ᠥᠪᠥᠷ ᠮᠣᠩᠭᠤᠯ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠬᠠᠢ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/11
      4 ᠳ᠋ᠦ᠋ᠭᠡᠷ ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠎ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠰᠤᠳᠤᠯᠭᠠᠨ ᠤ ᠲᠥᠪ ᠤᠨ ᠠᠩᠬᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ ᠤ ᠵᠥᠪᠯᠡᠯ ᠤᠨ ᠠᠩᠬᠠᠳᠤᠭᠠᠷ ᠬᠤᠷᠠᠯ ᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠭᠤᠯᠵᠤ᠂ ᠣᠷᠣᠨ ᠤ ᠳᠣᠲᠤᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠳ ᠴᠤᠭᠯᠠᠷᠠᠨ᠂ ᠰᠡᠳᠬᠢᠴᠡ ᠶᠢᠨ ᠵᠦᠢ᠂ ᠰᠤᠷᠭᠠᠨ ᠬᠥᠮᠥᠵᠢᠭᠦᠯᠬᠦ ᠤᠬᠠᠭᠠᠨ᠂ ᠬᠠᠤᠯᠢ ᠶᠢᠨ ᠤᠬᠠᠭᠠᠨ ᠵᠡᠷᠭᠡ ᠣᠯᠠᠨ ᠰᠢᠨᠵᠢᠯᠡᠭᠡᠨ ᠤ ᠰᠠᠯᠠᠭᠠᠨ ᠤ ᠬᠠᠷᠠᠭᠠᠰᠤ ᠠᠴᠠ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.webp.jpg

      ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠡᠳᠬᠢᠴᠡ ᠶᠢᠨ ᠨᠡᠶᠢᠭᠡᠮᠯᠢᠭ ᠤᠨ ᠰᠤᠷᠭᠠᠭᠤᠯᠢ ᠶᠢᠨ ᠬᠦᠷᠢᠶᠡᠨ ᠤ

ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠲᠤᠰᠬᠠᠢ ᠵᠥᠪᠯᠡᠯ ᠎ ᠤᠨ ᠭᠡᠰᠢᠭᠦᠨ᠂ ᠱᠠᠨᠳᠦ᠋ᠩ ᠪᠠᠭᠰᠢ ᠶᠢᠨ

ᠶᠡᠭᠡ ᠰᠤᠷᠭᠠᠭᠤᠯᠢ ᠶᠢᠨ ᠰᠡᠳᠬᠢᠴᠡ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠴᠧᠨ ᠯᠢᠶᠠᠩ

︽ᠬᠠᠷᠢᠴᠠᠭᠠᠨ ᠤ ᠳᠠᠭᠠᠷᠢᠯᠲᠠ ᠪᠠ ᠬᠠᠷᠢᠴᠠᠭᠠᠨ ᠤ ᠳᠣᠷᠣᠮᠵᠢᠯᠠᠯ ᠤᠨ ᠢᠯᠭᠠᠭ᠎ᠠ︾ ᠭᠡᠬᠦ ᠰᠡᠳᠦᠪ ᠢᠶᠠᠷ ᠮᠡᠳᠡᠭᠦᠯᠦᠯᠲᠡ

ᠬᠢᠵᠦ᠂ ᠶᠣᠰᠤ ᠵᠦᠢ ᠶᠢᠨ ᠲᠠᠯ᠎ᠠ ᠠᠴᠠ ᠬᠤᠪᠢᠶᠠᠯᠴᠠᠵᠤ ᠳᠤᠮᠳᠠᠳᠤ ᠭᠠᠳᠠᠭᠠᠳᠤ ᠶᠢᠨ ᠬᠡᠯᠡᠨ ᠤ ᠣᠷᠴᠢᠨ          

ᠲᠣᠭᠤᠷᠢᠨ ᠎ ᠳᠤ ︽ᠳᠣᠷᠣᠮᠵᠢᠯᠠᠯ︾᠎ ᠤᠨ ᠵᠠᠭᠠᠭ ᠢ ᠳᠣᠭᠲᠠᠭᠠᠵᠤ᠂ ᠳᠠᠮ᠂ ᠲᠡᠯᠳᠠ ᠬᠠᠷᠢᠴᠠᠭᠠᠨ ᠤ ᠳᠠᠭᠠᠷᠢᠯᠲᠠ᠂

ᠬᠠᠷᠢᠴᠠᠭᠠᠨ ᠤ ᠳᠣᠷᠣᠮᠵᠢᠯᠠᠯ ᠢ ᠠᠩᠬᠠᠷᠬᠤ ᠶᠢ ᠤᠷᠢᠶᠠᠯᠠᠬᠤ ᠶᠢᠨ ᠬᠠᠮᠲᠤ ᠪᠦᠲᠦᠮᠵᠢᠲᠡᠢ ᠬᠠᠮᠢᠶᠠᠷᠬᠤ ᠲᠥᠰᠦᠪ

ᠳᠣᠭᠲᠠᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ

ᠶᠣᠰᠣ ᠰᠤᠷᠲᠠᠬᠤᠨ ᠤ ᠬᠥᠮᠦᠵᠢᠯ ᠤᠨ ᠬᠡᠯᠲᠡᠰ ᠤᠨ ᠡᠷᠬᠢᠯᠡᠭᠴᠢ᠂ ᠰᠡᠳᠬᠢᠴᠡ ᠶᠢᠨ ᠡᠷᠡᠭᠦᠯ ᠮᠡᠨᠳᠦ ᠶᠢᠨ ᠵᠢᠭᠠᠬᠤ ᠶᠢ

ᠰᠤᠳᠤᠯᠤᠭᠴᠢ ᠯᠢᠦ ᠴᠦᠨ ᠵᠢᠶᠠᠨ ︽ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠪᠠ ᠬᠠᠮᠢᠶᠠᠷᠬᠤ︾ ᠭᠡᠬᠦ

ᠮᠡᠳᠡᠭᠦᠯᠦᠯᠲᠡ ᠬᠢᠵᠦ᠂ ᠰᠤᠷᠤᠭᠴᠢᠳ ᠤᠨ ᠳᠣᠷᠣᠮᠵᠢᠯᠠᠯ ᠢ ᠮᠠᠭᠠᠳᠯᠠᠨ ᠲᠣᠭᠲᠠᠭᠠᠬᠤ ᠴᠢᠬᠤᠯᠠ ᠭᠦᠢᠴᠡᠳᠬᠡᠯ

ᠲᠤᠭ᠎ᠠ᠂ ᠰᠤᠷᠤᠭᠴᠢᠳ ᠤᠨ ᠳᠣᠷᠣᠮᠵᠢᠯᠠᠯ ᠢ ᠶᠠᠭᠠᠬᠢᠵᠤ ᠢᠯᠭᠠᠨ ᠲᠠᠨᠢᠬᠤ ᠵᠢᠴᠢ ᠪᠦᠲᠦᠮᠵᠢᠲᠡᠢ ᠤᠷᠢᠳᠴᠢᠯᠠᠨ

ᠰᠡᠷᠭᠡᠶᠢᠯᠡᠬᠦ ᠪᠠ ᠬᠠᠮᠢᠶᠠᠷᠬᠤ ᠠᠷᠭ᠎ᠠ ᠵᠡᠷᠭᠡ ᠪᠣᠳᠠᠲᠤ ᠠᠵᠢᠯᠯᠠᠭᠠᠨ ᠤ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ

ᠭᠠᠷᠭᠠᠪᠠ᠃

      ᠬᠤᠷᠠᠯ ᠳᠡᠭᠡᠷ᠎ᠡ ᠪᠠᠰᠠ ᠳᠤᠮᠳᠠᠳᠤ ᠤᠯᠤᠰ ᠤᠨ ᠰᠡᠳᠬᠢᠴᠡ ᠶᠢᠨ ᠨᠡᠶᠢᠭᠡᠮᠯᠢᠭ ᠤᠨ ᠰᠤᠷᠭᠠᠭᠤᠯᠢ ᠶᠢᠨ

ᠬᠦᠷᠢᠶᠡᠨ ᠤ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠲᠤᠰᠬᠠᠢ ᠵᠥᠪᠯᠡᠯ ᠤᠨ ᠡᠷᠬᠢᠯᠡᠭᠴᠢ ᠵᠠᠩ ᠸᠧᠨ

ᠰᠢᠨ ᠢ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠰᠤᠳᠤᠯᠭᠠᠨ ᠤ

ᠲᠥᠪ ᠤᠨ ᠡᠷᠳᠡᠮ ᠰᠢᠨᠵᠢᠯᠡᠭᠡᠨ ᠤ ᠵᠥᠪᠯᠡᠯ ᠎ ᠤᠨ ᠡᠷᠬᠢᠯᠡᠭᠴᠢ ᠪᠠᠷ ᠤᠷᠢᠵᠤ᠂ ᠬᠤᠸᠠᠳᠦ᠋ᠩ ᠪᠠᠭᠰᠢ ᠶᠢᠨ ᠶᠡᠭᠡ

ᠰᠤᠷᠭᠠᠭᠤᠯᠢ᠂ ᠱᠧᠨᠶᠠᠩ ᠪᠠᠭᠰᠢ ᠶᠢᠨ ᠶᠡᠭᠡ ᠰᠤᠷᠭᠠᠭᠤᠯᠢ᠂ ᠬᠠᠶᠢᠨᠠᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ

ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ

ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ᠂ ᠲᠦᠩᠯᠢᠶᠣᠤ ᠬᠤᠲᠠ ᠶᠢᠨ

ᠵᠢᠭᠠᠬᠤ ᠶᠢ ᠰᠤᠳᠤᠯᠬᠤ ᠲᠠᠰᠤᠭ ᠵᠡᠷᠭᠡ ᠨᠢᠭᠡᠴᠢ ᠶᠢᠨ ᠰᠡᠳᠬᠢᠴᠡ ᠶᠢᠨ ᠵᠦᠢ᠂ ᠬᠠᠤᠯᠢ ᠶᠢᠨ ᠤᠬᠠᠭᠠᠨ ᠤ ᠬᠦᠷᠢᠶᠡᠨ ᠤ

ᠲᠤᠰᠬᠠᠢ ᠮᠡᠷᠭᠡᠵᠢᠯᠲᠡᠨ ᠡᠷᠳᠡᠮᠲᠡᠨ ᠢ ᠡᠷᠳᠡᠮ ᠰᠢᠨᠵᠢᠯᠡᠭᠡᠨ ᠤ ᠵᠥᠪᠯᠡᠯ ᠤᠨ ᠭᠡᠰᠢᠭᠦᠨ ᠢᠶᠠᠷ ᠤᠷᠢᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ

ᠵᠠᠰᠠᠬᠤ ᠰᠤᠳᠤᠯᠭᠠᠨ ᠤ ᠲᠥᠪ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂

ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠨᠳᠤᠰᠢ ᠎ ᠶᠢ ᠡᠵᠡᠮᠳᠡᠨ᠂ ᠰᠤᠷᠤᠭᠴᠢᠳ ᠤᠨ

ᠳᠣᠷᠣᠮᠵᠢᠯᠠᠯ ᠤᠨ ᠲᠤᠬᠠᠢ ᠰᠢᠢᠳᠪᠦᠷᠢᠯᠡᠭᠡ ᠦᠭᠡᠢ ᠪᠤᠶᠤ ᠮᠠᠳᠠᠭ ᠲᠠᠢ ᠠᠰᠠᠭᠤᠳᠠᠯ ᠤᠨ ᠰᠤᠳᠤᠯᠭᠠᠨ ᠢ ᠥᠷᠭᠡᠨ ᠢᠶᠠᠷ

ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠳᠣᠷᠣᠮᠵᠢᠯᠠᠯ ᠤᠨ ᠠᠰᠠᠭᠤᠳᠠᠯ ᠤᠨ ᠪᠣᠳᠠᠲᠤ

ᠪᠠᠶᠢᠳᠠᠯ ᠲᠠᠢ ᠤᠶᠠᠯᠳᠤᠭᠤᠯᠵᠤ᠂ ᠪᠣᠳᠠᠲᠤ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠤᠨ ᠲᠥᠷᠥ ᠶᠢᠨ

ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠮᠠᠨ ᠤ ᠣᠷᠣᠨ ᠤ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ

ᠵᠠᠰᠠᠬᠤ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠨ ᠤ ᠣᠷᠣᠨ ᠤ ᠡᠷᠡᠭᠦᠯ

ᠮᠡᠨᠳᠦ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠢ ᠪᠠᠶᠢᠭᠤᠯᠬᠤ ᠳᠤ

ᠬᠤᠪᠢ ᠨᠡᠮᠡᠷᠢ ᠦᠵᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号