ᠪᠦᠬᠦ ᠣᠷᠣᠨ ᠤ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ ᠪᠣᠯᠪᠠᠰᠤᠷᠠᠯ ᠤᠨ ᠠᠩᠭᠢ ᠶᠢ ᠤᠯᠠᠭᠠᠨᠴᠠᠪ ᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2024/4/12
      4 ᠰᠠᠷ᠎ᠠ ᠶᠢᠨ 7 - 9᠎ ᠤ ᠡᠳᠦᠷ᠂ ᠪᠦᠬᠦ ᠣᠷᠣᠨ ᠤ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ ᠪᠣᠯᠪᠠᠰᠤᠷᠠᠯ ᠤᠨ ᠠᠩᠭᠢ ᠶᠢ ᠤᠯᠠᠭᠠᠨᠴᠠᠪ ᠬᠤᠲᠠ ᠳᠤ ᠡᠷᠬᠢᠯᠡᠪᠡ᠃      ᠪᠣᠯᠪᠠᠰᠤᠷᠠᠯ ᠤᠨ ᠠᠩᠭᠢ ᠶᠢ ᠨᠡᠷᠡᠲᠦ ᠪᠠᠭᠰᠢ ᠵᠢᠯᠣᠭᠤᠳᠬᠤ᠂ ᠲᠤᠰᠬᠠᠢ ᠮᠡᠷᠭᠡᠵᠢᠯᠲᠡᠨ ᠲᠠᠶᠢᠯᠤᠮᠵᠢ ᠬᠢᠬᠦ᠂ ᠲᠣᠭᠤᠷᠢᠨ ᠦᠵᠡᠵᠦ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠷᠬᠢᠯᠡᠪᠡ᠃ ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠣᠶᠣᠯ ᠤᠨ ᠬᠡᠪ ᠴᠢᠨᠠᠷ ᠤᠨ ᠰᠤᠷᠭᠠᠨ ᠬᠥᠮᠦᠵᠢᠯ ᠢ ᠵᠢᠯᠣᠭᠤᠳᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠪᠦᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠠᠩ ᠭᠤᠸᠠᠨ ᠴᠧᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠦᠸᠧ ᠵᠧᠦ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠯᠠᠪᠠᠢ ᠶᠢᠨ ᠳᠠᠷᠤᠭ᠎ᠠ ᠳ᠋ᠤᠸᠠᠨ ᠯᠢᠦ ᠸᠧᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠵᠣᠣ ᠿᠥᠩ ᠾᠦᠢ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠵᠢᠭᠠᠨ ᠰᠤᠷᠭᠠᠯᠲᠠ ᠪᠣᠯᠤᠨ ᠦᠢᠯᠡᠳᠦᠯᠭᠡ ᠶᠢᠨ ᠵᠢᠯᠣᠭᠤᠳᠬᠤ ᠵᠥᠪᠯᠡᠯ ᠤᠨ ᠬᠡᠰᠡᠭ ᠲᠤᠰᠬᠠᠢ ᠮᠡᠷᠭᠡᠵᠢᠯᠲᠡᠨ ᠢ ᠤᠷᠢᠵᠤ᠂ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠮᠢᠶᠠᠷᠤᠯᠲᠠ᠂ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠭᠤᠯᠪᠠ᠃ ᠪᠣᠯᠪᠠᠰᠤᠷᠠᠯ ᠢᠶᠠᠷ ᠳᠠᠮᠵᠢᠭᠤᠯᠤᠨ ᠬᠥᠳᠡᠯᠮᠦᠷᠢ ᠶᠢᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠣᠨᠣᠯᠵᠢᠬᠤᠨ ᠢ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃      ᠡᠨᠡ ᠤᠳᠠᠭᠠᠨ ᠤ ᠪᠣᠯᠪᠠᠰᠤᠷᠠᠯ ᠤᠨ ᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠤᠯᠠᠭᠠᠨᠴᠠᠪ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠪᠦᠬᠦ ᠣᠷᠣᠨ ᠤ ᠡᠯ᠎ᠡ ᠭᠠᠵᠠᠷ ᠤᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ᠂ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠪᠣᠯᠤᠨ ᠣᠷᠣᠨ ᠤ ᠳᠣᠲᠤᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ ᠡᠨᠡ ᠤᠳᠠᠭᠠᠨ ᠤ ᠪᠣᠯᠪᠠᠰᠤᠷᠠᠯ ᠳᠤ ᠣᠷᠣᠯᠴᠠᠪᠠ᠃   

W020240411422250799845_ORIGIN.jpg

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号