᠪᠠ ᠡᠭᠦᠳᠤᠨ ᠪᠦᠳᠦᠭᠡᠯᠴᠢ ᠰᠡᠳᠬᠢᠬᠦᠢ ᠶᠢ

ᠪᠣᠯᠪᠠᠰᠣᠷᠠᠭᠤᠯᠬᠤ ᠳᠤ ᠠᠰᠢᠭᠲᠠᠢ᠃ ᠡᠶᠢᠮᠦ ᠠᠴᠠ ᠪᠠᠭᠰᠢ ᠠᠴᠠ ᠰᠣᠷᠣᠭᠴᠢ ᠳᠤ ᠳᠣᠷᠰᠢᠯᠲᠠ ᠶᠢᠨ ᠨᠦᠬᠦᠴᠡᠯ

ᠬᠠᠩᠭᠠᠵᠣ᠂ ᠳᠣᠷᠰᠢᠯᠲᠡ ᠶᠢᠨ ᠬᠦᠳᠡᠯᠭᠡᠭᠡᠨ ᠳᠠᠬᠢ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ          

ᠬᠡᠷᠡᠭᠳᠡᠢ᠃ ᠢᠩᠬᠢᠪᠡᠯ ᠰᠠᠶ᠋ᠢ ᠠᠮᠢᠳᠣ ᠪᠣᠳᠠᠰ ᠤᠨ ᠳᠣᠷᠰᠢᠯᠲᠡ ᠶᠢᠨ ᠦᠢᠯᠡᠳᠦᠯ ᠢ ᠪᠠᠳᠠᠷᠠᠭᠤᠯᠵᠣ ᠳᠡᠶᠢᠯᠦᠨ᠎ᠡ᠃

      ︽ᠢᠰᠭᠡᠬᠦᠷ ᠤᠨ ᠢᠳᠡᠪᠬᠢ ᠴᠢᠨᠠᠷ ᠢ ᠨᠦᠯᠦᠬᠡᠯᠡᠬᠦ ᠬᠦᠴᠦᠨ ᠵᠦᠢᠯ ᠢ ᠰᠦᠪᠡᠭᠴᠢᠯᠡᠬᠦ︾ ᠳᠣᠷᠰᠢᠯᠲᠠ ᠪᠠᠷ

ᠵᠢᠱᠢᠶᠡᠯᠡᠪᠡᠯ᠂ ᠳᠣᠷᠰᠢᠯᠲᠡ ᠶᠢᠨ ᠡᠮᠦᠨ᠎ᠡ 3% ᠶᠢᠨ ᠴᠠᠷᠳᠠᠭᠤᠯ ᠤᠨ ᠠᠭᠤᠰᠣᠮᠠᠯ᠂ ᠮᠦᠰᠦ᠂ ᠬᠠᠯᠠᠭᠤᠨ ᠤᠰᠤ᠂

ᠬᠤᠷᠣᠭᠤ ᠰᠢᠯ᠂ ᠬᠠᠯᠠᠭᠠᠯᠲᠠ ᠶᠢᠨ ᠴᠣᠮᠣ᠂ ᠶᠠᠨᠳᠠᠭ᠎ᠠ᠂ ᠰᠫᠢᠷᠲ ᠳ᠋ᠸᠡᠭ᠂ ᠰᠢᠷᠪᠣᠰᠣᠨ ᠴᠢᠯᠠᠭᠤᠨ ᠲᠣᠣᠷ ᠵᠡᠷᠭᠡ

ᠳᠣᠷᠰᠢᠯᠲᠠ ᠳᠤ ᠬᠡᠷᠡᠭᠯᠡᠵᠦ ᠮᠡᠳᠡᠬᠦ ᠪᠠᠭᠠᠵᠢ ᠶᠢ ᠬᠠᠩᠭᠠᠵᠣ᠂ ᠲᠡᠳᠡᠨ ᠢᠶᠠᠷ ᠰᠣᠩᠭᠤᠯᠲᠠ ᠬᠢᠯᠭᠡᠵᠦ          

ᠪᠣᠯᠣᠨ᠎ᠠ᠃ ᠳᠠᠷᠠᠭ᠎ᠠ ᠨᠢ ᠰᠣᠷᠣᠭᠴᠢ ᠶᠢ ᠣᠳᠣᠷᠢᠳᠣᠨ᠂ ᠰᠣᠷᠣᠭᠰᠠᠨ ᠮᠡᠳᠡᠯᠭᠡ ᠲᠠᠢ ᠪᠠᠨ ᠣᠶᠠᠯᠳᠣᠭᠤᠯᠣᠨ

ᠳᠣᠷᠰᠢᠯᠲᠠ ᠶᠢᠨ ᠳ᠋ᠦᠩ ᠢ ᠰᠡᠳᠬᠢᠬᠦᠯᠵᠦ ᠪᠣᠯᠣᠨ᠎ᠠ᠃ ᠪᠠᠰᠠ ᠳᠣᠷᠰᠢᠯᠲᠠ ᠶᠢᠨ ᠵᠣᠷᠢᠯᠭ᠎ᠠ ᠳᠤ ᠪᠠᠨ ᠬᠦᠷᠬᠦ ᠶᠢᠨ

ᠳᠦᠯᠦᠭᠡ ᠳᠣᠷᠰᠢᠯᠲᠠ ᠶᠢᠨ ᠣᠭ ᠶᠤᠰᠤ ᠶᠢ ᠰᠢᠭᠤᠳ ᠬᠡᠯᠡᠵᠦ ᠥᠭᠬᠦ ᠦᠭᠡᠢ ᠪᠠᠷ ᠲᠡᠳᠡᠨ ᠢᠶᠠᠷ ᠰᠡᠳᠬᠢᠬᠦᠯᠵᠦ᠂

ᠳᠣᠷᠰᠢᠯᠲᠠ ᠶᠢ ᠦᠪᠡᠷ ᠢᠶᠠᠷ ᠨᠢ ᠳᠦᠰᠦᠪᠯᠡᠬᠦᠯᠬᠦ ᠪᠠ ᠶᠠᠪᠣᠴᠠ ᠶᠢ ᠵᠣᠷᠢᠭ ᠲᠠᠢ ᠪᠠᠷ ᠳᠣᠷᠰᠢᠵᠦ ᠦᠵᠡᠬᠦᠯᠵᠦ

ᠪᠣᠯᠣᠨ᠎ᠠ᠃ ᠳᠣᠷᠰᠢᠯᠲᠡ ᠶᠢᠨ ᠦᠵᠡᠭᠳᠡᠯ ᠪᠠ ᠳᠣᠷᠰᠢᠯᠲᠡ ᠶᠢᠨ ᠲᠤᠭ᠎ᠠ ᠪᠠᠷᠢᠮᠳᠠ ᠶᠢ ᠵᠠᠳᠠᠯᠬᠤ ᠪᠠ ᠶᠠᠷᠢᠯᠴᠠᠬᠤ

ᠵᠢᠴᠢ ᠳᠣᠭᠤᠶᠢᠯᠠᠩ ᠤᠨ ᠬᠤᠭᠤᠷᠣᠨᠳᠣ ᠪᠠᠨ ᠳᠣᠷᠰᠢᠯᠲᠡ ᠶᠢᠨ ᠦᠷ᠎ᠡ ᠳ᠋ᠦᠩ ᠢᠶᠠᠨ ᠰᠣᠯᠢᠯᠴᠠᠬᠤ ᠪᠠᠷ ᠳᠠᠮᠵᠢᠨ

ᠳᠣᠯᠠᠭᠠᠴᠠ ᠨᠢ 60 ᠭᠷᠠᠳᠦ᠋ᠰ ᠤᠨ ᠦᠶᠡᠰ ᠢᠰᠭᠡᠬᠦᠷ ᠤᠨ ᠢᠳᠡᠪᠬᠢ ᠴᠢᠨᠠᠷ ᠨᠢ ᠪᠠᠭᠤᠷᠠᠨ᠎ᠠ ᠭᠡᠳᠡᠭ ᠢ

ᠦᠪᠡᠷᠰᠡᠳ ᠢᠶᠠᠨ ᠳᠣᠷᠰᠢᠵᠦ ᠮᠡᠳᠡᠵᠦ ᠪᠣᠯᠣᠨ᠎ᠠ᠃ ᠡ᠊ᠨᠡ ᠭᠦ ᠠᠷᠭ᠎ᠠ  ᠨᠢ ᠰᠣᠷᠣᠭᠴᠢ ᠶᠢᠨ ᠦᠨᠳᠦᠰᠦᠨ ᠮᠡᠳᠡᠯᠭᠡ ᠶᠢ

ᠣᠶᠢᠯᠠᠭᠠᠬᠤ ᠪᠠ ᠴᠢᠩᠭ᠎ᠠ ᠨᠢᠮᠪᠠᠢ ᠪᠠᠷ ᠠᠮᠢᠳᠣ ᠪᠣᠳᠠᠰ ᠤᠨ ᠠᠰᠠᠭᠤᠳᠠᠯ ᠢ ᠰᠡᠳᠬᠢᠬᠦ ᠴᠢᠳᠠᠪᠦᠷᠢ ᠶᠢ ᠨᠢ

ᠪᠣᠯᠪᠠᠰᠣᠷᠠᠭᠤᠯᠵᠣ ᠪᠣᠯᠣᠨ᠎ᠠ᠃

      2.3 ᠰᠢᠨᠵᠢᠯᠡᠬᠦ ᠤᠬᠠᠭᠠᠨ ᠤ ᠳᠡᠦᠬᠡ ᠲᠠᠢ ᠣᠶᠠᠯᠳᠣᠭᠤᠯᠣᠨ ᠰᠢᠨᠵᠢᠯᠡᠬᠦ ᠣᠬᠠᠭᠠᠨᠴᠢ ᠣᠪᠣᠷ ᠢ

ᠬᠦᠮᠦᠵᠢᠬᠦᠯᠬᠦ

      ᠠᠮᠢᠳᠣ ᠪᠣᠳᠠᠰ ᠤᠨ ᠰᠢᠨᠵᠢᠯᠡᠬᠦ ᠤᠬᠠᠭᠠᠨ ᠨᠢ ᠰᠢᠨᠵᠢᠯᠡᠬᠦ ᠣᠬᠠᠭᠠᠨᠳᠠᠳ ᠪᠠ ᠬᠦᠮᠦᠨ ᠳᠦᠷᠦᠯᠬᠢᠳᠡᠨ ᠤ

ᠨᠡᠶᠢᠭᠡᠮ ᠤᠨ ᠳᠠᠰᠣᠷᠠᠯᠲᠠ ᠦᠭᠡᠢ ᠰᠡᠵᠢᠭᠯᠡᠨ ᠳᠠᠭᠠᠪᠦᠷᠢᠯᠠᠬᠤ ᠪᠠ ᠰᠢᠨ᠎ᠡ ᠳᠠᠨᠢᠯᠳᠡ ᠪᠦᠷᠢᠯᠳᠦᠬᠦ ᠶᠠᠪᠣᠴᠠ ᠶᠢᠨ

ᠳᠣᠮᠳᠠ ᠬᠦᠭᠵᠢᠨ ᠪᠣᠵᠠᠭᠠᠶᠢᠷᠠᠵᠣ ᠢᠷᠡᠭᠰᠡᠨ ᠶᠤᠮ᠃ ᠡᠶᠢᠮᠦ ᠠᠴᠠ ᠪᠠᠭᠰᠢ ᠠᠴᠠ ᠵᠢᠭᠠᠨ ᠰᠣᠷᠭᠠᠯᠲᠠ ᠳᠣᠮᠳᠠ ᠪᠠᠨ

ᠠᠮᠢᠳᠣ ᠪᠣᠳᠠᠰ ᠤᠨ ᠰᠢᠨᠵᠢᠯᠡᠬᠦ ᠣᠬᠠᠭᠠᠨ ᠤ ᠳᠡᠦᠬᠡ ᠶᠢ ᠲᠠᠲᠠᠨ ᠣᠷᠣᠭᠤᠯᠬᠤ ᠨᠢ ᠰᠣᠷᠣᠭᠴᠢᠳ ᠤᠨ ᠰᠢᠨᠵᠢᠯᠡᠬᠦ

ᠣᠬᠠᠭᠠᠨ ᠤ ᠰᠦᠪᠡᠭᠴᠢᠯᠡᠯ ᠦᠩᠭᠡᠷᠡᠯᠳᠡ ᠶᠢ ᠠᠩᠬ᠎ᠠ ᠠᠯᠬᠤᠮ ᠣᠶᠢᠯᠠᠭᠠᠵᠣ᠂ ᠦᠯᠦ ᠮᠠᠳᠡᠭᠳᠡᠮ᠎ᠠ ᠶᠢᠨ ᠳᠣᠮᠳᠠ

ᠰᠢᠨᠵᠢᠯᠡᠬᠦ ᠣᠬᠠᠭᠠᠨᠴᠢ ᠣᠪᠣᠷ ᠢ ᠨᠢ ᠬᠦᠮᠦᠵᠢᠬᠦᠯᠬᠦ ᠪᠣᠯᠣᠨ᠎ᠠ᠃ ᠵᠢᠱᠢᠶᠡᠯᠡᠪᠡᠯ᠂ ᠡᠰ ᠤᠨ ᠲᠤᠬᠠᠢ ᠬᠠᠮᠢᠶ᠎ᠠ ᠪᠦᠬᠦᠢ

ᠮᠡᠳᠡᠯᠭᠡ ᠲᠠᠢ ᠣᠶᠠᠯᠳᠣᠭᠤᠯᠣᠨ᠂ ᠡᠰ ᠤᠨ ᠰᠣᠳᠣᠯᠭᠠᠨ ᠤ ᠬᠦᠭᠵᠢᠯᠳᠡ ᠶᠢᠨ ᠲᠡᠦᠬᠡ ᠶᠢ ᠳᠦᠬᠦᠮ ᠳᠣᠭᠠᠴᠢᠵᠦ

ᠪᠣᠯᠣᠨ᠎ᠠ᠃ ① ︽ᠡᠰ ᠤᠨ ᠰᠣᠷᠭᠠᠯ︾ ᠪᠠᠶᠢᠭᠤᠯᠣᠭᠳᠠᠬᠤ ᠡᠬᠢᠨ ᠤ ᠬᠤᠭᠤᠴᠠᠭ᠎ᠠ᠄ 1665 ᠣᠨ ᠳᠤ᠂ ᠡᠾᠦ᠋ᠺ᠂

ᠠᠩᠬ᠎ᠠ ᠤᠳᠠᠭ᠎ᠠ ᠣᠷᠭᠤᠮᠠᠯ ᠤᠨ ᠡᠰ ᠢ ᠢᠯᠡᠷᠡᠬᠦᠯᠦᠭᠰᠡᠨ᠃ 1684 ᠣᠨ ᠳᠤ ᠯᠸᠧᠦ᠋ᠸᠧᠨ ᠡᠾᠦ᠋ᠺ᠂ ᠤᠯᠠᠭᠠᠨ

ᠡᠰ ᠢ ᠳᠦᠷᠰᠦᠯᠡᠵᠡᠢ᠃ ᠡᠭᠦᠨ ᠠᠴᠠ ᠰᠡᠭᠦᠯᠡᠷ ᠪᠠᠰᠠ ᠣᠯᠠᠨ ᠰᠢᠨᠵᠢᠯᠡᠬᠦ ᠣᠬᠠᠭᠠᠨᠲᠠᠨ ᠡᠰ ᠤᠨ ᠰᠣᠷᠭᠠᠯ ᠤᠨ

ᠪᠠᠶᠢᠭᠤᠯᠣᠭᠳᠠᠬᠤ ᠳᠤ ᠳᠦᠯᠬᠢᠴᠡ ᠦᠢᠯᠡᠳᠦᠯ ᠦᠵᠡᠬᠦᠯᠦᠭᠰᠡᠨ ᠪᠠᠶᠢᠨ᠎ᠠ᠃ ② ᠪᠠᠶᠢᠭᠤᠯᠣᠭᠳᠠᠬᠤ ᠱᠠᠳᠣ᠄

1883 ᠣᠨ ᠳᠤ᠂ ᠱᠯᠧᠳᠧᠨ᠂ ᠡᠰ ᠪᠣᠯ ᠠᠯᠢᠪᠠ ᠣᠷᠭᠤᠮᠠᠯ ᠤᠨ ᠦᠨᠳᠦᠰᠦᠨ ᠪᠦᠳᠦᠴᠡ ᠪᠣᠯᠣᠨ᠎ᠠ ᠭᠡᠵᠦ

ᠳᠣᠷᠠᠳᠴᠠᠢ᠃ ᠳᠠᠷᠠᠭ᠎ᠠ ᠵᠢᠯ ᠨᠢ ᠱᠸᠠᠨ᠂ ᠱᠯᠧᠳᠧᠨ ᠤ ᠰᠡᠩᠬᠡᠷᠡᠬᠦᠯᠦᠯ ᠳᠣᠣᠷ᠎ᠠ᠂ ᠦᠪᠡᠷ ᠤᠨ ᠰᠣᠳᠣᠯᠭᠠᠨ ᠤ

ᠦᠷ᠎ᠡ ᠪᠦᠳᠦᠭᠡᠯ ᠲᠠᠢ ᠪᠠᠨ ᠣᠶᠠᠯᠳᠣᠭᠤᠯᠣᠨ ᠪᠣᠢ ᠪᠦᠬᠦᠢ ᠠᠮᠢᠳᠣ ᠪᠣᠳᠠᠰ ᠡᠰ ᠢᠶᠠᠷ ᠪᠦᠷᠢᠯᠳᠦᠭᠰᠡᠨ ᠢ ᠳᠣᠷᠠᠳᠴᠦ᠂

ᠡᠭᠦᠨ ᠠᠴᠠ ᠪᠣᠯᠵᠣ ᠡᠰ ᠤᠨ ᠰᠣᠷᠭᠠᠯ ᠪᠠᠶᠢᠭᠤᠯᠣᠭᠳᠠᠵᠠᠢ᠃ ③ ᠳᠡᠬᠦᠯᠳᠡᠷᠵᠢᠬᠦᠯᠦᠭᠰᠡᠨ ᠱᠠᠳᠣ᠄ 19 ᠳ᠋ᠤᠭᠡᠷ

ᠵᠠᠭᠤᠨ ᠤ ᠳᠦᠴᠢᠭᠡᠳ ᠣᠨ ᠳᠤ᠂ ᠬᠦᠮᠦᠰ ᠤᠨ ᠳᠠᠰᠣᠷᠠᠯᠲᠠ ᠦᠭᠡᠢ ᠰᠤᠳᠤᠯᠤᠭᠰᠠᠨ ᠤ ᠳ᠋ᠦᠡᠭ ᠳᠤ᠂

ᠣᠷᠢᠳᠣ ᠶᠢᠨ ᠬᠦᠮᠦᠰ ᠤᠨ ᠳᠣᠷᠠᠳᠣᠭᠰᠠᠨ ︽ᠡᠰ ᠤᠨ ᠰᠣᠷᠭᠠᠯ︾ ᠳᠠᠬᠢ ᠵᠠᠷᠢᠮ ᠡ᠊ᠨᠳᠡᠬᠦᠦ ᠪᠣᠷᠣᠭᠤ ᠦᠵᠡᠯᠳᠡ ᠶᠢ

ᠵᠠᠰᠠᠪᠦᠷᠢᠯᠠᠭᠰᠠᠨ ᠪᠠᠶᠢᠨ᠎ᠠ᠃ ᠡᠳᠡᠭᠡᠷ ᠢ ᠮᠡᠳᠡᠬᠦᠯᠬᠦ ᠶᠢᠨ ᠳᠣᠮᠳᠠ ᠠᠴᠠ ᠰᠢᠨᠵᠢᠯᠡᠬᠦ ᠣᠬᠠᠭᠠᠨ ᠤ ᠮᠡᠳᠡᠯᠭᠡ ᠨᠢ

ᠰᠡᠵᠢᠭᠯᠡᠯ ᠳᠠᠭᠠᠮᠠᠭᠯᠠᠯ ᠤᠨ ᠳᠣᠮᠳᠠ ᠳᠠᠰᠣᠷᠠᠯᠲᠠ ᠦᠭᠡᠢ ᠬᠦᠭᠵᠢᠵᠦ ᠢᠷᠡᠭᠰᠡᠨ ᠭᠡᠳᠡᠭ ᠢ ᠰᠤᠷᠤᠭᠴᠢᠳ ᠲᠤ

ᠣᠶᠢᠯᠠᠭᠠᠭᠤᠯᠵᠣ ᠪᠣᠯᠣᠨ᠎ᠠ᠃

      2.4 ᠠᠮᠢᠳᠣᠷᠠᠯ ᠦᠢᠯᠡᠳᠦᠯᠭᠡ ᠶᠢ ᠴᠢᠬᠤᠯᠠᠴᠢᠯᠠᠨ᠂ ᠰᠠᠳᠡᠷᠡᠮᠡᠯ ᠰᠡᠳᠬᠢᠬᠦᠢ ᠶᠢ ᠬᠦᠭᠵᠢᠬᠦᠯᠬᠦ

      ᠠᠮᠢᠳᠣ ᠪᠣᠳᠠᠰ ᠤᠨ ᠮᠡᠳᠡᠯᠭᠡ ᠨᠢ ᠪᠣᠳᠠᠳᠣ ᠠᠮᠢᠳᠣᠷᠠᠯ ᠲᠠᠢ ᠨᠢᠭᠲᠠ ᠬᠠᠷᠢᠴᠠᠭ᠎ᠠ ᠬᠤᠯᠪᠣᠭ᠎ᠠ ᠲᠠᠢ          

ᠪᠠᠶᠢᠳᠠᠭ᠃ ᠡᠶᠢᠮᠦ ᠠᠴᠠ ᠰᠢᠨᠵᠢᠯᠡᠬᠦ ᠤᠬᠠᠭᠠᠨᠴᠢ ᠰᠡᠳᠬᠢᠬᠦᠢ ᠶᠢ ᠬᠦᠮᠦᠵᠢᠬᠦᠯᠬᠦ ᠳᠤ᠂ ᠬᠢᠴᠢᠶᠡᠯ ᠤᠨ ᠳᠠᠩᠬᠢᠮ ᠤᠨ

ᠬᠢᠵᠠᠭᠠᠷᠯᠠᠯ ᠢ ᠳᠠᠪᠠᠵᠣ᠂ ᠴᠠᠭ ᠲᠤᠬᠠᠢ ᠳᠤ ᠨᠢ ᠠᠮᠢᠳᠣᠷᠠᠯ ᠲᠠᠢ ᠣᠶᠢᠷᠠᠳᠣᠭᠰᠠᠨ ᠳᠠᠰᠬᠠᠯ ᠳᠠᠭᠠᠭᠠᠯᠭᠠᠪᠦᠷᠢ

ᠦᠯᠡᠳᠡᠭᠡᠵᠦ ᠪᠤᠯᠤᠨ᠎ᠠ᠂ ᠢᠩᠬᠢᠬᠦ ᠪᠠᠷ ᠳᠠᠮᠵᠢᠨ ᠰᠣᠷᠣᠭᠴᠢᠳ ᠤᠨ ᠰᠠᠳᠡᠷᠡᠮᠡᠯ ᠰᠡᠳᠬᠢᠬᠦᠢ ᠪᠠᠷ ᠠᠰᠠᠭᠤᠳᠠᠯ ᠢ

ᠰᠢᠢᠳᠪᠦᠷᠢᠯᠡᠬᠦ ᠴᠢᠳᠠᠪᠦᠷᠢ ᠶᠢ ᠨᠢ ᠳᠠᠪᠳᠠᠨ ᠪᠣᠯᠪᠠᠰᠣᠷᠠᠭᠤᠯᠵᠣ ᠪᠣᠯᠣᠨ᠎ᠠ᠃

      ᠵᠢᠱᠢᠶᠡᠯᠡᠪᠡᠯ᠂ ᠨᠡᠶᠢᠭᠡᠮ ᠤᠨ ᠪᠠᠶᠢᠴᠠᠭᠠᠯᠲᠠ ᠬᠢᠬᠦ ᠪᠣᠯ ᠴᠢᠬᠤᠯᠠ ᠨᠢᠭᠡ ᠵᠦᠢᠯ ᠤᠨ ᠦᠢᠯᠡᠳᠦᠯᠭᠡ ᠶᠢᠨ          

ᠠᠷᠭ᠎ᠠ ᠠᠪᠴᠠᠯ ᠮᠦᠨ᠃ ᠳᠡᠭᠡᠳᠦ ᠳᠣᠮᠳᠠᠳᠣ ᠶᠢᠨ ᠠᠮᠢᠳᠣ ᠪᠣᠳᠠᠰ ᠤᠨ ᠬᠢᠴᠢᠶᠡᠯ ᠤᠨ ᠪᠢᠴᠢᠭ ᠲᠠᠬᠢ ᠠᠮᠢᠳᠣ          

ᠪᠣᠳᠠᠰ ᠬᠢᠭᠡᠳ ᠮᠡᠷᠭᠡᠵᠢᠯ᠂ ᠠᠮᠢᠳᠣ ᠪᠣᠳᠠᠰ ᠬᠢᠭᠡᠳ ᠣᠷᠴᠢᠨ ᠲᠣᠭᠤᠷᠢᠨ᠂ ᠠᠮᠢᠳᠣ ᠪᠣᠳᠠᠰ ᠬᠢᠭᠡᠳ ᠠᠮᠢᠳᠣᠷᠠᠯ᠂

ᠠᠮᠢᠳᠣ ᠪᠣᠳᠠᠰ ᠬᠢᠭᠡᠳ ᠡᠷᠡᠬᠦᠯ ᠴᠢᠬᠢᠷᠠᠭ ᠵᠡᠷᠭᠡ ᠭᠤᠣᠯ ᠰᠡᠳᠦᠪ ᠨᠢ ᠴᠦᠮ ᠠᠮᠢᠳᠣ ᠪᠣᠳᠠᠰ ᠪᠠ ᠠᠮᠢᠳᠣᠷᠠᠯ ᠤᠨ

ᠬᠤᠭᠤᠷᠣᠨᠳᠣᠬᠢ ᠬᠠᠷᠢᠴᠠᠭ᠎ᠠ ᠶᠢ ᠳᠣᠰᠬᠠᠳᠠᠭ᠃ ᠡᠶᠢᠮᠦ ᠠᠴᠠ ᠰᠣᠷᠣᠭᠴᠢᠳ ᠢ ᠳᠣᠭᠤᠶᠢᠯᠠᠩ ᠬᠤᠪᠢᠶᠠᠨ

ᠦᠪᠡᠷ ᠢᠶᠠᠷ ᠨᠢ ᠭᠤᠣᠯ ᠰᠡᠳᠦᠪ ᠠᠴᠠ ᠰᠣᠩᠭᠤᠭᠤᠯᠵᠣ ᠨᠡᠶᠢᠭᠡᠮ ᠤᠨ ᠪᠠᠶᠢᠴᠠᠭᠠᠯᠲᠠ ᠬᠢᠯᠭᠡᠵᠦ                

ᠪᠣᠯᠣᠨ᠎ᠠ᠃ ᠳᠠᠷᠠᠭ᠎ᠠ ᠨᠢ ᠬᠠᠷᠢᠭᠤ ᠮᠡᠳᠡᠬᠦᠯᠦᠯᠳᠡ ᠶᠢᠨ ᠬᠡᠯᠪᠡᠷᠢ ᠪᠠᠷ ᠪᠠᠶᠢᠴᠠᠭᠠᠯᠲᠠ  ᠶᠢᠨ ᠳ᠋ᠦᠩ ᠢᠶᠠᠨ ᠬᠤᠪᠢᠶᠠᠯᠴᠠᠵᠣ

ᠪᠣᠯᠣᠨ᠎ᠠ᠃ ᠡᠶᠢᠮᠦᠷᠬᠦᠦ ᠠᠵᠢᠯᠯᠠᠭᠠᠨ ᠢᠶᠠᠷ ᠳᠠᠮᠵᠢᠨ᠂ ᠰᠣᠷᠣᠭᠴᠢᠳ ᠠᠮᠢᠳᠣᠷᠠᠯ ᠤᠨ ᠦᠢᠯᠡᠳᠦᠯᠭᠡ ᠪᠠᠨ ᠦᠨᠳᠦᠰᠦᠯᠡᠨ

ᠨᠡᠩ ᠣᠯᠠᠨ ᠲᠠᠯ᠎ᠠ ᠪᠠᠷ ᠰᠡᠳᠬᠢᠨ ᠪᠣᠳᠣᠯᠬᠢᠯᠠᠬᠤ ᠶᠢᠨ ᠤᠯᠠᠮ ᠢᠶᠠᠷ ᠰᠡᠳᠬᠢᠬᠦ ᠴᠢᠳᠠᠪᠦᠷᠢ ᠪᠠᠨ ᠬᠦᠮᠦᠵᠢᠬᠦᠯᠵᠦ

ᠪᠣᠯᠣᠨ᠎ᠠ᠃

      ᠬᠤᠷᠢᠶᠠᠩᠭᠤᠶᠢᠯᠠᠪᠠᠯ᠂ ᠰᠢᠨ᠎ᠡ ᠬᠢᠴᠢᠶᠡᠯᠯᠡᠭᠡ ᠶᠢᠨ ᠦᠬᠡᠷᠡᠴᠢᠯᠡᠯᠳᠡ ᠨᠢ ᠰᠣᠷᠣᠭᠴᠢ  ᠶᠢᠨ ᠠᠮᠢᠳᠣ ᠪᠣᠳᠠᠰ ᠤᠨ

ᠮᠠᠳᠠᠯᠭᠡ ᠡᠵᠡᠮᠰᠢᠬᠦ ᠶᠢ ᠱᠠᠭᠠᠷᠳᠠᠬᠤ ᠪᠣᠯᠪᠠᠴᠦ ᠰᠢᠨᠵᠢᠯᠡᠬᠦ ᠤᠬᠠᠭᠠᠨᠴᠢ ᠰᠡᠳᠬᠢᠬᠦᠢ ᠶᠢᠨ ᠬᠦᠭᠵᠢᠯᠳᠡ ᠶᠢ ᠨᠡᠩ

ᠴᠢᠬᠤᠯᠠᠴᠢᠯᠠᠵᠣ ᠪᠣᠢ᠃ ᠳᠡᠭᠡᠳᠦ ᠳᠣᠮᠳᠠᠳᠣ  ᠶᠢᠨ ᠠᠮᠢᠳᠣ ᠪᠣᠳᠠᠰ ᠤᠨ ᠬᠢᠴᠢᠶᠡᠯ ᠤᠨ ᠪᠠᠭᠰᠢ ᠠᠴᠠ ᠬᠢᠴᠢᠶᠡᠯ ᠤᠨ

ᠳᠠᠩᠬᠢᠮ ᠤᠨ ᠵᠢᠭᠠᠨ ᠰᠣᠷᠭᠠᠯᠲᠠ ᠳᠣᠮᠳᠠ ᠰᠣᠷᠣᠭᠴᠢᠳ ᠤᠨ ᠰᠢᠨᠵᠢᠯᠡᠬᠦ ᠣᠬᠠᠭᠠᠨᠴᠢ ᠰᠡᠳᠬᠢᠬᠦᠢ ᠶᠢ

ᠬᠦᠮᠦᠵᠢᠬᠦᠯᠦᠶ᠎ᠡ ᠭᠡᠪᠡᠯ᠂ ᠰᠢᠨ᠎ᠡ ᠰᠡᠪᠡᠭᠦᠨ ᠵᠢᠭᠠᠨ ᠰᠣᠷᠭᠠᠯᠲᠠ ᠶᠢᠨ ᠠᠷᠭ᠎ᠠ ᠶᠢ ᠬᠡᠷᠡᠭᠯᠡᠨ᠂ ᠰᠣᠷᠣᠭᠴᠢᠳ ᠤᠨ

ᠰᠣᠷᠣᠯᠴᠠᠬᠤ ᠣᠷᠮ᠎ᠠ ᠶᠢ ᠬᠦᠭᠵᠢᠭᠡᠬᠦ ᠴᠢᠬᠤᠯᠠᠲᠠᠢ᠃ ᠳᠡᠭᠡᠪᠡᠯ ᠰᠠᠶ᠋ᠢ ᠨᠡᠩ ᠰᠠᠶᠢᠨ ᠢᠶᠠᠷ ᠰᠣᠷᠣᠭᠴᠢᠳ ᠢ ᠪᠠᠶ᠎ᠠ ᠪᠠᠨ

ᠲᠠᠭᠠᠭᠠᠨ ᠰᠣᠷᠣᠯᠴᠠᠬᠤ ᠪᠣᠯᠭᠠᠵᠣ᠂ ᠤᠯᠠᠮ ᠢᠶᠠᠷ ᠰᠣᠷᠣᠭᠴᠢᠳ ᠤᠨ ᠰᠣᠷᠣᠯᠴᠠᠬᠤ ᠦᠷ᠎ᠡ ᠠᠰᠢᠭ ᠢ

ᠳᠡᠭᠡᠭᠰᠢᠯᠡᠬᠦᠯᠵᠦ᠂ ᠲᠡᠳᠡᠨ ᠤ ᠨᠡᠩ ᠰᠠᠶᠢᠨ ᠠᠮᠢᠳᠣ ᠪᠣᠳᠠᠰ ᠤᠨ ᠬᠡᠪ ᠪᠣᠯᠪᠠᠰᠣᠷᠠᠯ ᠲᠠᠢ ᠪᠣᠯᠬᠤ ᠳᠤ            

ᠲᠤᠰᠠᠳᠠᠢ᠃ ᠡᠶᠢᠮᠦ ᠠᠴᠠ ᠰᠣᠷᠣᠭᠴᠢᠳ ᠤᠨ ᠠᠰᠠᠭᠤᠳᠠᠯ ᠢ ᠵᠠᠳᠠᠯᠵᠤ ᠰᠢᠢᠳᠪᠦᠷᠢᠯᠡᠬᠦ ᠰᠡᠳᠬᠢᠬᠦᠢ ᠶᠢᠨ ᠬᠡᠯᠪᠡᠷᠢ ᠪᠠ

ᠰᠡᠳᠬᠢᠬᠦᠢ ᠶᠢᠨ ᠴᠢᠳᠠᠪᠦᠷᠢ ᠶᠢ ᠪᠣᠢ ᠪᠣᠯᠭᠠᠬᠤ ᠶᠢ ᠪᠠᠭᠰᠢ ᠠᠴᠠ ᠵᠢᠯᠣᠭᠤᠳᠣᠨ᠂ ᠰᠣᠷᠣᠭᠴᠢᠳ ᠤᠨ ᠠᠮᠢᠳᠣ

ᠪᠣᠳᠠᠰ ᠤᠨ ᠶᠡᠷᠦᠩᠬᠡᠶᠢᠯᠡᠭᠰᠡᠨ ᠬᠡᠪ ᠪᠣᠯᠪᠠᠰᠣᠷᠠᠯ ᠤᠨ ᠬᠦᠭᠵᠢᠯᠳᠡ ᠶᠢ ᠪᠠᠶᠠᠯᠠᠭᠦᠯᠭᠦ ᠳᠤ ᠪᠠᠭᠰᠢ ᠠᠴᠠ ᠬᠠᠪᠰᠣᠷᠬᠤ

ᠴᠢᠬᠤᠯᠠᠲᠠᠢ᠃

       ᠯᠠᠪᠯᠠᠭᠰᠠᠨ ᠮᠠᠲ᠋ᠧᠷᠢᠶᠠᠯ 

参考.png

       ᠠᠵᠢᠯᠯᠠᠵᠤ ᠪᠠᠶᠢᠭ᠎ᠠ ᠪᠠᠶᠢᠭᠤᠯᠭ᠎ᠠ᠄ 

                           ︵ᠮᠦᠡᠭᠭᠦᠨᠴᠢᠮᠡᠭ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号