ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/12
      ᠵᠠᠯᠠᠭᠤᠴᠤᠳ ᠪᠠᠭᠠᠴᠤᠳ ᠢ ᠦᠷᠡᠭᠳᠡᠭᠰᠡᠨ ᠪᠠᠭᠠᠲᠤᠷᠴᠤᠳ ᠢᠶᠠᠨ ᠭᠦᠨ᠎ᠡ ᠳᠤᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠨ᠂ ᠡᠬᠡ ᠣᠷᠣᠨᠴᠢ ᠰᠡᠳᠬᠢᠯᠭᠡ ᠪᠠᠨ ᠪᠠᠳᠠᠷᠠᠭᠤᠯᠤᠨ᠂ ᠵᠣᠯ ᠵᠢᠷᠭᠠᠯᠲᠤ ᠠᠮᠢᠳᠤᠷᠠᠯ ᠢ ᠨᠠᠨᠳᠢᠩᠨᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠠᠷ ᠬᠥᠮᠥᠵᠢᠭᠦᠯᠦᠨ ᠬᠥᠲᠦᠯᠦᠨ ᠵᠢᠯᠣᠭᠤᠳᠬᠤ ᠶᠢᠨ ᠲᠥᠯᠦᠭᠡ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠦᠵᠡᠯ ᠰᠠᠨᠠᠭ᠎ᠠ ᠤᠯᠤᠰ ᠲᠥᠷᠥ ᠶᠢᠨ ᠪᠢᠴᠢᠯ ᠬᠢᠴᠢᠶᠡᠯ︾ ᠪᠣᠯᠤᠨ ︽ᠨᠡᠶᠢᠭᠡᠮ ᠤᠨ ᠲᠣᠮᠤ ᠬᠢᠴᠢᠶᠡᠯ︾᠎ ᠢ ᠣᠷᠭᠠᠨᠢᠭ ᠢᠶᠠᠷ ᠤᠶᠠᠯᠲᠤᠭᠤᠯᠵᠤ᠂ ᠥᠷᠭᠡᠨ ᠣᠯᠠᠨ ᠪᠠᠭᠰᠢ ᠰᠤᠷᠤᠭᠴᠢ ᠶᠢ ᠵᠣᠬᠢᠶᠠᠨ ᠪᠠᠶᠢᠭᠤᠯᠤᠨ ︽ᠶᠠᠪᠠᠭᠠᠨ ᠢᠶᠠᠷ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠬᠦᠷᠴᠦ ᠪᠠᠭᠠᠲᠤᠷᠴᠤᠳ ᠢᠶᠠᠨ ᠲᠠᠬᠢᠬᠤ︾ ᠬᠠᠩᠰᠢ ᠎ ᠶᠢᠨ ᠡᠳᠦᠷ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ           ᠥᠷᠨᠢᠭᠦᠯᠪᠡ᠃      4 ᠰᠠᠷ᠎ᠠ ᠶᠢᠨ 3᠎ ᠤ ᠡᠳᠦᠷ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ᠂ ᠰᠢᠯᠢ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ 3400 ᠭᠠᠷᠤᠢ ᠬᠥᠮᠦᠨ ᠰᠢᠯᠢ ᠶᠢᠨ ᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠤᠨ ᠪᠠᠭᠠᠲᠤᠷᠴᠤᠳ ᠤᠨ ᠳᠤᠷᠠᠰᠬᠠᠯ ᠤᠨ ᠬᠦᠰᠢᠶᠡᠨ ᠤ ᠡᠮᠦᠨ᠎ᠡ ᠴᠤᠭᠯᠠᠷᠠᠪᠠ᠃ ᠰᠤᠷᠤᠭᠴᠢᠳ ᠣᠴᠢᠬᠤ ᠵᠠᠮ ᠳᠤ ᠪᠠᠨ ᠡᠪᠯᠡᠯ ᠤᠨ ᠲᠤᠭ᠂ ᠰᠤᠷᠭᠠᠭᠤᠯᠢ ᠶᠢᠨ ᠲᠤᠭ᠂ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ᠂ ᠡᠩᠨᠡᠭᠡ ᠲᠡᠷᠢ ᠲᠡᠭᠰᠢ᠂ ᠴᠤᠭ ᠵᠢᠪᠬᠤᠭ᠎ᠠ ᠲᠡᠭᠦᠯᠳᠡᠷ ᠢᠶᠠᠷ ᠦᠷᠡᠭᠳᠡᠭᠰᠡᠨ ᠪᠠᠭᠠᠲᠤᠷᠴᠤᠳ ᠤᠨ ᠭᠠᠪᠢᠶ᠎ᠠ ᠵᠢᠳᠬᠦᠯ ᠢ ᠠᠯᠬᠤᠮ ᠢᠶᠠᠷ ᠬᠡᠮᠵᠢᠵᠦ᠂ ᠵᠣᠯ ᠵᠢᠷᠭᠠᠯᠲᠤ ᠠᠮᠢᠳᠤᠷᠠᠯ ᠤᠨ ᠬᠢᠯᠪᠠᠷ ᠪᠤᠰᠤ ᠪᠠᠷ ᠢᠷᠡᠭᠰᠡᠨ ᠢ ᠰᠡᠳᠬᠢᠯ ᠢᠶᠠᠷ ᠮᠡᠳᠡᠷᠡᠨ᠂ ︽ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠎ ᠢ ᠬᠠᠮᠲᠤ ᠳᠤ ᠪᠠᠨ ᠪᠡᠶᠡᠯᠡᠭᠦᠯᠪᠡ᠃

W020240403421705853561.jpg

      ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ

ᠲᠥᠯᠥᠭᠡᠯᠡᠭᠴᠢ ᠠᠵᠢᠯ ᠠᠴᠠ ᠪᠠᠨ ᠠᠮᠠᠷᠠᠭᠰᠠᠨ 93 ᠨᠠᠰᠤᠲᠠᠢ ᠠᠬᠠᠮᠠᠳ ᠨᠠᠮ ᠤᠨ ᠭᠡᠰᠢᠭᠦᠨ᠂ ᠪᠠᠶᠢᠯᠳᠤᠭᠠᠨ ᠤ

ᠪᠠᠭᠠᠲᠤᠷ ᠴᠧᠨ ᠭᠦᠸᠧ ᠯᠢᠶᠠᠩ ᠤᠨ ᠭᠡᠷ ᠲᠤ ᠬᠦᠷᠴᠦ᠂ ᠳᠠᠶᠢᠨ ᠤ ᠦᠯᠢᠭᠡᠷ ᠢ ᠬᠠᠮᠲᠤ ᠳᠤ ᠪᠠᠨ ᠰᠣᠨᠣᠰᠴᠤ᠂

ᠬᠤᠪᠢᠰᠬᠠᠯᠲᠤ ᠠᠬᠠᠮᠠᠳ ᠦᠶ᠎ᠡ ᠶᠢᠨ ᠬᠢᠨ ᠤ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠨ ᠢᠷᠠᠭᠤ ᠠᠯᠳᠠᠷᠲᠤ

ᠲᠡᠦᠬᠡ ᠶᠢ ᠦᠨᠡᠨ ᠬᠦ ᠣᠶᠢᠯᠠᠭᠠᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠮᠡᠳᠡᠷᠡᠨ᠂ ᠢᠲᠡᠭᠡᠯ          

ᠪᠢᠰᠢᠷᠡᠯ ᠤᠨ ᠦᠨᠳᠦᠰᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠪᠢᠰᠬᠠᠯ ᠤᠨ ᠠᠮᠢᠨ ᠰᠤᠳᠠᠰᠤ ᠶᠢ

ᠤᠯᠠᠮᠵᠢᠯᠠᠪᠠ᠃ ᠰᠤᠷᠭᠠᠭᠤᠯᠢ ᠨᠢ ᠪᠠᠰᠠ ᠨᠠᠮ ᠤᠨ ᠭᠡᠰᠢᠭᠦᠨ᠂ ᠡᠪᠯᠡᠯ ᠤᠨ ᠭᠡᠰᠢᠭᠦᠨ᠂ ᠪᠠᠭᠠᠴᠤᠳ ᠤᠨ ᠬᠤᠰᠢᠭᠤᠴᠢ

ᠠᠩᠭᠢ ᠶᠢᠨ ᠬᠡᠰᠢᠭᠦᠳ ᠤᠨ  ᠲᠥᠯᠦᠭᠡᠯᠡᠭᠴᠢ ᠶᠢ ᠵᠣᠬᠢᠶᠠᠨ ᠪᠠᠶᠢᠭᠤᠯᠤᠨ᠂ ᠰᠢᠯᠢ ᠶᠢᠨ ᠬᠤᠲᠠ ᠶᠢᠨ ᠦᠷᠡᠭᠳᠡᠭᠰᠡᠨ

ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ︽ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ

ᠳᠤᠷᠠᠰᠤᠨ ᠰᠠᠨᠠᠭᠠᠯᠵᠠᠵᠤ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨᠡᠮ︾ ᠭᠡᠬᠦ ᠬᠠᠩᠰᠢ ᠶᠢᠨ

ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠪᠠᠭᠰᠢ ᠰᠤᠷᠤᠭᠴᠢ ᠤᠯᠤᠰ ᠤᠨ ᠲᠤᠭ ᠲᠤ

ᠬᠠᠨᠳᠤᠨ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠪᠢᠰᠬᠠᠯᠲᠤ ᠦᠷᠡᠭᠳᠡᠭᠰᠡᠨ

ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠨ᠂ ᠨᠠᠮ ᠳᠤ ᠣᠷᠣᠬᠤ᠂ ᠡᠪᠯᠡᠯ ᠳᠤ ᠣᠷᠣᠬᠤ᠂ ᠪᠠᠭᠠᠴᠤᠳ ᠤᠨ

ᠬᠤᠰᠢᠭᠤᠴᠢ ᠠᠩᠭᠢ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃

   

W020240403421706193130.jpg

   

W020240403421706343337.jpg

      ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 800 ᠭᠠᠷᠤᠢ

ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ᠂ ᠰᠤᠷᠭᠠᠭᠤᠯᠢ ᠠᠴᠠ ᠶᠠᠪᠠᠭᠠᠨ ᠎ ᠢᠶᠠᠷ ᠰᠢᠯᠢ ᠶᠢᠨ ᠬᠤᠲᠠ ᠶᠢᠨ

ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠬᠦᠷᠴᠦ᠂ ᠬᠤᠪᠢᠰᠬᠠᠯᠲᠤ ᠦᠷᠡᠭᠳᠡᠭᠰᠡᠨ

ᠪᠠᠭᠠᠲᠤᠷᠴᠤᠳ ᠢᠶᠠᠨ ᠲᠠᠬᠢᠨ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠪᠠ᠃ ᠦᠵᠡᠯ ᠰᠠᠨᠠᠭ᠎ᠠ ᠤᠯᠤᠰ          

ᠲᠥᠷᠥ ᠶᠢᠨ ᠬᠢᠴᠢᠶᠡᠯ ᠢ ᠰᠤᠷᠭᠠᠭᠤᠯᠢ ᠠᠴᠠ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ

︽ᠨᠡᠭᠦᠯᠭᠡᠵᠦ︾᠂ ᠵᠠᠯᠠᠭᠤᠴᠤᠳ ᠪᠠᠭᠠᠴᠤᠳ ᠢ ᠠᠵᠢᠯᠯᠠᠭ᠎ᠠ ᠳᠤ ᠣᠷᠣᠯᠴᠠᠭᠤᠯᠬᠤ ᠪᠠᠷ ᠳᠠᠮᠵᠢᠭᠤᠯᠤᠨ᠂

ᠥᠩᠭᠡᠷᠡᠭᠰᠡᠨ ᠤ ᠵᠣᠪᠠᠭᠤᠷᠢ ᠵᠦᠳᠡᠭᠦᠷᠢ ᠶᠢ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ

ᠰᠠᠨᠠᠭᠠᠯᠵᠠᠵᠤ᠂ ᠲᠡᠦᠬᠡ ᠶᠢᠨ ᠤᠯᠠᠮᠵᠢᠯᠠᠯ ᠢ ᠤᠬᠠᠪᠤᠷᠢᠯᠠᠨ᠂ ᠡᠬᠡ ᠣᠷᠣᠨᠴᠢ ᠰᠡᠳᠬᠢᠯᠭᠡ ᠪᠠᠨ ᠴᠢᠩᠭᠠᠷᠠᠭᠤᠯᠬᠤ ᠪᠠᠷ

ᠬᠥᠲᠦᠯᠦᠨ ᠵᠢᠯᠣᠭᠤᠤᠳᠪᠠ᠃

   

W020240403421706888454.jpg

      ᠣᠶᠢᠷ᠎ᠠ ᠶᠢᠨ ᠡᠳᠦᠷ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ

ᠭᠠᠵᠠᠷ ᠤᠨ ᠰᠤᠷᠭᠠᠨ ᠬᠥᠮᠦᠵᠢᠯ ᠤᠨ ᠰᠢᠰᠲ᠋ᠧᠮ ᠢ ᠵᠢᠯᠣᠭᠤᠳᠤᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ

ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠣᠴᠢᠭᠤᠯᠤᠨ᠂ ᠬᠠᠩᠰᠢ ᠶᠢᠨ ᠡᠳᠦᠷ ᠦᠷᠡᠭᠳᠡᠭᠰᠡᠨ

ᠪᠠᠭᠠᠲᠤᠷᠴᠤᠳ ᠢᠶᠠᠨ ᠲᠠᠬᠢᠬᠤ ᠠᠵᠢᠯᠯᠠᠭ᠎ᠠ ᠶᠢ ᠥᠷᠨᠢᠭᠦᠯᠵᠦ᠂ ᠪᠠᠭᠰᠢ ᠰᠤᠷᠤᠭᠴᠢ 4300 ᠭᠠᠷᠤᠢ ᠬᠥᠮᠦᠨ

ᠣᠷᠣᠯᠴᠠᠵᠠᠢ᠃ ᠪᠦᠬᠦ ᠠᠶᠢᠮᠠᠭ ᠤᠨ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ

ᠤᠯᠤᠰ ᠤᠨ ᠲᠤᠭ ᠤᠨ ᠳᠣᠣᠷᠠᠬᠢ ᠶᠠᠷᠢᠶ᠎ᠠ᠂ ᠭᠤᠣᠯ ᠰᠡᠳᠦᠪᠲᠦ ᠠᠩᠭᠢ ︵ᠪᠦᠯᠬᠦᠮ︶᠎ ᠶᠢᠨ ᠬᠤᠷᠠᠯ᠂ ᠰᠦᠯᠵᠢᠶᠡᠨ ᠳᠤ

ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠰᠢᠷᠢᠰ ᠭᠤᠣᠯ ᠰᠡᠳᠦᠪᠲᠦ

ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ 11.8 ᠲᠦᠮᠡ ᠭᠠᠷᠤᠢ ᠰᠤᠷᠤᠭᠴᠢ

ᠣᠷᠣᠯᠴᠠᠵᠠᠢ᠃

      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号