ᠬᠤᠩ ᠮᠸᠢ | | | | | ᠰᠢᠨ᠎ᠡ ᠬᠢᠴᠢᠶᠡᠯᠯᠡᠭᠡ ᠶᠢᠨ ᠥᠭᠡᠷᠡᠴᠢᠯᠡᠯᠲᠡ ᠨᠢ ᠰᠤᠷᠤᠭᠴᠢᠳ ᠤᠨ ᠡᠵᠡᠨ ᠮᠡᠳᠡᠨ ᠰᠣᠷᠤᠯᠴᠠᠬᠤ᠂ | ᠰᠦᠪᠡᠭᠴᠢᠯᠡᠨ ᠰᠣᠷᠤᠯᠴᠠᠬᠤ᠂ ᠬᠠᠮᠲᠤᠷᠠᠨ ᠰᠤᠷᠤᠯᠴᠠᠬᠤ ᠶᠢ ᠰᠠᠨᠠᠭᠠᠴᠢᠯᠠᠬᠤ ᠶᠢᠨ ᠬᠠᠮᠲᠤ ᠪᠠᠰᠠ ᠪᠠᠭᠰᠢ ᠨᠠᠷ ᠤᠨ | ᠬᠠᠮᠲᠤᠷᠠᠨ ᠬᠠᠶᠢᠨ ᠰᠦᠪᠡᠭᠴᠢᠯᠡᠵᠦ᠂ ᠰᠤᠳᠤᠯᠤᠨ ᠶᠠᠷᠢᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠬᠠᠮᠲᠤ ᠶᠢᠨ | ᠣᠶᠤᠨ ᠤᠬᠠᠭᠠᠨ ᠤ ᠳᠠᠪᠠᠭᠤᠯᠢᠭ ᠢ ᠪᠠᠳᠠᠷᠠᠭᠤᠯᠬᠤ ᠶᠢ ᠱᠠᠭᠠᠷᠳᠠᠵᠠᠢ᠃ ᠡᠶᠢᠮᠦ ᠠᠴᠠ ᠬᠠᠮᠲᠤ ᠪᠠᠷ ᠬᠢᠴᠢᠶᠡᠯ | ᠪᠡᠯᠡᠳᠬᠡᠬᠦ ᠠᠵᠢᠯᠯᠠᠭ᠎ᠠ ᠶᠢ ᠴᠣᠬᠤᠮ ᠬᠡᠷᠬᠢᠨ ᠦᠷᠨᠢᠭᠦᠯᠪᠡᠯ ᠰᠠᠶ᠋ᠢ ᠦᠨᠡᠨ ᠪᠤᠳᠡᠳᠡᠢ ᠮᠦᠷᠳᠡᠬᠡᠨ ᠦᠨᠳᠦᠷ ᠦᠷ᠎ᠡ | ᠠᠰᠢᠭ ᠤᠯᠵᠣ ᠴᠢᠳᠠᠬᠤ ᠪᠤᠢ︖ ᠬᠡᠳᠡᠭ ᠠᠰᠠᠭᠤᠯᠳᠠ ᠶᠢ ᠪᠠᠭᠰᠢ ᠪᠣᠯᠤᠭᠰᠠᠳ ᠨᠠᠷᠢᠨ ᠲᠤᠩᠭᠠᠵᠤ ᠨᠢᠮᠪᠡᠢ | ᠰᠡᠳᠬᠢᠬᠦ ᠴᠢᠬᠤᠯᠠᠲᠠᠢ ᠪᠠᠶᠢᠨ᠎ᠠ᠃ ᠴᠠᠭ ᠡᠷᠢᠨ ᠤ ᠰᠢᠬᠠᠯᠳᠠ ᠪᠢᠳᠠᠨ ᠤ ᠭᠦᠭᠵᠢᠯᠳᠡ ᠶᠢ ᠤᠷᠠᠶᠢᠯᠠᠵᠤ | ᠪᠠᠶᠢᠨ᠎ᠠ᠃ ᠪᠢᠳᠠ ᠰᠢᠬᠠᠭᠳᠠᠵᠤ ᠪᠠᠶᠢᠭᠠᠳ ᠯᠠ ᠭᠦᠭᠵᠢᠨᠡ᠃ ᠭᠦᠭᠵᠢᠬᠦ ᠦᠭᠡᠢ ᠪᠤᠯ ᠭᠦᠮᠦᠨ ᠠᠴᠠ ᠬᠤᠴᠤᠷᠴᠤ᠂ | ᠲᠡᠤᠭᠡᠨ ᠡᠷᠭᠢᠯᠳᠡ ᠳᠤ ᠬᠠᠶᠠᠭᠳᠠᠨ᠎ᠠ᠃ ᠮᠠᠨ ᠤ ᠲᠡᠭᠡᠳᠦ ᠲᠤᠮᠳᠠᠳᠤ ᠶᠢᠨ ᠪᠠᠭᠰᠢ ᠨᠠᠷ ᠤᠨ ᠤᠷᠤᠯᠳᠤᠯᠭ᠎ᠠ ᠨᠡᠩ | ᠴᠢᠬᠤᠯᠠ ᠠᠴᠠ ᠴᠢᠬᠤᠯᠠ᠃ ᠪᠢᠳᠠ ᠲᠠᠭᠠᠭᠤᠯᠬᠤ ᠦᠢᠯᠡᠳᠦᠯ ᠭᠠᠷᠭᠠᠵᠤ᠂ ᠤᠯᠠᠨ ᠳᠤ ᠦᠯᠢᠭᠡᠷ ᠵᠢᠱᠢᠶ᠎ᠠ | ᠪᠤᠯᠬᠤ ᠪᠠᠷ ᠴᠢᠷᠮᠠᠶᠢᠬᠤ ᠭᠡᠷᠡᠭᠳᠡᠢ ᠪᠠᠶᠢᠨ᠎ᠠ᠃ | ᠨᠢᠭᠡ᠂ ᠬᠠᠮᠳᠤ ᠪᠠᠷ ᠬᠢᠴᠢᠶᠡᠯ ᠪᠡᠯᠡᠳᠬᠡᠬᠦ ᠶᠢᠨ ᠰᠢᠯᠳᠠᠭᠠᠨ | ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠰᠢᠨ᠎ᠡ | ᠬᠢᠴᠢᠶᠡᠯ ᠤᠨ ᠪᠠᠷᠢᠮᠵᠢᠶᠠᠨ ᠤ ᠱᠠᠭᠠᠷᠳᠠᠯᠭ᠎ᠠ᠂ ᠡ᠊ᠩ ᠤᠨ ᠲᠠᠭᠡᠳᠤ ᠰᠤᠷᠭᠠᠭᠤᠯᠢ ᠶᠢᠨ ᠰᠤᠷᠤᠭᠴᠢ ᠡᠯᠰᠠᠭᠦ ᠪᠦᠭᠦ | ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠭᠡᠷᠡᠴᠢᠯᠡᠯᠳᠡ ᠳᠤ ᠵᠤᠬᠢᠴᠠᠭᠤᠯᠤᠨ᠂ ᠬᠠᠮᠳᠤ ᠨᠡᠶᠢᠳᠡ ᠶᠢᠨ | ᠵᠢᠭᠠᠬᠤ ᠶᠢ ᠰᠤᠳᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠭᠰᠢ ᠶᠢᠨ ᠬᠢᠴᠢᠶᠡᠯ ᠪᠡᠯᠡᠳᠬᠡᠬᠦ᠂ ᠬᠢᠴᠢᠶᠡᠯ | ᠤᠷᠤᠬᠤ ᠬᠢᠷᠢ ᠬᠡᠮᠵᠢᠶ᠎ᠡ ᠶᠢ ᠠᠯᠢ ᠲᠦᠷᠭᠡᠨ ᠢᠶᠠᠷ ᠳᠡᠭᠡᠭᠰᠢᠯᠡᠭᠦᠯᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠶᠡᠭᠡ | ᠬᠡᠪᠴᠢᠶ᠎ᠡ ᠪᠠᠷ ᠳᠡᠭᠡᠭᠰᠢᠯᠡᠬᠦᠯᠬᠦ ᠶᠢᠨ ᠲᠦᠯᠦᠭᠡ᠂ ᠬᠠᠮᠳᠤ ᠪᠠᠷ ᠬᠢᠴᠢᠶᠡᠯ ᠪᠡᠯᠡᠳᠬᠡᠬᠦ ᠠᠵᠢᠯᠯᠠᠭᠠᠨ ᠢ ᠦᠨᠳᠦᠷ ᠦᠷ᠎ᠡ | ᠠᠰᠢᠭ ᠲᠠᠢ ᠮᠦᠷᠳᠡᠭᠡᠨ ᠦᠨᠡᠨ ᠪᠤᠳᠠᠳᠠᠢ ᠦᠷᠨᠢᠭᠦᠯᠬᠦ ᠶᠠᠪᠤᠳᠠᠯ ᠪᠠᠴᠢᠮ ᠲᠤᠯᠭᠠᠮ ᠱᠠᠭᠠᠷᠳᠠᠭᠳᠠᠵᠤ ᠪᠠᠶᠢᠨ᠎ᠠ᠃ | ᠬᠤᠶᠠᠷ᠂ ᠬᠠᠮᠳᠤ ᠪᠠᠷ ᠬᠢᠴᠢᠶᠡᠯ ᠪᠡᠯᠡᠳᠬᠡᠬᠦ ᠶᠠᠪᠤᠴᠠ | ᠬᠠᠮᠲᠤ ᠪᠠᠷ ᠬᠢᠴᠢᠶᠡᠯ ᠪᠡᠯᠡᠳᠬᠡᠬᠦ ᠶᠠᠪᠤᠴᠠ ᠳᠤ ᠬᠤᠪᠢ ᠬᠦᠮᠦᠨ ᠭᠤᠤᠯᠯᠠᠨ ᠪᠡᠯᠡᠳᠬᠡᠬᠦ᠂ ᠬᠠᠮᠲᠤ ᠪᠠᠷ | ᠰᠤᠳᠤᠯᠤᠨ ᠶᠠᠷᠢᠯᠴᠠᠬᠤ᠂ ᠵᠢᠭᠠᠨ ᠰᠤᠷᠭᠠᠯᠲᠠ ᠶᠢᠨ ᠲᠦᠰᠦᠪ ᠲᠤ ᠵᠠᠰᠠᠪᠤᠷᠢ ᠣᠷᠣᠭᠤᠯᠬᠤ᠂ ᠪᠡᠯᠡᠳᠬᠡᠭᠴᠢ | ᠬᠢᠴᠢᠶᠡᠯᠯᠡᠭᠡ ᠬᠢᠵᠦ ᠬᠠᠮᠳᠤ ᠪᠠᠷ ᠰᠤᠨᠤᠰᠬᠤ᠂ ᠬᠢᠴᠢᠶᠡᠯ ᠤᠨ ᠳᠠᠷᠠᠭ᠎ᠠ ᠰᠣᠯᠢᠯᠴᠠᠬᠤ ᠵᠡᠷᠭᠡ ᠳᠠᠪᠤᠨ ᠠᠯᠬᠤᠮ | ᠪᠠᠭᠳᠠᠨ᠎ᠠ᠃ | ︵ᠨᠢᠭᠡ︶ ᠬᠤᠪᠢ ᠬᠦᠮᠦᠨ ᠭᠤᠤᠯᠯᠠᠨ ᠪᠡᠯᠡᠳᠬᠡᠬᠦ | ᠬᠢᠴᠢᠶᠡᠯ ᠪᠡᠯᠡᠳᠬᠡᠬᠦ ᠳᠤᠭᠤᠶᠢᠯᠠᠩ ᠤᠨ ᠳᠠᠷᠤᠭ᠎ᠠ ᠠᠴᠠ ᠭᠠᠷᠠᠭ ᠤᠨ ᠡᠮᠦᠨ᠎ᠡ ᠪᠡᠯᠡᠳᠬᠡᠯ ᠠᠵᠢᠯ ᠢᠶᠠᠨ | ᠭᠠᠷᠳᠠᠨ ᠬᠢᠨ᠎ᠡ᠃ | 1. ᠭᠤᠤᠯᠯᠠᠨ ᠪᠡᠯᠡᠳᠬᠡᠬᠦ ᠬᠤᠪᠢ ᠬᠦᠮᠦᠨ ᠢ ᠳᠤᠭᠳᠠᠭᠠᠬᠤ | ︵1︶ ᠰᠢᠪᠠᠭ᠎ᠠ ᠰᠤᠭᠤᠯᠬᠤ ᠬᠡᠯᠪᠡᠷᠢ ᠪᠠᠷ ᠭᠤᠤᠯᠯᠠᠨ ᠪᠡᠯᠡᠳᠬᠡᠬᠦ ᠬᠤᠪᠢ ᠬᠦᠮᠦᠨ ᠢ ᠳᠤᠭᠳᠠᠭᠠᠵᠤ | ᠪᠤᠯᠤᠨ᠎ᠠ᠃ ᠢᠩᠬᠢᠵᠦ ᠳᠤᠭᠳᠠᠭᠠᠬᠤ ᠨᠢ ᠠᠵᠢᠯ ᠳᠤ ᠳᠦᠭᠦᠮ ᠴᠦ ᠪᠠᠰᠠ ᠵᠠᠷᠢᠮ ᠦᠶ᠎ᠡ ᠳᠤ ᠲᠤᠬᠢᠷᠠᠮᠵᠢ ᠦᠭᠡᠢ | ᠪᠠᠶᠢᠳᠠᠭ᠂ ᠵᠢᠱᠢᠶᠡᠯᠡᠪᠡᠯ᠂ ᠠᠩᠬ᠎ᠠ ᠠᠵᠢᠯ ᠤᠨ ᠭᠠᠷᠤᠭ᠎ᠠ ᠪᠠᠨ ᠠᠪᠴᠤ ᠪᠠᠶᠢᠭ᠎ᠠ ᠰᠢᠨ᠎ᠡ ᠪᠠᠭᠰᠢ ᠬᠠᠮᠤᠭ ᠤᠨ | ᠤᠷᠢᠳ ᠢᠶᠠᠷ ᠳᠠᠭᠠᠷᠠᠪᠠᠯ᠂ ᠲᠤᠷᠰᠢᠯᠭ᠎ᠠ ᠳᠤᠳᠠᠮᠠᠭ ᠠᠴᠠ ᠪᠤᠯᠵᠤ ᠠᠩᠬᠠᠨ ᠤ ᠪᠡᠯᠡᠳᠬᠡᠯ ᠤᠨ ᠴᠢᠨᠠᠷ ᠢ ᠪᠠᠳᠤᠯᠠᠬᠤ ᠳᠤ | ᠬᠦᠴᠢᠷᠳᠡᠨ᠎ᠡ᠃ | ︵2︶ ᠬᠢᠴᠢᠶᠡᠯ ᠪᠡᠯᠡᠳᠬᠡᠬᠦ ᠳᠤᠭᠤᠶᠢᠯᠠᠩ ᠤᠨ ᠳᠠᠷᠤᠭ᠎ᠠ ᠠᠴᠠ ᠨᠠᠷᠢᠯᠢᠬ ᠲᠤᠩᠭᠠᠨ ᠨᠢᠮᠪᠠᠢ ᠰᠡᠳᠬᠢᠭᠡᠳ | ᠰᠢᠭᠤᠳ ᠳᠤᠭᠳᠠᠭᠠᠨ᠎ᠠ᠃ ᠢᠩᠬᠢᠵᠦ ᠳᠤᠭᠳᠠᠭᠠᠬᠤ ᠨᠢ ᠵᠤᠬᠢᠬᠤ ᠬᠡᠮᠵᠢᠶᠡᠨ ᠤ ᠬᠢᠵᠠᠭᠠᠷᠳᠠᠮᠠᠯ ᠴᠢᠨᠠᠷ ᠲᠠᠢ | ᠪᠠᠶᠢᠳᠠᠭ᠃ ᠳᠤᠭᠤᠶᠢᠯᠠᠩ ᠤᠨ ᠳᠠᠷᠤᠭ᠎ᠠ ᠶᠢᠨ ᠬᠤᠪᠢ ᠬᠦᠮᠦᠨ ᠤ ᠤᠶᠤᠨ ᠤᠬᠠᠭᠠᠨ ᠳᠤ ᠳᠦᠰᠢᠭᠯᠡᠬᠦ ᠲᠤᠯᠠ᠂ | ᠬᠦᠮᠦᠨ ᠪᠦᠬᠦᠨ ᠳᠤ ᠵᠤᠬᠢᠴᠠᠵᠤ ᠳᠡᠶᠢᠯᠬᠦ ᠦᠭᠡᠢ᠂ ᠰᠠᠨᠠᠯ ᠲᠠᠢ ᠨᠢᠭᠡ ᠨᠢ ᠢᠳᠡᠪᠬᠢᠯᠡᠨ ᠤᠷᠤᠯᠴᠠᠬᠤ ᠦᠭᠡᠢ ᠠᠴᠠ | ᠪᠤᠯᠵᠤ ᠬᠠᠮᠳᠤ ᠪᠠᠷ ᠬᠢᠴᠢᠶᠡᠯ ᠪᠡᠯᠡᠳᠬᠡᠬᠦ ᠴᠢᠨᠠᠷ ᠴᠢᠨᠰᠠᠭ᠎ᠠ ᠶᠢ ᠨᠦᠯᠦᠬᠡᠯᠡᠬᠦ ᠪᠤᠯᠤᠯᠴᠠᠭ᠎ᠠ ᠲᠠᠢ᠃ | ︵3︶ ᠬᠢᠴᠢᠶᠡᠯ ᠪᠡᠯᠡᠳᠬᠡᠬᠦ ᠳᠤᠭᠤᠶᠢᠯᠠᠩ ᠤᠨ ᠭᠡᠰᠢᠭᠦᠳ ᠤᠨ ᠰᠠᠶᠢᠨ ᠳᠤᠷ᠎ᠠ ᠶᠢ ᠦᠨᠳᠦᠰᠦᠯᠡᠨ | ᠠᠷᠠᠳᠴᠢᠯᠠᠯ ᠢᠶᠠᠷ ᠳᠤᠭᠳᠠᠭᠠᠨ᠎ᠠ᠃ ᠢᠩᠬᠢᠵᠦ ᠳᠤᠭᠳᠠᠭᠠᠬᠤ ᠨᠢ ᠬᠦᠮᠦᠡᠯᠢᠭ ᠪᠤᠯᠪᠠᠴᠤ᠂ ᠵᠠᠷᠢᠮ ᠪᠠᠶᠢᠳᠠᠯ ᠳᠤᠤᠷ᠎ᠠ | ᠪᠠᠰᠠ ᠨᠠᠵᠠᠭᠠᠢ ᠦᠵᠡᠭᠳᠡᠯ ᠢᠯᠡᠷᠡᠵᠦ ᠮᠡᠳᠡᠨ᠎ᠡ᠃ ᠬᠡᠷᠪᠡ ᠳᠤᠭᠤᠶᠢᠯᠠᠩ ᠤᠨ ᠪᠠᠭᠰᠢ ᠨᠠᠷ ᠤᠨ ᠢᠳᠡᠪᠬᠢᠵᠢᠯ ᠳᠤᠤᠷ᠎ᠠ | ᠪᠠᠶᠢᠵᠤ᠂ ᠬᠠᠮᠳᠤ ᠪᠠᠷ ᠬᠢᠴᠢᠶᠡᠯ ᠪᠡᠯᠡᠳᠬᠡᠬᠦ ᠠᠵᠢᠯᠯᠠᠭᠠᠨ ᠢ ᠳᠡᠮᠵᠢᠬᠦ ᠦᠭᠡᠢ ᠦᠶ᠎ᠡ ᠳᠤ ᠰᠠᠶᠢᠨ ᠳᠤᠷ᠎ᠠ ᠶᠢᠨ | ᠤᠷᠤᠯᠴᠠᠭᠴᠢ ᠦᠬᠡᠢ ᠪᠤᠯᠬᠤ ᠪᠤᠯᠤᠯᠴᠠᠭ᠎ᠠ ᠲᠠᠢ᠃ | ᠡᠶᠢᠮᠦ ᠠᠴᠠ ᠬᠠᠮᠲᠤ ᠪᠠᠷ ᠬᠢᠴᠢᠶᠡᠯ ᠪᠡᠯᠡᠳᠬᠡᠬᠦ ᠦᠶ᠎ᠡ ᠳᠤ ᠭᠤᠣᠯ ᠬᠢᠴᠢᠶᠡᠯ ᠪᠡᠯᠡᠳᠭᠡᠭᠴᠢ ᠶᠢ | ᠳᠤᠭᠳᠠᠭᠠᠬᠤ ᠳᠤ ᠪᠠᠨ ᠳᠡᠭᠡᠷᠡᠬᠢ ᠬᠡᠳᠦᠨ ᠠᠷᠭ᠎ᠠ ᠶᠢ ᠬᠠᠪᠰᠤᠷᠭᠠᠨ ᠠᠰᠢᠭᠯᠠᠵᠤ ᠪᠤᠯᠤᠨ᠎ᠠ᠃ ᠡᠩ ᠤᠨ ᠪᠠᠶᠢᠳᠠᠯ ᠳᠤ | ᠵᠢᠭᠠᠨ ᠰᠤᠷᠭᠠᠬᠤ ᠬᠢᠷᠢ ᠬᠡᠮᠵᠢᠶ᠎ᠡ ᠪᠠᠷ ᠥᠨᠳᠥᠷ ᠪᠠᠭᠰᠢ ᠪᠠᠷ ᠲᠤᠰᠢᠶᠠᠯ ᠡᠭᠦᠷᠭᠡᠯᠡᠭᠦᠯᠦᠨ᠎ᠡ᠂ ᠪᠠᠰᠠ ᠵᠠᠯᠠᠭᠤ | ᠪᠠᠭᠰᠢ ᠶᠢ ᠬᠢᠴᠢᠶᠡᠯ ᠪᠡᠯᠡᠳᠭᠡᠭᠴᠢ ᠪᠠᠷ ᠵᠣᠷᠢᠭᠲᠠᠶ ᠬᠡᠷᠡᠭᠯᠡᠬᠦ ᠬᠡᠷᠡᠭᠲᠡᠶ᠃ ᠢᠩᠭᠢᠵᠦ ᠬᠢᠬᠦ ᠨᠢ ᠵᠠᠯᠠᠭᠤ ᠪᠠᠭᠰᠢ | ᠨᠠᠷ ᠤᠨ ᠦᠳᠲᠡᠷ ᠲᠦᠷᠭᠡᠨ ᠦᠰᠦᠨ ᠪᠤᠶᠢᠵᠢᠬᠤ ᠳᠤ ᠠᠰᠢᠭᠲᠠᠶ ᠶᠤᠮ᠃ ᠬᠠᠮᠲᠤ ᠪᠠᠷ ᠬᠢᠴᠢᠶᠡᠯ ᠪᠡᠯᠡᠳᠬᠡᠬᠦ | ᠦᠶ᠎ᠡ ᠳᠤ ᠪᠠᠰᠠ ᠬᠢᠴᠢᠶᠡᠯ ᠪᠡᠯᠡᠳᠬᠡᠬᠦ ᠳᠣᠭᠤᠶᠢᠯᠠᠩ ᠤᠨ ᠭᠠᠳᠠᠨᠠᠬᠢ ᠪᠠᠶᠠᠯᠢᠭ ᠲᠤᠷᠰᠢᠯᠭ᠎ᠠ ᠲᠠᠢ ᠰᠢᠯᠢᠳᠡᠭ | ᠪᠠᠭᠰᠢ ᠶᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠳᠣᠭᠤᠶᠢᠯᠠᠩ ᠤᠨ ᠳᠣᠲᠣᠷᠠᠬᠢ ᠪᠠᠭᠰᠢ ᠶᠢᠨ | ᠬᠠᠷᠠᠭ᠎ᠠ ᠶᠢ ᠨᠡᠬᠡᠭᠡᠵᠦ᠂ ᠰᠣᠯᠢᠯᠴᠠᠭᠠᠨ ᠤ ᠣᠷᠣᠨ ᠵᠠᠶ ᠶᠢ ᠥᠷᠭᠡᠳᠬᠡᠵᠦ ᠪᠣᠯᠤᠨ᠎ᠠ᠃ | 2. ᠠᠭᠤᠯᠭ᠎ᠠ ᠪᠠᠨ ᠳᠤᠭᠳᠠᠭᠠᠬᠤ | ᠬᠠᠮᠳᠤ ᠪᠠᠷ ᠪᠡᠯᠡᠳᠬᠡᠬᠦ ᠬᠢᠴᠢᠶᠡᠯ ᠤᠨ ᠠᠭᠤᠯᠭ᠎ᠠ ᠳᠤ ᠬᠢᠴᠢᠶᠡᠯ ᠪᠤᠯᠭᠠᠨ ᠲᠤᠬᠢᠷᠠᠬᠤ ᠪᠢᠰᠢ᠂ ᠡᠨᠡ ᠨᠢ | ᠬᠢᠴᠢᠶᠡᠯ ᠤᠨ ᠠᠭᠤᠯᠭ᠎ᠠ᠂ ᠰᠤᠷᠤᠭᠴᠢ ᠶᠢᠨ ᠪᠤᠳᠠᠳᠠᠢ ᠪᠠᠶᠢᠳᠠᠯ᠂ ᠴᠠᠭ ᠤᠨ ᠬᠢᠵᠠᠭᠠᠷ ᠵᠡᠷᠭᠡ ᠠᠴᠠ | ᠰᠢᠯᠳᠠᠭᠠᠯᠠᠭᠳᠠᠨ᠎ᠠ᠃ ᠡᠶᠢᠮᠦ ᠠᠴᠠ ᠬᠢᠴᠢᠶᠡᠯ ᠪᠡᠯᠡᠳᠬᠡᠬᠦ ᠳᠤᠭᠤᠶᠢᠯᠠᠩ ᠤᠨ ᠳᠠᠷᠤᠭ᠎ᠠ ᠠᠴᠠ ᠲᠤᠰᠬᠠᠢ ᠨᠢᠭᠡ ᠴᠠᠭ | ᠳᠤᠭᠳᠠᠭᠠᠨ᠂ ᠳᠤᠭᠤᠶᠢᠯᠠᠩ ᠤᠨ ᠭᠡᠰᠢᠭᠦᠳ ᠢᠶᠠᠨ ᠴᠤᠭᠯᠠᠭᠤᠯᠤᠨ ᠠᠭᠤᠯᠭ᠎ᠠ ᠳᠤᠭᠳᠠᠭᠠᠬᠤ ᠬᠤᠷᠠᠯ | ᠬᠢᠨ᠎ᠡ᠃ ᠠᠭᠤᠯᠭ᠎ᠠ ᠳᠤᠭᠳᠠᠭᠠᠬᠤ ᠳᠤ ᠪᠠᠨ ᠪᠠᠭᠰᠢ ᠪᠤᠯᠭᠠᠨ ᠵᠠᠪᠠᠯ ᠬᠢᠴᠢᠶᠡᠯ ᠤᠨ ᠪᠠᠷᠢᠮᠵᠢᠶ᠎ᠡ ᠳᠤ ᠪᠠᠨ ᠨᠡᠪᠳᠡᠷᠡᠬᠦ | ᠮᠦᠷᠳᠡᠭᠡᠨ ᠰᠤᠷᠤᠭᠴᠢ ᠶᠢᠨ ᠪᠠᠶᠢᠳᠠᠯ ᠢᠶᠠᠨ ᠬᠦᠢᠴᠡᠳ ᠤᠶᠢᠯᠠᠭᠠᠭᠰᠠᠨ ᠤᠷᠢᠳᠠᠯ ᠳᠤᠤᠷ᠎ᠠ᠂ ᠲᠤᠰ ᠬᠢᠴᠢᠶᠡᠯ | ᠲᠦᠷᠦᠯ ᠤᠨ ᠨᠢᠭᠡ ᠬᠤᠭᠤᠴᠠᠭᠠᠨ ᠤ ᠬᠢᠴᠢᠶᠡᠯ ᠤᠨ ᠴᠠᠬ ᠢᠶᠠᠨ ᠦᠨᠳᠦᠰᠦᠯᠡᠵᠦ᠂ ᠰᠤᠷᠭᠠᠭᠤᠯᠢ ᠶᠢᠨ ᠬᠦᠳᠡᠯᠭᠡᠭᠡᠨ | ᠠᠵᠢᠯᠯᠠᠭ᠎ᠠ ᠵᠡᠷᠭᠡ ᠪᠤᠰᠤᠳᠴᠢ ᠰᠢᠯᠳᠠᠭᠠᠨ ᠢ ᠴᠦ ᠬᠦᠢᠴᠡᠳ ᠪᠤᠳᠤᠯᠬᠢᠯᠠᠭᠰᠠᠨ ᠰᠠᠭᠤᠷᠢᠨ ᠳᠡᠭᠡᠷ᠎ᠡ᠂ ᠠᠬᠠᠮᠠᠳ | ᠳᠤᠷᠰᠢᠯᠭ᠎ᠠ ᠲᠠᠢ ᠪᠠᠭᠰᠢ ᠨᠠᠷ ᠤᠨ ᠰᠠᠨᠠᠯ ᠢ ᠭᠤᠤᠯᠯᠠᠨ ᠠᠪᠴᠤ᠂ ᠵᠠᠯᠠᠭᠤ ᠪᠠᠭᠰᠢ ᠨᠠᠷ ᠤᠨ ᠦᠵᠡᠯᠳᠡ ᠶᠢ ᠴᠦ | ᠤᠮᠳᠤᠭᠠᠶᠢᠯᠠᠯ ᠦᠭᠡᠢ᠂ ᠬᠠᠮᠳᠤ ᠪᠠᠷ ᠰᠤᠳᠤᠯᠤᠨ ᠶᠠᠷᠢᠯᠴᠠᠬᠤ ᠪᠠᠷ ᠳᠠᠮᠵᠢᠨ ᠠᠭᠤᠯᠭ᠎ᠠ ᠪᠠᠨ ᠰᠢᠨᠵᠢᠯᠡᠬᠦ | ᠤᠬᠠᠭᠠᠨᠴᠢ ᠪᠠᠷ ᠳᠤᠳᠤᠷᠬᠠᠢ ᠳᠤᠭᠳᠠᠭᠠᠨ᠎ᠠ᠃ | ︵ᠬᠤᠶᠠᠷ︶ ᠬᠠᠮᠲᠤ ᠪᠠᠷ ᠰᠤᠳᠤᠯᠤᠨ ᠶᠠᠷᠢᠯᠴᠠᠬᠤ | ᠪᠠᠭᠰᠢ ᠨᠢᠭᠡ ᠪᠦᠷᠢ ᠨᠢᠭᠡ ᠭᠠᠷᠠᠭ ᠤᠨ ᠡᠮᠦᠨ᠎ᠡ ᠠᠴᠠ ᠬᠢᠴᠢᠶᠡᠯ ᠪᠡᠯᠡᠳᠬᠡᠵᠦ᠂ ᠠᠯᠢ ᠴᠢᠳᠠᠬᠤ ᠪᠠᠷ | ᠥᠪᠡᠷᠮᠢᠴᠡ ᠪᠦᠲᠦᠭᠡᠯᠴᠢ ᠴᠢᠨᠠᠷᠲᠠᠶ ᠵᠢᠭᠠᠨ ᠰᠤᠷᠭᠠᠯᠲᠠ ᠶᠢᠨ ᠲᠦᠰᠦᠪ ᠢ ᠳᠤᠷᠠᠳᠤᠨ ᠭᠠᠷᠭᠠᠵᠤ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠳᠤ ᠳᠥᠭᠦᠮ ᠪᠣᠯᠭᠠᠬᠤ ᠬᠡᠷᠡᠭᠲᠡᠶ︔ ᠵᠢᠭᠠᠨ ᠰᠤᠷᠭᠠᠬᠤ ᠵᠠᠩᠭᠢᠯᠠᠭ᠎ᠠ ᠳᠤ ᠰᠢᠨ᠎ᠡ ᠶᠢ ᠡᠭᠦᠳᠴᠦ᠂ | ᠵᠢᠭᠠᠨ ᠰᠤᠷᠭᠠᠬᠤ ᠬᠠᠷᠠᠯᠲᠠ ᠳᠤ ᠪᠠᠨ ᠲᠣᠬᠢᠷᠠᠭᠰᠠᠨ ᠪᠣᠳᠠᠲᠠᠶ ᠠᠷᠭ᠎ᠠ ᠶᠢ ᠪᠢᠴᠢᠵᠦ ᠭᠠᠷᠭᠠᠬᠤ ᠬᠡᠷᠡᠭᠲᠡᠶ᠃ ᠥᠪᠡᠷ | ᠤᠨ ᠮᠠᠳᠠᠭ ᠲᠠᠢ ᠭᠠᠵᠠᠷ ᠢᠶᠠᠨ ᠳᠤᠷᠠᠳᠴᠤ᠂ ᠬᠠᠮᠲᠤ ᠪᠠᠷ ᠶᠠᠷᠢᠯᠴᠠᠵᠤ᠂ ᠬᠦᠴᠢᠷ ᠠᠰᠠᠭᠤᠳᠠᠯ ᠢ ᠢᠯᠠᠨ ᠳᠠᠪᠠᠭ᠋ᠤ ᠳᠤ | ᠳᠥᠭᠦᠮ ᠪᠣᠯᠭᠠᠬᠤ ᠬᠡᠷᠡᠭᠲᠡᠶ᠃ | ᠬᠠᠮᠳᠤ ᠪᠠᠷ ᠬᠢᠴᠢᠶᠡᠯ ᠪᠡᠯᠡᠳᠬᠡᠬᠦ ᠦᠶᠡᠰ᠂ ᠪᠠᠭᠰᠢ ᠨᠠᠷ ᠬᠢᠴᠢᠶᠡᠯ ᠤᠨ ᠪᠠᠷᠢᠮᠵᠢᠶ᠎ᠠ᠂ ᠰᠢᠯᠭᠠᠯᠲᠠ ᠶᠢᠨ | ᠬᠥᠲᠥᠯᠪᠦᠷᠢ᠂ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶᠢᠨ ᠯᠠᠪᠯᠠᠯᠲᠠ ᠶᠢᠨ ᠪᠢᠴᠢᠭ ᠵᠢᠴᠢ ᠪᠤᠰᠤᠳ ᠬᠠᠮᠢᠶ᠎ᠠ | ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠶ ᠰᠤᠷᠤᠯᠴᠠᠨ ᠰᠤᠳᠤᠯᠤᠭᠰᠠᠨ ᠰᠠᠭᠤᠷᠢᠨ ᠳᠡᠭᠡᠷ᠎ᠡ᠂ ᠪᠣᠳᠠᠲᠠᠶ ᠵᠢᠭᠠᠨ | ᠰᠤᠷᠭᠠᠯᠲᠠ ᠶᠢᠨ ᠬᠠᠷᠠᠯᠲᠠ ᠶᠢ ᠳᠤᠷᠠᠳᠤᠨ ᠭᠠᠷᠭᠠᠨ᠎ᠠ᠃ ᠰᠤᠷᠤᠭᠴᠢᠳ ᠢ ᠭᠦᠨᠵᠡᠭᠡᠶ ᠣᠶᠢᠯᠠᠭᠠᠵᠤ᠂ ᠰᠤᠷᠤᠯᠭ᠎ᠠ ᠶᠢᠨ | ᠪᠠᠶᠢᠳᠠᠯ ᠢ ᠨᠢ ᠲᠣᠳᠣᠷᠬᠠᠶ ᠣᠶᠢᠯᠠᠭᠠᠵᠤ᠂ ᠰᠤᠷᠤᠭᠴᠢᠳ ᠤᠨ ᠣᠶᠤᠨ ᠤ ᠪᠤᠰᠤ ᠬᠦᠴᠦᠨ ᠵᠦᠢᠯ | ︵ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ᠂ ᠰᠤᠷᠤᠯᠴᠠᠬᠤ ᠣᠪᠣᠷ ᠪᠠ ᠰᠤᠷᠤᠯᠴᠠᠬᠤ ᠳᠠᠳᠬᠠᠯ ᠵᠡᠷᠭᠡ︶ ᠢ | ᠰᠤᠳᠤᠯᠵᠤ᠂ ᠭᠤᠣᠯᠳᠠᠯᠭ᠎ᠠ ᠶᠢ ᠳᠣᠪᠤᠶᠢᠯᠭᠠᠬᠤ ᠠᠷᠭ᠎ᠠ ᠪᠠ ᠬᠦᠴᠢᠷᠳᠡᠯᠭᠡ ᠶᠢ ᠰᠢᠪᠲᠤᠯᠬᠤ ᠠᠷᠭ᠎ᠠ ᠪᠣᠳᠣᠯᠭ᠎ᠠ ᠶᠢ | ᠨᠠᠷᠢᠨ ᠨᠢᠮᠪᠠᠶ ᠪᠡᠯᠡᠳᠬᠡᠵᠦ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠬᠠᠶᠢᠨ ᠰᠦᠪᠡᠭᠴᠢᠯᠡᠬᠦ ᠠᠵᠢᠯᠯᠠᠭᠠᠨ ᠤ | ᠲᠥᠰᠦᠯ ᠢ ᠲᠥᠯᠥᠪᠯᠡᠨ᠂ ᠬᠢᠴᠢᠶᠡᠯᠯᠡᠬᠦ ᠳᠤ ᠪᠠᠨ ᠠᠮᠢᠨ ᠭᠠᠵᠠᠷ ᠢ ᠨᠢ ᠣᠨᠣᠭᠠᠵᠤ᠂ ᠬᠦᠴᠢᠷᠲᠡᠶ ᠶᠢ ᠨᠢ | ᠬᠢᠯᠪᠠᠷᠴᠢᠯᠠᠵᠤ᠂ ᠰᠤᠷᠤᠭᠴᠢᠳ ᠤᠨ ᠰᠤᠷᠤᠯᠴᠠᠯᠭ᠎ᠠ ᠶᠢᠨ ᠳᠤᠮᠳᠠᠬᠢ ᠭᠤᠣᠯ ᠴᠣᠭᠴᠠ ᠶᠢᠨ ᠪᠠᠶᠢᠷᠢ ᠰᠠᠭᠤᠷᠢ ᠶᠢ | ᠳᠣᠪᠤᠶᠢᠯᠭᠠᠵᠤ᠂ ᠦᠨᠳᠦᠷ ᠦᠷ᠎ᠡ ᠠᠰᠢᠭ ᠲᠠᠢ ᠵᠢᠭᠠᠨ ᠰᠤᠷᠭᠠᠬᠤ ᠳᠤ ᠳᠥᠭᠦᠮ ᠪᠣᠯᠭᠠᠬᠤ ᠬᠡᠷᠡᠭᠲᠡᠶ᠃ | ᠬᠠᠮᠲᠤ ᠪᠠᠷ ᠬᠢᠴᠢᠶᠡᠯ ᠪᠡᠯᠡᠳᠬᠡᠬᠦ ᠳᠤ ᠪᠠᠨ ︽ᠬᠤᠪᠢ ᠬᠦᠮᠦᠨ — ᠬᠠᠮᠳᠤ ᠨᠡᠶᠢᠳᠡ — ᠬᠤᠪᠢ | ᠬᠦᠮᠦᠨ︾ ᠤ ᠰᠡᠳᠬᠢᠮᠵᠢ ᠶᠢ ᠵᠢᠷᠤᠮᠯᠠᠵᠤ᠂ ᠬᠠᠮᠤᠭ ᠤᠨ ᠲᠡᠷᠢᠬᠦᠨ ᠳᠤ ᠭᠤᠤᠯᠯᠠᠨ ᠪᠡᠯᠡᠳᠬᠡᠭᠰᠡᠨ ᠬᠤᠪᠢ ᠬᠦᠮᠦᠨ | ᠦᠪᠡᠷ ᠤᠨ ᠪᠡᠯᠡᠳᠬᠡᠭᠰᠡᠨ ᠲᠦᠰᠦᠪ ᠢᠶᠠᠨ ᠶᠠᠷᠢᠨ᠎ᠠ᠃ ᠳᠠᠷᠠᠭ᠎ᠠ ᠨᠢ ᠪᠤᠰᠤᠳ ᠪᠠᠭᠰᠢ ᠨᠠᠷ ᠠᠴᠠ ᠥᠪᠡᠷ ᠥᠪᠡᠷ ᠤᠨ | ᠬᠢᠴᠢᠶᠡᠯ ᠪᠡᠯᠡᠳᠭᠡᠭᠰᠡᠨ ᠲᠦᠰᠦᠪ ᠢᠶᠠᠨ ᠲᠤᠰ ᠲᠤᠰ ᠲᠣᠭᠠᠴᠢᠵᠤ᠂ ᠬᠠᠮᠤᠭ ᠤᠨ ᠰᠠᠶᠢᠨ ᠨᠢ ︽ᠬᠢᠴᠢᠶᠡᠯ | ᠶᠠᠷᠢᠬᠤ︾ ᠬᠡᠯᠪᠡᠷᠢ ᠪᠠᠷ ᠬᠠᠷᠢᠴᠠᠭᠤᠯᠤᠯ ᠬᠢᠵᠦ᠂ ᠦᠵᠡᠯᠲᠡ ᠲᠠᠨᠢᠯᠲᠠ ᠪᠠᠨ ᠨᠢᠭᠡᠳᠭᠡᠪᠡᠯ ᠵᠣᠬᠢᠨ᠎ᠠ᠃ ᠬᠠᠮᠤᠭ ᠤᠨ | ᠰᠡᠭᠦᠯ ᠳᠤ ᠨᠢ ᠭᠤᠤᠯᠯᠠᠨ ᠪᠡᠯᠡᠳᠬᠡᠭᠴᠢ ᠠᠴᠠ ᠤᠯᠠᠨ ᠤ ᠰᠠᠨᠠᠯ ᠢ ᠨᠠᠷᠢᠯᠢᠬ ᠳᠡᠮᠳᠡᠭᠯᠡᠨ᠂ ᠬᠠᠮᠤᠭ ᠤᠨ ᠡᠴᠦᠰ ᠤᠨ | ᠨᠢᠭᠡᠳᠦᠮᠡᠯ ᠵᠦᠢᠯ ᠢ ᠬᠤᠷᠢᠶᠠᠩᠭᠤᠶᠢᠯᠠᠵᠤ ᠠᠪᠤᠨ᠎ᠠ᠃ | ︵ᠭᠤᠷᠪᠠ︶ ᠵᠢᠭᠠᠨ ᠰᠤᠷᠭᠠᠯᠳᠠ ᠶᠢᠨ ᠲᠦᠰᠦᠪ ᠲᠤ ᠵᠠᠰᠠᠪᠤᠷᠢ ᠤᠷᠤᠭᠤᠯᠬᠤ | ᠰᠢᠯᠢᠳᠡᠭ ᠰᠠᠶᠢᠬᠠᠨ ᠵᠢᠭᠠᠨ ᠰᠣᠷᠭᠠᠯᠳᠠ ᠶᠢᠨ ᠲᠦᠰᠦᠪ ᠪᠢᠴᠢᠬᠦ ᠪᠣᠯ ᠬᠢᠴᠢᠶᠡᠯ ᠪᠡᠯᠡᠳᠭᠡᠬᠦ ᠶᠢᠨ ᠦᠨᠳᠦᠰᠦ᠂ | ᠬᠢᠴᠢᠶᠡᠯ ᠢ ᠦᠷ᠎ᠡ ᠠᠰᠢᠭ ᠲᠠᠢ ᠶᠠᠪᠤᠭᠳᠠᠭᠤᠯᠬᠤ ᠶᠢᠨ ᠵᠢᠯᠣᠭᠤᠳᠣᠮᠵᠢ ᠮᠦᠨ᠃ ᠡᠶᠢᠮᠦ ᠠᠴᠠ ᠬᠠᠮᠳᠤ ᠪᠠᠷ | ᠰᠤᠳᠤᠯᠤᠨ ᠶᠠᠷᠢᠯᠴᠠᠵᠤ ᠪᠠᠷᠠᠭᠰᠠᠨ ᠤ ᠳᠠᠷᠠᠭ᠎ᠠ᠂ ᠭᠤᠤᠯᠯᠠᠨ ᠪᠡᠯᠡᠳᠬᠡᠭᠴᠢ ᠬᠠᠮᠳᠤ ᠶᠢᠨ ᠤᠶᠤᠨ ᠤᠬᠠᠭᠠᠨ ᠤ ᠤᠬᠢ | ᠰᠢᠯᠢᠳᠡᠭ ᠢ ᠨᠢ ᠰᠢᠷᠭᠠᠭᠠᠨ ᠨᠡᠶᠢᠯᠡᠭᠦᠯᠵᠦ᠂ ᠬᠠᠮᠤᠭ ᠤᠨ ᠪᠦᠷᠢᠨ ᠪᠦᠳᠦᠨ ᠳᠦᠰᠦᠪ ᠢ ᠡᠮᠬᠢᠯᠡᠨ ᠨᠠᠶᠢᠷᠠᠭᠤᠯᠵᠤ | ᠭᠠᠷᠭᠠᠨ᠂ ᠬᠢᠴᠢᠶᠡᠯᠯᠡᠬᠦ ᠳᠤ ᠪᠦᠷᠢᠨ ᠪᠡᠯᠡᠳᠬᠡᠯ ᠲᠠᠢ ᠪᠤᠯᠤᠨ᠎ᠠ᠃ | ︵ᠳᠦᠷᠪᠡ︶ ᠪᠡᠯᠡᠳᠬᠡᠭᠴᠢ ᠬᠢᠴᠢᠶᠡᠯᠯᠡᠭᠡ ᠬᠢᠵᠦ ᠬᠠᠮᠳᠤ ᠪᠠᠷ ᠰᠤᠨᠤᠰᠬᠤ | ᠬᠢᠴᠢᠶᠡᠯ ᠪᠡᠯᠡᠳᠬᠡᠬᠦ ᠳᠤᠭᠤᠢᠢᠯᠠᠩ ᠤᠨ ᠰᠤᠳᠤᠯᠤᠨ ᠶᠠᠷᠢᠯᠴᠠᠭᠰᠠᠨ ᠵᠢᠭᠠᠨ ᠰᠤᠷᠭᠠᠯᠲᠠ ᠶᠢᠨ ᠲᠦᠰᠦᠪ | ᠪᠣᠯᠬᠤ ᠡᠰᠡᠬᠦ ᠶᠢ ᠰᠢᠯᠭᠠᠬᠤ ᠴᠤᠷᠢ ᠶᠢᠨ ᠭᠠᠭᠴᠠ ᠪᠠᠷᠢᠮᠵᠢᠶ᠎ᠡ ᠪᠤᠯ ᠦᠢᠯᠡᠳᠦᠯᠬᠡ ᠳᠤ ᠤᠷᠤᠯᠴᠠᠬᠤ ᠪᠤᠯᠤᠨ᠎ᠠ᠂ | ᠳᠠᠷᠤᠢ ᠰᠤᠷᠤᠭᠴᠢᠳ ᠲᠤ ᠬᠢᠴᠢᠶᠡᠯᠯᠡᠭᠡ ᠬᠢᠨ᠎ᠡ᠃ ᠡᠶᠢᠮᠦ ᠠᠴᠠ ᠬᠢᠴᠢᠶᠡᠯ ᠢ ᠮᠥᠷᠳᠡᠨ ᠰᠣᠨᠤᠰᠴᠤ ᠰᠢᠯᠭᠠᠨ | ᠪᠠᠶᠢᠴᠠᠭᠠᠨ ᠳ᠋ᠦᠩᠨᠡᠨ ᠬᠤᠷᠢᠶᠠᠩᠭᠤᠶᠢᠯᠠᠬᠤ ᠬᠡᠷᠡᠭᠲᠡᠶ᠃ ᠬᠢᠴᠢᠶᠡᠯ ᠪᠡᠯᠡᠳᠬᠡᠬᠦ ᠳᠣᠭᠤᠶᠢᠯᠠᠩ ᠤᠨ ᠭᠡᠰᠢᠭᠦᠳ | ᠬᠤᠭᠤᠷᠣᠨᠳᠣ ᠪᠠᠨ ᠬᠠᠷᠢᠯᠴᠠᠨ ᠬᠢᠴᠢᠶᠡᠯ ᠰᠣᠨᠣᠰᠴᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ | ᠨᠥᠬᠦᠪᠥᠷᠢᠯᠡᠬᠦ ᠬᠡᠷᠡᠭᠲᠡᠶ᠃ | ︵ᠲᠠᠪᠤ︶ ᠬᠢᠴᠢᠶᠡᠯ ᠤᠨ ᠳᠠᠷᠠᠭᠠᠬᠢ ᠰᠣᠯᠢᠯᠴᠠᠭ᠎ᠠ | ᠬᠢᠴᠢᠶᠡᠯ ᠤᠨ ᠳᠠᠷᠠᠭ᠎ᠠ ᠰᠣᠯᠢᠯᠴᠠᠬᠤ ᠨᠢ ᠬᠠᠮᠳᠤ ᠪᠠᠷ ᠬᠢᠴᠢᠶᠡᠯ ᠪᠡᠯᠡᠳᠬᠡᠬᠦ ᠶᠠᠪᠤᠴᠠ ᠶᠢᠨ ᠬᠠᠮᠤᠭ ᠤᠨ | ᠡᠴᠦᠰ ᠤᠨ ᠠᠯᠬᠤᠮ ᠮᠦᠷᠳᠡᠭᠡᠨ ᠮᠦᠨ ᠴᠦ ᠪᠠᠰᠠ ᠨᠢᠭᠡᠨ ᠴᠢᠬᠤᠯᠠ ᠵᠠᠩᠬᠢᠯᠠᠭ᠎ᠠ ᠶᠢᠨ ᠱᠠᠲᠤ ᠦᠶ᠎ᠡ | ᠪᠣᠯᠤᠨ᠎ᠠ᠃ ᠭᠤᠣᠯ ᠪᠡᠯᠡᠳᠭᠡᠭᠴᠢ ᠬᠢᠴᠢᠶᠡᠯ ᠤᠷᠤᠭᠰᠠᠨ ᠤ ᠳᠠᠷᠠᠭ᠎ᠠ᠂ ᠪᠠᠭᠰᠢ ᠨᠠᠷ ᠬᠠᠮᠲᠤ ᠪᠠᠷ ᠰᠤᠳᠤᠯᠤᠨ | ᠶᠠᠷᠢᠯᠴᠠᠵᠤ᠂ ᠵᠢᠭᠠᠨ ᠰᠤᠷᠭᠠᠯᠲᠠ ᠪᠠᠨ ᠡᠷᠭᠢᠴᠡᠭᠦᠯᠦᠨ ᠲᠣᠩᠭᠠᠵᠤ ᠬᠠᠷᠢᠯᠴᠠᠨ ᠨᠥᠬᠦᠪᠥᠷᠢᠯᠡᠵᠦ᠂ ᠳᠠᠪᠠᠭᠤᠯᠢᠭ | ᠲᠠᠯ᠎ᠠ ᠪᠠᠨ ᠨᠤᠲᠠᠯᠠᠵᠤ᠂ ᠬᠦᠷᠦᠯᠴᠡᠬᠦ ᠦᠭᠡᠢ ᠲᠠᠯ᠎ᠠ ᠪᠠᠨ ᠵᠢᠭᠠᠨ ᠭᠠᠷᠭᠠᠵᠤ᠂ ᠵᠢᠭᠠᠨ ᠰᠤᠷᠭᠠᠬᠤ ᠠᠭᠤᠯᠭ᠎ᠠ ᠶᠢ | ᠨᠠᠩ ᠲᠡᠭᠦᠯᠳᠡᠷᠵᠢᠭᠦᠯᠦᠨ ᠴᠢᠨᠠᠷᠵᠢᠭᠤᠯᠵᠤ᠂ ᠬᠤᠶᠢᠰᠢᠳᠠ ᠶᠢᠨ ᠵᠢᠭᠠᠨ ᠰᠤᠷᠭᠠᠯᠲᠠ ᠶᠢᠨ ᠤᠯᠠᠮ ᠨᠢᠭᠡ ᠠᠯᠬᠤᠮ | ᠥᠷᠨᠢᠬᠦ ᠶᠢ ᠠᠬᠢᠭᠤᠯᠬᠤ ᠬᠡᠷᠡᠭᠲᠡᠶ᠃ ᠭᠡᠪᠡᠴᠦ ᠵᠢᠭᠠᠨ ᠰᠤᠷᠭᠠᠯᠲᠠ ᠶᠢᠨ ᠲᠦᠰᠦᠪ ᠢ ᠶᠠᠭᠠᠬᠢᠭᠰᠠᠨ ᠴᠤ ᠨᠢᠭᠡ ᠯᠠ | ᠠᠳᠠᠯᠢ ᠪᠠᠶᠢᠯᠭᠠᠵᠤ ᠪᠣᠯᠬᠤ ᠦᠭᠡᠢ᠂ ᠲᠡᠭᠡᠬᠦ ᠦᠭᠡᠢ ᠪᠣᠯ ᠪᠠᠭᠰᠢ ᠰᠣᠷᠤᠭᠴᠢ ᠶᠢᠨ ᠪᠣᠳᠠᠲᠤ ᠪᠠᠶᠢᠳᠠᠯ ᠳᠤ ᠲᠣᠬᠢᠷᠠᠬᠤ | ᠦᠭᠡᠢ ᠮᠦᠷᠲᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠦᠭᠡᠢ ᠪᠣᠯᠤᠨ᠎ᠠ᠃ | ᠭᠤᠷᠪᠠ᠂ ᠬᠠᠮᠳᠤ ᠪᠠᠷ ᠬᠢᠴᠢᠶᠡᠯ ᠪᠡᠯᠡᠳᠬᠡᠬᠦ ᠶᠢᠨ ᠨᠦᠯᠦᠭᠡ | ︽ᠲᠡᠮ ᠲᠡᠮ ᠳᠤ ᠪᠠᠨ ᠲᠡᠭᠡᠰᠦ ᠡᠷᠴᠢᠮ ᠳᠤ ᠪᠠᠨ︾᠂ ︽ᠤᠯᠠᠨ ᠤ ᠭᠦᠴᠦᠨ ᠳᠤ ᠤᠪᠤᠭ᠎ᠠ | ᠭᠦᠳᠦᠯᠦᠭᠳᠡᠨᠠ︾᠂ ︽ᠬᠤᠷᠳᠤᠨ ᠶᠠᠪᠤᠶ᠎ᠠ ᠭᠡᠪᠡᠯ ᠭᠠᠭᠴᠠ ᠪᠠᠷ ᠶᠠᠪᠤ᠂ ᠬᠤᠯᠠ ᠶᠠᠪᠤᠶ᠎ᠠ ᠭᠡᠪᠡᠯ ᠤᠯᠠᠭᠤᠯᠠ | ᠶᠠᠪᠤ︾ ᠭᠡᠳᠡᠭ ᠢᠶᠠᠷ ᠮᠠᠨ ᠤ ᠮᠤᠩᠭᠤᠯ ᠤᠨ ᠵᠦᠢᠷ ᠰᠡᠴᠡᠨ ᠦᠭᠡᠨ ᠳᠤ ᠬᠠᠮᠳᠤ ᠶᠢᠨ ᠤᠶᠤᠨ ᠤᠬᠠᠭᠠᠨ ᠤ ᠴᠢᠬᠤᠯᠠ | ᠴᠢᠨᠠᠷ ᠤᠨ ᠲᠤᠬᠠᠢ ᠤᠯᠠᠨ ᠰᠠᠶᠢᠬᠠᠨ ᠬᠡᠯᠡᠴᠡ ᠪᠠᠶᠢᠳᠠᠭ᠃ ᠬᠠᠮᠲᠤ ᠪᠠᠷ ᠬᠢᠴᠢᠶᠡᠯ ᠪᠡᠯᠡᠳᠬᠡᠬᠦ ᠨᠢ ᠪᠠᠭᠰᠢ ᠶᠢᠨ | ᠬᠠᠮᠲᠤᠷᠠᠨ ᠠᠵᠢᠯᠯᠠᠬᠤ᠂ ᠰᠤᠳᠤᠯᠤᠨ ᠶᠠᠷᠢᠯᠴᠠᠬᠤ ᠨᠢᠭᠡ ᠵᠦᠢᠯ ᠤᠨ ᠪᠦᠲᠦᠮᠵᠢᠲᠡᠶ ᠬᠡᠯᠪᠡᠷᠢ ᠪᠣᠯᠤᠭᠰᠠᠨ ᠤ | ᠬᠤᠪᠢ ᠳᠤ᠂ ᠤᠯᠠᠨ ᠳᠠᠯ᠎ᠠ ᠶᠢᠨ ᠳᠠᠪᠠᠭᠤᠯᠢᠭ ᠳᠠᠯ᠎ᠠ ᠪᠠᠶᠢᠳᠠᠭ᠃ | ︵ᠨᠢᠭᠡ︶ ᠪᠠᠭᠰᠢ ᠶᠢᠨ ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠣᠯᠠᠨ ᠤ ᠣᠶᠣᠨ ᠤᠬᠠᠭᠠᠨ ᠢ ᠲᠥᠪᠯᠡᠷᠡᠭᠦᠯᠦᠨ᠂ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠬᠦᠯᠬᠦ ᠳᠤ ᠠᠰᠢᠭᠳᠠᠢ᠃ | ︵ᠬᠤᠶᠠᠷ︶ ᠬᠠᠮᠳᠤ ᠪᠠᠷ ᠬᠠᠶᠢᠨ ᠰᠦᠪᠡᠭᠴᠢᠯᠡᠯᠳᠠ ᠬᠢᠬᠦ ᠢᠳᠡᠪᠭᠢ ᠤᠪᠤᠷ ᠲᠠᠢ᠂ ᠴᠢᠯᠦᠭᠡᠳᠦ | ᠰᠡᠳᠭᠢᠭᠦᠢ ᠲᠠᠢ᠂ ᠬᠠᠮᠵᠢᠯᠴᠠᠬᠤ ᠴᠢᠳᠠᠪᠤᠷᠢ ᠲᠠᠢ᠂ ᠬᠤᠯᠠ ᠶᠢᠨ ᠬᠠᠷᠠᠴᠠ ᠲᠠᠢ ᠰᠢᠯᠢᠳᠡᠭ ᠪᠠᠭᠰᠢ ᠶᠢᠨ ᠡᠩᠨᠡᠭᠡ ᠶᠢ | ᠪᠦᠳᠦᠭᠡᠨ ᠪᠠᠶᠢᠭᠤᠯᠬᠤ ᠳᠤ ᠠᠰᠢᠭᠳᠠᠢ᠃ | ︵ᠭᠤᠷᠪᠠ︶ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠳᠤ ᠳᠦᠬᠦᠮ ᠠᠴᠠ | ᠪᠠᠭᠰᠢ ᠶᠢᠨ ᠬᠢᠴᠢᠶᠡᠯ ᠪᠡᠯᠡᠳᠬᠡᠬᠦ ᠶᠢ ᠤᠯᠠᠮ ᠴᠢᠨᠠᠷ ᠴᠢᠨᠰᠠᠭ᠎ᠠ ᠲᠠᠢ ᠪᠤᠯᠭᠠᠵᠤ᠂ ᠵᠤᠬᠢᠬᠤ ᠬᠡᠪᠴᠢᠶᠡᠨ ᠳᠤ | ᠠᠵᠢᠯ ᠤᠨ ᠳᠠᠷᠤᠭᠠᠰᠤ ᠶᠢ ᠨᠢ ᠬᠦᠩᠬᠡᠯᠡᠨ᠎ᠡ᠃ | ︵ᠳᠦᠷᠪᠡ︶ ᠬᠠᠮᠳᠤ ᠪᠠᠷ ᠬᠢᠴᠢᠶᠡᠯ ᠪᠡᠯᠡᠳᠬᠡᠬᠦ ᠶᠠᠪᠤᠴᠠ ᠳᠤ ᠰᠢᠨ᠎ᠡ ᠰᠡᠪᠡᠭᠦᠨ ᠰᠤᠳᠤᠯᠭᠠᠨ ᠤ ᠰᠡᠳᠦᠪ | ᠢᠯᠡᠷᠡᠭᠦᠯᠬᠦ ᠪᠤᠯᠤᠮᠵᠢ ᠶᠡᠭᠡ᠂ ᠲᠤᠰ ᠰᠤᠳᠤᠯᠭᠠᠨ ᠤ ᠰᠢᠨᠵᠢᠯᠡᠯ ᠨᠢ ᠨᠡᠩ ᠬᠦᠨᠵᠡᠭᠡᠢ᠂ ᠦᠷ᠎ᠡ ᠳ᠋ᠦᠩ ᠨᠢ ᠨᠡᠩ | ᠨᠦᠯᠦᠭᠡ ᠲᠠᠢ᠂ ᠰᠣᠳᠣᠯᠭᠠᠨ ᠤ ᠴᠢᠨᠠᠷ ᠢᠶᠠᠷ ᠨᠡᠩ ᠴᠢᠩᠭ᠎ᠠ ᠪᠠᠶᠢᠳᠠᠭ᠃ | ︵ᠲᠠᠪᠤ︶ ᠬᠠᠮᠳᠤ ᠪᠠᠷ ᠬᠢᠴᠢᠶᠡᠯ ᠪᠡᠯᠡᠳᠬᠡᠬᠦ ᠨᠢ ᠬᠢᠴᠢᠶᠡᠯᠯᠡᠭᠡ ᠶᠢᠨ ᠪᠦᠬᠦ ᠲᠠᠯ᠎ᠠ ᠶᠢ ᠡᠵᠡᠮᠰᠢᠬᠦ ᠳᠤ | ᠠᠰᠢᠭᠲᠠᠶ ᠮᠥᠷᠲᠡᠭᠡᠨ ᠪᠠᠭᠰᠢ ᠶᠢᠨ ᠬᠢᠴᠢᠶᠡᠯ ᠤᠨ ᠲᠠᠩᠬᠢᠮ ᠳᠤ ᠬᠡᠰᠡᠭ ᠰᠤᠷᠤᠭᠴᠢ ᠶᠢᠨ ᠤᠷᠢᠳᠴᠢᠯᠠᠨ | ᠰᠣᠷᠤᠯᠴᠠᠭᠰᠠᠨ ᠠᠴᠠ ᠪᠣᠯᠵᠤ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠳᠤ ᠴᠦ ᠠᠰᠢᠭᠲᠠᠶ ᠶᠤᠮ᠃ | ᠶᠡᠷᠦᠩᠬᠡᠶᠢᠯᠡᠬᠡᠳ ᠬᠡᠯᠡᠪᠡᠯ᠂ ᠬᠠᠮᠲᠤ ᠪᠠᠷ ᠰᠠᠶᠢᠲᠤᠷ ᠬᠢᠴᠢᠶᠡᠯ ᠪᠡᠯᠡᠳᠬᠡᠬᠦ ᠪᠣᠯ ᠰᠠᠶᠢᠨ ᠬᠢᠴᠢᠶᠡᠯ ᠤᠨ | ᠤᠷᠢᠲᠠᠯ ᠮᠥᠨ᠃ ᠬᠠᠮᠲᠤ ᠪᠠᠷ ᠬᠢᠴᠢᠶᠡᠯ ᠪᠡᠯᠡᠳᠬᠡᠬᠦ ᠪᠣᠯ ᠳᠠᠷᠤᠶ ᠪᠠᠭᠰᠢ ᠨᠠᠷ ᠬᠢᠴᠢᠶᠡᠯ ᠤᠨ ᠪᠠᠷᠢᠮᠵᠢᠶᠡᠨ ᠤ | ᠱᠠᠭᠠᠷᠳᠠᠯᠭ᠎ᠠ ᠪᠠ ᠵᠢᠭᠠᠬᠤ ᠮᠠᠲ᠋ᠧᠷᠢᠶᠠᠯ ᠤᠨ ᠣᠨᠴᠠᠯᠢᠭ ᠢ ᠦᠨᠳᠦᠰᠦᠯᠡᠨ᠂ ᠰᠣᠷᠤᠭᠴᠢᠳ ᠤᠨ ᠪᠣᠳᠠᠲᠤ ᠪᠠᠶᠢᠳᠠᠯ | ᠲᠠᠢ ᠤᠶᠠᠯᠳᠤᠭᠤᠯᠤᠨ᠂ ᠬᠠᠮᠤᠭ ᠤᠨ ᠰᠢᠨᠵᠢᠯᠡᠬᠦ ᠤᠬᠠᠭᠠᠨᠴᠢ ᠵᠢᠭᠠᠬᠤ ᠠᠷᠭ᠎ᠠ ᠪᠠ ᠵᠢᠷᠤᠮ ᠢ ᠰᠣᠩᠭᠤᠵᠤ᠂ | ᠬᠢᠴᠢᠶᠡᠯ ᠤᠨ ᠲᠠᠩᠬᠢᠮ ᠤᠨ ᠰᠢᠯᠢᠳᠡᠭ ᠪᠥᠭᠡᠳ ᠥᠨᠳᠥᠷ ᠪᠦᠲᠦᠮᠵᠢᠲᠡᠶ ᠵᠢᠭᠠᠨ ᠰᠤᠷᠭᠠᠯᠲᠠ ᠳᠤ ᠭᠦᠢᠴᠡᠳ | ᠪᠡᠯᠡᠳᠬᠡᠯ ᠬᠢᠬᠦ ᠶᠠᠪᠤᠳᠠᠯ ᠪᠣᠯᠤᠨ᠎ᠠ᠃ ᠬᠠᠮᠲᠤ ᠶᠢᠨ ᠣᠶᠣᠨ ᠤᠬᠠᠭᠠᠨ ᠢ ᠭᠦᠢᠴᠡᠳ ᠪᠠᠳᠠᠷᠠᠭᠤᠯᠵᠤ᠂ ᠠᠬᠠᠮᠠᠳ | ᠪᠠᠭᠰᠢ ᠪᠠᠷ ᠵᠠᠯᠠᠭᠤ ᠪᠠᠭᠰᠢ ᠶᠢ ᠳᠠᠭᠠᠭᠤᠯᠵᠤ᠂ ᠵᠠᠯᠠᠭᠤ ᠪᠠᠭᠰᠢ ᠪᠠᠷ ᠠᠬᠠᠮᠠᠳ ᠪᠠᠭᠰᠢ ᠶᠢ ᠠᠬᠢᠭᠤᠯᠵᠤ᠂ ᠣᠯᠠᠨ ᠤ | ᠣᠶᠣᠨ ᠤᠬᠠᠭᠠᠨ ᠢ ᠲᠥᠪᠯᠡᠷᠡᠭᠦᠯᠵᠦ᠂ ᠣᠯᠠᠨ ᠤ ᠰᠠᠶᠢᠨ ᠲᠠᠢ ᠲᠠᠯ᠎ᠠ ᠶᠢ ᠥᠷᠭᠡᠨ ᠢᠶᠠᠷ ᠰᠢᠩᠭᠡᠭᠡᠨ ᠠᠪᠴᠤ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠦᠨᠡᠨ ᠬᠦ ᠪᠡᠶᠡᠯᠡᠭᠦᠯᠵᠦ᠂ ᠪᠦᠬᠦ ᠪᠠᠭᠰᠢ ᠶᠢ ᠵᠢᠭᠠᠬᠤ ᠮᠠᠲ᠋ᠧᠷᠢᠶᠠᠯ ᠢ ᠪᠦᠬᠦᠯᠢ | ᠴᠣᠭᠴᠠ ᠠᠴᠠ ᠨᠢ ᠡᠵᠡᠮᠰᠢᠭᠦᠯᠬᠦ ᠶᠢᠨ ᠲᠥᠯᠥᠭᠡ ᠶᠤᠮ᠃ | ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ | ︵ᠮᠦᠡᠭᠭᠦᠨᠴᠢᠮᠡᠭ ᠨᠠᠶᠢᠷᠠᠭᠤᠯᠪᠠ︶ | |